ᠥᠪᠡᠷᠲᠡᠭᠡᠨ ᠵᠠᠰᠠᠬᠤ ᠣᠷᠣᠨ ᠪᠠᠶᠢᠴᠠᠭᠠᠬᠤ ᠬᠣᠷᠢᠶ᠎ᠠ ᠨᠠᠮ ᠤᠳᠤᠷᠢᠳᠬᠤ ᠳᠤᠭᠤᠶᠢᠯᠠᠩ ᠬᠣᠶᠠᠳᠤᠭᠠᠷ ᠬᠤᠭᠤᠴᠠᠭᠠᠨ ᠭᠣᠸᠯ ᠰᠡᠳᠦᠪᠲᠦ ᠬᠥᠮᠦᠵᠢᠯ ᠨᠣᠮ ᠤᠩᠰᠢᠬᠤ ᠠᠩᠭᠢ ᠡᠷᠭᠢᠯᠡᠪᠡ
2023-07-24 16:42:46
7 ᠳ᠋ᠤᠭᠠᠷ ᠰᠠᠷ᠎ᠠ 11 ᠡᠳᠦᠷ ᠦᠳᠡ ᠬᠣᠶᠢᠨᠠ ᠂ ᠥᠪᠡᠷᠲᠡᠭᠡᠨ ᠵᠠᠰᠠᠬᠤ ᠣᠷᠣᠨ ᠪᠠᠶᠢᠴᠠᠭᠠᠬᠤ ᠬᠣᠷᠢᠶ᠎ᠠ ᠨᠠᠮ ᠤᠳᠤᠷᠢᠳᠬᠤ ᠳᠤᠭᠤᠶᠢᠯᠠᠩ ᠬᠣᠶᠠᠳᠤᠭᠠᠷ ᠬᠤᠭᠤᠴᠠᠭᠠᠨ ᠭᠣᠸᠯ ᠰᠡᠳᠦᠪᠲᠦ ᠬᠥᠮᠦᠵᠢᠯ ᠨᠣᠮ ᠤᠩᠰᠢᠬᠤ ᠠᠩᠭᠢ ᠵᠢᠴᠢ ᠵᠢᠷᠭᠤᠳᠤᠭᠠᠷ ᠤᠳᠠᠭ᠎ᠠ ᠭᠣᠸᠯ ᠳᠤᠭᠤᠶᠢᠯᠠᠩ ︵ ᠥᠷᠭᠡᠳᠬᠡᠭᠰᠡᠨ ︶ ᠰᠤᠷᠤᠯᠴᠠᠯᠭ᠎ᠠ ᠬᠤᠷᠠᠯ ᠬᠤᠷᠠᠯᠳᠤᠭᠤᠯᠪᠠ ᠃ᠥᠪᠡᠷᠲᠡᠭᠡᠨ ᠵᠠᠰᠠᠬᠤ ᠣᠷᠣᠨ ᠪᠠᠶᠢᠴᠠᠭᠠᠬᠤ ᠬᠣᠷᠢᠶ᠎ᠠ ᠨᠠᠮ ᠤᠳᠤᠷᠢᠳᠬᠤ ᠳᠤᠭᠤᠶᠢᠯᠠᠩ ᠱᠦᠵᠢ ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ ᠃ ᠬᠤᠷᠠᠯ ᠳᠡᠭᠡᠷ᠎ᠡ ᠂ ︽ ᠥᠪᠥᠷ ᠮᠣᠩᠭᠣᠯ ᠥᠪᠡᠷᠲᠡᠭᠡᠨ ᠵᠠᠰᠠᠬᠤ ᠣᠷᠣᠨ ᠨᠠᠮ ᠬᠣᠷᠢᠶ᠎ᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠥ ᠲᠠᠯ᠎ᠠ ᠪᠠᠷ ᠪᠥᠲᠥᠭᠡᠨ ᠪᠠᠶᠢᠭᠤᠯᠬᠤ ᠲᠤᠬᠠᠶ ᠲᠣᠭᠲᠠᠭᠠᠯ ︾ ᠢ ᠬᠠᠮᠲᠤ ᠪᠠᠷ ᠰᠤᠷᠤᠯᠴᠠᠵᠤ ᠂ ᠳᠡᠭᠡᠳᠦ ᠰᠤᠷᠭᠠᠭᠤᠯᠢ ᠤᠳᠤᠷᠢᠳᠬᠤ ᠪᠠᠭ ᠪᠦᠷᠢᠯᠳᠦᠬᠦᠨ ᠪᠠ ᠪᠠᠶᠢᠴᠠᠭᠠᠬᠤ ᠺᠣᠮᠢᠰ ᠲᠤᠰᠬᠠᠶ ᠲᠤᠰᠢᠶᠠᠯᠲᠤ ᠭᠡᠰᠢᠭᠦᠳ ᠰᠢ ᠫᠢᠩ ᠶᠡᠷᠦᠩᠬᠡᠶ ᠱᠦᠵᠢ ᠥᠪᠥᠷ ᠮᠣᠩᠭᠣᠯ ᠳᠤ ᠰᠢᠨᠵᠢᠯᠡᠨ ᠪᠠᠶᠢᠴᠠᠭᠠᠬᠤ ᠦᠶ᠎ᠡ ᠴᠢᠬᠤᠯᠠ ᠶᠠᠷᠢᠶ᠎ᠠ ᠪᠠ ︽ ᠪᠣᠳᠠᠲᠠᠶ ᠪᠠᠷ ᠠᠳᠬᠤᠵᠤ ᠪᠠᠶᠢᠭᠠᠳ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ ︾ ᠴᠢᠬᠤᠯᠠ ᠵᠢᠭᠠᠪᠤᠷᠢ ᠵᠣᠷᠢᠭ ᠰᠠᠨᠠᠭ᠎ᠠ ᠰᠤᠷᠤᠯᠴᠠᠨ ᠲᠤᠸᠱᠯᠠᠭᠤᠯᠬᠤ ᠲᠣᠭᠣᠷᠢᠨ ᠳᠤ ᠰᠤᠳᠤᠯᠤᠨ ᠶᠠᠷᠢᠯᠴᠠᠵᠤ ᠰᠠᠨᠠᠯ ᠰᠣᠯᠢᠯᠴᠠᠪᠠ ᠃ᠥᠪᠡᠷᠲᠡᠭᠡᠨ ᠵᠠᠰᠠᠬᠤ ᠣᠷᠣᠨ ᠨᠠᠮ ᠬᠣᠷᠢᠢ᠎ᠠ ᠰᠢᠭᠤᠳ ᠬᠠᠷᠢᠶ᠎ᠠ ᠪᠠᠶᠢᠭᠤᠯᠭ᠎ᠠ ᠠᠵᠢᠯ ᠬᠣᠷᠢᠢ᠎ᠠ ᠬᠠᠮᠢᠶ᠎ᠠ ᠪᠦᠬᠦᠢ ᠨᠥᠬᠥᠳ ᠤᠷᠢᠯᠭ᠎ᠠ ᠪᠠᠷ ᠬᠤᠷᠠᠯ ᠳᠤ ᠣᠷᠣᠯᠴᠠᠵᠤ ᠵᠢᠭᠠᠨ ᠵᠢᠯᠣᠭᠣᠳᠪᠠ᠃
ᠯᠢ ᠶᠦᠩ ᠵᠢᠶᠦ᠋ᠨ ᠵᠢᠭᠠᠵᠤ ᠭᠠᠷᠭᠠᠭᠰᠠᠨ ᠨᠢ ᠂ ᠶᠡᠷᠦᠩᠬᠡᠶ ᠱᠦᠵᠢ ᠰᠢ ᠫᠢᠩ ᠥᠪᠥᠷ ᠮᠣᠩᠭᠣᠯ ᠳᠤ ᠠᠵᠢᠯ ᠪᠠᠶᠢᠴᠠᠭᠠᠬᠤ ᠳᠠᠭᠠᠨ ᠥᠪᠥᠷ ᠮᠣᠩᠭᠣᠯ ᠬᠥᠭᠵᠢᠯᠲᠡ ᠵᠢᠷᠤᠭ ᠲᠥᠰᠦᠪ ᠢ ᠵᠢᠷᠤᠭᠯᠠᠨ ᠥᠭᠴᠦ ᠂ ᠠᠵᠢᠯᠯᠠᠭᠠᠨ ᠬᠥᠲᠥᠯᠪᠦᠷᠢ ᠲᠣᠭᠲᠠᠭᠠᠭᠰᠠᠨ ᠬᠠᠮᠲᠤ ᠪᠠᠰᠠ ᠰᠢᠨ᠎ᠡ ᠴᠠᠭ ᠦᠶ᠎ᠡ ᠥᠪᠥᠷ ᠮᠣᠩᠭᠣᠯ ᠪᠠᠶᠢᠴᠠᠭᠠᠬᠤ ᠠᠵᠢᠯ ᠳᠤ ᠰᠠᠶᠢᠨ ᠰᠠᠶᠢᠬᠠᠨ ᠬᠥᠭᠵᠢᠯᠲᠡ ᠠᠵᠠ ᠲᠣᠬᠢᠶᠠᠯ ᠣᠯᠭᠣᠭᠰᠠᠨ ᠪᠠᠶᠢᠨ᠎ᠠ ᠃ ᠪᠦᠬᠦ ᠣᠷᠣᠨ ᠡᠯ᠎ᠡ ᠱᠠᠲᠤᠨ ᠪᠠᠶᠢᠴᠠᠭᠠᠬᠤ ᠪᠠᠶᠢᠭᠤᠯᠭ᠎ᠠ ᠪᠣᠯᠤᠨ ᠪᠠᠶᠢᠴᠠᠭᠠᠬᠤ ᠠᠵᠢᠯᠲᠠᠳ ᠤᠯᠤᠰ ᠲᠥᠷᠥ ᠂ ᠪᠦᠬᠦ ᠲᠠᠯ᠎ᠠ ᠪᠠᠶᠢᠯᠳᠤᠬᠤ ᠪᠣᠳᠣᠯᠭ᠎ᠠ ᠦᠨᠳᠦᠷᠴᠡ ᠡᠴᠡ ᠰᠢ ᠫᠢᠩ ᠶᠡᠷᠦᠩᠬᠡᠶ ᠱᠦᠵᠢ ᠥᠪᠥᠷ ᠮᠣᠩᠭᠣᠯ ᠳᠤ ᠰᠢᠨᠵᠢᠯᠡᠨ ᠪᠠᠶᠢᠴᠠᠭᠠᠬᠤ ᠴᠢᠬᠤᠯᠠ ᠶᠡᠬᠡ ᠠᠴᠢ ᠬᠣᠯᠪᠣᠭᠳᠠᠯ ᠢ ᠭᠦᠢᠴᠡᠳ ᠲᠠᠨᠢᠵᠤ ᠂ ᠰᠢ ᠫᠢᠩ ᠶᠡᠷᠦᠩᠬᠡᠶ ᠱᠦᠵᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠪᠠᠶᠠᠯᠢᠭ ᠠᠭᠤᠯᠤᠭᠳᠠᠬᠤᠨ ᠪᠠ ᠭᠣᠣᠯ ᠴᠢᠮᠥᠭᠡ ᠴᠢᠬᠤᠯᠠ ᠠᠭᠤᠯᠭ᠎ᠠ ᠰᠡᠳᠬᠢᠯ ᠲᠠᠯᠪᠢᠨ ᠣᠶᠢᠯᠠᠭᠠᠵᠤ ᠂ ᠰᠢ ᠫᠢᠩ ᠶᠡᠷᠦᠩᠬᠡᠢ ᠱᠦᠵᠢ ᠪᠣᠯᠤᠨ ᠨᠠᠮ ᠲᠥᠪ ᠬᠣᠷᠢᠶᠠᠨ ᠥᠪᠥᠷ ᠮᠣᠩᠭᠣᠯ ᠳᠤ ᠲᠠᠯᠪᠢᠵᠤ ᠪᠠᠶᠢᠭ᠎ᠠ ᠭᠦᠨ ᠵᠤᠵᠠᠭᠠᠨ ᠬᠠᠶᠢᠷ᠎ᠠ ᠬᠠᠯᠠᠮᠵᠢ ᠪᠣᠯᠤᠨ ᠴᠢᠩ ᠰᠡᠳᠬᠢᠯ ᠬᠦᠰᠡᠯ ᠨᠠᠶᠢᠳᠠᠯᠭ᠎ᠠ ᠭᠦᠨᠵᠡᠭᠡᠢ ᠣᠶᠢᠯᠠᠭᠠᠵᠤ᠂ ᠳᠤᠲᠠᠭᠤᠳᠠᠯ ᠨᠥᠬᠥᠪᠥᠷᠢᠯᠡᠬᠦ᠂ ᠬᠦᠴᠦᠷᠬᠡᠭ ᠪᠠᠭᠤᠷᠠᠢ᠂ ᠰᠠᠭᠤᠷᠢ ᠪᠠᠨ ᠴᠢᠩᠭᠠᠳᠬᠠᠬᠤ ᠪᠠᠷ ᠬᠦᠴᠦᠯᠡᠵᠦ᠂ ᠵᠣᠷᠢᠭ ᠰᠠᠨᠠᠭ᠎ᠠ ᠪᠠᠨ ᠬᠥᠪᠴᠢᠯᠡᠵᠦ᠂ ᠠᠵᠢᠯ ᠠᠮᠵᠢᠯᠲᠠ ᠪᠠᠨ ᠳᠡᠭᠡᠭᠰᠢᠯᠡᠭᠦᠯᠵᠦ᠂ ᠴᠢᠳᠠᠪᠤᠷᠢ ᠪᠠᠨ ᠳᠡᠭᠡᠭᠰᠢᠯᠡᠭᠦᠯᠵᠦ᠂ ᠮᠣᠩᠭᠣᠯ ᠮᠤᠷᠢᠨ ᠵᠣᠷᠢᠭ ᠰᠠᠨᠠᠭ᠎ᠠ ᠪᠣᠯᠤᠨ︽ᠤᠮᠠᠷᠠᠲᠤ ᠭᠤᠷᠪᠠᠨ ᠣᠷᠣᠨ ᠵᠣᠷᠢᠭ ᠰᠠᠨᠠᠭ᠎ᠠ︾ ᠵᠢ ᠶᠡᠬᠡᠪᠡᠷ ᠪᠠᠳᠠᠷᠠᠭᠤᠯᠵᠤ᠂ ᠥᠪᠥᠷ ᠮᠣᠩᠭᠣᠯ ᠪᠠᠶᠢᠴᠠᠭᠠᠬᠤ ᠠᠵᠢᠯ ᠣᠨᠴᠠᠯᠢᠭ ᠲᠠᠶ ︽ᠤᠮᠠᠷᠠᠲᠤ ᠰᠣᠶᠣᠯ︾ ᠤᠨ ᠲᠦᠷᠦᠯ ᠲᠡᠮᠳᠡᠭ ᠢ ᠡᠭᠦᠳᠴᠦ᠂ ᠡᠯ᠎ᠡ ᠲᠦᠷᠦᠯ ᠪᠠᠶᠢᠴᠠᠭᠠᠬᠤ ᠠᠵᠢᠯ ᠢ ᠪᠦᠬᠦ ᠬᠦᠴᠦᠨ ᠰᠠᠶᠢᠲᠤᠷ ᠬᠢᠪᠡ᠃
ᠯᠢ ᠶᠦᠩ ᠵᠢᠶᠦ᠋ᠨ ᠢᠯᠡᠷᠬᠡᠶᠢᠯᠡᠬᠦ ᠳᠡᠭᠡᠨ ᠂ ᠭᠣᠸᠯ ᠰᠡᠳᠦᠪᠲᠦ ᠬᠥᠮᠦᠵᠢᠯ ᠨᠢᠭᠡᠨᠲᠡ ᠵᠠᠩᠭᠢᠯᠠᠭ᠎ᠠ ᠴᠠᠭ ᠦᠶ᠎ᠡ ᠳᠦ ᠣᠷᠣᠵᠠᠶ ᠂ ᠪᠢᠳᠡ ᠰᠢ ᠫᠢᠩ ᠶᠡᠷᠦᠩᠬᠡᠶ ᠱᠦᠵᠢ ︽ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ ︾ ᠲᠤᠬᠠᠶ ᠴᠢᠬᠤᠯᠠ ᠵᠢᠭᠠᠪᠤᠷᠢ ᠵᠣᠷᠢᠭ ᠰᠠᠨᠠᠭ᠎ᠠ ᠬᠢᠨᠠᠮᠠᠭᠠᠶ ᠲᠤᠸᠱᠯᠠᠭᠤᠯᠵᠤ ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠤᠳᠤᠷᠢᠳᠤᠮᠵᠢ ᠪᠣᠯᠭᠠᠬᠤ ᠢᠮᠠᠭᠲᠠ ᠪᠠᠷᠢᠮᠲᠠᠯᠠᠵᠤ ᠂ ᠨᠠᠮ ᠰᠤᠷᠲᠠᠯ ᠢ ᠴᠢᠩᠭᠠᠷᠠᠭᠤᠯᠤᠨ ᠂ ᠰᠤᠷᠲᠠᠯ ᠢ ᠬᠤᠪᠢᠷᠠᠭᠤᠯᠵᠤ ᠂ ᠰᠢᠨ᠎ᠡ ᠰᠤᠷᠲᠠᠯ ᠢ ᠪᠣᠶ ᠪᠣᠯᠭᠠᠬᠤ ᠪᠠᠷ ᠰᠢᠨᠲᠠᠷᠠᠰᠢ ᠥᠬᠡᠶ ᠴᠢᠷᠮᠠᠶᠢᠬᠤ ᠬᠡᠷᠡᠭᠲᠡᠶ ᠭᠡᠵᠡᠶ ᠃ ᠺᠠᠳ᠋ᠷ ᠤᠯᠠᠨ ᠲᠦᠮᠡᠨ ᠢ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠭᠰᠠᠨ ᠵᠦᠢᠯ ᠢ ᠤᠳᠤᠷᠢᠳᠬᠤ ᠪᠠᠭ ᠡᠩ ᠲᠡᠷᠢᠭᠦᠨ ᠳᠦ ᠪᠡᠶᠡᠯᠡᠭᠦᠯᠬᠦ ᠬᠡᠷᠡᠭᠲᠡᠶ᠂ ᠰᠢᠨ᠎ᠡ ᠰᠤᠷᠲᠠᠯ ᠢ ᠪᠤᠢ ᠪᠣᠯᠭᠠᠬᠤ ᠪᠠ ᠬᠠᠭᠤᠴᠢᠨ ᠰᠤᠷᠲᠠᠯ ᠢ ᠢᠯᠠᠨ ᠳᠠᠪᠠᠬᠤ ᠨᠢᠭᠡ ᠴᠤᠭᠴᠠᠵᠢᠭᠤᠯᠤᠨ ᠠᠬᠢᠭᠤᠯᠵᠤ᠂ ᠬᠠᠰᠤᠬᠤ ᠦᠭᠡᠢ ᠨᠡᠮᠡᠬᠦ ᠦᠭᠡᠢ ᠪᠠᠶᠢᠬᠤ ᠬᠡᠷᠡᠭᠲᠡᠶ᠃ ᠪᠣᠳᠠᠲᠤ ᠠᠵᠢᠯᠯᠠᠭ᠎ᠠ ᠡᠷᠬᠢᠮᠯᠡᠬᠦ ᠰᠤᠷᠲᠠᠯ ᠢ ᠶᠡᠬᠡᠪᠡᠷ ᠪᠠᠳᠠᠷᠠᠭᠤᠯᠬᠤ ᠬᠡᠷᠡᠭᠲᠡᠶ᠃ ᠪᠠᠶᠢᠴᠠᠭᠠᠨ ᠰᠤᠳᠤᠯᠤᠯᠲᠠ ᠭᠦᠨᠵᠡᠭᠡᠶ ᠥᠷᠨᠢᠭᠦᠯᠬᠦ ᠶᠠᠪᠤᠳᠠᠯ ᠢ ᠪᠣᠳᠠᠲᠤ ᠠᠵᠢᠯᠯᠠᠭ᠎ᠠ ᠡᠷᠬᠢᠮᠯᠡᠬᠦ ᠰᠤᠷᠲᠠᠯ ᠢ ᠶᠡᠬᠡ ᠪᠡᠷ ᠪᠠᠳᠠᠷᠠᠭᠤᠯᠬᠤ ᠪᠣᠳᠠᠲᠠᠶ ᠦᠢᠯᠡᠳᠦᠯᠭᠡ ᠪᠣᠯᠭᠠᠵᠤ ᠂ 16 ᠲᠠᠯ᠎ᠠ 26 ᠵᠦᠢᠯ ᠪᠠᠶᠢᠴᠠᠭᠠᠨ ᠰᠤᠳᠤᠯᠤᠯᠲᠠ ᠰᠡᠳᠦᠪ ᠬᠠᠷᠠᠬᠠᠨ ᠪᠦᠬᠦᠨ ᠢ ᠪᠡᠶᠡᠯᠡᠭᠦᠯᠦᠭᠡ ᠦᠭᠡᠢ ᠨᠢ ᠱᠠᠯᠠᠪᠳᠠᠨ ᠠᠬᠢᠭᠤᠯᠵᠤ᠂ ᠪᠠᠶᠢᠴᠠᠭᠠᠨ ᠰᠤᠳᠤᠯᠤᠯᠲᠠ ᠳᠤᠮᠳᠠ ᠰᠢᠨ᠎ᠡ ᠪᠡᠷ ᠢᠯᠡᠷᠡᠭᠦᠯᠦᠭᠰᠡᠨ ᠠᠰᠠᠭᠤᠳᠠᠯ ᠢ ᠰᠢᠢᠳᠪᠦᠷᠢᠯᠡᠵᠦ ᠳᠡᠶᠢᠯᠬᠦ ᠨᠢ ᠴᠠᠭ ᠲᠤᠬᠠᠢ ᠳᠤᠨᠢ ᠰᠢᠢᠳᠪᠦᠷᠢᠯᠡᠵᠦ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ᠂ ᠲᠦᠷ ᠴᠠᠭ ᠰᠢᠢᠳᠪᠦᠷᠢᠯᠡᠵᠦ ᠳᠡᠶᠢᠯᠬᠦ ᠦᠭᠡᠢ ᠨᠢ ᠪᠣᠳᠠᠲᠠᠢ ᠰᠢᠢᠳᠪᠦᠷᠢᠯᠡᠬᠦ ᠠᠷᠭ᠎ᠠ ᠬᠡᠮᠵᠢᠢ᠎ᠡ ᠳᠤᠷᠠᠳᠴᠤ᠂ ᠠᠰᠠᠭᠤᠳᠠᠯ ᠲᠣᠳᠣᠷᠬᠠᠢ ᠬᠠᠭᠤᠳᠠᠰᠤ᠂ ᠬᠠᠷᠢᠭᠤᠴᠠᠯᠭ᠎ᠠ ᠲᠣᠳᠣᠷᠬᠠᠢ ᠬᠠᠭᠤᠳᠠᠰᠤ᠂ ᠡᠭᠦᠷᠭᠡ ᠲᠣᠳᠣᠷᠬᠠᠢ ᠬᠠᠭᠤᠳᠠᠰᠤ ᠡᠮᠬᠢᠯᠡᠨ ᠪᠦᠷᠢᠯᠳᠦᠭᠦᠯᠵᠦ᠂ ᠰᠢᠢᠳᠪᠦᠷᠢᠯᠡᠬᠦ ᠴᠠᠭ ᠬᠢᠵᠠᠭᠠᠷ ᠢ ᠲᠣᠳᠣᠷᠬᠠᠶᠢᠯᠠᠬᠤ ᠬᠡᠷᠡᠭᠲᠡᠢ᠃ᠨᠢᠭᠡᠨᠲᠡ ᠪᠡᠶᠡᠯᠡᠭᠦᠯᠦᠭᠰᠡᠨ ᠪᠠᠶᠢᠴᠠᠭᠠᠨ ᠰᠤᠳᠤᠯᠤᠯᠲᠠ ᠰᠡᠳᠦᠪ ᠢ ᠭᠦᠢᠴᠡᠳ ᠨᠤᠲᠠᠯᠠᠵᠤ᠂ ᠴᠠᠭ ᠲᠤᠬᠠᠢ ᠳᠤᠨᠢ ᠠᠵᠢᠯ ᠠᠬᠢᠭᠤᠯᠬᠤ ᠰᠡᠳᠬᠢᠴᠡ ᠠᠷᠭ᠎ᠠ ᠪᠣᠯᠤᠨ ᠲᠦᠷᠢᠮ ᠠᠷᠭ᠎ᠠ ᠬᠡᠮᠵᠢᠢ᠎ᠡ ᠪᠣᠯᠭᠠᠨ ᠬᠤᠪᠢᠷᠠᠭᠤᠯᠵᠤ᠂ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ᠠᠷᠢᠭᠤᠨ ᠴᠢᠬᠡᠴᠢ ᠪᠠᠶᠢᠬᠤ ᠰᠤᠷᠲᠠᠯ ᠢ ᠪᠠᠳᠠᠷᠠᠭᠤᠯᠵᠤ᠂ ᠰᠤᠷᠲᠠᠯ ᠠᠷᠢᠭᠤᠨ ᠴᠢᠬᠡᠴᠢ ᠪᠠᠶᠢᠬᠤ ᠡᠰᠡᠬᠦ ᠪᠡᠷ ᠭᠣᠣᠯ ᠰᠡᠳᠦᠪᠲᠦ ᠬᠥᠮᠦᠵᠢᠯ ᠦᠷ᠎ᠡ ᠪᠦᠲᠦᠮᠵᠢ ᠰᠢᠯᠭᠠᠬᠤ ᠴᠢᠬᠤᠯᠠ ᠬᠡᠮᠵᠢᠭᠦᠷ ᠪᠣᠯᠭᠠᠬᠤ ᠬᠡᠷᠡᠭᠲᠡᠢ᠃ᠡᠷᠬᠡ ᠲᠤᠬᠠᠶ ᠵᠥᠪ ᠦᠵᠡᠯᠲᠡ ᠪᠠᠲᠤ ᠪᠡᠬᠢ ᠪᠤᠢ ᠪᠣᠯᠭᠠᠵᠤ᠂ ᠦᠵᠡᠯ ᠰᠠᠨᠠᠭᠠᠨ ᠰᠡᠷᠭᠡᠶᠢᠯᠡᠯᠲᠡ ᠱᠤᠭᠤᠮ ᠢ ᠪᠠᠲᠤ ᠪᠠᠶᠢᠭᠤᠯᠵᠤ᠂ ᠬᠠᠤᠯᠢ ᠪᠠᠷ ᠵᠠᠰᠠᠬᠤ ᠤᠯᠠᠭᠠᠨ ᠱᠤᠭᠤᠮ ᠢ ᠪᠠᠲᠤ ᠰᠠᠬᠢᠵᠤ᠂ ᠡᠷᠬᠡ ᠲᠥᠪ ᠭᠣᠣᠯᠴᠢ ᠪᠠᠷ ᠬᠡᠷᠡᠭᠯᠡᠬᠦ᠂ ᠡᠷᠬᠡ ᠬᠠᠤᠯᠢ ᠶᠣᠰᠣᠭᠠᠷ ᠬᠡᠷᠡᠭᠯᠡᠬᠦ᠂ ᠡᠷᠬᠡ ᠠᠷᠠᠳ ᠲᠥᠯᠥᠭᠡ ᠬᠡᠷᠡᠭᠯᠡᠬᠦ᠂ ᠡᠷᠬᠡ ᠠᠷᠢᠭᠤᠨ ᠴᠢᠬᠡᠴᠢ ᠪᠡᠷ ᠬᠡᠷᠡᠭᠯᠡᠬᠦ ᠴᠠᠭ ᠢᠮᠠᠭᠲᠠ ᠪᠡᠶᠡᠯᠡᠭᠦᠯᠵᠦ᠂ ᠵᠥᠪ ᠲᠠᠯ᠎ᠠ ᠠᠴᠠ ᠬᠥᠲᠥᠯᠥᠨ ᠵᠢᠯᠣᠭᠣᠳᠬᠤ ᠪᠠ ᠡᠰᠡᠷᠭᠦ ᠲᠠᠯ᠎ᠠ ᠠᠴᠠ ᠰᠡᠷᠡᠮᠵᠢᠯᠡᠭᠦᠯᠬᠦ ᠤᠶᠠᠯᠳᠤᠭᠤᠯᠬᠤ ᠪᠠᠷᠢᠮᠲᠠᠯᠠᠵᠤ᠂ ᠳᠡᠷᠭᠡᠳᠡᠬᠢ ᠬᠥᠮᠦᠨ ᠳᠡᠷᠭᠡᠳᠡᠬᠢ ᠶᠠᠪᠤᠳᠠᠯ ᠰᠡᠷᠡᠮᠵᠢᠯᠡᠭᠦᠯᠬᠦ ᠬᠥᠮᠦᠵᠢᠯ ᠥᠷᠨᠢᠭᠦᠯᠬᠦ ᠪᠠᠷᠢᠮᠲᠠᠯᠠᠵᠤ᠂ ᠰᠠᠬᠢᠯᠭ᠎ᠠ ᠪᠠᠲᠤ ᠬᠥᠮᠦᠵᠢᠯ ᠢ ᠡᠳᠦᠷ ᠲᠤᠳᠤᠮ ᠬᠢᠨᠠᠯᠲᠠ ᠬᠠᠮᠢᠶᠠᠷᠤᠯᠲᠠ ᠳᠤᠮᠳᠠ ᠠᠬᠤᠭᠤᠯᠬᠤ ᠬᠡᠷᠡᠭᠲᠡᠶ᠃ᠡᠷᠲᠡ ᠡᠴᠡ ᠠᠳᠬᠤᠨ ᠪᠠᠭ᠎ᠠ ᠳᠤᠨᠢ ᠠᠳᠬᠤᠬᠤ ᠪᠠᠷᠢᠮᠲᠠᠯᠠᠵᠤ᠂ ᠬᠡᠷᠡᠭ ᠶᠠᠪᠤᠳᠠᠯ ᠢ ᠪᠠᠭ᠎ᠠ ᠳᠡᠭᠡᠷ᠎ᠡ ᠨᠢ ᠰᠡᠷᠭᠡᠶᠢᠯᠡᠵᠦ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠶ᠃ ᠠᠷᠪᠢᠴᠢ ᠪᠣᠷᠣᠭᠵᠢᠭᠤᠨ ᠰᠤᠷᠲᠠᠯ ᠢ ᠪᠤᠢ ᠪᠣᠯᠭᠠᠵᠤ᠂ ᠠᠮᠢᠳᠤᠷᠠᠯ ᠰᠤᠷᠲᠠᠯ ᠠᠰᠠᠭᠤᠳᠠᠯ ᠢ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠴᠢᠬᠤᠯᠠ ᠠᠭᠤᠯᠭ᠎ᠠ ᠪᠣᠯᠭᠠᠵᠤ᠂ 《ᠠᠷᠪᠢᠯᠠᠨ ᠭᠠᠮᠨᠠᠬᠤ》 ᠦᠵᠡᠯ ᠰᠠᠨᠠᠭ᠎ᠠ ᠪᠠᠲᠤ ᠪᠡᠬᠢ ᠪᠤᠢ ᠪᠣᠯᠭᠠᠵᠤ᠂ ᠪᠠᠶᠢᠭᠤᠯᠭ᠎ᠠ 《ᠭᠤᠷᠪᠠᠨ ᠵᠦᠢᠯ ᠠᠯᠪᠠᠨ ᠵᠠᠷᠤᠳᠠᠯ》 ᠢ ᠴᠢᠩᠭ᠎ᠠ ᠬᠢᠵᠠᠭᠠᠷᠯᠠᠵᠤ᠂ ᠠᠷᠪᠢᠯᠠᠨ ᠭᠠᠮᠨᠠᠬᠤ ᠬᠡᠯᠪᠡᠷᠢ ᠪᠠᠶᠢᠭᠤᠯᠭ᠎ᠠ ᠴᠢᠷᠮᠠᠶᠢᠨ ᠪᠠᠶᠢᠭᠤᠯᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠪᠦᠬᠦ ᠪᠠᠶᠢᠴᠠᠭᠠᠬᠤ ᠠᠵᠢᠯᠳᠠᠨ ᠤᠬᠠᠮᠰᠠᠷᠲᠤ ᠠᠵᠢᠯᠯᠠᠭ᠎ᠠ ᠪᠣᠯᠭᠠᠬᠤ ᠬᠡᠷᠡᠭᠲᠡᠶ᠃︽ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠰᠢᠯᠢᠳᠡᠭᠵᠢᠭᠦᠯᠬᠦ ᠂ ᠠᠵᠢᠯ ᠴᠤᠪᠤᠷᠠᠯ ᠢ ᠰᠢᠯᠢᠳᠡᠭᠵᠢᠭᠦᠯᠬᠦ ︾ ᠲᠤᠰᠬᠠᠶ ᠠᠵᠢᠯᠯᠠᠭ᠎ᠠ ᠦᠷᠭᠦᠯᠵᠢᠯᠡᠨ ᠭᠦᠨᠵᠡᠭᠡᠶᠢᠷᠡᠭᠦᠯᠵᠦ ᠂ ᠲᠠᠰ ᠳᠠᠷᠠᠭᠠᠯᠠᠯ ᠢ ᠳᠥᠭᠥᠮᠴᠢᠯᠡᠬᠦ ᠂ ᠴᠢᠬᠤᠯᠠ ᠨᠥᠬᠥᠴᠡᠯ ᠢ ᠴᠣᠮᠬᠠᠳᠬᠠᠬᠤ ᠂ ᠴᠠᠭ ᠬᠢᠵᠠᠭᠠᠷ ᠢ ᠪᠠᠭᠠᠰᠬᠠᠬᠤ ᠲᠠᠯ᠎ᠠ ᠪᠠᠷ ᠳᠠᠬᠢᠨ ᠬᠦᠴᠦᠯᠡᠵᠦ ᠂ ᠠᠵᠢᠯ ᠦᠷ᠎ᠡ ᠪᠦᠲᠦᠮᠵᠢ ᠦᠨᠡᠨᠬᠦ ᠳᠡᠭᠡᠭᠰᠢᠯᠡᠭᠦᠯᠵᠦ ᠂ ᠦᠨᠳᠦᠰᠦᠨ ᠱᠠᠲᠤᠨ ᠳᠠᠷᠤᠭᠠᠰᠤ ᠬᠥᠩᠭᠡᠷᠡᠭᠦᠯᠦᠨ᠎ᠡ ᠃
ᠳᠡᠭᠡᠷ᠎ᠡ ᠭᠠᠷᠠᠭ ᠂ ᠨᠣᠮ ᠤᠩᠰᠢᠬᠤ ᠠᠩᠭᠢ ᠳᠤ ᠨᠢᠭᠡᠨᠲᠡ ᠬᠤᠪᠢ ᠬᠥᠮᠦᠨ ᠦᠪᠡᠷ ᠰᠤᠷᠤᠯᠴᠠᠯᠠᠭ᠎ᠠ ᠪᠠ ᠬᠠᠮᠲᠤ ᠵᠢᠨ ᠰᠤᠷᠤᠯᠴᠠᠯᠠᠭ᠎ᠠ ᠲᠣᠬᠢᠷᠠᠭᠤᠯᠵᠤ ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠲᠤᠰᠬᠠᠶ ᠰᠡᠳᠦᠪᠲᠦ ᠨᠠᠮ ᠬᠢᠴᠢᠶᠡᠯ ᠮᠡᠳᠡᠭᠦᠯᠦᠯᠲᠡ ᠬᠢᠵᠡᠶ ᠂ ︽ ᠰᠢᠨ᠎ᠡ ᠴᠠᠭ ᠦᠶ᠎ᠡ ᠬᠠᠮᠤᠭ ᠭᠣᠶᠣ ᠪᠠᠶᠢᠴᠠᠭᠠᠬᠤ ᠲᠤᠰᠢᠶᠠᠯᠲᠠᠨ ︾ ᠂ ᠰᠢᠨᠵᠢᠶᠠᠩ ᠺᠠᠱᠭᠠᠷ ᠬᠣᠲᠠ ᠪᠠᠶᠢᠴᠠᠭᠠᠬᠤ ᠬᠣᠷᠢᠶᠠᠨ ᠳᠡᠳ᠋ ᠪᠠᠶᠢᠴᠠᠭᠠᠬᠤ ᠳᠠᠷᠤᠭ᠎ᠠ ᠮᠦᠶᠠᠱᠠᠷ · ᠮᠠᠶᠢᠮᠠᠶᠢᠲ ᠪᠣᠯᠤᠨ ᠺᠠᠱᠭᠠᠷ ᠪᠠᠶᠢᠴᠠᠭᠠᠬᠤ ᠬᠤᠪᠢᠶᠠᠷᠢ ᠬᠣᠷᠢᠶᠠᠨ ᠤᠯᠤᠰ ᠲᠥᠷᠥ ᠬᠡᠯᠲᠡᠰ ᠳᠡᠳ᠋ ᠡᠷᠬᠢᠯᠡᠭᠴᠢ ᠯᠢ ᠪᠢᠨ ᠤᠷᠢᠯᠭ᠎ᠠ ᠪᠠᠷ ᠮᠡᠳᠡᠭᠦᠯᠦᠯᠲᠡ ᠬᠢᠵᠡᠶ ᠃ ᠥᠨᠥᠳᠦᠷ ᠰᠤᠳᠤᠯᠤᠨ ᠶᠠᠷᠢᠯᠴᠠᠬᠤ ᠳᠤᠮᠳᠠ ᠂ ᠬᠤᠷᠠᠯ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ ᠂ ᠶᠡᠷᠦᠩᠬᠡᠶ ᠱᠦᠵᠢ ᠰᠢ ᠫᠢᠩ ᠵᠢᠨ ᠴᠢᠬᠤᠯᠠ ᠵᠢᠭᠠᠪᠤᠷᠢ ᠨᠢ ᠰᠢᠨ᠎ᠡ ᠴᠠᠭ ᠦᠶ᠎ᠡ ᠥᠪᠥᠷ ᠮᠣᠩᠭᠣᠯ ᠪᠠᠶᠢᠴᠠᠭᠠᠬᠤ ᠠᠵᠢᠯ ᠢ ᠰᠠᠶᠢᠲᠤᠷ ᠬᠢᠬᠦ ᠳᠦ ᠦᠨᠳᠦᠰᠦᠨ ᠵᠢᠷᠤᠮᠯᠠᠯ ᠪᠠ ᠠᠵᠢᠯᠯᠠᠭᠠᠨ ᠵᠦᠭᠯᠡᠭᠦᠷ ᠬᠠᠩᠭᠠᠭᠰᠠᠨ ᠪᠠᠶᠢᠨ᠎ᠠ ᠭᠡᠵᠡᠶ ᠃ ᠳᠠᠷᠠᠭᠠᠴᠢ ᠠᠯᠬᠤᠮ ᠳᠤ ᠂ ᠤᠬᠠᠮᠰᠠᠷ ᠠᠴᠠ ᠪᠠᠨ ᠰᠢ ᠫᠢᠩ ᠶᠡᠷᠦᠩᠬᠡᠶ ᠱᠦᠵᠢ ᠴᠢᠬᠤᠯᠠ ᠵᠢᠭᠠᠪᠤᠷᠢ ᠵᠣᠷᠢᠭ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ ᠂ ᠦᠢᠯᠡᠳᠦᠯᠭᠡ ᠪᠡᠨ ᠵᠢᠯᠣᠭᠣᠳᠣᠭᠤᠯᠵᠤ ᠂ ᠠᠵᠢᠯ ᠠᠬᠢᠭᠤᠯᠵᠤ ᠂ ᠰᠢ ᠫᠢᠩ ᠶᠡᠷᠦᠩᠬᠡᠢ ᠱᠦᠵᠢ ᠥᠪᠥᠷ ᠮᠣᠩᠭᠣᠯ ᠳᠠᠬᠢ ᠳᠣᠲᠣᠨᠣ ᠬᠠᠯᠠᠮᠵᠢᠯᠠᠯ ᠪᠠ ᠨᠠᠶᠢᠳᠠᠯᠭ᠎ᠠ ︽ᠶᠡᠬᠡ ᠲᠠᠯ᠎ᠠ ᠳᠤ ᠦᠢᠯᠡᠴᠢᠯᠡᠬᠦ᠂ ᠠᠷᠠᠳ ᠲᠥᠯᠥᠭᠡ ᠬᠠᠤᠯᠢ ᠪᠠᠷᠢᠬᠤ︾ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠲᠥᠪ ᠰᠤᠷᠲᠠᠯ ᠢ ᠪᠤᠢ ᠪᠣᠯᠭᠠᠵᠤ᠂ ᠢᠳᠡ ᠬᠦᠴᠦᠨ ᠢ ᠴᠢᠩᠭᠠᠷᠠᠭᠤᠯᠵᠤ᠂ ᠡᠷᠴᠢ ᠵᠣᠷᠢᠭ ᠢ ᠬᠥᠪᠴᠢᠯᠡᠵᠦ᠂ ᠣᠮᠣᠭ ᠵᠣᠷᠢᠭ ᠢ ᠬᠥᠪᠴᠢᠯᠡᠵᠦ᠂ ᠦᠵᠡᠯ ᠰᠠᠨᠠᠭᠠᠨ ᠳᠠᠪᠲᠠᠯᠲᠠ ᠴᠢᠩᠭᠠᠳᠬᠠᠵᠤ᠂ ᠪᠣᠳᠠᠲᠠᠢ ᠠᠳᠬᠤᠵᠤ ᠰᠤᠷᠤᠯᠴᠠᠬᠤ ᠪᠠᠷ ᠰᠤᠷᠲᠠᠯ ᠢ ᠲᠥᠪ ᠪᠣᠯᠭᠠᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠴᠢᠬᠤᠯᠠᠴᠢᠯᠠᠵᠤ᠂ ᠲᠤᠶᠢᠯ ᠰᠠᠶᠢᠨ ᠰᠠᠶᠢᠬᠠᠨ ᠪᠠᠶᠢᠬᠤ ᠥᠨᠳᠥᠷ ᠪᠠᠷᠢᠮᠵᠢᠶ᠎ᠠ ᠪᠠᠷ ᠪᠠᠶᠢᠴᠠᠭᠠᠬᠤ ᠦᠢᠯᠡᠰ ᠴᠢᠨᠠᠷ ᠰᠠᠶᠢᠲᠠᠢ ᠬᠥᠭᠵᠢᠯᠲᠡ ᠠᠬᠢᠭᠤᠯᠪᠠ᠃
ᠥᠪᠡᠷᠲᠡᠭᠡᠨ ᠵᠠᠰᠠᠬᠤ ᠣᠷᠣᠨ ᠪᠠᠶᠢᠴᠠᠭᠠᠬᠤ ᠬᠣᠷᠢᠶ᠎ᠠ ᠲᠢᠩᠬᠢᠮ ᠲᠠᠰ ᠺᠠᠳ᠋ᠷ ᠂ ᠬᠣᠷᠢᠶ᠎ᠠ ᠪᠠᠶᠢᠭᠤᠯᠭ᠎ᠠ ᠭᠣᠸᠯ ᠰᠡᠳᠦᠪᠲᠦ ᠬᠥᠮᠦᠵᠢᠯ ᠤᠳᠤᠷᠢᠳᠬᠤ ᠳᠤᠭᠤᠶᠢᠯᠠᠩ ᠠᠯᠪᠠᠨ ᠬᠡᠷ ᠬᠣᠯᠪᠣᠭᠳᠠᠯ ᠪᠥᠬᠥᠶ ᠬᠥᠮᠦᠰ ᠬᠤᠷᠠᠯ ᠳᠤ ᠰᠤᠯᠠ ᠣᠷᠣᠯᠴᠠᠪᠠ ᠃