ᠡᠵᠡᠨ ᠬᠤᠷᠤᠭ᠎ᠠ ᠬᠤᠰᠢᠭᠤᠨ ᠠᠷᠠᠳ ᠪᠠᠶᠢᠴᠠᠭᠠᠬᠤ ᠬᠤᠷᠢᠶ᠎ᠠ ︽ᠨᠢᠭᠡ ᠰᠡᠳᠬᠢᠯ ᠨᠠᠬᠢᠶ᠎ᠠ ᠬᠠᠮᠠᠭᠠᠯᠠᠬᠤ︾ ᠨᠠᠰᠤᠨ ᠳᠤ ᠥᠯᠥ ᠬᠦᠷᠦᠭᠰᠡᠳ ᠡᠷᠬᠡ ᠠᠰᠢᠭ ᠲᠤ ᠬᠠᠯᠳᠠᠭᠰᠠᠨ ᠮᠡᠳᠡᠭᠦᠯᠦᠯᠲᠡ ᠰᠢᠰᠲ᠋ᠧᠮ ᠢ ᠵᠢᠩᠬᠢᠨᠢ ᠪᠠᠷ ᠰᠦᠯᠵᠢᠶᠡᠨ ᠳᠤ ᠣᠷᠣᠭᠤᠯᠤᠨ ᠠᠵᠢᠯᠯᠠᠭᠤᠯᠪᠠ
2023-10-26 17:41:18
ᠣᠶᠢᠷ᠎ᠠ ᠳᠤ᠂ ᠡᠵᠡᠨ ᠬᠤᠷᠤᠭ᠎ᠠ ᠬᠤᠰᠢᠭᠤᠨ ᠠᠷᠠᠳ ᠪᠠᠶᠢᠴᠠᠭᠠᠬᠤ ᠬᠤᠷᠢᠶ᠎ᠠ ᠠᠴᠠ ᠬᠤᠰᠢᠭᠤᠨ ᠲᠣᠮᠣ ᠳ᠋ᠠᠶᠢᠲ᠋ᠠ ᠲᠥᠪ᠂ ᠬᠤᠰᠢᠭᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠵᠥᠪᠯᠡᠯ ᠲᠠᠢ ᠬᠠᠮᠲᠤᠷᠠᠨ᠂ ︽ᠨᠢᠭᠡ ᠰᠡᠳᠬᠢᠯ ᠨᠠᠬᠢᠶ᠎ᠠ ᠬᠠᠮᠠᠭᠠᠯᠠᠬᠤ︾ ᠨᠠᠰᠤᠨ ᠳᠤ ᠥᠯᠥ ᠭᠦᠷᠦᠭᠰᠡᠳ ᠡᠷᠬᠡ ᠠᠰᠢᠭ ᠬᠠᠯᠳᠠᠯᠭ᠎ᠠ ᠮᠡᠳᠡᠭᠦᠯᠦᠯᠲᠡ ᠰᠢᠰᠲ᠋ᠧᠮ ︵ᠳᠣᠷᠣᠭᠰᠢ ᠰᠢᠰᠲ᠋ᠧᠮ ᠭᠡᠵᠦ ᠲᠣᠪᠴᠢᠯᠠᠨ᠎ᠠ︶ ᠢ ᠡᠭᠦᠳᠦᠨ ᠭᠠᠷᠭᠠᠪᠠ᠃ ᠲᠣᠰ ᠰᠢᠰᠲ᠋ᠧᠮ ᠨᠢ ᠪᠥᠬᠦ ᠬᠤᠰᠢᠭᠤᠨ ᠤᠶᠤᠨᠲᠤ ᠨᠡᠶᠢᠭᠡᠮ ᠲᠣᠭᠤᠷᠢᠭ ᠦᠢᠯᠡᠴᠢᠯᠡᠭᠡᠨ ᠰᠢᠰᠲ᠋ᠧᠮ ᠳᠤ ᠲᠦᠰᠢᠭᠯᠡᠨ᠂ ᠨᠡᠶᠢᠭᠡᠮ ᠲᠣᠭᠤᠷᠢᠭ᠂ ᠪᠠᠭᠤᠳᠠᠯ᠂ ᠰᠤᠷᠭᠠᠭᠤᠯᠢ᠂ ᠡᠮᠨᠡᠯᠭᠡ ᠬᠤᠷᠢᠶ᠎ᠠ ᠵᠡᠷᠭᠡ ᠨᠠᠰᠤᠨ ᠳᠤ ᠥᠯᠥ ᠭᠦᠷᠦᠭᠰᠡᠳ ᠪᠡᠶᠡᠴᠢ ᠴᠣᠭᠴᠠ ᠲᠠᠢ ᠨᠢᠭᠲᠠ ᠬᠠᠷᠢᠯᠴᠠᠵᠤ᠂ ᠨᠠᠰᠤᠨ ᠳᠤ ᠥᠯᠥ ᠭᠦᠷᠦᠭᠰᠡᠳ ᠡᠷᠬᠡ ᠠᠰᠢᠭ ᠲᠤ ᠬᠠᠯᠳᠠᠭᠰᠠᠨ ᠰᠦᠪᠡᠭᠴᠢ ᠣᠯᠵᠤ ᠮᠡᠳᠡᠭᠰᠡᠨ ᠳᠠᠷᠠᠭ᠎ᠠ᠂ ᠲᠣᠰ ᠰᠢᠰᠲ᠋ᠧᠮ ᠳᠠᠮᠵᠢᠭᠤᠯᠤᠨ ᠪᠠᠶᠢᠴᠠᠭᠠᠬᠤ ᠪᠠᠶᠢᠭᠤᠯᠭ᠎ᠠ ᠳᠤ ᠮᠡᠳᠡᠭᠦᠯᠵᠦ᠂ ᠨᠠᠰᠤᠨ ᠳᠤ ᠥᠯᠥ ᠭᠦᠷᠦᠭᠰᠡᠳ ᠲᠤ ᠬᠤᠯᠪᠣᠭᠳᠠᠭᠰᠠᠨ ᠬᠡᠷᠡᠭ ᠰᠦᠪᠡᠭᠴᠢ ᠢᠯᠡᠷᠡᠭᠦᠯᠬᠦ ᠳᠤ ᠬᠦᠴᠢᠷᠲᠡᠶ᠂ ᠲᠤᠷᠰᠢᠨ ᠪᠠᠶᠢᠴᠠᠭᠠᠬᠤ ᠳᠤ ᠬᠦᠴᠢᠷᠲᠡᠶ᠂ ᠭᠡᠷᠡᠴᠢ ᠠᠪᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠵᠦ ᠪᠣᠯᠤᠨ᠎ᠠ᠃
ᠡᠷᠬᠡ ᠠᠰᠢᠭ ᠢ ᠬᠠᠮᠠᠭᠠᠯᠠᠬᠤ ᠰᠢᠰᠲ᠋ᠧᠮ ᠨᠢ ᠨᠢᠭᠡ ᠯᠡ ᠳᠠᠷᠤᠪᠴᠢ ᠪᠠᠷ ᠢᠯᠡᠴᠢᠯᠡᠨ ᠮᠡᠳᠡᠭᠦᠯᠬᠦ᠂ ᠬᠢᠴᠢᠶᠡᠯ ᠲᠠᠩᠬᠢᠮ᠂ ᠲᠥᠷᠥᠯ ᠬᠡᠯᠪᠡᠷᠢ ᠲᠠᠶᠢᠯᠤᠮᠵᠢ᠂ ᠨᠡᠶᠢᠲᠡᠯᠢᠭ ᠬᠡᠷᠡᠭ ᠵᠢᠱᠢᠶ᠎ᠡ᠂ ᠢᠯᠡᠴᠢᠯᠡᠨ ᠮᠡᠳᠡᠭᠦᠯᠦᠭᠰᠡᠳ ᠢ ᠱᠠᠩᠨᠠᠬᠤ ᠵᠡᠷᠭᠡ 5 ᠴᠢᠳᠠᠮᠵᠢᠳᠤ ᠬᠡᠰᠡᠭ ᠪᠦᠷᠢᠯᠳᠦᠵᠡᠶ᠃ ᠰᠢᠰᠲ᠋ᠧᠮ ᠠᠷᠤ ᠲᠠᠪᠴᠠᠩ ᠢ ᠪᠠᠶᠢᠴᠠᠭᠠᠬᠤ ᠪᠠᠶᠢᠭᠤᠯᠭ᠎ᠠ 7 ᠡᠳᠦᠷ ᠳᠣᠲᠣᠷ᠎ᠠ ᠰᠦᠪᠡᠭᠴᠢ ᠰᠢᠢᠳᠪᠦᠷᠢᠯᠡᠬᠦ ᠠᠬᠢᠴᠠ ᠲᠠᠭᠯᠠᠨ ᠮᠡᠳᠡᠭᠦᠯᠵᠦ᠂ ᠲᠤᠰᠬᠠᠶ ᠬᠥᠮᠦᠨ ᠬᠠᠮᠢᠶᠠᠷᠤᠭᠤᠯᠵᠤ᠂ ᠲᠤᠭ᠎ᠠ ᠪᠦᠷᠢᠳᠬᠡᠯ ᠰᠢᠰᠲ᠋ᠧᠮ ᠢ ᠵᠡᠷᠭᠡ ᠪᠠᠷ ᠲᠣᠬᠢᠷᠠᠭᠤᠯᠬᠤ ᠬᠠᠮᠲᠤ ᠤᠷᠢᠳᠴᠢᠯᠠᠨ ᠰᠡᠷᠡᠮᠵᠢᠯᠡᠭᠦᠯᠬᠦ ᠴᠢᠳᠠᠮᠵᠢ ᠲᠣᠬᠢᠷᠠᠭᠤᠯᠤᠨ᠎ᠠ᠃ ᠨᠠᠰᠤᠨ ᠳᠤ ᠥᠯᠥ ᠭᠦᠷᠦᠭᠰᠡᠳ ᠡᠷᠡᠭᠦᠦ ᠬᠡᠷᠡᠭ᠂ ᠢᠷᠭᠡᠨ ᠬᠡᠷᠡᠭ᠂ ᠵᠠᠰᠠᠭ ᠵᠠᠬᠢᠷᠭ᠎ᠠ᠂ ᠨᠡᠶᠢᠲᠡ ᠠᠰᠢᠭ ᠵᠠᠷᠭᠤ ᠡᠷᠬᠡ ᠠᠰᠢᠭ ᠲᠤ ᠬᠠᠯᠳᠠᠭᠰᠠᠨ ᠨᠡᠶᠢᠲᠡ 12 ᠵᠦᠢᠯ ᠰᠦᠪᠡᠭᠴᠢ ᠲᠥᠷᠥᠯ ᠵᠦᠢᠯ ᠳᠤ ᠰᠢᠰᠲ᠋ᠧᠮ ᠲᠠᠢ ᠠᠩᠬᠠᠷᠤᠯ ᠲᠥᠪᠯᠡᠷᠡᠭᠦᠯᠵᠦ᠂ ᠢᠯᠡᠴᠢᠯᠡᠨ ᠮᠡᠳᠡᠭᠦᠯᠬᠦ᠂ ᠰᠢᠢᠳᠪᠦᠷᠢᠯᠡᠬᠦ᠂ ᠬᠢᠨᠠᠯᠲᠠ ᠲᠠᠯᠪᠢᠬᠤ ᠭᠤᠷᠪᠠᠨ ᠶᠡᠭᠡ ᠴᠢᠳᠠᠮᠵᠢ ᠨᠢᠭᠡ ᠴᠣᠭᠴᠠᠵᠢᠭᠤᠯᠵᠤ᠂ ᠨᠠᠰᠤᠨ ᠳᠤ ᠥᠯᠥ ᠭᠦᠷᠦᠭᠰᠡᠳ ᠡᠷᠬᠡ ᠠᠰᠢᠭ ᠲᠤ ᠬᠠᠯᠳᠠᠭᠰᠠᠨ ᠦᠢᠯᠡ ᠠᠵᠢᠯᠯᠠᠭ᠎ᠠ ᠡᠷᠲᠡ ᠢᠯᠡᠷᠡᠭᠦᠯᠬᠦ᠂ ᠡᠷᠲᠡ ᠭᠠᠷ ᠲᠦᠷᠦᠭᠦ᠂ ᠡᠷᠲᠡ ᠵᠠᠯᠬᠠᠭᠠᠨ ᠰᠢᠢᠳᠬᠡᠬᠦ ᠪᠡᠶᠡᠯᠡᠭᠦᠯᠵᠦ᠂ ᠨᠠᠰᠤᠨ ᠳᠤ ᠥᠯᠥ ᠭᠦᠷᠦᠭᠰᠡᠳ ᠢ ᠦᠷᠭᠦᠯᠵᠢᠯᠡᠨ ᠬᠤᠤᠷᠯᠠᠬᠤ ᠴᠠᠭ ᠲᠤᠬᠠᠶ ᠳᠤᠨᠢ ᠬᠤᠷᠢᠭᠯᠠᠨ᠎ᠠ᠃
ᠡᠮᠴᠢᠯᠡᠭᠡᠨ ᠰᠢᠰᠲ᠋ᠧᠮ ᠠᠯᠪᠠᠲᠠᠨ ᠮᠡᠳᠡᠭᠦᠯᠬᠦ ᠰᠦᠪᠡᠭᠴᠢ ᠰᠢᠢᠳᠪᠦᠷᠢᠯᠡᠬᠦ ᠲᠥᠯᠥᠭᠡ᠂ ᠡᠮᠨᠡᠯᠭᠡ ᠬᠤᠷᠢᠶᠠᠨ ᠣᠨᠣᠰᠢᠯᠠᠨ ᠡᠮᠨᠡᠬᠦ ᠰᠢᠰᠲ᠋ᠧᠮ ᠳᠤ ᠠᠯᠪᠠᠲᠠᠨ ᠮᠡᠳᠡᠭᠦᠯᠬᠦ ᠴᠢᠳᠠᠮᠵᠢ ᠳᠣᠬᠢᠷᠠᠭᠤᠯᠵᠤ᠂ ᠡᠮᠴᠢ ᠠᠴᠠ ᠨᠠᠰᠤᠨ ᠳᠤ ᠥᠯᠥ ᠬᠦᠷᠦᠭᠰᠡᠳ ᠲᠤ ᠬᠠᠯᠳᠠᠭᠰᠠᠨ ᠶᠠᠯᠠᠲᠤ ᠠᠵᠢᠯᠯᠠᠭ᠎ᠠ ᠰᠦᠪᠡᠭᠴᠢ ᠣᠯᠵᠤ ᠮᠡᠳᠡᠭᠰᠡᠨ ᠳᠠᠷᠠᠭ᠎ᠠ᠂ ᠠᠯᠪᠠᠲᠠᠨ ᠮᠡᠳᠡᠭᠦᠯᠬᠦ ᠴᠢᠳᠠᠮᠵᠢ ᠬᠡᠰᠡᠭ ᠳᠠᠮᠵᠢᠭᠤᠯᠤᠨ᠂ ᠠᠯᠪᠠᠲᠠᠨ ᠮᠡᠳᠡᠭᠦᠯᠬᠦ ᠰᠦᠪᠡᠭᠴᠢ ︽ᠨᠢᠭᠡ ᠰᠡᠳᠬᠢᠯ ᠨᠠᠬᠢᠶ᠎ᠠ ᠬᠠᠮᠠᠭᠠᠯᠠᠬᠤ︾ ᠨᠠᠰᠤᠨ ᠳᠤ ᠥᠯᠥ ᠬᠦᠷᠦᠭᠰᠡᠳ ᠡᠷᠬᠡ ᠠᠰᠢᠭ ᠲᠤ ᠬᠠᠯᠳᠠᠭᠰᠠᠨ ᠢ ᠮᠡᠳᠡᠭᠦᠯᠬᠦ ᠰᠢᠰᠲ᠋ᠧᠮ ᠠᠷᠤ ᠲᠠᠪᠴᠠᠩ ᠳᠤ ᠬᠠᠮᠲᠤ ᠳᠤᠨᠢ ᠰᠢᠯᠵᠢᠭᠦᠯᠦᠨ ᠬᠦᠷᠭᠡᠬᠦ ᠦᠨᠡᠨ ᠬᠦ ᠪᠠᠲᠤᠯᠠᠭᠰᠠᠨ ᠪᠠᠶᠢᠨ᠎ᠠ᠃
ᠰᠢᠰᠲ᠋ᠧᠮ ᠵᠢᠩᠬᠢᠨᠢ ᠬᠡᠷᠡᠭᠯᠡᠯᠲᠡ ᠳᠤ ᠣᠷᠣᠭᠰᠠᠨ ᠨᠢ ᠨᠠᠰᠤᠨ ᠳᠤ ᠥᠯᠥ ᠭᠦᠷᠦᠭᠰᠡᠳ ᠡᠷᠬᠡ ᠠᠰᠢᠭ ᠢ ᠬᠠᠮᠠᠭᠠᠯᠠᠬᠤ ᠠᠵᠢᠭᠯᠠᠭᠴᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠳᠠᠷᠠᠭᠤᠯᠵᠤ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠢ ᠬᠡᠷᠡᠭ ᠳᠠᠷᠠᠭ᠎ᠠ ᠴᠣᠬᠢᠯᠲᠠ ᠥᠭᠴᠦ ᠪᠠᠶᠢᠭᠰᠠᠨ ᠢ ᠬᠡᠷᠡᠭ ᠡᠮᠦᠨ᠎ᠡ ᠤᠷᠢᠳᠴᠢᠯᠠᠨ ᠰᠡᠷᠭᠡᠶᠢᠯᠡᠬᠦ ᠪᠣᠯᠭᠠᠨ ᠬᠤᠪᠢᠷᠠᠭᠤᠯᠵᠤ᠂ ᠨᠠᠰᠤᠨ ᠳᠤ ᠥᠯᠥ ᠭᠦᠷᠦᠭᠰᠡᠳ ᠬᠠᠤᠯᠢ ᠶᠣᠰᠣᠨ ᠡᠷᠬᠡ ᠠᠰᠢᠭ ᠲᠤ ᠬᠠᠯᠳᠠᠬᠤ ᠠᠶᠤᠯ ᠲᠦᠭᠰᠢᠭᠦᠷᠢ ᠤᠯᠠᠮ ᠨᠢᠭᠡ ᠠᠯᠬᠤᠮ ᠰᠡᠷᠭᠡᠶᠢᠯᠡᠨ ᠠᠷᠢᠯᠭᠠᠵᠤ᠂ ︽ᠰᠤᠷᠭᠠᠨ ᠬᠥᠮᠦᠵᠢᠯ᠂ ᠡᠮ ᠡᠮᠨᠡᠯᠭᠡ᠂ ᠨᠡᠶᠢᠭᠡᠮ᠂ ᠬᠠᠤᠯᠢ ᠴᠠᠭᠠᠵᠠ︾ ᠵᠡᠷᠭᠡ ᠣᠯᠠᠨ ᠨᠢᠭᠡ ᠴᠣᠭᠴᠠᠵᠢᠭᠰᠠᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠤᠤᠷ ᠢ ᠪᠠᠶᠢᠭᠤᠯᠵᠤ᠂ ︽ᠵᠢᠷᠭᠤᠭᠠᠨ ᠶᠡᠭᠡ ᠬᠠᠮᠠᠭᠠᠯᠠᠯᠲᠠ︾ ᠠᠭᠤᠰᠤᠯᠴᠠᠨ ᠨᠡᠪᠲᠡᠷᠡᠯᠴᠡᠬᠦ ᠦᠨᠡᠨ ᠬᠦ ᠪᠠᠲᠤᠯᠠᠪᠠ᠃