ᠪᠦᠬᠦ ᠣᠷᠣᠨ ᠪᠠᠶᠢᠴᠠᠭᠠᠬᠤ ᠪᠠᠶᠢᠭᠤᠯᠭ᠎ᠠ ᠬᠠᠭᠠᠰ ᠵᠢᠯ ᠠᠵᠢᠯ ᠬᠤᠷᠠᠯ ᠨᠢ ᠪᠣᠳᠠᠲᠤ ᠦᠷ᠎ᠡ ᠪᠦᠲᠦᠮᠵᠢ ᠴᠢᠬᠤᠯᠠᠴᠢᠯᠠᠵᠤ ᠪᠣᠳᠠᠲᠠᠢ ᠠᠷᠭ᠎ᠠ ᠬᠡᠮᠵᠢᠢ᠎ᠡ ᠬᠡᠷᠡᠭᠵᠢᠭᠦᠯᠬᠦ ᠳᠦ ᠬᠦᠴᠦᠯᠡᠵᠠᠢ
2023-07-13 14:38:58
7 ᠰᠠᠷ᠎ᠠ 9 ᠡᠳᠦᠷ ᠂ ᠪᠥᠬᠥ ᠣᠷᠣᠨ ᠪᠠᠶᠢᠴᠠᠭᠠᠬᠤ ᠪᠠᠶᠢᠭᠤᠯᠭ᠎ᠠ ᠬᠠᠭᠠᠰ ᠵᠢᠯ ᠠᠵᠢᠯ ᠬᠤᠷᠠᠯ ᠰᠢᠯᠢᠩᠬᠣᠲᠠ ᠳᠤ ᠬᠤᠷᠠᠯᠳᠤᠪᠠ ᠃ ᠥᠪᠡᠷᠲᠡᠭᠡᠨ ᠵᠠᠰᠠᠬᠤ ᠣᠷᠣᠨ ᠪᠠᠶᠢᠴᠠᠭᠠᠬᠤ ᠬᠣᠷᠢᠶ᠎ᠠ ᠨᠠᠮ ᠤᠳᠤᠷᠢᠳᠬᠤ ᠳᠤᠭᠤᠶᠢᠯᠠᠩ ᠱᠦᠵᠢ ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ ᠂ ᠳᠡᠳ᠋ ᠪᠠᠶᠢᠴᠠᠭᠠᠬᠤ ᠳᠠᠷᠤᠭ᠎ᠠ ᠰᠦᠨ ᠴᠢᠩ ᠵᠢᠶᠧ 2023 ᠣᠨ ᠳᠡᠭᠡᠷ᠎ᠡ ᠬᠠᠭᠠᠰ ᠵᠢᠯ ᠳᠦ ᠪᠥᠬᠥ ᠣᠷᠣᠨ ᠪᠠᠶᠢᠴᠠᠭᠠᠬᠤ ᠲᠤᠬᠠᠶᠢᠯᠠᠭᠰᠠᠨ ᠠᠵᠢᠯ ᠲᠣᠭ᠎ᠠ ᠪᠠᠷᠢᠮᠲᠠ ᠮᠡᠳᠡᠭᠡᠯᠡᠯ ᠬᠢᠵᠦ ᠂ ᠪᠠᠭ ᠪᠦᠷᠢᠯᠳᠦᠬᠦᠨ ᠂ ᠲᠤᠰᠬᠠᠶ ᠲᠤᠰᠢᠶᠠᠯᠲᠤ ᠭᠡᠰᠢᠭᠦᠨ ᠲᠣᠰ ᠲᠣᠰ ᠬᠤᠪᠢᠳᠠᠨ ᠬᠠᠮᠢᠶᠠᠷᠬᠤ ︵ ᠬᠠᠮᠵᠢᠯᠴᠠᠨ ᠬᠠᠮᠢᠶᠠᠷᠬᠤ ︶ ᠠᠵᠢᠯ ᠳᠤ ᠵᠠᠳᠠᠯᠤᠯᠲᠠ ᠪᠠ ᠦᠨᠡᠯᠡᠯᠲᠡ ᠬᠢᠪᠠ ᠃
ᠡᠨᠡ ᠵᠢᠯ ᠳᠡᠭᠡᠷ᠎ᠡ ᠬᠠᠭᠠᠰ ᠵᠢᠯ ᠳᠦ ᠂ ᠥᠪᠡᠷᠲᠡᠭᠡᠨ ᠵᠠᠰᠠᠬᠤ ᠣᠷᠣᠨ ᠪᠠᠶᠢᠴᠠᠭᠠᠬᠤ ᠬᠣᠷᠢᠶ᠎ᠠ ᠰᠢᠨ᠎ᠡ ᠨᠢᠭᠡ ᠬᠤᠭᠤᠴᠠᠭᠠᠨ ᠨᠠᠮ ᠤᠳᠤᠷᠢᠳᠬᠤ ᠳᠤᠭᠤᠶᠢᠯᠠᠩ ᠨᠠᠮ ᠬᠣᠷᠢᠳᠤᠭᠠᠷ ᠶᠡᠬᠡ ᠬᠤᠷᠠᠯ ᠵᠣᠷᠢᠭ ᠰᠠᠨᠠᠭ᠎ᠠ ᠪᠦᠬᠦ ᠲᠠᠯ᠎ᠠ ᠪᠠᠷ ᠲᠤᠭᠤᠰᠢᠯᠠᠭᠤᠯᠵᠤ ᠂ ᠰᠢ ᠫᠢᠩ ᠶᠡᠷᠦᠩᠬᠡᠶ ᠱᠦᠵᠢ ᠥᠪᠥᠷ ᠮᠣᠩᠭᠣᠯ ᠳᠤ ᠥᠭᠭᠦᠭᠰᠡᠨ ᠴᠢᠬᠤᠯᠠ ᠵᠢᠭᠠᠪᠤᠷᠢ ᠵᠣᠷᠢᠭ ᠰᠠᠨᠠᠭ᠎ᠠ ᠭᠦᠨᠵᠡᠭᠡᠶ ᠨᠠᠶᠢᠳᠠᠪᠤᠷᠢᠵᠢᠭᠤᠯᠵᠤ ᠂ ᠭᠣᠣᠯ ᠰᠡᠳᠦᠪᠲᠦ ᠬᠥᠮᠦᠵᠢᠯ ᠲᠡᠶ ᠨᠢᠭᠲᠠ ᠤᠶᠠᠯᠳᠤᠭᠤᠯᠵᠤ ᠂ ᠠᠩᠬᠠᠷᠤᠯ ᠪᠠ ᠬᠦᠴᠦᠨ ᠲᠥᠪᠯᠡᠷᠡᠭᠦᠯᠵᠦ ᠪᠠᠶᠢᠭᠠᠳ ︽ ᠬᠣᠶᠠᠷ ᠶᠡᠬᠡ ᠶᠠᠪᠤᠳᠠᠯ ︾ ᠢ ᠰᠠᠶᠢᠲᠤᠷ ᠬᠢᠵᠦ ᠂ ︽1231︾ ᠪᠠᠶᠢᠴᠠᠭᠠᠬᠤ ᠠᠵᠢᠯ ᠰᠡᠳᠬᠢᠴᠡ ᠪᠠᠶᠢᠷᠢᠯᠠᠭᠤᠯᠤᠨ ᠠᠬᠢᠭᠤᠯᠬᠤ ᠪᠠᠷ ᠭᠠᠷᠳᠠᠴᠠ ᠪᠣᠯᠭᠠᠨ᠂ ︽ᠵᠢᠷᠭᠤᠭᠠᠨ ᠶᠡᠬᠡ ᠨᠢᠭᠡᠳᠦᠯᠲᠡᠶ ᠠᠵᠢᠯᠯᠠᠭ᠎ᠠ︾ ᠪᠠ ︽ᠲᠦᠷᠪᠡᠨ ᠶᠡᠬᠡ ᠳᠡᠭᠡᠭᠰᠢᠯᠡᠭᠦᠯᠬᠦ ᠢᠨᠵᠧᠨᠧᠷᠢᠩ︾ ᠢ ᠭᠦᠨᠵᠡᠭᠡᠶ ᠬᠡᠷᠡᠭᠵᠢᠭᠦᠯᠵᠦ᠂ ᠦᠵᠡᠯ ᠰᠠᠨᠠᠭᠠᠨ ᠵᠥᠷᠢᠶ᠎ᠡ᠂ ᠠᠵᠢᠯ ᠳᠤᠲᠠᠭᠤᠳᠠᠯ ᠢ ᠣᠨᠣᠪᠴᠢᠲᠠᠶ ᠡᠷᠢᠵᠦ᠂ ᠪᠦᠬᠥ ᠪᠠᠶᠢᠴᠠᠭᠠᠬᠤ ᠠᠵᠢᠯᠳᠠᠨ ᠵᠣᠷᠢᠭ ᠰᠠᠨᠠᠭ᠎ᠠ ᠪᠠᠨ ᠬᠥᠪᠴᠢᠯᠡᠬᠦ᠂ ᠠᠵᠢᠯ ᠪᠦᠲᠦᠮᠵᠢ ᠪᠡᠨ ᠳᠡᠭᠡᠭᠰᠢᠯᠡᠭᠦᠯᠬᠦ᠂ ᠴᠢᠳᠠᠪᠤᠷᠢ ᠪᠠᠨ ᠳᠡᠭᠡᠭᠰᠢᠯᠡᠭᠦᠯᠬᠦ ᠲᠦᠯᠬᠢᠨ ᠠᠬᠢᠭᠤᠯᠵᠤ᠂ ᠥᠪᠥᠷ ᠮᠣᠩᠭᠣᠯ ᠣᠷᠣᠨ ᠪᠠᠶᠢᠷᠢ ᠨᠥᠬᠥᠴᠡᠯ ᠲᠡᠶ ᠵᠣᠬᠢᠴᠠᠯᠳᠤᠭᠰᠠᠨ ᠪᠠᠶᠢᠴᠠᠭᠠᠬᠤ ᠠᠵᠢᠯ ᠰᠢᠨ᠎ᠡ ᠠᠮᠵᠢᠯᠲᠠ ᠪᠦᠲᠦᠮᠵᠢ ᠴᠢᠷᠮᠠᠶᠢᠨ ᠡᠭᠦᠳᠴᠦ᠂ ᠡᠯ᠎ᠡ ᠵᠦᠢᠯ ᠠᠵᠢᠯ ᠨᠢ ᠥᠷᠨᠢᠭᠦᠨ ᠪᠠᠳᠠᠷᠠᠩᠭᠤᠶ᠂ ᠪᠠᠶᠢᠳᠠᠯ ᠨᠢ ᠰᠠᠢᠢᠨ ᠪᠠᠶᠢᠨ᠎ᠠ᠃
ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠳᠤ᠂ ᠪᠦᠬᠦ ᠣᠷᠣᠨ ᠪᠠᠶᠢᠴᠠᠭᠠᠬᠤ ᠠᠵᠢᠯ ᠨᠢ ᠥᠪᠡᠷᠲᠡᠭᠡᠨ ᠵᠠᠰᠠᠬᠤ ᠣᠷᠣᠨ ᠨᠠᠮ ᠬᠣᠷᠢᠢ᠎ᠠ ᠪᠣᠯᠤᠨ ᠠᠷᠠᠳ ᠳᠡᠭᠡᠳᠦ ᠪᠠᠶᠢᠴᠠᠭᠠᠬᠤ ᠬᠣᠷᠢᠢ᠎ᠠ ᠱᠠᠭᠠᠷᠳᠠᠯᠭ᠎ᠠ ᠡᠴᠡ ᠮᠥᠨ ᠬᠦ ᠪᠠᠭ᠎ᠠ ᠪᠤᠰᠤ ᠵᠥᠷᠢᠢᠡ ᠲᠡᠶ ᠪᠠᠶᠢᠨ᠎ᠠ᠃ ᠢᠯᠠᠩᠭᠤᠶ᠎ᠠ ᠥᠪᠡᠷᠲᠡᠭᠡᠨ ᠵᠠᠰᠠᠬᠤ ᠣᠷᠣᠨ ᠨᠠᠮ ᠬᠣᠷᠢᠶ᠎ᠠ ᠠᠷᠪᠠᠨ ᠨᠢᠭᠡᠳᠦᠭᠡᠷ ᠬᠤᠭᠤᠴᠠᠭᠠᠨ ᠵᠢᠷᠭᠤᠳᠤᠭᠠᠷ ᠪᠥᠬᠥᠳᠡ ᠬᠤᠷᠠᠯ ᠠᠴᠠ ᠰᠢ ᠫᠢᠩ ᠶᠡᠷᠦᠩᠬᠡᠶ ᠱᠦᠵᠢ ᠥᠪᠥᠷ ᠮᠣᠩᠭᠣᠯ ᠳᠤ ᠰᠢᠨᠵᠢᠯᠡᠨ ᠪᠠᠶᠢᠴᠠᠭᠠᠬᠤ ᠦᠶ᠎ᠡ ᠴᠢᠬᠤᠯᠠ ᠵᠢᠭᠠᠪᠤᠷᠢ ᠵᠣᠷᠢᠭ ᠰᠠᠨᠠᠭ᠎ᠠ ᠰᠤᠷᠤᠯᠴᠠᠨ ᠲᠤᠭᠤᠰᠢᠯᠠᠭᠤᠯᠬᠤ ᠠᠵᠢᠯ ᠢ ᠪᠥᠬᠥ ᠲᠠᠯ᠎ᠠ ᠪᠠᠷ ᠳᠣᠭᠢᠷᠠᠭᠤᠯᠤᠨ ᠪᠠᠶᠢᠷᠢᠯᠠᠭᠤᠯᠵᠠᠶ ᠂ ᠡᠨᠡ ᠨᠢ ᠪᠥᠬᠥ ᠣᠷᠣᠨ ᠪᠠᠶᠢᠴᠠᠭᠠᠬᠤ ᠪᠠᠶᠢᠭᠤᠯᠭ᠎ᠠ ᠨᠠᠩ ᠡᠷᠡᠰ ᠪᠠᠲᠤ ᠵᠣᠷᠢᠭ ᠂ ᠨᠠᠩ ᠪᠣᠳᠠᠲᠠᠶ ᠡᠷᠬᠢᠮᠯᠡᠬᠦ ᠠᠷᠭ᠎ᠠ ᠬᠡᠮᠵᠢᠶ᠎ᠡ ᠪᠡᠷ ᠠᠵᠢᠯ ᠲᠠᠰ ᠳᠡᠪᠰᠢᠬᠦ ᠳᠥᠯᠭᠢᠨ ᠠᠬᠢᠭᠤᠯᠬᠤ ᠱᠠᠭᠠᠷᠳᠠᠵᠤ ᠪᠠᠶᠢᠨ᠎ᠠ ᠃
ᠳᠣᠣᠷ᠎ᠠ ᠬᠠᠭᠠᠰ ᠵᠢᠯ ᠠᠵᠢᠯ ᠢ ᠬᠡᠷᠬᠢᠨ ᠰᠠᠶᠢᠲᠤᠷ ᠬᠢᠬᠦ ᠲᠤᠬᠠᠶ ᠯᠢ ᠶᠦᠩ ᠵᠢᠶᠦ᠋ᠨ ᠴᠢᠬᠤᠯᠠᠴᠢᠯᠠᠭᠰᠠᠨ ᠨᠢ ᠄
ᠨᠢᠭᠡ ᠳᠦ᠂ ᠰᠢ ᠫᠢᠩ ᠶᠡᠷᠦᠩᠬᠡᠢ ᠱᠦᠵᠢ ᠥᠪᠥᠷ ᠮᠣᠩᠭᠣᠯ ᠳᠤ ᠥᠭᠭᠦᠭᠰᠡᠨ ᠴᠢᠬᠤᠯᠠ ᠵᠢᠭᠠᠪᠤᠷᠢ ᠵᠣᠷᠢᠭ ᠰᠠᠨᠠᠭ᠎ᠠ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠷᠢᠭᠤᠴᠠᠯᠭ᠎ᠠ ᠡᠭᠦᠷᠭᠡᠯᠡᠵᠦ ᠪᠣᠳᠠᠲᠠᠢ ᠠᠵᠢᠯᠯᠠᠬᠤ ᠴᠤᠬ ᠵᠢᠪᠬᠤᠭ᠎ᠠ ᠪᠠᠨ ᠪᠠᠳᠠᠷᠠᠭᠤᠯᠬᠤ ᠬᠡᠷᠡᠭᠲᠡᠢ᠃ ︽ ᠬᠣᠶᠠᠷ ᠢ ᠲᠣᠭᠲᠠᠭᠠᠬᠤ ︾ ᠰᠢᠶᠳᠪᠦᠷᠢᠯᠡᠭᠴᠢ ᠠᠴᠢ ᠬᠣᠯᠪᠣᠭᠳᠠᠯ ᠢ ᠭᠦᠨᠵᠡᠭᠡᠶ ᠣᠶᠢᠯᠠᠭᠠᠵᠤ ᠂ ︽ ᠳᠥᠷᠪᠡᠨ ᠤᠬᠠᠮᠰᠠᠷ ︾ ᠢ ᠴᠢᠩᠭᠠᠳᠬᠠᠨ ᠂ ︽ ᠳᠥᠷᠪᠡᠨ ᠢᠲᠡᠭᠡᠯ ︾ ᠢ ᠪᠠᠲᠤᠳᠬᠠᠵᠤ ᠂ ︽ᠬᠣᠶᠠᠷ ᠢ ᠬᠠᠮᠠᠭᠠᠯᠠᠬᠤ ︾ ᠪᠡᠶᠡᠯᠡᠭᠦᠯᠬᠦ ᠬᠡᠷᠡᠭᠲᠡᠶ ᠃ ᠶᠡᠷᠦᠩᠬᠡᠢ ᠱᠦᠵᠢ ᠴᠢᠬᠤᠯᠠ ᠵᠢᠭᠠᠪᠤᠷᠢ ᠵᠣᠷᠢᠭ ᠰᠠᠨᠠᠭ᠎ᠠ ᠪᠠ ᠬᠤᠷᠠᠯ ᠪᠠᠶᠢᠷᠢᠯᠠᠭᠤᠯᠤᠯᠲᠠ ᠡᠷᠡᠰ ᠭᠤᠶᠢᠪᠢᠰᠢ ᠦᠭᠡᠢ ᠪᠡᠷ ᠪᠠᠶᠢᠴᠠᠭᠠᠬᠤ ᠪᠠᠶᠢᠭᠤᠯᠭ᠎ᠠ ᠶᠡᠬᠡ ᠲᠠᠯ᠎ᠠ ᠳᠤ ᠦᠢᠯᠡᠴᠢᠯᠡᠬᠦ᠂ ᠬᠥᠭᠵᠢᠯᠲᠡ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠤᠨ᠎ᠠ᠃ ᠦᠨᠡᠨ ᠢ ᠪᠠᠷᠢᠮᠲᠠᠯᠠᠨ ᠪᠣᠳᠠᠲᠤ ᠠᠵᠢᠯᠯᠠᠭ᠎ᠠ ᠡᠷᠬᠢᠮᠯᠡᠬᠦ ᠂ ᠬᠠᠷᠢᠭᠤᠴᠠᠯᠭ᠎ᠠ ᠡᠭᠦᠷᠭᠡᠯᠡᠨ ᠪᠣᠳᠠᠲᠠᠶ ᠠᠵᠢᠯᠯᠠᠬᠤ ᠰᠤᠷᠲᠠᠯ ᠢ ᠶᠡᠬᠡᠪᠡᠷ ᠪᠠᠳᠠᠷᠠᠭᠤᠯᠵᠤ ᠂ ᠪᠦᠬᠦ ᠣᠷᠣᠨ ᠪᠠᠶᠢᠴᠠᠭᠠᠬᠤ ᠠᠵᠢᠯ ᠮᠠᠬᠠᠯᠠᠶ ᠳᠤᠨᠢ ᠭᠠᠷᠬᠤ ᠪᠠᠷ ᠮᠡᠷᠡᠶᠢᠨ ᠴᠢᠷᠮᠠᠶᠢᠵᠤ ᠂ ᠡᠮᠦᠨ᠎ᠡ ᠡᠩᠨᠡᠭᠡᠨ ᠳᠦ ᠣᠷᠣᠬᠤ ᠠᠬᠢᠭᠤᠯᠵᠤ ᠂ ᠱᠠᠯᠠᠮᠠᠭᠠᠶᠢᠯᠠᠨ ᠨᠡᠬᠡᠬᠦ᠂ ᠰᠢᠷᠭᠠᠭᠤ ᠬᠠᠲᠠᠭᠤᠵᠢᠯᠲᠠᠶ ᠠᠵᠢᠯᠯᠠᠬᠤ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠬᠦᠴᠦᠲᠡᠶ ᠠᠳᠬᠤᠵᠤ᠂ ᠤᠴᠢᠷ ᠶᠠᠪᠤᠳᠠᠯ ᠢ ᠨᠢᠭᠡ ᠨᠢᠭᠡ ᠪᠡᠷ ᠬᠢᠵᠦ᠂ ᠬᠡᠷᠡᠭ ᠢ ᠨᠢᠭᠡ ᠨᠢᠭᠡ ᠪᠡᠷ ᠰᠢᠶᠳᠪᠦᠷᠢᠯᠡᠵᠦ᠂ ᠴᠤᠭ ᠪᠠᠳᠠᠷᠠᠩᠭᠤᠶ ᠤᠶᠤᠨ ᠰᠠᠨᠠᠭᠠᠨ ᠪᠠᠶᠢᠳᠠᠯ᠂ ᠴᠤᠭ ᠪᠠᠳᠠᠷᠠᠩᠭᠤᠶ ᠲᠡᠮᠡᠴᠡᠯ ᠵᠣᠷᠢᠭ ᠰᠠᠨᠠᠭ᠎ᠠ ᠪᠠᠷ ︽1231︾ ᠶᠡᠷᠦᠩᠬᠡᠶ ᠱᠠᠭᠠᠷᠳᠠᠯᠭ᠎ᠠ ᠪᠣᠳᠠᠲᠠᠶ ᠠᠵᠢᠯᠯᠠᠭ᠎ᠠ ᠪᠣᠯᠭᠠᠨ ᠬᠤᠪᠢᠷᠠᠭᠤᠯᠵᠤ᠂ ᠥᠪᠥᠷ ᠮᠣᠩᠭᠣᠯ ᠣᠷᠣᠨ ᠪᠠᠶᠢᠷᠢ ᠨᠥᠬᠥᠴᠡᠯ ᠲᠡᠶ ᠵᠣᠬᠢᠴᠠᠯᠳᠤᠭᠰᠠᠨ ᠪᠠᠶᠢᠴᠠᠭᠠᠬᠤ ᠠᠵᠢᠯ ᠰᠢᠨ᠎ᠡ ᠠᠮᠵᠢᠯᠲᠠ ᠪᠦᠲᠦᠮᠵᠢ ᠴᠢᠷᠮᠠᠶᠢᠨ ᠡᠭᠦᠳᠬᠦ ᠬᠡᠷᠡᠭᠲᠡᠶ᠃
ᠬᠣᠶᠠᠷ ᠲᠤ ᠭᠣᠣᠯ ᠰᠡᠳᠦᠪᠲᠦ ᠬᠥᠮᠦᠵᠢᠯ ᠪᠣᠳᠠᠲᠤ ᠦᠷ᠎ᠡ ᠪᠦᠲᠦᠮᠵᠢ ᠡᠷᠬᠢᠮᠯᠡᠨ ᠦᠨᠡᠨ ᠪᠣᠳᠠᠲᠠᠶ ᠠᠷᠭ᠎ᠠ ᠬᠡᠮᠵᠢᠶ᠎ᠡ ᠤᠯᠬᠤ ᠲᠦᠯᠬᠢᠨ ᠠᠬᠢᠭᠤᠯᠵᠤ᠂ ᠪᠠᠶᠢᠴᠠᠭᠠᠬᠤ ᠠᠵᠢᠯ ᠬᠥᠭᠵᠢᠯᠲᠡ ᠨᠥᠯᠥᠭᠡᠯᠡᠵᠦ ᠪᠠᠶᠢᠭ᠎ᠠ ᠭᠦᠨ ᠳᠠᠪᠬᠤᠷᠭ᠎ᠠ ᠠᠰᠠᠭᠤᠳᠠᠯ ᠢ ᠦᠷᠭᠦᠯᠵᠢᠯᠡᠨ ᠰᠢᠶᠳᠪᠦᠷᠢᠯᠡᠬᠦ ᠬᠡᠷᠡᠭᠲᠡᠶ᠃ ᠭᠣᠣᠯ ᠰᠡᠳᠦᠪᠲᠦ ᠬᠥᠮᠦᠵᠢᠯ ᠳᠤᠮᠳᠠ ᠠᠰᠠᠭᠤᠳᠠᠯ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠤᠳᠤᠷᠢᠳᠤᠮᠵᠢ ᠪᠣᠯᠭᠠᠬᠤ ᠪᠠᠷᠢᠮᠲᠠᠯᠠᠵᠤ᠂ ︽ᠰᠤᠷᠤᠯᠴᠠᠬᠤ︾ ᠢᠢᠨ ᠡᠭᠦᠰᠦᠯᠲᠡ ᠪᠠ ᠲᠤᠰᠤᠯᠲᠠ ᠢᠮᠠᠭᠲᠠ ︽ᠬᠡᠷᠡᠭᠯᠡᠬᠦ︾ ᠳᠡᠭᠡᠷ᠎ᠡ ᠲᠠᠯᠪᠢᠵᠤ᠂ ᠭᠣᠣᠯ ᠰᠡᠳᠦᠪᠲᠦ ᠬᠥᠮᠦᠵᠢᠯ ᠦᠨᠡᠨ ᠪᠣᠳᠠᠲᠠᠢ ᠦᠷ᠎ᠡ ᠪᠦᠲᠦᠮᠵᠢ ᠤᠯᠬᠤ ᠪᠠᠲᠤᠯᠠᠬᠤ ᠬᠡᠷᠡᠭᠲᠡᠢ᠃ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠦᠨᠳᠦᠰᠦᠨ ᠱᠠᠲᠤᠨ ᠲᠤᠰᠬᠠᠭᠰᠠᠨ ᠠᠰᠠᠭᠤᠳᠠᠯ ᠨᠠᠷᠢᠨ ᠲᠠᠩᠰᠠ ᠨᠠᠷᠢᠨ ᠬᠢᠨᠠᠮᠠᠭᠠᠢ ᠡᠮᠬᠢᠯᠡᠵᠦ᠂ ᠠᠵᠢᠯ ᠬᠠᠯᠠᠨ ᠰᠠᠶᠢᠵᠢᠷᠠᠭᠤᠯᠬᠤ ᠡᠭᠦᠷᠭᠡ ᠨᠠᠷᠢᠨ ᠲᠠᠩᠰᠠ ᠴᠠᠭ ᠲᠤᠬᠠᠢ ᠳᠤᠨᠢ ᠲᠣᠭᠲᠠᠭᠠᠵᠤ᠂ ᠡᠭᠦᠷᠭᠡ ᠨᠠᠶᠢᠳᠠᠪᠤᠷᠢᠵᠢᠭᠤᠯᠤᠭᠰᠠᠨ ᠦᠷ᠎ᠡ ᠪᠦᠲᠦᠮᠵᠢ ᠨᠠᠷᠢᠨ ᠲᠠᠩᠰᠠ ᠮᠥᠷᠳᠡᠨ ᠪᠦᠷᠢᠯᠳᠦᠭᠦᠯᠬᠦ ᠬᠡᠷᠡᠭᠲᠡᠢ᠃ ᠬᠦᠴᠢᠷ ᠠᠰᠠᠭᠤᠳᠠᠯ ᠢ ᠰᠢᠢᠳᠪᠦᠷᠢᠯᠡᠨ ᠬᠥᠭᠵᠢᠯᠲᠡ ᠠᠬᠢᠭᠤᠯᠵᠤ᠂ ᠪᠠᠶᠢᠴᠠᠭᠠᠬᠤ ᠠᠵᠢᠯ ᠴᠢᠨᠠᠷ ᠰᠠᠶᠢᠲᠠᠢ ᠬᠥᠭᠵᠢᠯᠲᠡ ᠨᠥᠯᠥᠭᠡᠯᠡᠨ ᠬᠢᠵᠠᠭᠠᠷᠯᠠᠵᠤ ᠪᠠᠶᠢᠭ᠎ᠠ ᠭᠣᠣᠯᠳᠠᠯᠭ᠎ᠠ ᠲᠠᠶ ᠬᠦᠴᠢᠷ ᠠᠰᠠᠭᠤᠳᠠᠯ ᠢ ᠴᠢᠩᠭ᠎ᠠ ᠠᠳᠬᠤᠵᠤ᠂ ᠭᠦᠨᠵᠡᠭᠡᠢ ᠰᠡᠳᠬᠢᠨ ᠰᠦᠪᠡᠭᠴᠢᠯᠡᠵᠦ᠂ ᠵᠣᠷᠢᠭᠲᠠᠢ ᠪᠠᠷ ᠬᠠᠶᠢᠨ ᠰᠦᠪᠡᠭᠴᠢᠯᠡᠵᠦ ᠤᠷᠤᠭᠰᠢᠯᠠᠬᠤ ᠬᠡᠷᠡᠭᠲᠡᠢ᠃ ᠡᠯ᠎ᠡ ᠠᠶᠢᠮᠠᠭ ᠬᠣᠲᠠ ᠦᠨᠳᠦᠰᠦᠨ ᠱᠠᠲᠤᠨ ᠬᠣᠷᠢᠶ᠎ᠠ ᠨᠤᠭᠤᠳ ᠬᠣᠶᠠᠳᠤᠭᠠᠷ ᠪᠦᠯᠦᠭ ᠭᠣᠸᠯ ᠰᠡᠳᠦᠪᠲᠦ ᠬᠥᠮᠦᠵᠢᠯ ᠢ ᠡᠷᠲᠡᠬᠡᠨ ᠲᠥᠯᠥᠪᠯᠡᠵᠦ ᠂ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠳᠣᠭᠢᠷᠠᠭᠤᠯᠤᠨ ᠂ ᠭᠣᠸᠯ ᠰᠡᠳᠦᠪᠲᠦ ᠬᠥᠮᠦᠵᠢᠯ ᠪᠠ ᠲᠤᠬᠠᠶᠢᠯᠠᠭᠰᠠᠨ ᠠᠵᠢᠯ ᠬᠣᠶᠠᠷ ᠢ ᠰᠠᠭᠠᠲᠠᠭᠠᠬᠤ ᠥᠬᠡᠶ ᠂ ᠬᠣᠶᠠᠷ ᠢ ᠠᠬᠢᠭᠤᠯᠵᠤ ᠂ ᠬᠣᠶᠠᠷ ᠢ ᠳᠡᠭᠡᠭᠰᠢᠯᠡᠭᠦᠯᠬᠦ ᠴᠢᠷᠮᠠᠶᠢᠨ ᠪᠠᠶᠠᠯᠠᠭᠦᠯᠦᠨ᠎ᠡ ᠃
ᠭᠤᠷᠪᠠ ᠳᠤ᠂ ᠦᠢᠯᠡᠴᠢᠯᠡᠭᠡ ᠪᠠ ᠬᠡᠷᠡᠭ ᠰᠢᠢᠳᠪᠦᠷᠢᠯᠡᠬᠦ ᠨᠢᠭᠡᠳᠦᠯᠲᠡᠢ ᠲᠥᠯᠥᠪᠵᠢᠭᠦᠯᠵᠦ᠂ ᠠᠩᠬᠠᠷᠤᠯ ᠲᠥᠪᠯᠡᠷᠡᠭᠦᠯᠦᠨ ᠬᠦᠴᠦᠨ ᠲᠥᠪᠯᠡᠷᠡᠭᠦᠯᠵᠦ ᠪᠠᠶᠢᠭᠠᠳ ︽ᠵᠢᠷᠭᠤᠭᠠᠨ ᠶᠡᠬᠡ ᠨᠢᠭᠡᠳᠦᠯᠲᠡᠢ ᠠᠵᠢᠯᠯᠠᠭ᠎ᠠ︾ ᠢᠢᠨ ᠨᠠᠶᠢᠳᠠᠪᠤᠷᠢᠵᠢᠭᠤᠯᠤᠯᠲᠠ ᠰᠠᠶᠢᠲᠤᠷ ᠠᠳᠬᠤᠨ ᠦᠷ᠎ᠡ ᠪᠦᠲᠦᠮᠵᠢ ᠤᠯᠬᠤ ᠬᠡᠷᠡᠭᠲᠡᠢ᠃ ᠠᠵᠤ ᠠᠬᠤᠶᠢᠯᠠᠯ ᠲᠣᠭᠲᠠᠭᠠᠯ ᠳᠤ ᠨᠡᠶᠢᠴᠡᠬᠦ ᠥᠭᠡᠷᠡᠴᠢᠯᠡᠯᠲᠡ ᠪᠣᠯᠤᠨ ᠪᠣᠭᠣᠮᠲᠠ ᠪᠠᠶᠢᠴᠠᠭᠠᠬᠤ ᠬᠣᠶᠠᠷ ᠶᠡᠬᠡ ᠨᠢᠭᠡᠳᠦᠯᠲᠡᠢ ᠠᠵᠢᠯᠯᠠᠭ᠎ᠠ ᠠᠬᠢᠭᠤᠯᠬᠤ ᠪᠠᠷ ᠬᠥᠲᠥᠯᠦᠮᠵᠢ ᠪᠣᠯᠭᠠᠨ ᠴᠢᠨᠠᠷ ᠰᠠᠶᠢᠲᠠᠢ ᠬᠥᠭᠵᠢᠯᠲᠡ ᠳᠦ ᠬᠦᠴᠦᠨ ᠨᠡᠮᠡᠷᠢᠯᠡᠵᠦ᠂ ᠨᠡᠶᠢᠲᠡᠯᠢᠭ ᠬᠡᠷᠡᠭ ᠵᠢᠱᠢᠢ᠎ᠡ ᠢᠳᠡᠪᠬᠢᠲᠡᠢ ᠪᠣᠶᠢᠵᠢᠭᠤᠯᠵᠤ᠂ ᠮᠠᠨ ᠣᠷᠣᠨ ᠲᠣᠭᠲᠠᠭᠠᠯ ᠳᠤ ᠨᠡᠶᠢᠴᠡᠬᠦ ᠠᠵᠢᠯ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠡᠷᠡᠭᠦᠦ ᠬᠡᠷᠡᠭ ᠪᠠᠶᠢᠴᠠᠭᠠᠬᠤ ᠠᠵᠢᠯ ᠳᠤ ︽ᠭᠤᠷᠪᠠᠨ ᠥᠨᠳᠥᠷ ᠬᠣᠶᠠᠷ ᠳᠣᠣᠷ᠎ᠠ︾ ᠠᠰᠠᠭᠤᠳᠠᠯ ᠢ ᠵᠠᠰᠠᠬᠤ ᠪᠠᠷ ᠰᠢᠪᠲᠤᠯᠤᠯᠲᠠ ᠴᠡᠭ ᠪᠣᠯᠭᠠᠨ ᠬᠢᠨᠠᠯᠲᠠ ᠲᠠᠯᠪᠢᠬᠤ ᠴᠢᠨᠠᠷ ᠪᠠ ᠦᠷ᠎ᠡ ᠪᠦᠲᠦᠮᠵᠢ ᠳᠡᠭᠡᠭᠰᠢᠯᠡᠭᠦᠯᠵᠦ᠂ ᠡᠷᠡᠭᠦᠦ ᠬᠡᠷᠡᠭ ᠭᠦᠢᠴᠡᠳᠬᠡᠯᠲᠡ ᠪᠠᠶᠢᠴᠠᠭᠠᠬᠤ ᠠᠵᠢᠯ ᠡᠷᠴᠢᠮ ᠦᠷᠭᠦᠯᠵᠢᠯᠡᠨ ᠴᠢᠩᠭᠠᠷᠠᠭᠤᠯᠵᠤ᠂ ᠬᠠᠤᠯᠢ ᠪᠠᠷᠢᠬᠤ ᠠᠵᠢᠯᠳᠠᠨ ᠡᠷᠬᠡ ᠲᠤᠰᠢᠶᠠᠯ ᠠᠰᠢᠭᠯᠠᠨ ᠬᠢᠭᠰᠡᠨ ᠶᠠᠯᠠᠲᠤ ᠬᠡᠷᠡᠭ ᠢ ᠲᠠᠨᠭᠨᠠᠨ ᠰᠢᠶᠳᠪᠦᠷᠢᠯᠡᠬᠦ ᠡᠷᠴᠢᠮ ᠤᠯᠠᠮ ᠨᠢᠭᠡ ᠠᠯᠬᠤᠮ ᠴᠢᠩᠭᠠᠷᠠᠭᠤᠯᠵᠤ᠂ ︽ᠬᠣᠭᠣᠰᠣᠨ ᠭᠠᠵᠠᠷ ᠢ ᠤᠰᠠᠳᠬᠠᠵᠤ᠂ ᠶᠠᠰᠤ ᠴᠢᠨᠠᠷ ᠢ ᠦᠨᠡᠨ ᠬᠦ ᠪᠠᠲᠤᠯᠠᠬᠤ︾ ᠬᠡᠷᠡᠭᠲᠡᠶ᠃ ᠢᠷᠭᠡᠨ ᠬᠡᠷᠡᠭ ᠢ ᠪᠠᠶᠢᠴᠠᠭᠠᠬᠤ ᠳᠤ ︽ᠭᠤᠷᠪᠠᠨ ᠳᠣᠣᠷ᠎ᠠ ᠬᠣᠶᠠᠷ ᠴᠥᠭᠡᠨ︾ ᠪᠠᠶᠢᠬᠤ ᠠᠰᠠᠭᠤᠳᠠᠯ ᠢ ᠵᠠᠰᠠᠬᠤ ᠪᠠᠷ ᠬᠦᠴᠦᠯᠡᠬᠦ ᠴᠡᠭ ᠪᠣᠯᠭᠠᠨ ᠨᠠᠷᠢᠯᠢᠭ ᠣᠨᠣᠴᠠᠲᠠᠶ ᠪᠠᠷ ᠬᠢᠨᠠᠯᠲᠠ ᠲᠠᠯᠪᠢᠬᠤ ᠴᠢᠩᠭᠠᠳᠬᠠᠵᠤ᠂ ᠬᠡᠷᠡᠭ ᠶᠠᠪᠤᠳᠠᠯ ᠳᠤ ᠬᠢᠨᠠᠯᠲᠠ ᠲᠠᠯᠪᠢᠬᠤ ᠪᠠ ᠬᠥᠮᠦᠨ ᠳᠦ ᠬᠢᠨᠠᠯᠲᠠ ᠲᠠᠯᠪᠢᠬᠤ ᠤᠶᠠᠯᠳᠤᠭᠤᠯᠬᠤ ᠪᠠᠷᠢᠮᠲᠠᠯᠠᠵᠤ᠂ ᠨᠡᠶᠢᠲᠡᠯᠢᠭ ᠴᠢᠨᠠᠷᠲᠠᠶ ᠬᠡᠷᠡᠭ ᠢ ᠢᠯᠡᠷᠡᠭᠦᠯᠦᠨ ᠠᠭᠤᠳᠠᠯᠬᠤ ᠴᠢᠬᠤᠯᠠᠴᠢᠯᠠᠬᠤ ᠬᠡᠷᠡᠭᠲᠡᠶ᠃ᠵᠠᠰᠠᠭ ᠵᠠᠬᠢᠷᠭᠠᠨ ᠪᠠᠶᠢᠴᠠᠭᠠᠬᠤ ᠠᠵᠢᠯ ᠳᠤ ︽ᠰᠣᠳᠣᠨ ᠪᠦᠲᠦᠭᠡᠯ ᠢ ᠡᠭᠦᠳᠬᠦ ᠨᠢᠭᠡᠳᠦᠯᠲᠡᠶ ᠠᠵᠢᠯᠯᠠᠭ᠎ᠠ︾ ᠪᠠᠷ ᠭᠠᠷᠳᠠᠴᠠ ᠪᠣᠯᠭᠠᠨ ᠨᠠᠷᠢᠯᠢᠭ ᠬᠢᠵᠦ ᠣᠭᠢ ᠬᠦᠭᠡᠭᠡᠴᠡᠯᠳᠦᠬᠦ ᠬᠡᠷᠡᠭᠲᠡᠶ᠃ ᠰᠣᠳᠣᠨ ᠬᠡᠷᠡᠭ ᠢ ᠪᠣᠶᠢᠵᠢᠭᠤᠯᠬᠤ ᠴᠢᠬᠤᠯᠠᠴᠢᠯᠠᠵᠤ᠂ ᠵᠠᠰᠠᠭ ᠵᠠᠬᠢᠷᠭᠠᠨ ᠮᠠᠷᠭᠤᠯᠳᠤᠭᠠᠨ ᠢ ᠦᠨᠡᠨ ᠪᠣᠳᠠᠲᠠᠢ ᠪᠠᠷ ᠰᠢᠢᠳᠪᠦᠷᠢᠯᠡᠬᠦ ᠡᠨᠡᠬᠦ ︽ᠬᠥᠳᠡᠯᠭᠡᠭᠦᠷ︾ ᠢ ᠦᠷᠭᠦᠯᠵᠢᠯᠡᠨ ᠰᠠᠶᠢᠲᠤᠷ ᠠᠳᠬᠤᠵᠤ᠂ ᠬᠡᠷᠡᠭ ᠢᠷᠡᠯᠳᠡ ᠨᠡᠭᠡᠭᠡᠬᠦ ᠪᠠ ᠥᠷᠭᠡᠳᠬᠡᠬᠦ ᠳᠡᠭᠡᠷ᠎ᠡ ᠬᠦᠴᠦ ᠲᠠᠯᠪᠢᠵᠤ᠂ ᠬᠡᠷᠡᠭ ᠰᠢᠢᠳᠪᠦᠷᠢᠯᠡᠬᠦ ᠬᠡᠪᠴᠢᠢ᠎ᠡ ᠲᠣᠭᠲᠠᠭᠤᠨ ᠳᠡᠭᠡᠭᠰᠢᠯᠡᠭᠦᠯᠬᠦ ᠬᠡᠷᠡᠭᠲᠡᠢ᠃ ︽ᠬᠣᠶᠠᠷ ᠬᠠᠤᠯᠢ ᠵᠣᠯᠭᠠᠭᠤᠯᠬᠤ︾ ᠪᠠ ᠵᠠᠰᠠᠭ ᠵᠠᠬᠢᠷᠭᠠᠨ ᠬᠠᠤᠯᠢ ᠵᠥᠷᠢᠴᠡᠭᠰᠡᠨ ᠠᠵᠢᠯᠯᠠᠭ᠎ᠠ ᠳᠤ ᠬᠢᠨᠠᠯᠲᠠ ᠲᠠᠯᠪᠢᠬᠤ ᠠᠭᠤᠰᠤᠯᠴᠠᠭᠤᠯᠤᠨ ᠠᠬᠢᠭᠤᠯᠵᠤ᠂ ᠵᠠᠰᠠᠭ ᠵᠠᠬᠢᠷᠭᠠᠨ ᠪᠠᠶᠢᠴᠠᠭᠠᠬᠤ ᠬᠢᠨᠠᠯᠲᠠ ᠲᠠᠯᠪᠢᠬᠤ ᠦᠢᠯᠡᠳᠦᠯ ᠴᠢᠳᠠᠪᠤᠷᠢ ᠳᠡᠭᠡᠭᠰᠢᠯᠡᠭᠦᠯᠬᠦ ᠬᠡᠷᠡᠭᠲᠡᠢ᠃ᠨᠡᠶᠢᠲᠡᠠᠰᠢᠭᠲᠤ ᠵᠠᠷᠭᠤ ᠪᠠᠶᠢᠴᠠᠭᠠᠬᠤ ᠳᠤ ︽ᠠᠮᠢ ᠠᠬᠤᠶ ᠪᠠᠶᠢᠴᠠᠭᠠᠯᠲᠠ ᠭᠤᠷᠪᠠᠨ ᠶᠡᠬᠡ ᠬᠠᠮᠵᠢᠯᠴᠠᠭᠠᠨ ᠨᠢᠭᠡᠳᠦᠯᠲᠡᠶ ᠠᠵᠢᠯᠯᠠᠭ᠎ᠠ︾ ᠲᠦᠯᠬᠢᠨ ᠠᠬᠢᠭᠤᠯᠬᠤ ᠪᠠᠷ ᠬᠦᠴᠦᠯᠡᠬᠦ ᠴᠡᠭ ᠪᠣᠯᠭᠠᠨ ᠲᠣᠭ᠎ᠠ ᠬᠡᠮᠵᠢᠶ᠎ᠡ ᠳᠡᠭᠡᠭᠰᠢᠯᠡᠭᠦᠯᠦᠨ ᠶᠠᠰᠤ ᠴᠢᠨᠠᠷ ᠢ ᠨᠡᠮᠡᠭᠳᠡᠭᠦᠯᠬᠦ ᠬᠡᠷᠡᠭᠲᠡᠶ᠃ ᠨᠠᠮ ᠬᠣᠷᠢᠶ᠎ᠠ ᠵᠠᠰᠠᠭ ᠣᠷᠳᠣᠨ ᠳᠡᠭᠡᠳᠦ ᠬᠡᠮᠵᠢᠶ᠎ᠡ ᠪᠡᠷ ᠠᠩᠬᠠᠷᠴᠤ ᠪᠠᠶᠢᠭ᠎ᠠ᠂ ᠨᠡᠶᠢᠲᠡᠠᠰᠢᠭᠲᠤ ᠬᠣᠬᠢᠷᠠᠯ ᠳᠤ ᠬᠦᠨᠳᠦ ᠨᠣᠴᠢᠲᠠᠶ ᠤᠴᠠᠷᠠᠭᠰᠠᠨ᠂ ᠤᠯᠠᠨ ᠲᠦᠮᠡᠨ ᠲᠤᠰᠬᠠᠯ ᠴᠢᠩᠭ᠎ᠠ ᠪᠠᠶᠢᠭ᠎ᠠ ᠬᠦᠨᠳᠦ ᠶᠡᠬᠡ ᠪᠤᠳᠤᠯᠢᠶᠠᠨᠲᠠᠶ ᠬᠡᠷᠡᠭ᠂ ᠢᠯᠠᠩᠭᠤᠶ᠎ᠠ ᠵᠠᠰᠠᠭ ᠵᠠᠬᠢᠷᠭᠠᠨ ᠣᠷᠣᠨ ᠬᠤᠪᠢᠶᠠᠷᠢᠯᠠᠯ ᠠᠯᠤᠰᠯᠠᠭᠰᠠᠨ ᠬᠦᠨᠳᠦ ᠶᠡᠬᠡ ᠬᠡᠷᠡᠭ ᠢ ᠰᠠᠶᠢᠲᠤᠷ ᠰᠢᠶᠳᠪᠦᠷᠢᠯᠡᠵᠦ᠂ ᠶᠡᠬᠡ ᠴᠢᠬᠤᠯᠠ ᠬᠡᠷᠡᠭ ᠢ ᠰᠢᠶᠳᠪᠦᠷᠢᠯᠡᠬᠦ ᠪᠡᠷ ᠳᠠᠮᠵᠢᠭᠤᠯᠤᠨ ᠨᠥᠯᠥᠭᠡᠯᠡᠬᠦ ᠬᠦᠴᠦᠨ ᠢ ᠨᠢ ᠳᠡᠭᠡᠭᠰᠢᠯᠡᠭᠦᠯᠦᠨ᠎ᠡ᠃ᠠᠷᠠᠳ ᠲᠥᠯᠥᠭᠡ ᠪᠠᠶᠢᠴᠠᠭᠠᠬᠤ ᠠᠵᠢᠯ ᠢ ᠬᠢᠨᠠᠮᠠᠭᠠᠶ ᠰᠠᠶᠢᠲᠤᠷ ᠠᠳᠬᠤᠨ᠎ᠠ᠃ ᠨᠠᠰᠤᠨ ᠳᠤ ᠦᠯᠦ ᠬᠦᠷᠦᠭᠰᠡᠳ ᠢ ᠪᠠᠶᠢᠴᠠᠭᠠᠬᠤ ᠳᠠᠭᠠᠨ ᠲᠦᠷᠦᠯ ᠲᠡᠮᠳᠡᠭ ᠬᠡᠷᠡᠭᠯᠡᠭᠡᠨ ᠴᠢᠨᠠᠷ ᠢ ᠨᠡᠮᠡᠭᠳᠡᠭᠦᠯᠬᠦ ᠳᠡᠭᠡᠷ᠎ᠡ ᠬᠦᠴᠦ ᠲᠠᠯᠪᠢᠬᠤ ᠬᠡᠷᠡᠭᠲᠡᠶ᠃︽ᠪᠠᠶᠢᠴᠠᠭᠠᠬᠤ + ᠠᠵᠤ ᠠᠬᠤᠶᠢᠯᠠᠯ + N︾ ᠬᠠᠮᠲᠤᠷᠠᠨ ᠠᠪᠤᠷᠠᠨ ᠲᠤᠰᠠᠯᠠᠬᠤ ᠵᠠᠭᠪᠤᠷ ᠨᠢᠭᠡᠨᠲᠡ ᠠᠩᠬ᠎ᠠ ᠠᠯᠬᠤᠮ ᠢᠯᠡᠷᠡᠵᠡᠢ᠂ ᠨᠡᠩ ᠤᠯᠠᠨ ᠨᠥᠬᠥᠴᠡᠯ ᠲᠡᠶ ᠭᠠᠵᠠᠷ ᠣᠷᠣᠨ ᠬᠠᠤᠯᠢ ᠴᠠᠭᠠᠵᠠ ᠠᠪᠤᠷᠠᠨ ᠲᠤᠰᠠᠯᠠᠬᠤ ᠲᠤᠰᠬᠠᠢ ᠰᠠᠭᠤᠷᠢ ᠮᠥᠩᠭᠥ ᠰᠦᠪᠡᠭᠴᠢᠯᠡᠨ ᠪᠠᠶᠢᠭᠤᠯᠬᠤ ᠵᠣᠷᠢᠭᠵᠢᠭᠤᠯᠵᠤ᠂ ᠰᠠᠭᠤᠷᠢ ᠮᠥᠩᠭᠥᠨ ᠲᠠᠲᠠᠭᠠᠯ ᠢ ᠥᠷᠭᠡᠳᠬᠡᠵᠦ᠂︽ᠠᠪᠤᠷᠠᠬᠤ ᠶᠣᠰᠣᠲᠠᠢ ᠨᠢ ᠪᠦᠬᠦᠨ ᠢ ᠠᠪᠤᠷᠠᠬᠤ︾ ᠵᠢ ᠪᠡᠶᠡᠯᠡᠭᠦᠯᠬᠦ ᠬᠡᠷᠡᠭᠲᠡᠢ᠃
ᠲᠦᠷᠪᠡ ᠳᠦ᠂ ᠬᠡᠪ ᠴᠢᠨᠠᠷ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠨᠡᠩ ᠥᠨᠳᠥᠷ ᠵᠣᠭᠰᠣᠴᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠰᠤᠷᠲᠠᠯ ᠪᠠᠶᠢᠴᠠᠭᠠᠬᠤ ᠡᠩᠨᠡᠭᠡᠨ ᠪᠠᠶᠢᠭᠤᠯᠤᠯᠲᠠ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ︽ ᠬᠡᠪ ᠴᠢᠨᠠᠷ ᠴᠢᠳᠠᠪᠤᠷᠢ ᠳᠡᠭᠡᠭᠰᠢᠯᠡᠭᠦᠯᠬᠦ ᠢᠨᠵᠧᠨᠧᠷᠢᠩ ︾ ᠢ ᠦᠷᠭᠦᠯᠵᠢᠯᠡᠨ ᠰᠠᠶᠢᠲᠤᠷ ᠥᠷᠨᠢᠭᠦᠯᠵᠦ ᠂ ᠴᠢᠳᠠᠪᠤᠷᠢ ᠪᠠ ᠰᠤᠷᠲᠠᠯ ᠳᠤᠲᠠᠭᠤᠳᠠᠯ ᠢ ᠭᠦᠶᠴᠡᠳ ᠨᠥᠬᠥᠪᠥᠷᠢᠯᠡᠬᠦ ᠲᠦᠷᠭᠡᠳᠬᠡᠨ᠎ᠡ ᠃ ︽ᠭᠤᠷᠪᠠᠨ ᠪᠦᠷᠢᠨ ᠬᠡᠯᠪᠡᠷᠢ︾ᠵᠢᠨ ᠪᠣᠯᠪᠠᠰᠤᠷᠠᠯ ᠪᠣᠯᠤᠨ︽ᠭᠤᠷᠪᠠᠨ ᠦᠨᠡᠨ ᠬᠡᠯᠪᠡᠷᠢ︾ᠵᠢᠨ ᠪᠣᠳᠠᠲᠠᠢ ᠪᠣᠯᠪᠠᠰᠤᠷᠠᠯ ᠢ ᠦᠷᠭᠦᠯᠵᠢᠯᠡᠨ ᠰᠠᠶᠢᠲᠤᠷ ᠠᠳᠬᠤᠵᠤ᠂ ᠪᠣᠳᠠᠲᠠᠢ ᠶᠠᠪᠤᠳᠠᠯ ᠬᠢᠬᠦ᠂ ᠪᠣᠳᠠᠲᠠᠢ ᠡᠷᠬᠢᠮᠯᠡᠬᠦ᠂ ᠪᠣᠳᠠᠲᠤ ᠦᠷ᠎ᠡ ᠪᠦᠲᠦᠮᠵᠢ ᠡᠷᠬᠢᠮᠯᠡᠬᠦ ᠪᠠᠷᠢᠮᠲᠠᠯᠠᠵᠤ᠂ ᠰᠤᠷᠲᠠᠯ ᠠᠰᠠᠭᠤᠳᠠᠯ ᠢ ᠤᠷᠳᠤ ᠬᠤᠭᠤᠴᠠᠭ᠎ᠠ ᠪᠠᠷ ᠰᠢᠢᠳᠪᠦᠷᠢᠯᠡᠵᠦ᠂ ᠦᠨᠡᠨ ᠢ ᠪᠠᠷᠢᠮᠲᠠᠯᠠᠨ ᠪᠣᠳᠠᠲᠠᠢ ᠡᠷᠬᠢᠮᠯᠡᠬᠦ᠂ ᠪᠣᠳᠠᠲᠠᠢ ᠠᠵᠢᠯᠯᠠᠬᠤ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠪᠠᠶᠢᠴᠠᠭᠠᠬᠤ ᠪᠠᠶᠢᠭᠤᠯᠭ᠎ᠠ ᠪᠣᠯᠤᠨ ᠪᠠᠶᠢᠴᠠᠭᠠᠬᠤ ᠠᠵᠢᠯᠳᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠢᠯᠡ ᠲᠣᠳᠣ ᠣᠨᠴᠠᠯᠢᠭ ᠪᠣᠯᠭᠠᠬᠤ ᠬᠡᠷᠡᠭᠲᠡᠢ᠃ ᠬᠢᠨᠠᠨ ᠰᠢᠯᠭᠠᠯᠲᠠ︽ᠳᠣᠬᠢᠭᠤᠷ︾ ᠦᠢᠯᠡᠳᠦᠯ ᠢ ᠰᠠᠶᠢᠲᠤᠷ ᠪᠠᠳᠠᠷᠠᠭᠤᠯᠵᠤ᠂ ᠲᠤᠰ ᠭᠠᠵᠠᠷ ᠬᠢᠨᠠᠨ ᠰᠢᠯᠭᠠᠵᠤ ᠦᠨᠡᠯᠡᠬᠦ ᠲᠣᠭᠲᠠᠴᠠ ᠱᠠᠯᠠᠪᠳᠠᠨ ᠵᠠᠰᠠᠨ ᠲᠡᠭᠦᠯᠳᠡᠷᠵᠢᠭᠦᠯᠵᠦ᠂ ᠱᠠᠩᠨᠠᠵᠤ ᠲᠣᠷᠭᠠᠬᠤ ᠲᠣᠳᠣᠷᠬᠠᠢ ᠪᠣᠯᠭᠠᠬᠤ ᠤᠳᠤᠷᠢᠳᠤᠮᠵᠢ ᠨᠡᠩ ᠢᠯᠡ ᠲᠣᠳᠣ ᠪᠣᠯᠭᠠᠵᠤ᠂ ᠡᠷᠳᠡᠮᠲᠡᠨ ᠮᠡᠷᠭᠡᠳ ᠡᠴᠡ ᠳᠠᠭᠠᠨ ᠰᠤᠷᠤᠯᠴᠠᠬᠤ᠂ ᠲᠦᠮᠡᠨ ᠠᠭᠲᠠ ᠳᠠᠪᠬᠢᠭᠤᠯᠬᠤ᠂ ᠮᠢᠩᠭᠠᠨ ᠳᠠᠷᠪᠠᠭᠤᠯ ᠢ ᠥᠷᠢᠰᠥᠯᠳᠦᠭᠦᠯᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ᠃ ︽ᠴᠢᠩᠭ᠎ᠠ ᠬᠠᠮᠢᠶᠠᠷᠬᠤ ᠪᠣᠯ ᠳᠠᠷᠤᠢ ᠭᠦᠨ ᠵᠤᠵᠠᠭᠠᠨ ᠬᠠᠶᠢᠷ᠎ᠠ ᠮᠥᠨ︾ ᠭᠡᠳᠡᠭ ᠢ ᠪᠣᠳᠠᠲᠠᠶᠢᠵᠢᠭᠤᠯᠬᠤ ᠬᠡᠷᠡᠭᠲᠡᠢ᠃ ᠭᠣᠣᠯᠳᠠᠯᠭ᠎ᠠ ᠨᠢ ᠡᠯ᠎ᠡ ᠱᠠᠲᠤᠨ ᠬᠤᠷᠢᠶᠠᠨ ᠳᠤᠮᠳᠠ ᠳᠠᠪᠬᠤᠷᠭ᠎ᠠ ᠺᠠᠳ᠋ᠷ ᠬᠠᠮᠢᠶᠠᠷᠤᠯᠲᠠ ᠬᠠᠷᠢᠭᠤᠴᠠᠯᠭ᠎ᠠ ᠪᠠᠨ ᠭᠦᠢᠴᠡᠳᠬᠡᠵᠦ᠂ ᠤᠴᠢᠷ ᠶᠠᠪᠤᠳᠠᠯ ᠠᠴᠠ ᠵᠠᠶᠢᠯᠠᠬᠤ ᠦᠭᠡᠢ᠂ ᠵᠢᠷᠤᠮ ᠬᠠᠷᠢᠭᠤᠴᠠᠯᠭ᠎ᠠ ᠠᠴᠠ ᠵᠠᠶᠢᠯᠠᠬᠤ ᠦᠭᠡᠢ ᠡᠭᠦᠷᠭᠡᠯᠡᠯ ᠡᠩᠨᠡᠭᠡ ᠪᠡᠨ ᠰᠠᠶᠢᠲᠤᠷ ᠳᠠᠭᠠᠭᠤᠯᠬᠤ ᠬᠡᠷᠡᠭᠲᠡᠢ᠃ ︽ᠰᠢᠰᠲ᠋ᠧᠮ ᠢ ᠲᠥᠪᠯᠡᠷᠡᠭᠦᠯᠦᠨ ᠳᠡᠭᠡᠭᠰᠢᠯᠡᠭᠦᠯᠬᠦ ᠢᠨᠵᠧᠨᠧᠷᠢᠩ ︾ ᠢ ᠦᠷᠭᠦᠯᠵᠢᠯᠡᠨ ᠪᠠᠶᠢᠭᠤᠯᠵᠤ ᠂ ᠡᠯ᠎ᠡ ᠱᠠᠲᠤᠨ ᠡᠯ᠎ᠡ ᠲᠥᠷᠥᠯ ᠬᠥᠮᠦᠰ ᠠᠵᠢᠯ ᠬᠢᠵᠦ ᠠᠳᠠᠯ ᠦᠶᠯᠡᠰ ᠴᠣᠭᠴᠠᠯᠠᠬᠤ ᠠᠮᠢᠵᠢᠷᠠᠯ ᠬᠦᠴᠦᠨ ᠢ ᠭᠦᠶᠴᠡᠳ ᠬᠥᠭᠵᠢᠭᠡᠨ᠎ᠡ ᠃ ᠪᠠᠶᠢᠴᠠᠭᠠᠬᠤ ᠬᠣᠷᠢᠶ᠎ᠠ ᠬᠠᠷᠠᠭᠠᠯᠵᠠᠬᠤ ᠠᠷᠭ᠎ᠠ ᠬᠡᠮᠵᠢᠶ᠎ᠡ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠬᠣᠷᠢᠶᠠᠨ ᠢᠳᠡᠪᠬᠢᠵᠢᠯ ᠢ ᠲᠠᠢᠢᠴᠢᠯᠠᠨ᠂ ᠺᠠᠳ᠋ᠷ ᠡᠩᠨᠡᠭᠡᠨ ︽ᠠᠮᠢᠵᠢᠷᠠᠯ ᠬᠦᠴᠦᠨ︾ ᠢ ᠬᠦᠭᠵᠢᠭᠡᠨ᠎ᠡ᠃ ︽ᠰᠢᠶᠳᠪᠦᠷᠢᠲᠦ ᠪᠤᠳᠤᠯᠭ᠎ᠠ ᠲᠣᠭᠲᠠᠭᠠᠬᠤ ᠴᠢᠳᠠᠪᠤᠷᠢ ᠳᠡᠭᠡᠭᠰᠢᠯᠡᠭᠦᠯᠬᠦ ᠢᠨᠵᠧᠨᠧᠷᠢᠩ︾ ᠢ ᠦᠷᠭᠦᠯᠵᠢᠯᠡᠨ ᠰᠠᠶᠢᠲᠤᠷ ᠠᠳᠬᠤᠵᠤ᠂ ᠪᠠᠶᠢᠴᠠᠭᠠᠬᠤ ᠤᠨᠤᠯ ᠰᠤᠳᠤᠯᠭᠠᠨ ᠴᠢᠳᠠᠪᠤᠷᠢᠲᠠᠨ ᠡᠩᠨᠡᠭᠡ ᠪᠠᠶᠢᠭᠤᠯᠤᠨ ᠬᠦᠴᠦᠷᠬᠡᠭᠵᠢᠭᠦᠯᠵᠦ᠂ ᠰᠡᠳᠦᠪ ᠱᠠᠩᠨᠠᠯ ᠲᠣᠭᠲᠠᠴᠠ ᠨᠠᠶᠢᠳᠠᠪᠤᠷᠢᠵᠢᠭᠤᠯᠤᠨ᠎ᠠ ︔ ︽ ᠤᠮᠠᠷᠠᠲᠤ ᠬᠢᠯᠢ ᠪᠠᠶᠢᠴᠠᠭᠠᠬᠤ ᠵᠢᠨ ᠲᠠᠭᠤᠨ ︾ ᠵᠢᠭᠰᠠᠭᠠᠯ ᠭᠠᠵᠠᠷ ᠢ ᠪᠠᠶᠢᠭᠤᠯᠵᠤ ᠂ ᠵᠣᠬᠢᠶᠠᠯ ᠨᠡᠶᠢᠲᠡᠯᠡᠭᠰᠡᠨ ᠪᠠᠶᠢᠳᠠᠯ ᠢ ᠬᠢᠨᠠᠨ ᠰᠢᠯᠭᠠᠯᠲᠠ ᠳᠤ ᠣᠷᠣᠭᠤᠯᠤᠨ᠎ᠠ ︔ᠠᠩᠬᠠᠳᠤᠭᠠᠷ ᠬᠤᠭᠤᠴᠠᠭᠠᠨ ︽ᠣᠪᠣᠭᠠᠨ ᠪᠠᠶᠢᠴᠠᠭᠠᠯᠲᠠ ᠬᠤᠷᠠᠯ ︾ ᠢ ᠰᠠᠶᠢᠲᠤᠷ ᠡᠷᠭᠢᠯᠡᠵᠦ ᠂ ᠥᠪᠥᠷ ᠮᠣᠩᠭᠣᠯ ᠳᠤ ᠰᠠᠭᠤᠷᠢᠯᠠᠭᠰᠠᠨ ᠂ ᠪᠥᠬᠥ ᠤᠯᠤᠰ ᠲᠤ ᠬᠠᠨᠳᠤᠭᠤᠯᠤᠭᠰᠠᠨ ᠪᠠᠶᠢᠴᠠᠭᠠᠬᠤ ᠣᠨᠣᠯ ᠰᠤᠳᠤᠯᠤᠨ ᠶᠠᠷᠢᠯᠴᠠᠬᠤ ᠬᠤᠷᠠᠯ ᠨᠠᠷᠠᠲᠤ ᠲᠥᠷᠥᠯ ᠲᠡᠮᠳᠡᠭᠲᠦ ᠴᠢᠷᠮᠠᠶᠢᠨ ᠡᠭᠦᠳᠦᠨ᠎ᠡ ᠃︽ᠲᠤᠭᠠᠵᠢᠭᠤᠯᠤᠭᠰᠠᠨ ᠪᠠᠶᠢᠴᠠᠭᠠᠬᠤ ᠳᠡᠭᠡᠭᠰᠢᠯᠡᠭᠦᠯᠬᠦ ᠢᠨᠵᠧᠨᠧᠷᠢᠩ︾ ᠢ ᠶᠡᠬᠡ ᠪᠡᠷ ᠲᠦᠯᠬᠢᠨ ᠠᠬᠢᠭᠤᠯᠵᠤ᠂ ᠪᠠᠶᠢᠴᠠᠭᠠᠬᠤ ᠪᠠ ᠬᠡᠷᠡᠭ ᠰᠢᠶᠳᠪᠦᠷᠢᠯᠡᠬᠦ ᠠᠵᠢᠯᠳᠠᠨ ᠲᠤᠭᠠᠵᠢᠭᠤᠯᠤᠭᠰᠠᠨ ᠣᠨᠣᠯᠵᠢᠬᠤᠨ᠂ ᠲᠤᠭᠠᠵᠢᠭᠤᠯᠤᠭᠰᠠᠨ ᠰᠡᠳᠬᠢᠬᠦᠶ ᠪᠤᠢ ᠪᠣᠯᠭᠠᠵᠤ᠂ ᠶᠡᠬᠡ ᠲᠠᠯ᠎ᠠ ᠳᠤ ᠦᠢᠯᠡᠴᠢᠯᠡᠬᠦ ᠬᠠᠯᠠᠭᠤᠨ ᠴᠡᠭ ᠂ ᠲᠥᠪᠯᠡᠷᠡᠯ ᠴᠡᠭ ᠢ ᠨᠢᠭᠲᠠ ᠪᠠᠷᠢᠵᠤ᠂ ᠬᠠᠤᠯᠢ ᠬᠡᠷᠡᠭᠵᠢᠭᠦᠯᠬᠦ ᠪᠠ ᠬᠠᠤᠯᠢ ᠪᠠᠷᠢᠬᠤ ᠲᠠᠯ᠎ᠠ ᠪᠠᠷ ᠬᠢ ᠲᠤᠪᠤᠢᠢᠮ᠎ᠠ ᠠᠰᠠᠭᠤᠳᠠᠯ᠂ ᠨᠡᠶᠢᠭᠡᠮ ᠵᠠᠰᠠᠯᠲᠠ ᠪᠠᠭᠤᠷᠠᠶ ᠭᠠᠵᠠᠷ ᠣᠷᠣᠨ ᠪᠠ ᠤᠯᠠᠨ ᠨᠡᠶᠢᠲᠡ ᠠᠰᠢᠭ ᠲᠤᠰᠠ ᠳᠤᠲᠠᠭᠤᠳᠠᠯ ᠪᠠᠭᠤᠷᠠᠶ ᠵᠦᠢᠯ ᠲᠡᠶ ᠨᠢᠭᠲᠠ ᠤᠶᠠᠯᠳᠤᠭᠤᠯᠤᠨ᠂ ᠬᠠᠤᠯᠢ ᠴᠠᠭᠠᠵᠠ ᠬᠢᠨᠠᠯᠲᠠ ᠵᠠᠭᠪᠤᠷ ᠢ ᠰᠤᠳᠤᠯᠤᠨ ᠨᠡᠭᠡᠭᠡᠬᠦ ᠪᠠ ᠬᠡᠷᠡᠭᠯᠡᠬᠦ ᠴᠢᠩᠭᠠᠳᠬᠠᠵᠤ᠂ ᠣᠨᠴᠠᠭᠠᠶ ᠬᠡᠷᠡᠭ ᠲᠦ ᠬᠢᠨᠠᠯᠲᠠ ᠲᠠᠯᠪᠢᠬᠤ ᠵᠠᠷᠭᠤ ᠢᠷᠡᠯᠳᠡ ᠵᠠᠰᠠᠬᠤ ᠲᠡᠶᠢᠰᠢ ᠬᠤᠪᠢᠷᠠᠭᠤᠯᠬᠤ ᠲᠦᠯᠬᠢᠨ ᠠᠬᠢᠭᠤᠯᠬᠤ ᠬᠡᠷᠡᠭᠲᠡᠶ᠃
ᠬᠤᠷᠠᠯ ᠳᠡᠭᠡᠷ᠎ᠡ᠂ ᠳᠤᠲᠠᠭᠤᠳᠠᠯ ᠪᠠᠭᠤᠷᠠᠢ ᠲᠠᠯ᠎ᠠ ᠵᠠᠳᠠᠯᠤᠨ ᠦᠨᠡᠯᠡᠵᠦ ᠰᠢᠭᠤᠳ ᠢᠯᠡᠴᠢᠯᠡᠨ᠂ ᠡᠯ᠎ᠡ ᠠᠶᠢᠮᠠᠭ ᠬᠤᠳᠠ ᠭᠠᠵᠠᠷ ᠣᠷᠣᠨ ᠪᠠᠶᠢᠴᠠᠭᠠᠬᠤ ︵ᠬᠤᠪᠢᠶᠠᠷᠢ ︶ᠬᠣᠷᠢᠢ᠎ᠠ ᠭᠣᠣᠯ ᠬᠠᠷᠢᠭᠤᠴᠠᠯᠭᠠᠲᠠᠳ ᠲᠤ ᠰᠠᠭᠤᠭᠠᠳ ᠰᠠᠭᠤᠷᠢ ᠦᠭᠡᠢ ᠪᠤᠯᠤᠭᠰᠠᠨ ᠮᠡᠲᠦ ᠰᠡᠳᠬᠢᠭᠳᠡᠯ ᠦᠭᠴᠡᠢ᠃ ᠠᠵᠢᠯ ᠬᠠᠷᠢᠭᠤ ᠮᠡᠳᠡᠭᠦᠯᠬᠦ ᠦᠶ᠎ᠡ ᠳᠦ᠂ ᠤᠯᠠᠨ ᠬᠣᠶᠢᠨᠠ ᠬᠣᠶᠢᠨᠠ ᠠᠴᠠ ᠪᠠᠨ ᠥᠪᠡᠷ ᠲᠤᠲᠠᠭᠤᠳᠠᠯ ᠢᠯᠡᠴᠢᠯᠡᠵᠦ᠂ ᠠᠰᠠᠭᠤᠳᠠᠯ ᠳᠤᠮᠳᠠ ᠠᠴᠠ ᠰᠢᠪᠲᠤᠯᠤᠯᠲᠠ ᠴᠡᠭ ᠢ ᠦᠨᠡᠨ ᠪᠣᠳᠠᠲᠠᠢ ᠪᠠᠷ ᠡᠷᠢᠵᠦ᠂ ᠳᠤᠲᠠᠭᠤᠳᠠᠯ ᠪᠠᠭᠤᠷᠠᠢ ᠵᠦᠢᠯ ᠳᠤᠮᠳᠠ ᠠᠴᠠ ᠬᠦᠴᠦᠯᠡᠬᠦ ᠴᠡᠭ ᠲᠣᠭᠲᠠᠭᠠᠵᠠᠢ᠃ ᠬᠤᠷᠠᠯ ᠳᠤ ᠣᠷᠣᠯᠴᠠᠭᠰᠠᠳ ᠢᠯᠡᠷᠬᠡᠶᠢᠯᠡᠭᠰᠡᠨ ᠨᠢ ᠂ ᠬᠦᠷᠦᠯᠴᠡᠬᠦ ᠦᠭᠡᠢ ᠲᠠᠯ᠎ᠠ ᠪᠠᠨ ᠮᠡᠳᠡᠮᠡᠨᠵᠢᠨ ᠰᠠᠶ᠋ᠢ ᠰᠠᠶᠢᠲᠤᠷ ᠤᠷᠤᠭᠴᠢᠯᠠᠵᠤ ᠴᠢᠳᠠᠨ᠎ᠠ᠂᠂ ᠰᠢ ᠫᠢᠩ ᠶᠡᠷᠦᠩᠬᠡᠶ ᠱᠦᠵᠢ ᠥᠪᠥᠷ ᠮᠣᠩᠭᠣᠯ ᠳᠤ ᠥᠭᠭᠦᠭᠰᠡᠨ ᠴᠢᠬᠤᠯᠠ ᠵᠢᠭᠠᠪᠤᠷᠢ ᠵᠣᠷᠢᠭ ᠰᠠᠨᠠᠭ᠎ᠠ ᠲᠡᠷᠡ ᠬᠡᠪ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ ᠨᠠᠮ ᠬᠣᠷᠢᠶ᠎ᠠ ᠠᠷᠪᠠᠨ ᠨᠢᠭᠡᠳᠦᠭᠡᠷ ᠬᠤᠭᠤᠴᠠᠭᠠᠨ ᠵᠢᠷᠭᠤᠳᠤᠭᠠᠷ ᠪᠥᠬᠥᠳᠡ ᠬᠤᠷᠠᠯ ᠪᠠᠶᠢᠷᠢᠯᠠᠭᠤᠯᠤᠯᠲᠠ ᠱᠠᠭᠠᠷᠳᠠᠯᠭ᠎ᠠ ᠪᠦᠬᠦ ᠲᠠᠯ᠎ᠠ ᠪᠠᠷ ᠲᠤᠭᠤᠰᠢᠯᠠᠭᠤᠯᠵᠤ ᠂ ︽ᠵᠢᠷᠭᠤᠭᠠᠨ ᠶᠡᠬᠡ ᠨᠢᠭᠡᠳᠦᠯᠲᠡᠢ ᠠᠵᠢᠯᠯᠠᠭ᠎ᠠ︾ ︽ᠲᠦᠷᠪᠡᠨ ᠶᠡᠬᠡ ᠳᠡᠭᠡᠭᠰᠢᠯᠡᠭᠦᠯᠬᠦ ᠢᠨᠵᠧᠨᠧᠷᠢᠩ︾ ᠱᠠᠭᠠᠷᠳᠠᠯᠭ᠎ᠠ ᠲᠠᠶ ᠬᠠᠷᠢᠴᠠᠭᠤᠯᠵᠤ᠂ ᠠᠵᠢᠯ ᠣᠨᠣᠯᠵᠢᠬᠤᠨ ᠦᠷᠭᠦᠯᠵᠢᠯᠡᠨ ᠬᠤᠪᠢᠷᠠᠭᠤᠯᠵᠤ᠂ ᠲᠦᠷᠦᠯ ᠵᠦᠢᠯ ᠬᠦᠴᠦᠷᠬᠡᠭᠵᠢᠭᠦᠯᠵᠦ᠂ ᠳᠤᠲᠠᠭᠤᠳᠠᠯ ᠨᠥᠬᠥᠪᠥᠷᠢᠯᠡᠵᠦ᠂ ᠬᠢᠯᠠᠰ ᠴᠡᠭ ᠭᠠᠷᠭᠠᠵᠤ᠂ ᠡᠮᠦᠨ᠎ᠡ ᠡᠩᠨᠡᠭᠡᠨ ᠳᠦ ᠣᠷᠣᠵᠤ᠂ ᠮᠣᠩᠭᠣᠯ ᠮᠤᠷᠢᠨ ᠵᠣᠷᠢᠭ ᠰᠠᠨᠠᠭ᠎ᠠ ᠪᠣᠯᠤᠨ︽ᠤᠮᠠᠷᠠᠲᠤ ᠭᠤᠷᠪᠠᠨ ᠣᠷᠣᠨ ᠵᠣᠷᠢᠭ ᠰᠠᠨᠠᠭ᠎ᠠ︾ᠪᠡᠷ ᠬᠦᠳᠦᠯᠦᠨ ᠳᠠᠭᠠᠭᠤᠯᠵᠤ᠂ ᠭᠣᠣᠯ ᠰᠡᠳᠦᠪᠲᠦ ᠬᠥᠮᠦᠵᠢᠯ ᠦᠷ᠎ᠡ ᠪᠦᠲᠦᠮᠵᠢ ᠪᠠᠶᠢᠴᠠᠭᠠᠬᠤ ᠠᠵᠢᠯ ᠰᠢᠨ᠎ᠡ ᠠᠮᠵᠢᠯᠲᠠ ᠪᠦᠲᠦᠮᠵᠢ ᠡᠭᠦᠳᠬᠦ ᠪᠠᠷᠠᠭᠳᠠᠰᠢ ᠦᠭᠡᠢ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠳᠤᠮᠳᠠᠳᠤ ᠤᠯᠤᠰ ᠮᠠᠶ᠋ᠢᠭ ᠣᠳᠣᠬᠢᠴᠢᠯᠠᠭᠰᠠᠨ ᠥᠪᠥᠷ ᠮᠣᠩᠭᠣᠯ ᠰᠢᠨ᠎ᠡ ᠬᠠᠭᠤᠳᠠᠰᠤ ᠪᠢᠴᠢᠭᠯᠡᠬᠦ ᠳᠦ ᠨᠡᠩ ᠶᠡᠬᠡ ᠪᠠᠶᠢᠴᠠᠭᠠᠬᠤ ᠬᠤᠪᠢ ᠨᠡᠮᠡᠷᠢ ᠦᠵᠡᠭᠦᠯᠦᠨ᠎ᠡ ᠭᠡᠵᠡᠢ᠃