ᠪᠦᠬᠦ ᠤᠯᠤᠰ ᠪᠠᠶᠢᠴᠠᠭᠠᠬᠤ ᠪᠠᠶᠢᠭᠤᠯᠭ᠎ᠠ ᠳᠠᠪᠬᠤᠷᠳᠠᠭᠰᠠᠨ ᠵᠠᠬᠢᠳᠠᠯ ᠰᠤᠷᠪᠤᠯᠵᠢᠯᠠᠭ᠎ᠠ ᠭᠣᠣᠯᠳᠠᠯᠭ᠎ᠠ ᠲᠠᠶ ᠭᠠᠵᠠᠷ ᠣᠷᠣᠨ ᠵᠠᠷᠭᠤ ᠢᠷᠡᠯᠳᠡ ᠵᠠᠰᠠᠬᠤ ᠪᠠ ᠵᠠᠬᠢᠳᠠᠯ ᠰᠤᠷᠪᠤᠯᠵᠢᠯᠠᠭ᠎ᠠ ᠳᠠᠷᠤᠭᠳᠠᠮᠠᠯ ᠬᠡᠷᠡᠭ ᠢ ᠦᠨᠡᠨ ᠪᠣᠳᠠᠲᠠᠢ ᠪᠠᠷ ᠰᠢᠢᠳᠪᠦᠷᠢᠯᠡᠬᠦ ᠠᠬᠢᠭᠤᠯᠬᠤ ᠬᠤᠷᠠᠯ ᠬᠥᠯᠥᠨ ᠪᠤᠢᠢᠷ ᠲᠤ ᠬᠤᠷᠠᠯᠳᠤᠪᠠ
2023-09-15 17:15:01
8 ᠰᠠᠷ᠎ᠠ 24 ᠡᠳᠦᠷ ᠦᠳᠡ ᠡᠮᠦᠨ᠎ᠡ ᠂ ᠪᠥᠬᠥ ᠤᠯᠤᠰ ᠪᠠᠶᠢᠴᠠᠭᠠᠬᠤ ᠪᠠᠶᠢᠭᠤᠯᠭ᠎ᠠ ᠵᠠᠬᠢᠳᠠᠯ ᠰᠤᠷᠪᠤᠯᠵᠢᠯᠠᠭ᠎ᠠ ᠭᠣᠸᠯᠳᠠᠯᠭ᠎ᠠ ᠲᠠᠶ ᠭᠠᠵᠠᠷ ᠣᠷᠣᠨ ᠵᠠᠭᠠᠯᠳᠤᠯᠭ᠎ᠠ ᠢᠷᠡᠯᠲᠡ ᠵᠠᠰᠠᠬᠤ ᠪᠠ ᠵᠠᠬᠢᠳᠠᠯ ᠰᠤᠷᠪᠤᠯᠵᠢᠯᠠᠭ᠎ᠠ ᠳᠠᠷᠤᠭᠳᠠᠮᠠᠯ ᠬᠡᠷᠡᠭ ᠢ ᠦᠨᠡᠨ ᠪᠣᠳᠠᠲᠠᠶ ᠪᠠᠷ ᠰᠢᠶᠳᠪᠦᠷᠢᠯᠡᠬᠦ ᠳᠥᠯᠭᠢᠨ ᠠᠬᠢᠭᠤᠯᠬᠤ ᠬᠤᠷᠠᠯ ᠬᠥᠯᠥᠨ ᠪᠣᠶᠢᠷ ᠬᠣᠲᠠ ᠳᠤ ᠡᠬᠢᠯᠡᠪᠡ ᠃ᠠᠷᠠᠳ ᠳᠡᠭᠡᠳᠦ ᠪᠠᠶᠢᠴᠠᠭᠠᠬᠤ ᠬᠣᠷᠢᠶᠠᠨ ᠬᠣᠶᠠᠳᠤᠭᠠᠷ ᠳᠡᠰ ᠶᠡᠬᠡ ᠪᠠᠶᠢᠴᠠᠭᠠᠬᠤ ᠲᠤᠰᠢᠶᠠᠯᠲᠠᠨ ᠸᠠᠨ ᠴᠦᠨ ᠬᠤᠷᠠᠯ ᠳᠤ ᠣᠷᠣᠯᠴᠠᠵᠤ᠂ ᠠᠷᠪᠠᠳᠤᠭᠠᠷ ᠪᠠᠶᠢᠴᠠᠭᠠᠬᠤ ᠲᠢᠩᠬᠢᠮ ᠳᠠᠷᠤᠭ᠎ᠠ ᠰᠢᠤᠢ ᠰᠢᠶᠠᠩ ᠴᠦᠨ ᠵᠠᠬᠢᠳᠠᠯ ᠰᠤᠷᠪᠤᠯᠵᠢᠯᠠᠭ᠎ᠠ ᠡᠬᠢ ᠡᠭᠦᠰᠦᠯ ᠡᠴᠡ ᠨᠢ ᠵᠠᠰᠠᠬᠤ ᠭᠤᠷᠪᠠᠨ ᠵᠢᠯ ᠪᠣᠭᠣᠮᠲᠠ ᠰᠢᠪᠲᠤᠯᠬᠤ ᠠᠵᠢᠯᠯᠠᠭ᠎ᠠ ᠪᠠ ᠳᠠᠪᠬᠤᠷᠳᠠᠭᠰᠠᠨ ᠵᠠᠬᠢᠳᠠᠯ ᠰᠤᠷᠪᠤᠯᠵᠢᠯᠠᠭ᠎ᠠ ᠵᠥᠷᠢᠴᠡᠯ ᠢ ᠦᠨᠡᠨ ᠪᠣᠳᠠᠲᠠᠢ ᠪᠠᠷ ᠰᠢᠢᠳᠪᠦᠷᠢᠯᠡᠬᠦ ᠭᠤᠷᠪᠠᠨ ᠵᠢᠯ ᠴᠡᠪᠡᠷᠯᠡᠯᠲᠡ ᠵᠢᠨ ᠠᠵᠢᠯᠯᠠᠭ᠎ᠠ ᠠᠬᠢᠴᠠ ᠪᠠᠶᠢᠳᠠᠯ ᠢ ᠮᠡᠳᠡᠭᠳᠡᠪᠡ︔ᠥᠪᠥᠷ ᠮᠣᠩᠭᠣᠯ ᠥᠪᠡᠷᠲᠡᠭᠡᠨ ᠵᠠᠰᠠᠬᠤ ᠣᠷᠣᠨ ᠪᠠᠶᠢᠴᠠᠭᠠᠬᠤ ᠬᠣᠷᠢᠶ᠎ᠠ ᠨᠠᠮ ᠤᠳᠤᠷᠢᠳᠬᠤ ᠳᠤᠭᠤᠶᠢᠯᠠᠩ ᠱᠦᠵᠢ ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠂ ᠬᠥᠯᠥᠨ ᠪᠣᠶᠢᠷ ᠬᠣᠲᠠ ᠨᠠᠮ ᠬᠣᠷᠢᠶ᠎ᠠ ᠳᠡᠳ᠋ ᠱᠦᠵᠢ ᠂ ᠤᠯᠤᠰ ᠲᠥᠷᠥ ᠬᠠᠸᠯᠢ ᠴᠠᠭᠠᠵᠠ ᠬᠣᠷᠢᠶ᠎ᠠ ᠱᠦᠵᠢ ᠪᠠᠶ ᠬᠠᠶ ᠯᠢᠨ ᠪᠠᠶᠠᠷ ᠦᠭᠡ ᠬᠡᠯᠡᠵᠡᠶ ᠃ ᠠᠷᠠᠳ ᠳᠡᠭᠡᠳᠦ ᠪᠠᠶᠢᠴᠠᠭᠠᠬᠤ ᠬᠣᠷᠢᠶᠠᠨ ᠠᠷᠪᠠᠳᠤᠭᠠᠷ ᠪᠠᠶᠢᠴᠠᠭᠠᠬᠤ ᠲᠢᠩᠬᠢᠮ ᠨᠢᠭᠡᠳᠦᠭᠡᠷ ᠳᠡᠰ ᠳᠡᠭᠡᠳᠦ ᠵᠡᠷᠭᠡ ᠪᠠᠶᠢᠴᠠᠭᠠᠬᠤ ᠲᠤᠰᠢᠶᠠᠯᠲᠠᠨ ᠳ᠋ᠦ᠋ ᠶᠠ ᠴᠢ ᠬᠤᠷᠠᠯ ᠡᠷᠭᠢᠯᠡᠪᠡ ᠃
ᠯᠢ ᠶᠦᠩ ᠵᠢᠶᠦ᠋ᠨ ᠥᠪᠡᠷᠲᠡᠭᠡᠨ ᠵᠠᠰᠠᠬᠤ ᠣᠷᠣᠨ ᠪᠠᠶᠢᠴᠠᠭᠠᠬᠤ ᠬᠣᠷᠢᠶ᠎ᠠ ᠨᠠᠮ ᠤᠳᠤᠷᠢᠳᠬᠤ ᠳᠤᠭᠤᠶᠢᠯᠠᠩ ᠪᠣᠯᠤᠨ ᠪᠥᠬᠥ ᠣᠷᠣᠨ ᠪᠠᠶᠢᠴᠠᠭᠠᠬᠤ ᠪᠠᠶᠢᠭᠤᠯᠭ᠎ᠠ ᠲᠥᠯᠥᠭᠡᠯᠡᠨ ᠬᠤᠷᠠᠯ ᠳᠤ ᠣᠷᠣᠯᠴᠠᠭᠰᠠᠳ ᠬᠦᠷᠦᠯᠴᠡᠨ ᠢᠷᠡᠭᠰᠡᠨ ᠢ ᠴᠢᠩ ᠰᠡᠳᠬᠢᠯ ᠡᠴᠡ ᠪᠡᠨ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ ᠃ ᠯᠢ ᠶᠦᠩ ᠵᠢᠶᠦ᠋ᠨ ᠥᠪᠥᠷ ᠮᠣᠩᠭᠣᠯᠣᠨᠴᠠᠭᠠᠶ ᠭᠠᠵᠠᠷ ᠵᠦᠶ ᠣᠷᠴᠢᠨ ᠲᠣᠭᠣᠷᠢᠨ ᠪᠠ ᠭᠠᠵᠠᠷ ᠭᠠᠳᠠᠷᠭᠤ ᠵᠢᠨ ᠤᠨᠴᠠᠯᠢᠭ ᠢ ᠴᠤᠬᠤᠰ ᠳᠤᠷᠠᠳᠴᠤ᠂ ᠰᠢ ᠫᠢᠩ ᠶᠡᠷᠦᠩᠬᠡᠶ ᠱᠦᠵᠢ ᠵᠢᠨ ᠥᠪᠥᠷ ᠮᠣᠩᠭᠣᠯᠯ ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠣᠶᠠᠷ ᠶᠡᠬᠡ ᠶᠠᠪᠤᠳᠠᠯ ᠲᠣᠭᠣᠷᠢᠨ ᠳᠤ ᠥᠪᠥᠷ ᠮᠣᠩᠭᠣᠯ ᠪᠠᠶᠢᠴᠠᠭᠠᠬᠤ ᠠᠵᠢᠯ ᠣᠳᠣᠬᠢᠴᠢᠯᠠᠯᠲᠠ ᠬᠦᠴᠦᠯᠡᠨ ᠠᠬᠢᠭᠤᠯᠵᠤ ᠠᠭᠢᠭᠤᠯᠤᠨ᠎ᠠ ᠭᠡᠵᠦ ᠢᠯᠡᠷᠬᠡᠶᠢᠯᠡᠭᠰᠡᠨ ᠪᠠᠶᠢᠨ᠎ᠠ᠃
ᠯᠢ ᠶᠦᠩ ᠵᠢᠶᠦ᠋ᠨ ᠵᠢᠭᠠᠵᠤ ᠭᠠᠷᠭᠠᠭᠰᠠᠨ ᠨᠢ ᠂ ᠥᠪᠥᠷ ᠮᠣᠩᠭᠣᠯ ᠭᠤᠷᠪᠠᠨ ᠱᠠᠲᠤᠨ ᠪᠠᠶᠢᠴᠠᠭᠠᠬᠤ ᠪᠠᠶᠢᠭᠤᠯᠭ᠎ᠠ ᠠᠷᠠᠳ ᠣᠯᠠᠨ ᠲᠣᠰ ᠪᠡᠶ᠎ᠡ ᠠᠰᠢᠭ ᠲᠤᠰᠠ ᠳᠤ ᠬᠣᠯᠪᠣᠭᠳᠠᠬᠤ ᠵᠠᠬᠢᠳᠠᠯ ᠰᠤᠷᠪᠤᠯᠵᠢᠯᠠᠭ᠎ᠠ ᠵᠥᠷᠢᠴᠡᠯ ᠢ ᠡᠬᠢ ᠡᠭᠦᠰᠦᠯ ᠡᠴᠡ ᠨᠢ ᠵᠠᠰᠠᠬᠤ ᠪᠠ ᠳᠠᠪᠬᠤᠷᠳᠠᠭᠰᠠᠨ ᠵᠠᠬᠢᠳᠠᠯ ᠰᠤᠷᠪᠤᠯᠵᠢᠯᠠᠭ᠎ᠠ ᠮᠥᠨ ᠴᠢᠨᠠᠷ ᠰᠢᠶᠳᠪᠦᠷᠢᠯᠡᠯᠲᠡ ᠴᠢᠬᠤᠯᠠ ᠤᠯᠤᠰ ᠲᠥᠷᠥ ᠡᠭᠦᠷᠭᠡ ᠪᠣᠯᠭᠠᠨ ᠤᠬᠠᠭᠠᠯᠠᠵᠤ ᠂ ᠵᠠᠬᠢᠳᠠᠯ ᠰᠤᠷᠪᠤᠯᠵᠢᠯᠠᠭ᠎ᠠ ᠳᠠᠷᠤᠭᠳᠠᠮᠠᠯ ᠬᠡᠷᠡᠭ ᠢ ᠰᠢᠶᠳᠪᠦᠷᠢᠯᠡᠬᠦ ᠢᠳᠡᠪᠬᠢᠲᠡᠶ ᠳᠥᠯᠭᠢᠨ ᠠᠬᠢᠭᠤᠯᠬᠤ ᠠᠷᠭ᠎ᠠ ᠬᠢᠳᠡᠯ ᠢ ᠡᠯ᠎ᠡ ᠲᠠᠯ᠎ᠠ ᠬᠢᠨ ᠨᠤᠲᠠᠯᠠᠵᠤ ᠂ ᠰᠢᠶᠳᠪᠦᠷᠢᠯᠡᠭᠰᠡᠨ 9 ᠵᠠᠭᠠᠯᠳᠤᠯᠭ᠎ᠠ ᠭᠣᠮᠣᠳᠠᠯ ᠲᠣᠭᠠᠴᠢᠯᠲᠠ ᠬᠡᠷᠡᠭ ᠨᠢ ᠠᠷᠠᠳ ᠳᠡᠭᠡᠳᠦ ᠪᠠᠶᠢᠴᠠᠭᠠᠬᠤ ᠬᠣᠷᠢᠶᠠᠨ ᠨᠡᠶᠢᠲᠡᠯᠢᠭ ᠬᠡᠷᠡᠭ ᠵᠢᠱᠢᠶ᠎ᠡ ᠪᠡᠷ ᠦᠨᠡᠯᠡᠭᠳᠡᠪᠡ ᠃ ᠪᠠᠶᠢᠴᠠᠭᠠᠬᠤ ᠠᠵᠢᠯ ᠳᠤ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠬᠡᠷᠡᠭ ᠠᠵᠢᠯ ᠢ ᠰᠠᠶᠢᠲᠤᠷ ᠬᠢᠬᠦ ᠶᠠᠪᠤᠴᠠ ᠳᠤ ᠪᠢᠳᠡ ᠭᠤᠷᠪᠠᠨ ᠲᠠᠯ᠎ᠠ ᠣᠶᠢᠯᠠᠭᠠᠯᠲᠠ ᠲᠠᠶ᠄ ᠨᠢᠭᠡ ᠳᠦ ᠡᠮᠦᠨ᠎ᠡ ᠲᠠᠪᠴᠠᠩ ᠠᠷᠤ ᠲᠠᠪᠴᠠᠩ ᠬᠠᠮᠵᠢᠯᠴᠠᠬᠤ ᠬᠡᠷᠡᠭᠲᠡᠶ᠃ ᠪᠠᠶᠢᠴᠠᠭᠠᠬᠤ ᠠᠵᠢᠯ ᠳᠤ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠠᠰᠠᠭᠤᠳᠠᠯ ᠢ ᠰᠢᠶᠳᠪᠦᠷᠢᠯᠡᠬᠦ ᠳᠦ ᠵᠥᠪᠬᠡᠨ ᠵᠠᠬᠢᠳᠠᠯ ᠰᠤᠷᠪᠤᠯᠵᠢᠯᠠᠭ᠎ᠠ ᠰᠠᠯᠠᠭ᠎ᠠ ᠮᠥᠴᠢᠷ ᠢ ᠲᠦᠰᠢᠭᠯᠡᠭᠡᠳ ᠪᠣᠯᠬᠤ ᠦᠭᠡᠢ᠃ᠡᠮᠦᠨ᠎ᠡ ᠲᠠᠪᠴᠠᠩ 12309 ᠰᠤᠷᠪᠤᠯᠵᠢᠯᠠᠭ᠎ᠠ ᠢᠳᠡᠪᠬᠢᠲᠡᠶ ᠪᠡᠷ ᠬᠦᠯᠢᠶᠡᠨ ᠠᠪᠬᠤ ᠨᠢ ᠴᠢᠬᠤᠯᠠ ᠶᠤᠮ᠂ ᠠᠷᠤ ᠲᠠᠪᠴᠠᠩ ᠡᠯ᠎ᠡ ᠲᠤᠬᠠᠶᠢᠯᠠᠭᠰᠠᠨ ᠠᠵᠢᠯ ᠰᠠᠯᠠᠭ᠎ᠠ ᠮᠥᠴᠢᠷ ᠬᠢᠨ ᠬᠡᠷᠡᠭ ᠢ ᠰᠠᠶᠢᠲᠤᠷ ᠰᠢᠶᠳᠪᠦᠷᠢᠯᠡᠬᠦ ᠨᠢ ᠨᠡᠩ ᠴᠢᠬᠤᠯᠠ ᠶᠤᠮ᠃ ᠬᠡᠷᠡᠭ ᠰᠢᠶᠳᠪᠦᠷᠢᠯᠡᠬᠦ ᠪᠣᠯ ᠡᠬᠢ ᠡᠭᠦᠰᠪᠦᠷᠢ ᠂ ᠡᠮᠦᠨ᠎ᠡ ᠦᠵᠦᠭᠦᠷ ᠮᠥᠨ ᠂ ᠪᠠᠶᠢᠴᠠᠭᠠᠬᠤ ᠪᠠᠶᠢᠭᠤᠯᠭ᠎ᠠ ᠭᠠᠭᠴᠠ ᠬᠦ ᠬᠢᠷᠢ ᠲᠡᠩᠴᠡᠭᠰᠡᠨ ︽ᠦᠢᠯᠡᠳᠬᠦᠨ︾ ᠢ ᠢᠯᠡᠭᠦᠦ ᠦᠢᠯᠡᠳᠪᠦᠷᠢᠯᠡᠵᠦ ᠂ ᠬᠡᠷᠡᠭ ᠨᠢᠭᠡᠪᠦᠷᠢ ᠴᠢᠨᠠᠷ ᠰᠠᠶᠢᠲᠠᠶ ᠦᠷ᠎ᠡ ᠪᠦᠲᠦᠮᠵᠢᠲᠡᠶ ᠪᠡᠷ ᠰᠠᠶᠢᠲᠤᠷ ᠰᠢᠶᠳᠪᠦᠷᠢᠯᠡᠪᠡᠯ ᠰᠠᠶ᠋ᠢ ᠵᠠᠬᠢᠳᠠᠯ ᠰᠤᠷᠪᠤᠯᠵᠢᠯᠠᠭ᠎ᠠ ᠲᠣᠭ᠎ᠠ ᠪᠠᠭᠤᠷᠠᠭᠤᠯᠵᠤ ᠴᠢᠳᠠᠨ᠎ᠠ ᠃ ᠡᠯ᠎ᠡ ᠪᠠᠶᠢᠴᠠᠭᠠᠬᠤ ᠲᠤᠬᠠᠶᠢᠯᠠᠭᠰᠠᠨ ᠠᠵᠢᠯ ᠰᠠᠯᠠᠭ᠎ᠠ ᠮᠥᠴᠢᠷᠳ ᠬᠡᠷᠡᠭ ᠢ ᠡᠬᠢ ᠰᠤᠷᠪᠤᠯᠵᠢ ᠠᠴᠠ ᠨᠢ ᠰᠠᠶᠢᠲᠤᠷ ᠰᠢᠶᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠰᠠᠯᠠᠭ᠎ᠠ ᠮᠥᠴᠢᠷ ᠲᠡᠶ ᠢᠳᠡᠪᠬᠢᠲᠡᠶ ᠬᠠᠮᠵᠢᠯᠴᠠᠨ ᠵᠠᠬᠢᠳᠠᠯ ᠰᠤᠷᠪᠤᠯᠵᠢᠯᠠᠭ᠎ᠠ ᠬᠡᠷᠡᠭ ᠨᠢᠭᠡᠪᠦᠷᠢ ᠦᠨᠡᠨ ᠪᠣᠳᠠᠲᠠᠶ ᠪᠠᠷ ᠰᠢᠶᠳᠪᠦᠷᠢᠯᠡᠬᠦ ᠬᠡᠷᠡᠭᠲᠡᠶ᠃ ᠬᠣᠶᠠᠷ ᠲᠤ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠵᠡᠷᠭᠡ ᠪᠡᠷ ᠶᠠᠪᠤᠭᠤᠯᠬᠤ ᠬᠡᠷᠡᠭᠲᠡᠶ᠃ᠣᠯᠠᠨ ᠲᠦᠮᠡᠨ ᠵᠠᠬᠢᠳᠠᠯ ᠰᠤᠷᠪᠤᠯᠵᠢᠯᠠᠭ᠎ᠠ ᠬᠢᠬᠦ ᠳᠦ ᠬᠣᠶᠠᠷ ᠠᠷᠭ᠎ᠠ ᠵᠠᠮ ᠪᠠᠶᠢᠳᠠᠭ ᠂ ᠨᠢᠭᠡ ᠨᠢ ᠰᠦᠯᠵᠢᠶᠡᠨ ᠳᠡᠭᠡᠷ᠎ᠡ 12309 ᠂ ᠨᠥᠭᠥᠭᠡ ᠨᠢ ᠰᠦᠯᠵᠢᠶᠡᠨ ᠳᠣᠣᠷ᠎ᠠ 12309 ᠶᠡᠬᠡ ᠲᠢᠩᠬᠢᠮ ᠪᠣᠯᠤᠨ᠎ᠠ ᠂ ᠵᠠᠬᠢᠳᠠᠯ ᠰᠤᠷᠪᠤᠯᠵᠢᠯᠠᠭ᠎ᠠ ᠬᠡᠷᠡᠭ ᠢ ᠰᠢᠶᠳᠪᠦᠷᠢᠯᠡᠬᠦ ᠳᠦ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠵᠡᠷᠭᠡ ᠪᠡᠷ ᠥᠷᠨᠢᠭᠦᠯᠬᠦ ᠬᠡᠷᠡᠭᠲᠡᠶ ᠃ ᠬᠡᠷᠪᠡ ᠰᠦᠯᠵᠢᠶᠡᠨ ᠳᠡᠭᠡᠷ᠎ᠡ ᠰᠤᠷᠪᠤᠯᠵᠢᠯᠠᠭ᠎ᠠ ᠬᠦᠯᠢᠶᠡᠨ ᠠᠪᠬᠤ ᠣᠪᠣᠷ ᠨᠢ ᠰᠠᠶᠢᠨ ᠪᠣᠯᠪᠠᠴᠤ ᠪᠣᠳᠠᠲᠠᠶ ᠠᠵᠢᠯ ᠳᠤᠮᠳᠠ ᠠᠵᠢᠯᠯᠠᠭ᠎ᠠ ᠠᠪᠬᠤ ᠦᠭᠡᠶ ᠪᠣᠯ ᠠᠰᠠᠭᠤᠳᠠᠯ ᠢ ᠰᠢᠶᠳᠪᠦᠷᠢᠯᠡᠵᠦ ᠴᠢᠳᠠᠬᠤ ᠦᠭᠡᠶ ᠶᠤᠮ ᠃ ᠪᠢᠳᠡ ᠰᠦᠯᠵᠢᠶᠡᠨ ᠳᠡᠭᠡᠷ᠎ᠡ ᠠᠮᠠᠯᠠᠭᠰᠠᠨ ᠵᠦᠢᠯ ᠰᠦᠯᠵᠢᠶᠡᠨ ᠡᠴᠡ ᠭᠠᠳᠠᠭᠤᠷ ᠵᠠᠪᠠᠯ ᠲᠦᠷᠭᠡᠨ ᠬᠢᠵᠦ ᠂ ᠰᠦᠯᠵᠢᠶᠡᠨ ᠳᠡᠭᠡᠷ᠎ᠡ ᠠᠮᠠᠯᠠᠭᠰᠠᠨ ᠵᠦᠢᠯ ᠰᠦᠯᠵᠢᠶᠡᠨ ᠡᠴᠡ ᠭᠠᠳᠠᠭᠤᠷ ᠵᠠᠪᠠᠯ ᠰᠠᠶᠢᠨ ᠬᠢᠬᠦ ᠬᠡᠷᠡᠭᠲᠡᠶ ᠭᠡᠵᠡᠢ ᠃ ᠥᠪᠥᠷ ᠮᠣᠩᠭᠣᠯ ᠭᠠᠵᠠᠷ ᠠᠭᠤᠳᠠᠮ ᠬᠥᠮᠦᠨ ᠴᠥᠭᠡᠨ ᠪᠣᠯᠬᠣᠷ ᠠᠯᠤᠰ ᠠᠴᠠ ᠰᠤᠷᠪᠤᠯᠵᠢᠯᠠᠭ᠎ᠠ ᠬᠦᠯᠢᠶᠡᠬᠦ ᠳᠠᠪᠠᠭᠤᠯᠢᠭ ᠭᠦᠢᠴᠡᠳ ᠪᠠᠳᠠᠷᠠᠭᠤᠯᠵᠤ᠂ ᠵᠠᠬᠢᠳᠠᠯ ᠰᠤᠷᠪᠤᠯᠵᠢᠯᠠᠭ᠎ᠠ ᠬᠢᠭᠰᠡᠳ ᠦᠨᠡᠨ ᠪᠣᠳᠠᠲᠠᠢ ᠬᠦᠴᠢᠷᠳᠡᠯ ᠢ ᠰᠢᠢᠳᠪᠦᠷᠢᠯᠡᠵᠦ ᠥᠭᠬᠦ ᠬᠡᠷᠡᠭᠲᠡᠢ᠃ ᠭᠤᠷᠪᠠ ᠳᠤ ᠬᠡᠷᠡᠭ ᠢ ᠳᠤᠲᠤᠷ᠎ᠠ ᠭᠠᠳᠠᠷ ᠠᠴᠠ ᠨᠢ ᠰᠠᠶᠢᠬᠠᠨ ᠰᠢᠳᠪᠦᠷᠢᠯᠡᠨ᠎ᠠ᠃ ᠬᠡᠷᠡᠭ ᠢ ᠰᠢᠶᠳᠪᠦᠷᠢᠯᠡᠬᠦ ᠶᠠᠪᠤᠴᠠ ᠳᠤ ᠬᠡᠷᠡᠭ ᠢ ᠳᠠᠭᠤᠰᠬᠠᠵᠤ ᠤᠴᠢᠷ ᠶᠠᠪᠤᠳᠠᠯ ᠢ ᠳᠠᠭᠤᠰᠬᠠᠭᠠᠳᠤᠶ ᠪᠠᠶᠢᠳᠠᠯ ᠦᠷᠭᠦᠯᠵᠢ ᠭᠠᠷᠳᠠᠭ᠂ ᠬᠠᠤᠯᠢ ᠵᠦᠢ ᠲᠠᠯ᠎ᠠ ᠠᠴᠠ ᠬᠡᠯᠡᠪᠡᠯ ᠪᠠᠶᠢᠴᠠᠭᠠᠬᠤ ᠪᠠᠶᠢᠭᠤᠯᠭ᠎ᠠ ᠬᠡᠷᠡᠭ ᠢ ᠨᠢᠭᠡᠨᠲᠡ ᠰᠢᠶᠳᠪᠦᠷᠢᠯᠡᠵᠦ ᠳᠠᠭᠤᠰᠬᠠᠭᠰᠠᠨ ᠪᠣᠯᠪᠠᠴᠤ ᠲᠤᠬᠠᠶ ᠬᠥᠮᠦᠨ ᠳᠦ ᠲᠤᠯᠭᠠᠷᠠᠵᠤ ᠪᠠᠶᠢᠭ᠎ᠠ ᠪᠣᠳᠠᠲᠠᠶ ᠠᠰᠠᠭᠤᠳᠠᠯ ᠢ ᠮᠥᠨ ᠯᠡ ᠰᠢᠶᠳᠪᠦᠷᠢᠯᠡᠵᠦ ᠴᠢᠳᠠᠭᠠᠳᠤᠶ ᠪᠠᠶᠢᠨ᠎ᠠ᠃ ᠪᠠᠶᠢᠴᠠᠭᠠᠬᠤ ᠪᠠᠶᠢᠭᠤᠯᠭ᠎ᠠ ᠨᠤᠭᠤᠳ ᠬᠡᠷᠡᠭ ᠭᠠᠳᠠᠨ᠎ᠠ ᠠᠴᠠ ᠭᠠᠷᠳᠠᠨ ᠬᠠᠤᠯᠢ ᠴᠠᠭᠠᠵᠠ ᠲᠤᠰᠠᠯᠠᠮᠵᠢ ᠦᠵᠡᠭᠦᠯᠵᠦ᠂ ᠲᠤᠬᠠᠶ ᠬᠥᠮᠦᠨ ᠢ ᠬᠠᠪᠰᠤᠷᠤᠨ ᠬᠦᠴᠢᠷ ᠢ ᠲᠤᠭᠤᠯᠬᠤ ᠬᠡᠷᠡᠭᠲᠡᠶ᠃ ᠣᠳᠣᠬᠠᠨ ᠳᠤ 《ᠬᠡᠷᠡᠭ ᠤᠯᠠᠨ ᠵᠣᠭᠣᠰ ᠴᠥᠭᠡᠨ》 ᠬᠦᠴᠢᠷ ᠠᠰᠠᠭᠤᠳᠠᠯ ᠣᠷᠣᠰᠢᠵᠤ ᠪᠠᠶᠢᠨ᠎ᠠ᠂ ᠪᠠᠶᠢᠴᠠᠭᠠᠬᠤ ᠪᠠᠶᠢᠭᠤᠯᠭ᠎ᠠ ᠨᠤᠭᠤᠳ ᠵᠠᠬ᠎ᠠ ᠳᠡᠯᠭᠡᠭᠦᠷᠴᠢᠯᠡᠬᠦ ᠨᠥᠬᠥᠴᠡᠯ ᠢ ᠭᠦᠢᠴᠡᠳ ᠠᠰᠢᠭᠯᠠᠨ᠂ 《ᠪᠠᠶᠢᠴᠠᠭᠠᠬᠤ + ᠠᠵᠤ ᠠᠬᠤᠶᠢᠯᠠᠯ + N》 ᠬᠠᠮᠲᠤᠷᠠᠨ ᠠᠪᠤᠷᠠᠨ ᠲᠤᠰᠠᠯᠠᠬᠤ ᠵᠠᠭᠪᠤᠷ ᠢ ᠢᠳᠡᠪᠬᠢᠲᠡᠶ ᠪᠡᠷ ᠬᠠᠶᠢᠨ ᠰᠦᠪᠡᠭᠴᠢᠯᠡᠵᠦ᠂ ᠬᠠᠤᠯᠢ ᠪᠠᠷᠢᠯᠲᠠ ᠠᠪᠤᠷᠠᠨ ᠲᠤᠰᠠᠯᠠᠬᠤ ᠪᠡᠯᠡ ᠮᠥᠩᠭᠥ ᠳᠤᠲᠠᠭᠳᠠᠵᠤ ᠪᠠᠶᠢᠭ᠎ᠠ ᠬᠦᠴᠢᠷ ᠠᠰᠠᠭᠤᠳᠠᠯ ᠢ ᠰᠢᠶᠳᠪᠦᠷᠢᠯᠡᠬᠦ ᠬᠡᠷᠡᠭᠲᠡᠶ᠃ ᠣᠳᠣᠬᠠᠨ ᠳᠤ ᠪᠥᠬᠥ ᠣᠷᠣᠨ 7 ᠠᠶᠢᠮᠠᠭ ᠬᠣᠲᠠ ᠂ 17 ᠦᠨᠳᠦᠰᠦᠨ ᠱᠠᠲᠤᠨ ᠬᠣᠷᠢᠶᠠᠨ ᠳᠦ ᠬᠠᠸᠯᠢ ᠪᠠᠷᠢᠯᠲᠠ ᠠᠪᠤᠷᠠᠨ ᠲᠤᠰᠠᠯᠠᠯᠲᠠ ᠲᠤᠰᠬᠠᠶ ᠰᠠᠭᠤᠷᠢ ᠮᠥᠩᠭᠥ ᠪᠠᠶᠢᠭᠤᠯᠵᠤ ᠂ 59 ᠬᠠᠶᠢᠷ᠎ᠠ ᠬᠠᠯᠠᠮᠵᠢ ᠠᠵᠤ ᠠᠬᠤᠶᠢᠯᠠᠯ 330 ᠭᠠᠷᠤᠶ ᠲᠦᠮᠡᠨ ᠲᠥᠭᠥᠷᠢᠭ ᠬᠠᠨᠳᠢᠪ ᠮᠥᠩᠭᠥ ᠬᠠᠨᠳᠢᠪᠯᠠᠵᠤ ᠂ ᠬᠠᠸᠯᠢ ᠪᠠᠷᠢᠯᠲᠠ ᠠᠪᠤᠷᠠᠨ ᠲᠤᠰᠠᠯᠠᠯᠲᠠ ᠪᠠᠯᠠ ᠮᠥᠩᠭᠥ ᠢᠷᠡᠯᠲᠡ ᠪᠦᠲᠦᠮᠵᠢᠲᠡᠶ ᠪᠡᠷ ᠥᠷᠭᠡᠳᠬᠡᠨ ᠂ ᠬᠠᠸᠯᠢ ᠪᠠᠷᠢᠯᠲᠠ ᠠᠪᠤᠷᠠᠨ ᠲᠤᠰᠠᠯᠠᠯᠲᠠ ᠠᠵᠢᠯ ᠬᠢᠷᠢ ᠲᠦᠪᠰᠢᠨ ᠢ ᠳᠡᠭᠡᠭᠰᠢᠯᠡᠭᠦᠯᠪᠡ ᠃
ᠯᠢ ᠶᠦᠩ ᠵᠢᠶᠦ᠋ᠨ ᠢᠯᠡᠷᠬᠡᠶᠢᠯᠡᠬᠦ ᠳᠡᠭᠡᠨ ᠂ ᠠᠬᠢᠭᠤᠯᠬᠤ ᠬᠤᠷᠠᠯ ᠢ ᠥᠪᠥᠷ ᠮᠣᠩᠭᠣᠯ ᠳᠤ ᠬᠤᠷᠠᠯᠳᠤᠭᠤᠯᠤᠭᠰᠠᠨ ᠨᠢ ᠥᠪᠥᠷ ᠮᠣᠩᠭᠣᠯ ᠪᠠᠶᠢᠴᠠᠭᠠᠬᠤ ᠠᠵᠢᠯ ᠢ ᠭᠦᠶᠴᠡᠳ ᠨᠤᠲᠠᠯᠠᠵᠤ ᠪᠠᠶᠢᠭ᠎ᠠ ᠶᠠᠪᠤᠳᠠᠯ ᠮᠥᠨ ᠂ ᠨᠠᠩ ᠴᠤ ᠥᠪᠥᠷ ᠮᠣᠩᠭᠣᠯ ᠪᠠᠶᠢᠴᠠᠭᠠᠬᠤ ᠠᠵᠢᠯᠲᠠᠨ ᠢ ᠵᠣᠷᠢᠭᠵᠢᠭᠤᠯᠵᠤ ᠱᠠᠭᠠᠷᠳᠠᠵᠤ ᠪᠠᠶᠢᠭ᠎ᠠ ᠶᠠᠪᠤᠳᠠᠯ ᠮᠥᠨ ᠃ ᠥᠪᠥᠷ ᠮᠣᠩᠭᠣᠯ ᠪᠠᠶᠢᠴᠠᠭᠠᠬᠤ ᠪᠠᠶᠢᠭᠤᠯᠭ᠎ᠠ ᠨᠤᠭᠤᠳ ᠬᠤᠷᠠᠯ ᠪᠠᠶᠢᠷᠢᠯᠠᠭᠤᠯᠤᠯᠲᠠ ᠶᠣᠰᠣᠭᠠᠷ ᠂ ᠵᠣᠷᠢᠭ ᠰᠠᠨᠠᠭ᠎ᠠ ᠪᠠᠨ ᠦᠷᠭᠦᠯᠵᠢᠯᠡᠨ ᠳᠡᠭᠡᠭᠰᠢᠯᠡᠭᠦᠯᠵᠦ ᠂ ᠠᠵᠢᠯ ᠪᠦᠲᠦᠮᠵᠢ ᠪᠡᠨ ᠳᠡᠭᠡᠭᠰᠢᠯᠡᠭᠦᠯᠦᠨ ᠂ ᠴᠢᠳᠠᠪᠤᠷᠢ ᠪᠠᠨ ᠳᠡᠭᠡᠭᠰᠢᠯᠡᠭᠦᠯᠵᠦ ᠂ ᠵᠠᠬᠢᠳᠠᠯ ᠰᠤᠷᠪᠤᠯᠵᠢᠯᠠᠭ᠎ᠠ ᠵᠥᠷᠢᠴᠡᠯ ᠢ ᠰᠢᠶᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ ᠂ ᠥᠪᠥᠷ ᠮᠣᠩᠭᠣᠯ ᠵᠠᠬᠢᠳᠠᠯ ᠰᠤᠷᠪᠤᠯᠵᠢᠯᠠᠭ᠎ᠠ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠪᠣᠯᠤᠨ᠎ᠠ ᠃
ᠪᠠᠢ ᠬᠠᠢ ᠯᠢᠨ ᠪᠠᠶᠠᠷ ᠦᠭᠡ ᠳᠡᠭᠡᠨ᠂ ᠪᠦᠬᠦ ᠤᠯᠤᠰ ᠪᠠᠶᠢᠴᠠᠭᠠᠬᠤ ᠪᠠᠶᠢᠭᠤᠯᠭ᠎ᠠ ᠳᠠᠪᠬᠤᠷᠳᠠᠭᠰᠠᠨ ᠵᠠᠬᠢᠳᠠᠯ ᠰᠤᠷᠪᠤᠯᠵᠢᠯᠠᠭ᠎ᠠ ᠭᠣᠣᠯᠳᠠᠯᠭ᠎ᠠ ᠲᠠᠶ ᠭᠠᠵᠠᠷ ᠣᠷᠣᠨ ᠵᠠᠭᠠᠯᠳᠤᠯᠭ᠎ᠠ ᠢᠷᠡᠯᠳᠡ ᠵᠠᠰᠠᠬᠤ ᠪᠠ ᠵᠠᠬᠢᠳᠠᠯ ᠰᠤᠷᠪᠤᠯᠵᠢᠯᠠᠭ᠎ᠠ ᠳᠠᠷᠤᠭᠳᠠᠮᠠᠯ ᠬᠡᠷᠡᠭ ᠢ ᠪᠣᠳᠠᠲᠠᠢ ᠪᠠᠷ ᠰᠢᠢᠳᠪᠦᠷᠢᠯᠡᠬᠦ ᠠᠬᠢᠭᠤᠯᠬᠤ ᠬᠤᠷᠠᠯ ᠬᠥᠯᠥᠨ ᠪᠤᠢᠢᠷ ᠬᠤᠳᠠ ᠳᠤ ᠬᠤᠷᠠᠯᠳᠤᠪᠠ᠂ ᠡᠨᠡ ᠨᠢ ᠬᠥᠯᠥᠨ ᠪᠣᠶᠢᠷ ᠬᠤᠳᠠ ᠪᠠᠶᠢᠴᠠᠭᠠᠬᠤ ᠠᠵᠢᠯ ᠢ ᠳᠡᠭᠡᠳᠦ ᠬᠡᠮᠵᠢᠢ᠎ᠡ ᠪᠡᠷ ᠴᠢᠬᠤᠯᠠᠴᠢᠯᠠᠵᠤ ᠪᠠᠶᠢᠬᠤ ᠭᠦᠢᠴᠡᠳ ᠬᠠᠷᠠᠭᠤᠯᠵᠤ᠂ ᠨᠡᠩ ᠴᠤ ᠬᠥᠯᠥᠨ ᠪᠤᠢᠢᠷ ᠬᠤᠳᠠ ᠣᠯᠳᠠᠰᠢ ᠦᠭᠡᠢ ᠰᠤᠷᠤᠯᠴᠠᠬᠤ ᠲᠣᠬᠢᠶᠠᠯ ᠪᠣᠯᠤᠨ᠎ᠠ᠃ᠬᠥᠯᠥᠨ ᠪᠣᠶᠢᠷ ᠬᠤᠳᠠ ᠬᠢᠨ ᠲᠤᠰ ᠤᠳᠠᠭ᠎ᠠ ᠬᠤᠷᠠᠯ ᠠᠵᠠ ᠲᠣᠬᠢᠶᠠᠯ ᠪᠣᠯᠭᠠᠵᠤ᠂ ᠰᠢᠨ᠎ᠡ ᠴᠠᠭ ᠦᠶ᠎ᠡ︽ ᠹᠸᠩᠴᠢᠶᠣᠣ ᠵᠢᠨ ᠲᠤᠷᠰᠢᠯᠭ᠎ᠠ︾᠂︽ᠫᠦᠵᠢᠶᠠᠩ ᠲᠤᠷᠰᠢᠯᠭ᠎ᠠ︾ᠵᠢ ᠠᠰᠢᠭᠯᠠᠨ ᠵᠠᠬᠢᠳᠠᠯ ᠰᠤᠷᠪᠤᠯᠵᠢᠯᠠᠭ᠎ᠠ ᠠᠵᠢᠯ ᠢ ᠰᠠᠶᠢᠲᠤᠷ ᠬᠢᠬᠦ ᠴᠢᠳᠠᠪᠤᠷᠢ ᠪᠠᠨ ᠴᠢᠨᠠᠭᠰᠢᠳᠠ ᠴᠢᠩᠭᠠᠳᠬᠠᠵᠤ᠂ ᠡᠬᠢ ᠡᠭᠦᠰᠦᠯ ᠡᠴᠡ ᠨᠢ ᠤᠷᠢᠳᠴᠢᠯᠠᠨ ᠰᠡᠷᠭᠡᠶᠢᠯᠡᠬᠦ ᠴᠢᠬᠤᠯᠠᠴᠢᠯᠠᠵᠤ᠂ ᠦᠨᠳᠦᠰᠦᠨ ᠱᠠᠲᠤᠨ ᠰᠠᠭᠤᠷᠢ ᠪᠡᠬᠢᠵᠢᠭᠦᠯᠵᠦ᠂ ᠬᠠᠥᠯᠢ ᠪᠠᠷ ᠵᠠᠰᠠᠬᠤ ᠪᠠᠶᠢᠭᠤᠯᠤᠯᠲᠠ ᠴᠢᠩᠭᠠᠳᠬᠠᠵᠤ᠂ ᠡᠬᠡ ᠤᠯᠤᠰ ᠤᠮᠠᠷᠠᠲᠤ ᠠᠮᠤᠷ ᠲᠦᠪᠰᠢᠨ ᠲᠣᠭᠲᠠᠭᠤᠨ ᠬᠠᠯᠬᠠᠪᠴᠢ ᠪᠡᠬᠢᠵᠢᠭᠦᠯᠬᠦ ᠳᠦ ᠬᠦᠴᠦᠨ ᠴᠢᠳᠠᠯ ᠡᠷᠭᠦᠨ᠎ᠡ᠃
ᠲᠤᠬᠠᠶ ᠡᠳᠦᠷ ᠦᠳᠡ ᠡᠮᠦᠨᠡᠬᠢ ᠬᠤᠷᠠᠯ ᠳᠡᠭᠡᠷ᠎ᠡ ᠂ ᠾᠧᠨᠠᠨ ᠂ ᠱᠠᠨᠳᠦ᠋ᠩ ᠂ ᠯᠢᠶᠣᠤᠨᠢᠩ ᠂ ᠵᠢᠶᠠᠩᠰᠦ ᠂ ᠾᠸᠪᠸᠢ ᠂ ᠭᠤᠸᠠᠩᠳᠦ᠋ᠩ ᠵᠡᠷᠭᠡ ᠵᠢᠷᠭᠤᠭᠠᠨ ᠮᠤᠵᠢ ᠬᠣᠶᠠᠷ ᠵᠦᠶᠯ ᠠᠵᠢᠯ ᠠᠬᠢᠴᠠ ᠪᠠᠶᠢᠳᠠᠯ ᠬᠠᠷᠢᠭᠤ ᠮᠡᠳᠡᠭᠦᠯᠪᠡ ᠃