《ᠬᠦᠴᠢᠯᠯᠢᠭ ᠡᠭᠡᠳᠡᠩ ᠲᠡᠶ ᠳ᠋ᠧᠦᠹᠦ᠋》 ᠰᠢᠨ᠎ᠡ ᠠᠮᠢᠯᠠᠯ ᠲᠡᠮᠳᠡᠭᠯᠡᠯ
2023-10-13 09:33:35
ᠵᠢᠵᠢᠭᠬᠡᠨ 《ᠬᠦᠴᠢᠯᠯᠢᠭ ᠡᠭᠡᠳᠡᠩ ᠲᠡᠶ ᠳ᠋ᠧᠦᠹᠦ᠋》 ᠨᠢ ᠪᠠᠶᠢᠴᠠᠭᠠᠬᠤ ᠠᠵᠢᠯᠲᠠᠨ ᠰᠡᠳᠬᠢᠯ ᠢ ᠲᠠᠲᠠᠵᠤ ᠪᠠᠶᠢᠨ᠎ᠠ ᠃ ᠣᠶᠢᠷ᠎ᠠ ᠳᠤ ᠂ ᠬᠥᠬᠡᠬᠣᠲᠠ ᠰᠠᠶᠢᠬᠠᠨ ᠲᠣᠭᠣᠷᠢᠭ ᠪᠠᠶᠢᠴᠠᠭᠠᠬᠤ ᠬᠣᠷᠢᠶ᠎ᠠ ᠢᠯᠡ ᠪᠡᠷ ᠭᠡᠷᠡᠴᠢᠯᠡᠭᠡ ᠰᠣᠨᠣᠰᠬᠤ ᠪᠠᠷ ᠳᠡᠮᠵᠢᠨ ᠂ ᠨᠢᠭᠡᠨ ᠳ᠋ᠧᠦᠹᠦ᠋ ᠬᠣᠷᠰᠢᠶ᠎ᠠ ᠪᠣᠯᠤᠨ ᠰᠠᠶᠢᠬᠠᠨ ᠲᠣᠭᠣᠷᠢᠭ ᠨᠢᠭᠡᠨ ᠵᠠᠰᠠᠭ ᠵᠠᠬᠢᠷᠭᠠᠨ ᠪᠠᠶᠢᠭᠤᠯᠭ᠎ᠠ ᠡᠶᠡᠳᠡᠬᠦ ᠬᠡᠯᠡᠯᠴᠡᠭᠡᠷ ᠲᠣᠭᠲᠠᠬᠤ ᠳᠥᠯᠭᠢᠨ ᠠᠬᠢᠭᠤᠯᠵᠤ ᠂ 8.5 ᠲᠦᠮᠡᠨ ᠲᠥᠭᠥᠷᠢᠭ ᠵᠣᠭᠣᠰ ᠲᠣᠷᠭᠠᠬᠤ ᠬᠡᠯᠲᠦᠷᠢᠭᠦᠯᠪᠡ ᠃ ᠣᠳᠣᠬᠠᠨ ᠳᠤ ᠂ ᠲᠤᠰ ᠡᠶᠡᠳᠡᠬᠦ ᠬᠡᠯᠡᠯᠴᠡᠭᠡᠷ ᠢ ᠨᠢᠭᠡᠨᠲᠡ ᠪᠦᠬᠦᠨ ᠢ ᠭᠦᠢᠴᠡᠳᠬᠡᠵᠦ ᠳᠠᠭᠤᠰᠬᠠᠪᠠ ᠃
ᠡᠨᠡ ᠵᠢᠯ 8 ᠰᠠᠷ᠎ᠠ ᠡᠬᠢ ᠪᠡᠷ ᠨᠢᠭᠡᠨ ᠳ᠋ᠧᠦᠹᠦ᠋ ᠬᠣᠷᠰᠢᠶᠠᠨ ᠬᠠᠷᠢᠭᠤᠴᠠᠯᠭᠠᠲᠠᠨ ᠴᠢᠷᠠᠶ ᠪᠠᠷᠤᠶᠢᠯᠭᠠᠨ ᠰᠠᠶᠢᠬᠠᠨ ᠲᠣᠭᠣᠷᠢᠭ ᠪᠠᠶᠢᠴᠠᠭᠠᠬᠤ ᠬᠣᠷᠢᠶᠠᠨ 12309 ᠪᠠᠶᠢᠴᠠᠭᠠᠬᠤ ᠦᠢᠯᠡᠴᠢᠯᠡᠭᠡᠨ ᠲᠥᠪ ᠲᠦ ᠬᠦᠷᠴᠦ ᠪᠠᠶᠢᠳᠠᠯ ᠢ ᠲᠤᠰᠬᠠᠪᠠ ᠄ 《 ᠬᠦᠴᠢᠯᠯᠢᠭ ᠡᠭᠡᠳᠡᠩ ᠲᠠᠢ ᠳ᠋ᠧᠦᠹᠦ᠋ ᠨᠢᠭᠡ ᠲᠥᠭᠥᠷᠢᠭ ᠠᠰᠢᠭ ᠬᠣᠨᠵᠢᠪᠣᠷᠢ ᠨᠢ ᠬᠡᠳᠦᠨ ᠮᠥᠩᠭᠥ ᠡᠴᠡ ᠬᠡᠲᠦᠷᠡᠬᠦ ᠦᠭᠡᠶ ᠂ ᠠᠷᠪᠠᠨ ᠬᠡᠳᠦᠨ ᠲᠦᠮᠡᠨ ᠲᠥᠭᠥᠷᠢᠭ ᠲᠣᠷᠭᠠᠭᠤᠯᠢ ᠵᠣᠭᠣᠰ ᠢ ᠦᠨᠡᠬᠡᠷ ᠳᠠᠭᠠᠭᠠᠬᠤ ᠦᠭᠡᠶ ᠂ ᠺᠣᠮᠫᠠᠨᠢ ᠳᠠᠩᠰᠠᠨ ᠡᠷᠦᠬᠡ ᠴᠡᠪᠳᠡᠭᠯᠡᠵᠦ ᠂ ᠬᠡᠳᠦᠨ ᠠᠷᠪᠠᠨ ᠠᠵᠢᠯᠴᠢᠨ ᠨᠡᠶᠢᠭᠡᠮ ᠳᠠᠭᠠᠳᠬᠠᠯ ᠢ ᠲᠤᠰᠢᠶᠠᠬᠤ ᠶᠠᠪᠤᠳᠠᠯ ᠴᠤ ᠨᠥᠯᠥᠭᠡᠯᠡᠭᠳᠡᠵᠦ ᠂ ᠵᠠᠯᠭᠠᠭᠠᠳ ᠳᠠᠮᠫᠤᠷᠠᠬᠤ ᠪᠣᠯᠤᠨ᠎ᠠ ᠃ ᠪᠢᠳᠡ ᠬᠢᠨᠠᠯᠲᠠ ᠲᠠᠯᠪᠢᠭᠤᠯᠬᠤ ᠪᠠᠷ ᠭᠤᠶᠤᠴᠢᠯᠠᠶ᠎ᠠ᠂ ᠵᠠᠷᠢᠮ ᠬᠦᠴᠢᠷᠳᠡᠯ ᠢ ᠨᠢ ᠬᠠᠪᠰᠤᠷᠤᠨ ᠰᠢᠶᠳᠪᠦᠷᠢᠯᠡᠵᠦ ᠥᠭᠬᠦ ᠪᠠᠶᠢᠴᠠᠭᠠᠬᠤ ᠪᠠᠶᠢᠭᠤᠯᠭ᠎ᠠ ᠳᠤ ᠬᠦᠰᠡᠵᠦ ᠪᠠᠶᠢᠨ᠎ᠠ》 ᠭᠡᠵᠡᠶ᠃
ᠰᠠᠶᠢᠬᠠᠨ ᠲᠣᠭᠣᠷᠢᠭ ᠪᠠᠶᠢᠴᠠᠭᠠᠬᠤ ᠬᠣᠷᠢᠶ᠎ᠠ ᠵᠠᠰᠠᠭ ᠵᠠᠬᠢᠷᠭᠠᠨ ᠪᠠᠶᠢᠴᠠᠭᠠᠬᠤ ᠰᠠᠯᠠᠭ᠎ᠠ ᠮᠥᠴᠢᠷ ᠠᠵᠢᠯᠲᠠᠨ ᠲᠤᠬᠠᠶ ᠬᠥᠮᠦᠨ ᠢ ᠬᠦᠯᠢᠴᠡᠩᠭᠦᠶ ᠪᠡᠷ ᠭᠥᠯᠢᠶᠡᠨ ᠠᠪᠴᠤ ᠂ ᠭᠤᠶᠤᠴᠢᠯᠠᠯ ᠮᠠᠲ᠋ᠧᠷᠢᠶᠠᠯ ᠢ ᠨᠠᠷᠢᠨ ᠨᠢᠮᠪᠠᠶ ᠪᠠᠶᠢᠴᠠᠭᠠᠨ ᠦᠵᠡᠵᠦ ᠂ ᠬᠣᠯᠪᠣᠭᠳᠠᠯ ᠪᠥᠬᠥᠶ ᠲᠠᠩᠰᠠ ᠡᠪᠬᠡᠮᠡᠯ ᠢ ᠪᠠᠶᠢᠴᠠᠭᠠᠨ ᠦᠵᠡᠵᠦ ᠂ ᠬᠡᠷᠡᠭ ᠤᠴᠢᠷ ᠰᠢᠯᠲᠠᠭᠠᠨ ᠢ ᠲᠣᠳᠣᠷᠬᠠᠶ ᠣᠶᠢᠯᠠᠭᠠᠪᠠ ᠃
2021 ᠣᠨ 8 ᠰᠠᠷ᠎ᠠ ᠳᠤ ᠂ ᠨᠢᠭᠡᠨ ᠳ᠋ᠧᠦᠹᠦ᠋ ᠬᠣᠷᠰᠢᠶᠠᠨ ᠦᠶᠯᠡᠳᠪᠦᠷᠢᠯᠡᠭᠰᠡᠨ 《 ᠬᠦᠴᠢᠯᠯᠢᠭ ᠡᠭᠡᠳᠡᠩ ᠲᠠᠢ ᠳ᠋ᠧᠦᠹᠦ᠋ 》 ᠵᠢᠨ ᠪᠦᠳᠦᠭᠦᠨ ᠭᠡᠳᠡᠰᠦᠨ ᠰᠠᠪᠬᠠᠨᠴᠢᠷ ᠪᠠᠺᠲ᠋ᠧᠷᠢ ᠪᠠᠷᠢᠮᠵᠢᠶ᠎ᠠ ᠠᠴᠠ ᠬᠡᠲᠦᠷᠡᠭᠰᠡᠨ ᠢ ᠰᠣᠩᠭᠣᠨ ᠪᠠᠶᠢᠴᠠᠭᠠᠵᠤ ᠭᠠᠷᠭᠠᠵᠠᠶ ᠂ ᠨᠢᠭᠡᠨ ᠵᠠᠰᠠᠭ ᠵᠠᠬᠢᠷᠭᠠᠨ ᠪᠠᠶᠢᠭᠤᠯᠭ᠎ᠠ ᠬᠠᠸᠯᠢ ᠴᠠᠭᠠᠵᠠ ᠲᠣᠭᠲᠠᠭᠠᠯ ᠶᠣᠰᠣᠭᠠᠷ ᠲᠡᠭᠦᠨ ᠢ 8.5 ᠲᠦᠮᠡᠨ ᠲᠥᠭᠥᠷᠢᠭ ᠲᠣᠷᠭᠠᠬᠤ ᠬᠠᠮᠲᠤ ᠬᠠᠸᠯᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠣᠷᠢᠶᠠᠨ ᠠᠪᠴᠠᠶ ᠃ ᠲᠤᠰ ᠳ᠋ᠧᠦᠹᠦ᠋ ᠬᠤᠷᠰᠢᠶ᠎ᠠ ᠲᠣᠭᠲᠠᠭᠰᠠᠨ ᠬᠤᠭᠤᠴᠠᠭᠠᠨ ᠳᠠᠭᠠᠨ ᠲᠣᠷᠭᠠᠭᠤᠯᠢ ᠵᠣᠭᠣᠰ ᠲᠤᠰᠢᠶᠠᠭᠰᠠᠨ ᠦᠭᠡᠢ ᠪᠥᠭᠡᠳ ᠲᠣᠭᠲᠠᠭᠰᠠᠨ ᠬᠤᠭᠤᠴᠠᠭᠠᠨ ᠳᠣᠲᠣᠷ᠎ᠠ ᠵᠠᠰᠠᠭ ᠵᠠᠬᠢᠷᠭᠠᠨ ᠲᠠᠬᠢᠨ ᠵᠥᠪᠯᠡᠭᠦᠯᠬᠦ ᠪᠡᠷ ᠭᠤᠶᠤᠴᠢᠯᠠᠭᠰᠠᠨ ᠦᠭᠡᠢ ᠪᠤᠶᠤ ᠵᠠᠰᠠᠭ ᠵᠠᠬᠢᠷᠭᠠᠨ ᠵᠠᠷᠭᠤ ᠬᠢᠭᠰᠡᠨ ᠦᠭᠡᠢ᠂ ᠵᠠᠰᠠᠭ ᠵᠠᠬᠢᠷᠭᠠᠨ ᠪᠠᠶᠢᠭᠤᠯᠭ᠎ᠠ ᠰᠢᠪᠠᠳᠠᠨ ᠮᠡᠳᠡᠭᠳᠡᠭᠰᠡᠨ ᠲᠠᠷᠠᠭ᠎ᠠ᠂ ᠲᠡᠭᠦᠨ ᠢ 8.5 ᠲᠦᠮᠡᠨ ᠲᠥᠭᠥᠷᠢᠭ ᠲᠣᠷᠭᠠᠬᠤ ᠪᠠᠷ ᠨᠡᠮᠡᠵᠦ ᠰᠢᠳᠬᠡᠭᠰᠡᠨ ᠪᠥᠭᠡᠳ ᠰᠢᠭᠦᠬᠦ ᠬᠣᠷᠢᠶᠠᠨ ᠳᠤ ᠠᠯᠪᠠᠳᠠᠨ ᠭᠦᠢᠴᠡᠳᠬᠡᠭᠦᠯᠬᠦ ᠪᠡᠷ ᠭᠤᠶᠤᠴᠢᠯᠠᠵᠠᠶ᠃2022 ᠣᠨ 6 ᠰᠠᠷ᠎ᠠ ᠳᠤ ᠂ ᠰᠢᠭᠦᠬᠦ ᠬᠣᠷᠢᠶ᠎ᠠ ᠠᠴᠠ ᠲᠣᠰ ᠳ᠋ᠧᠦᠹᠦ᠋ ᠬᠣᠷᠰᠢᠶ᠎ᠠ ᠠᠯᠪᠠᠳᠠᠯᠭ᠎ᠠ ᠪᠠᠷ ᠵᠣᠭᠣᠰ ᠲᠣᠷᠭᠠᠬᠤ ᠪᠠ ᠨᠡᠶᠢᠲᠡ 17 ᠲᠦᠮᠡᠨ ᠲᠥᠭᠥᠷᠢᠭ ᠵᠣᠭᠣᠰ ᠲᠣᠷᠭᠠᠬᠤ ᠪᠠᠷ ᠨᠡᠮᠡᠵᠦ ᠰᠢᠳᠬᠡᠬᠦ ᠵᠥᠪᠰᠢᠶᠡᠷᠡᠬᠦ ᠲᠣᠭᠲᠠᠭᠠᠯᠲᠠ ᠭᠠᠷᠭᠠᠪᠠ ᠃ᠲᠤᠰ ᠳ᠋ᠧᠦᠹᠦ᠋ ᠬᠤᠷᠰᠢᠶ᠎ᠠ ᠨᠢ ᠪᠠᠶᠢᠳᠠᠯ ᠢ ᠨᠢ ᠦᠵᠡᠵᠦ ᠪᠠᠶᠢᠭᠠᠳ ᠬᠡᠰᠡᠭ ᠲᠣᠷᠭᠠᠭᠤᠯᠢ ᠵᠣᠭᠣᠰ ᠢ ᠬᠥᠩᠭᠡᠯᠡᠵᠦ᠂ ᠠᠵᠤ ᠠᠬᠤᠶᠢᠯᠠᠯ ᠳᠠᠷᠤᠭᠠᠰᠤ ᠬᠥᠩᠭᠡᠯᠡᠬᠦ ᠬᠦᠰᠡᠵᠦ ᠪᠠᠶᠢᠨ᠎ᠠ᠃ ᠲᠣᠰ ᠬᠡᠷᠡᠭ ᠢ ᠰᠢᠶᠳᠪᠦᠷᠢᠯᠡᠬᠦ ᠪᠡᠷ ᠭᠥᠯᠢᠶᠡᠨ ᠠᠪᠤᠭᠰᠠᠨ ᠳᠠᠷᠠᠭ᠎ᠠ ᠂ ᠰᠠᠶᠢᠬᠠᠨ ᠲᠣᠭᠣᠷᠢᠭ ᠪᠠᠶᠢᠴᠠᠭᠠᠬᠤ ᠬᠣᠷᠢᠶᠠᠨ ᠵᠠᠰᠠᠭ ᠵᠠᠬᠢᠷᠭᠠᠨ ᠪᠠᠶᠢᠴᠠᠭᠠᠬᠤ ᠰᠠᠯᠠᠭ᠎ᠠ ᠮᠥᠴᠢᠷ ᠲᠡᠷᠡ ᠳᠠᠷᠤᠶ ᠳᠤᠨᠢ ᠵᠠᠰᠠᠭ ᠵᠠᠬᠢᠷᠭᠠᠨ ᠪᠠᠶᠢᠭᠤᠯᠭ᠎ᠠ ᠲᠠᠶ ᠨᠡᠪᠲᠡᠷᠡᠯᠴᠡᠵᠦ ᠂ ᠲᠡᠭᠦᠨ ᠲᠣᠷᠭᠠᠭᠤᠯᠢ ᠵᠣᠭᠣᠰ ᠢ ᠬᠠᠰᠤᠵᠤ ᠭᠡᠯᠳᠦᠷᠢᠭᠦᠯᠬᠦ ᠪᠠ ᠨᠡᠮᠡᠵᠦ ᠰᠢᠳᠬᠡᠬᠦ ᠬᠦᠰᠡᠯ ᠲᠡᠶ ᠪᠠᠶᠢᠬᠤ ᠣᠯᠵᠤ ᠮᠡᠳᠡᠵᠡᠶ ᠃
ᠲᠣᠷᠭᠠᠭᠤᠯᠢ ᠵᠣᠭᠣᠰ ᠢ ᠬᠥᠩᠭᠡᠯᠡᠨ ᠬᠡᠯᠲᠦᠷᠢᠭᠦᠯᠵᠦ ᠂ ᠨᠡᠮᠡᠵᠦ ᠰᠢᠳᠬᠡᠵᠦ ᠪᠣᠯᠬᠤ ᠡᠰᠡᠬᠦ ᠲᠤᠬᠠᠶ ᠲᠤᠰ ᠬᠣᠷᠢᠶᠠᠨ ᠵᠠᠰᠠᠭ ᠵᠠᠬᠢᠷᠭᠠᠨ ᠪᠠᠶᠢᠴᠠᠭᠠᠬᠤ ᠰᠠᠯᠠᠭ᠎ᠠ ᠮᠥᠴᠢᠷ ᠬᠠᠤᠯᠢ ᠴᠠᠭᠠᠵᠠ ᠲᠣᠭᠲᠠᠭᠠᠯ ᠢ ᠨᠠᠷᠢᠨ ᠬᠢᠨᠠᠮᠠᠭᠠᠶ ᠰᠤᠳᠤᠯᠤᠭᠰᠠᠨ ᠳᠠᠷᠠᠭ᠎ᠠ ᠰᠠᠨᠠᠯ ᠨᠢᠭᠡᠲᠡᠶ ᠦᠵᠡᠭᠰᠡᠨ ᠨᠢ ᠂ ᠵᠠᠰᠠᠭ ᠵᠠᠬᠢᠷᠭᠠᠨ ᠠᠯᠪᠠᠳᠠᠯᠭ᠎ᠠ ᠬᠠᠤᠯᠢ ᠬᠣᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ ᠂ ᠵᠠᠰᠠᠭ ᠵᠠᠬᠢᠷᠭᠠᠨ ᠪᠠᠶᠢᠭᠤᠯᠭ᠎ᠠ ᠠᠯᠪᠠᠳᠠᠯᠭ᠎ᠠ ᠪᠠᠷ ᠭᠦᠢᠴᠡᠳᠬᠡᠬᠦ ᠠᠵᠢᠯᠯᠠᠭ᠎ᠠ ᠳᠤᠮᠳᠠ ᠪᠠᠨ ᠡᠳ᠋ ᠬᠥᠷᠥᠩᠭᠡ ᠴᠢᠨᠠᠷᠲᠠᠶ ᠰᠢᠳᠭᠡᠯ ᠳᠦ ᠵᠣᠬᠢᠬᠤ ᠬᠡᠮᠵᠢᠶᠡᠨ ᠴᠢᠯᠥᠭᠡᠲᠦ ᠲᠠᠰᠤᠯᠤᠯᠲᠠ ᠡᠷᠬᠡ ᠲᠡᠶ ᠃ᠠᠯᠪᠠᠳᠠᠨ ᠭᠦᠢᠴᠡᠳᠬᠡᠭᠦᠯᠬᠦ ᠠᠵᠢᠯᠯᠠᠭ᠎ᠠ ᠨᠢ ᠰᠢᠭᠦᠬᠦ ᠬᠣᠷᠢᠶᠠᠨ ᠵᠠᠷᠭᠤ ᠪᠤᠰᠤ ᠭᠦᠢᠴᠡᠳᠬᠡᠬᠦ ᠵᠠᠩᠭᠢᠯᠠᠭ᠎ᠠ ᠳᠤ ᠤᠷᠤᠭᠰᠠᠨ ᠲᠠᠷᠠᠭ᠎ᠠ᠂ ᠵᠠᠰᠠᠭ ᠵᠠᠬᠢᠷᠭᠠᠨ ᠪᠠᠶᠢᠭᠤᠯᠭ᠎ᠠ ᠮᠥᠨ ᠯᠡ ᠦᠢᠯᠡᠳᠦᠯ ᠭᠠᠷᠭᠠᠵᠤ ᠪᠣᠯᠤᠨ᠎ᠠ᠃ ᠪᠡᠶᠡᠴᠢ ᠲᠠᠯ᠎ᠠ ᠠᠴᠠ ᠪᠤᠷᠤᠭᠤ ᠲᠠᠨᠢᠵᠤ᠂ ᠪᠤᠰᠤᠳᠴᠢ ᠲᠠᠯ᠎ᠠ ᠠᠴᠠ ᠨᠥᠬᠥᠪᠥᠷᠢᠯᠡᠬᠦ ᠠᠷᠭ᠎ᠠ ᠬᠡᠮᠵᠢᠶ᠎ᠡ ᠠᠪᠤᠭᠰᠠᠨ ᠵᠠᠰᠠᠭ ᠵᠠᠬᠢᠷᠭᠠᠨ ᠬᠠᠷᠢᠴᠠᠩᠭᠤᠶ ᠬᠥᠮᠦᠨ ᠢ ᠵᠠᠰᠠᠭ ᠵᠠᠬᠢᠷᠭᠠᠨ ᠵᠠᠷᠭᠤ ᠪᠤᠰᠤ ᠭᠦᠢᠴᠡᠳᠬᠡᠬᠦ ᠶᠠᠪᠤᠴᠠ ᠳᠤ ᠵᠣᠬᠢᠬᠤ ᠨᠥᠬᠥᠴᠡᠯ ᠳᠦ ᠨᠡᠶᠢᠴᠡᠨ᠎ᠡ ᠭᠡᠵᠦ ᠦᠵᠡᠪᠡᠯ᠂ ᠵᠠᠰᠠᠭ ᠵᠠᠬᠢᠷᠭᠠᠨ ᠪᠠᠶᠢᠭᠤᠯᠭ᠎ᠠ ᠲᠡᠭᠦᠨ ᠲᠡᠶ ᠭᠦᠢᠴᠡᠳᠬᠡᠬᠦ ᠬᠡᠯᠡᠯᠴᠡᠭᠡᠷ ᠲᠣᠭᠲᠠᠭᠠᠬᠤ ᠣᠷᠣᠨ ᠵᠠᠶ ᠲᠠᠶ᠃ ᠬᠣᠯᠪᠣᠭᠳᠠᠯ ᠪᠦᠬᠦᠢ ᠬᠠᠤᠯᠢ ᠴᠠᠭᠠᠵᠠ ᠦᠨᠳᠦᠰᠦ ᠪᠠᠷᠢᠮᠲᠠ ᠵᠢᠴᠢ ᠬᠣᠯᠪᠣᠭᠳᠠᠯ ᠪᠦᠬᠦᠢ ᠬᠡᠷᠡᠭ ᠵᠢᠱᠢᠢ᠎ᠡ ᠡᠷᠢᠵᠦ ᠣᠯᠤᠭᠰᠠᠨ ᠳᠠᠷᠠᠭ᠎ᠠ᠂ ᠡᠨᠡ ᠵᠢᠯ 8 ᠰᠠᠷ᠎ᠠ 21 ᠡᠳᠦᠷ᠂ ᠰᠠᠶᠢᠬᠠᠨ ᠲᠣᠭᠣᠷᠢᠭ ᠪᠠᠶᠢᠴᠠᠭᠠᠬᠤ ᠬᠣᠷᠢᠢ᠎ᠠ ᠵᠠᠰᠠᠭ ᠵᠠᠬᠢᠷᠭᠠᠨ ᠪᠠᠶᠢᠴᠠᠭᠠᠭᠴᠢ ᠲᠤᠰᠢᠶᠠᠯᠲᠠᠨ ᠳ᠋ᠧᠦᠹᠦ᠋ ᠦᠢᠯᠡᠳᠪᠦᠷᠢᠯᠡᠬᠦ ᠲᠠᠰᠤᠭ ᠲᠤ ᠬᠦᠷᠴᠦ᠂ ᠲᠤᠰ ᠳ᠋ᠧᠦᠹᠦ᠋ ᠬᠤᠷᠰᠢᠶ᠎ᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠤᠬᠠᠢ ᠭᠠᠵᠠᠷ ᠲᠤᠨᠢ ᠪᠠᠶᠢᠴᠠᠭᠠᠨ ᠦᠵᠡᠪᠡ᠃ ᠬᠢᠨᠠᠨ ᠮᠠᠭᠠᠳᠯᠠᠭᠰᠠᠨ ᠂ ᠲᠣᠰ ᠳ᠋ᠧᠦᠹᠦ᠋ ᠬᠣᠷᠰᠢᠶ᠎ᠠ ᠰᠢᠳᠬᠡᠭᠰᠡᠨ ᠳᠠᠷᠠᠭ᠎ᠠ ᠢᠳᠡᠪᠬᠢᠲᠡᠶ ᠪᠡᠷ ᠴᠡᠭᠴᠡᠯᠡᠨ ᠥᠭᠡᠷᠡᠴᠢᠯᠡᠵᠦ ᠂ ᠳ᠋ᠧᠦᠹᠦ᠋ ᠰᠣᠯᠢᠬᠤ ᠳᠤ ᠬᠡᠷᠡᠭᠯᠡᠬᠦ ᠤᠰᠤ ᠂ ᠦᠶᠯᠡᠳᠪᠦᠷᠢᠯᠡᠯ ᠲᠠᠰᠤᠭ ᠲᠤ ᠬᠦᠷᠢᠨ ᠭᠠᠳᠠᠨᠠᠬᠢ ᠲᠤᠶᠠᠭᠠᠨ ᠸᠢᠷᠦ᠋ᠰ ᠠᠯᠠᠬᠤ ᠲᠥᠬᠥᠭᠡᠷᠦᠮᠵᠢ ᠨᠡᠮᠡᠬᠦ ᠂ ᠭᠠᠳᠠᠷ ᠪᠣᠭᠣᠳᠠᠯ ᠳᠡᠭᠡᠷ᠎ᠡ ᠢᠳᠡᠭᠡᠨ ᠰᠠᠨᠠᠭᠤᠯᠤᠮᠵᠢ ᠬᠠᠳᠠᠬᠤ ᠵᠡᠷᠭᠡ ᠠᠷᠭ᠎ᠠ ᠬᠡᠮᠵᠢᠶ᠎ᠡ ᠠᠪᠴᠤ 《ᠬᠦᠴᠢᠯᠯᠢᠭ ᠡᠭᠡᠳᠡᠩ ᠲᠠᠢ ᠳ᠋ᠧᠦᠹᠦ᠋ 》 ᠨᠠᠩ ᠠᠷᠢᠭᠤᠨ ᠴᠡᠪᠡᠷ ᠪᠣᠯᠭᠠᠵᠠᠶ ᠃ ᠪᠠᠶᠢᠴᠠᠭᠠᠬᠤ ᠲᠤᠰᠢᠶᠠᠯᠲᠠᠨ ᠤᠯᠠᠮ ᠨᠢᠭᠡ ᠠᠯᠬᠤᠮ ᠣᠶᠢᠯᠠᠭᠠᠭᠰᠠᠨ ᠂ ᠲᠣᠰ ᠳ᠋ᠧᠦᠹᠦ᠋ ᠬᠣᠷᠰᠢᠶᠠᠵᠢᠯ ᠲᠣᠷᠭᠠᠭᠤᠯᠢ ᠵᠣᠭᠣᠰ ᠢ ᠴᠠᠭ ᠲᠤᠬᠠᠶ ᠳᠤᠨᠢ ᠲᠤᠰᠢᠶᠠᠭᠰᠠᠨ ᠥᠬᠡᠶ ᠨᠢ ᠲᠤᠬᠠᠶ ᠦᠶ᠎ᠡ ᠬᠢᠵᠢᠭ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠪᠤᠰᠤᠳᠴᠢ ᠬᠦᠴᠦᠨ ᠵᠦᠶᠯ ᠨᠥᠯᠥᠭᠡ ᠦᠨᠡᠨ ᠬᠦ ᠭᠥᠷᠳᠡᠭᠰᠡᠨ ᠪᠠᠶᠢᠨ᠎ᠠ᠃
8 ᠰᠠᠷ᠎ᠠ 23 ᠡᠳᠦᠷ ᠂ ᠲᠣᠷᠭᠠᠭᠤᠯᠢ ᠵᠣᠭᠣᠰ ᠢ ᠬᠠᠰᠤᠵᠤ ᠭᠡᠯᠳᠦᠷᠢᠭᠦᠯᠬᠦ ᠪᠠ ᠨᠡᠮᠡᠵᠦ ᠰᠢᠳᠬᠡᠵᠦ ᠪᠣᠯᠬᠤ ᠡᠰᠡᠬᠦ ᠠᠰᠠᠭᠤᠳᠠᠯ ᠳᠤ ᠴᠢᠭᠯᠡᠭᠦᠯᠦᠨ ᠂ ᠰᠠᠶᠢᠬᠠᠨ ᠲᠣᠭᠣᠷᠢᠭ ᠪᠠᠶᠢᠴᠠᠭᠠᠬᠤ ᠬᠣᠷᠢᠶ᠎ᠠ ᠢᠯᠡ ᠪᠡᠷ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠵᠤ ᠂ ᠠᠷᠠᠳ ᠲᠥᠯᠥᠭᠡᠯᠡᠭᠴᠢᠳ ᠶᠡᠬᠡ ᠬᠤᠷᠠᠯ ᠲᠥᠯᠥᠭᠡᠯᠡᠭᠴᠢ ᠂ ᠤᠯᠤᠰ ᠲᠥᠷᠥ ᠵᠥᠪᠯᠡᠯᠭᠡᠨ ᠭᠡᠰᠢᠭᠦᠨ ᠢ ᠤᠷᠢᠨ ᠣᠷᠣᠯᠴᠠᠭᠤᠯᠵᠠᠶ ᠃ ᠭᠡᠷᠡᠴᠢᠯᠡᠭᠡ ᠰᠣᠨᠣᠰᠬᠤ ᠬᠤᠷᠠᠯ ᠳᠡᠭᠡᠷ᠎ᠡ ᠂ ᠬᠡᠷᠡᠭ ᠰᠢᠶᠳᠪᠦᠷᠢᠯᠡᠬᠦ ᠠᠵᠢᠯᠲᠠᠨ ᠬᠡᠷᠡᠭ ᠭᠣᠸᠯ ᠪᠠᠶᠢᠳᠠᠯ ᠪᠠ ᠭᠡᠷᠡᠴᠢᠯᠡᠭᠡ ᠰᠣᠨᠣᠰᠬᠤ ᠴᠢᠬᠤᠯᠠᠲᠠᠶ ᠠᠰᠠᠭᠤᠳᠠᠯ ᠢ ᠲᠠᠨᠢᠯᠴᠠᠭᠤᠯᠵᠤ ᠂ ᠲᠣᠰ ᠳ᠋ᠧᠦᠹᠦ᠋ ᠬᠣᠷᠰᠢᠶᠠᠨ ᠬᠠᠷᠢᠭᠤᠴᠠᠯᠭᠠᠲᠠᠨ ᠲᠣᠷᠭᠠᠭᠤᠯᠢ ᠵᠣᠭᠣᠰ ᠢ ᠬᠠᠰᠤᠵᠤ ᠭᠡᠯᠳᠦᠷᠢᠭᠦᠯᠬᠦ ᠪᠡᠷ ᠭᠤᠶᠤᠴᠢᠯᠠᠬᠤ ᠤᠴᠢᠷ ᠰᠢᠯᠲᠠᠭᠠᠨ ᠲᠣᠳᠣᠷᠬᠠᠶᠢᠯᠠᠨ ᠥᠭᠦᠯᠡᠵᠦ ᠂ ᠵᠠᠰᠠᠭ ᠵᠠᠬᠢᠷᠭᠠᠨ ᠪᠠᠶᠢᠭᠤᠯᠭ᠎ᠠ ᠲᠥᠯᠥᠭᠡᠯᠡᠭᠴᠢ ᠬᠡᠷᠡᠭ ᠢ ᠰᠢᠶᠳᠪᠦᠷᠢᠯᠡᠭᠰᠡᠨ ᠶᠠᠪᠤᠴᠠ ᠲᠠᠨᠢᠯᠴᠠᠭᠤᠯᠤᠭᠰᠠᠨ ᠪᠥᠭᠡᠳ ᠰᠠᠨᠠᠯ ᠢᠯᠡᠳᠬᠡᠵᠦ ᠂ ᠭᠡᠷᠡᠴᠢᠯᠡᠭᠡ ᠰᠣᠨᠣᠰᠤᠭᠴᠢ ᠳ᠋ᠧᠦᠹᠦ᠋ ᠬᠣᠷᠰᠢᠶᠠᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠂ ᠦᠶᠯᠡᠳᠪᠦᠷᠢᠯᠡᠯ ᠡᠵᠡᠩᠨᠡᠯᠲᠡ ᠣᠳᠣᠬᠢ ᠪᠠᠶᠢᠳᠠᠯ ᠵᠡᠷᠭᠡ ᠠᠰᠠᠭᠤᠳᠠᠯ ᠲᠣᠭᠣᠷᠢᠨ ᠳᠤ ᠯᠠᠪᠯᠠᠨ ᠠᠰᠠᠭᠤᠵᠠᠶ ᠃ ᠰᠠᠨᠠᠯ ᠰᠣᠨᠣᠰᠤᠭᠴᠢ ᠠᠴᠠ ᠲᠤᠰ ᠳ᠋ᠧᠦᠹᠦ᠋ ᠬᠤᠷᠰᠢᠶ᠎ᠠ ᠵᠣᠭᠣᠰ ᠲᠣᠷᠭᠠᠬᠤ ᠠᠴᠠ ᠬᠡᠯᠲᠦᠷᠢᠭᠦᠯᠬᠦ ᠪᠡᠷ ᠰᠠᠨᠠᠯ ᠨᠢᠭᠡᠲᠡᠶ ᠵᠥᠪᠰᠢᠶᠡᠷᠡᠪᠡ᠃
ᠬᠤᠷᠠᠯ ᠲᠠᠷᠠᠭ᠎ᠠ᠂ ᠰᠠᠨᠠᠯ ᠰᠣᠨᠣᠰᠬᠤ ᠬᠤᠷᠠᠯ ᠰᠠᠨᠠᠯ ᠲᠠᠶ ᠤᠶᠠᠯᠳᠤᠭᠤᠯᠤᠨ᠂ ᠪᠠᠶᠢᠴᠠᠭᠠᠬᠤ ᠪᠠᠶᠢᠭᠤᠯᠭ᠎ᠠ ᠡᠷᠬᠢᠯᠡᠯ ᠳᠣᠣᠷ᠎ᠠ᠂ ᠲᠤᠰ ᠳ᠋ᠧᠦᠹᠦ᠋ ᠬᠤᠷᠰᠢᠶ᠎ᠠ ᠨᠢ ᠨᠢᠭᠡᠨ ᠵᠠᠰᠠᠭ ᠵᠠᠬᠢᠷᠭᠠᠨ ᠪᠠᠶᠢᠭᠤᠯᠭ᠎ᠠ ᠲᠠᠶ ᠡᠶᠡᠳᠡᠬᠦ ᠬᠡᠯᠡᠯᠴᠡᠭᠡᠷ ᠲᠣᠭᠲᠠᠭᠠᠵᠤ᠂ ᠵᠠᠰᠠᠭ ᠵᠠᠬᠢᠷᠭᠠᠨ ᠪᠠᠶᠢᠭᠤᠯᠭ᠎ᠠ ᠠᠴᠠ 8.5 ᠲᠦᠮᠡᠨ ᠲᠥᠭᠥᠷᠢᠭ ᠵᠣᠭᠣᠰ ᠨᠡᠮᠡᠵᠦ ᠲᠣᠷᠭᠠᠬᠤ ᠬᠡᠯᠲᠦᠷᠢᠭᠦᠯᠬᠦ ᠵᠥᠪᠰᠢᠶᠡᠷᠡᠪᠡ᠃ ᠬᠡᠯᠡᠯᠴᠡᠭᠡᠷ ᠲᠦ ᠭᠠᠷ ᠦᠰᠦᠭ ᠵᠢᠷᠤᠭᠰᠠᠨ ᠲᠠᠷᠠᠭ᠎ᠠ᠂ ᠬᠡᠷᠡᠭ ᠰᠢᠶᠳᠪᠦᠷᠢᠯᠡᠬᠦ ᠠᠵᠢᠯᠳᠠᠨ ᠲᠡᠷᠡ ᠳᠠᠷᠤᠶ ᠳᠤᠨᠢ ᠬᠣᠶᠠᠷ ᠲᠠᠯ᠎ᠠ ᠲᠤᠬᠠᠶ ᠬᠥᠮᠦᠨ ᠢ ᠳᠠᠭᠠᠭᠤᠯᠤᠨ ᠰᠢᠭᠦᠬᠦ ᠬᠣᠷᠢᠶᠠᠨ ᠳᠤ ᠬᠦᠷᠴᠦ ᠡᠶᠡᠳᠡᠬᠦ ᠬᠡᠯᠡᠯᠴᠡᠭᠡᠷ ᠳᠡᠪᠰᠢᠭᠦᠯᠦᠭᠡᠳ᠂ ᠪᠠᠶᠢᠴᠠᠭᠠᠬᠤ ᠠᠵᠢᠯ ᠲᠠᠯ᠎ᠠ ᠪᠠᠷ ᠡᠶᠡᠳᠡᠬᠦ ᠪᠠ ᠭᠦᠢᠴᠡᠳᠬᠡᠬᠦ ᠠᠵᠢᠯ ᠲᠠᠯ᠎ᠠ ᠪᠠᠷ ᠡᠶᠡᠳᠡᠬᠦ ᠵᠠᠪᠰᠠᠷ ᠦᠭᠡᠢ ᠵᠣᠯᠭᠠᠭᠤᠯᠬᠤ ᠪᠡᠶᠡᠯᠡᠭᠦᠯᠪᠡ᠃