ᠰᠦᠯᠵᠢᠶᠡᠨ ︽ᠵᠠᠯᠠᠭᠤᠴᠤᠳ ᠪᠠᠭᠠᠴᠤᠳ ᠵᠠᠭᠪᠤᠷ︾ ᠢ ᠪᠢᠲᠡᠭᠡᠶ ᠲᠣᠭᠤᠷᠢᠵᠤ ᠭᠠᠷᠤᠭᠠᠷᠠᠢ
2023-10-27 12:51:46
ᠰᠦᠯᠵᠢᠶᠡᠨ ᠦᠢᠯᠡᠴᠢᠯᠡᠭᠡ ᠬᠠᠩᠭᠠᠭᠴᠢ ︽ᠵᠠᠯᠠᠭᠤᠴᠤᠳ ᠪᠠᠭᠠᠴᠤᠳ ᠵᠠᠭᠪᠤᠷ︾ ᠢ ᠲᠣᠬᠢᠷᠠᠭᠤᠯᠬᠤ ᠪᠣᠯ ᠨᠠᠰᠤᠨ ᠳᠤ ᠥᠯᠥ ᠭᠦᠷᠦᠭᠰᠡᠳ ︽ᠰᠦᠯᠵᠢᠶᠡᠨ ᠬᠠᠮᠠᠭᠠᠯᠠᠯᠲᠠ︾ ᠨᠠᠶᠢᠳᠠᠪᠤᠷᠢᠵᠢᠭᠤᠯᠬᠤ ᠨᠢᠭᠡᠨ ᠴᠢᠬᠤᠯᠠ ᠠᠭᠤᠯᠭ᠎ᠠ ᠮᠥᠨ᠃ ᠭᠡᠲᠡᠯ᠎ᠡ ᠪᠣᠳᠠᠲᠤ ᠠᠮᠢᠳᠤᠷᠠᠯ ᠳᠤᠮᠳᠠ᠂ ᠵᠠᠷᠢᠮ App ᠢ ᠨᠡᠭᠡᠭᠡᠨ ᠬᠥᠭᠵᠢᠭᠦᠯᠵᠦ᠂ ᠡᠵᠡᠩᠨᠡᠭᠴᠢ ᠨᠢ ᠬᠠᠷᠢᠨ ᠭᠡᠰᠢᠭᠦᠨ ᠨᠡᠭᠡᠭᠡᠪᠡᠯ ᠳᠠᠷᠤᠶ ︽ᠵᠠᠯᠠᠭᠤᠴᠤᠳ ᠪᠠᠭᠠᠴᠤᠳ ᠵᠠᠭᠪᠤᠷ︾ ᠢ ᠲᠣᠭᠤᠷᠢᠵᠤ ᠭᠠᠷᠴᠤ ᠪᠣᠯᠤᠨ᠎ᠠ᠃
ᠣᠶᠢᠷ᠎ᠠ ᠳᠤ᠂ ᠲᠢᠶᠠᠨᠵᠢᠨ ᠬᠤᠲᠠ ᠪᠢᠨᠬᠠᠢ ᠰᠢᠨ᠎ᠡ ᠲᠣᠭᠤᠷᠢᠭ ᠰᠢᠭᠦᠬᠦ ᠬᠤᠷᠢᠶ᠎ᠠ ᠳᠠᠷᠤᠶ ᠡᠶᠢᠮᠦ ᠨᠢᠭᠡᠨ ᠵᠦᠶ ᠪᠤᠰᠤ ᠥᠷᠢᠰᠥᠯᠳᠦᠭᠡᠨ ᠬᠡᠷᠡᠭ ᠢ ᠰᠢᠭᠦᠵᠦ ᠳᠠᠭᠤᠰᠬᠠᠪᠠ᠄ ᠵᠠᠭᠠᠯᠳᠤᠭᠴᠢ App ᠵᠥᠭᠡᠯᠡᠨ ᠲᠣᠨᠤᠭ ᠳᠣᠲᠣᠷ᠎ᠠ ︽ᠵᠠᠯᠠᠭᠤᠴᠤᠳ ᠪᠠᠭᠠᠴᠤᠳ ᠵᠠᠭᠪᠤᠷ︾ ᠢ ᠲᠣᠬᠢᠷᠠᠭᠤᠯᠤᠭᠰᠠᠨ ᠪᠠᠶᠢᠬᠤ ᠳᠤ ᠵᠠᠭᠠᠯᠳᠤᠭᠳᠠᠭᠴᠢ ᠺᠣᠮᠫᠠᠨᠢ ᠡᠵᠡᠩᠨᠡᠵᠦ ᠪᠠᠶᠢᠭ᠎ᠠ App ᠨᠢ ᠬᠠᠷᠢᠨ ︽ᠵᠠᠯᠠᠭᠤᠴᠤᠳ ᠪᠠᠭᠠᠴᠤᠳ ᠵᠠᠭᠪᠤᠷ︾ ᠰᠤᠮᠤᠨ ᠴᠣᠩᠬᠤ ᠠᠶᠠᠨᠳᠠᠭᠠᠨ ᠬᠠᠭᠠᠬᠤ ᠴᠢᠳᠠᠮᠵᠢ ︽ᠭᠡᠰᠢᠭᠦᠳ ᠣᠨᠴᠠ ᠡᠷᠬᠡ︾ ᠨᠢᠭᠡ ᠪᠣᠯᠭᠠᠭᠰᠠᠨ ᠪᠠᠶᠢᠨ᠎ᠠ᠃ ᠵᠠᠭᠠᠯᠳᠤᠭᠳᠠᠭᠴᠢ ︽ᠭᠡᠰᠢᠭᠦᠨ︾ ᠢ ᠬᠤᠳᠠᠯᠳᠤᠨ ᠠᠪᠤᠭᠰᠠᠨ ᠳᠠᠷᠠᠭ᠎ᠠ ᠵᠠᠭᠠᠯᠳᠤᠭᠴᠢ ᠵᠥᠭᠡᠯᠡᠨ ᠲᠣᠨᠤᠭ ᠢ ᠨᠡᠭᠡᠭᠡᠪᠡᠯ᠂ ︽ᠵᠠᠯᠠᠭᠤᠴᠤᠳ ᠪᠠᠭᠠᠴᠤᠳ ᠵᠠᠭᠪᠤᠷ︾ ᠣᠷᠣᠬᠤ ᠴᠣᠩᠬᠤ ᠨᠢ ᠠᠶᠠᠨᠳᠠᠭᠠᠨ ᠦᠰᠦᠷᠦᠨ ᠭᠠᠷᠬᠤ ᠪᠤᠶᠤ ᠬᠠᠯᠬᠠᠯᠠᠭᠳᠠᠵᠤ᠂ ᠬᠡᠷᠡᠭᠯᠡᠭᠴᠢ ᠲᠦᠷᠦᠭᠦᠦ ᠨᠢᠭᠤᠷ ᠰᠠᠨᠠᠭᠤᠯᠤᠮᠵᠢ ᠪᠠᠷ ︽ᠵᠠᠯᠠᠭᠤᠴᠤᠳ ᠪᠠᠭᠠᠴᠤᠳ ᠵᠠᠭᠪᠤᠷ︾ ᠢ ᠬᠡᠷᠡᠭᠯᠡᠬᠦ ᠠᠷᠭ᠎ᠠ ᠦᠭᠡᠢ ᠪᠣᠯᠳᠠᠭ᠃ ᠰᠢᠭᠦᠬᠦ ᠬᠤᠷᠢᠶ᠎ᠠ ᠰᠢᠭᠦᠨ ᠰᠢᠢᠳᠪᠦᠷᠢᠯᠡᠬᠦ ᠪᠠᠷ ᠳᠠᠮᠵᠢᠨ ᠦᠵᠡᠭᠰᠡᠨ ᠨᠢ᠂ ᠵᠠᠭᠠᠯᠳᠤᠭᠳᠠᠭᠴᠢ ᠦᠢᠯᠡ ᠠᠵᠢᠯᠯᠠᠭ᠎ᠠ ᠨᠢ ᠪᠤᠰᠤᠳ ᠡᠵᠡᠩᠨᠡᠭᠴᠢ ᠥᠷᠢᠰᠥᠯᠳᠦᠭᠡᠨ ᠠᠰᠢᠭ ᠲᠤᠰᠠ ᠪᠠ ᠬᠡᠷᠡᠭᠯᠡᠭᠴᠢᠳ ᠬᠠᠤᠯᠢ ᠶᠣᠰᠣᠨ ᠡᠷᠬᠡ ᠠᠰᠢᠭ ᠢ ᠬᠤᠬᠢᠷᠠᠭᠤᠯᠵᠤ᠂ ᠵᠦᠢ ᠪᠤᠰᠤ ᠥᠷᠢᠰᠥᠯᠳᠦᠭᠡᠨ ᠪᠣᠯᠵᠤ ᠪᠦᠷᠢᠯᠳᠦᠭᠰᠡᠨ ᠪᠣᠯᠬᠤᠷ ᠵᠠᠭᠠᠯᠳᠤᠭᠳᠠᠭᠴᠢ ᠪᠠᠷ ᠵᠠᠭᠠᠯᠳᠤᠭᠴᠢ ᠠᠵᠤ ᠠᠬᠤᠢ ᠬᠤᠬᠢᠷᠠᠯ ᠢ 300 ᠲᠦᠮᠡᠨ ᠲᠥᠭᠦᠷᠢᠭ ᠲᠥᠯᠥᠭᠦᠯᠬᠦ ᠪᠠᠷ ᠲᠠᠰᠤᠯᠪᠠ ︵10 ᠰᠠᠷ᠎ᠠ 15 ᠡᠳᠦᠷ ᠰᠢᠨᠬᠤᠸᠠ ᠬᠤᠷᠢᠶᠠᠨ ᠮᠡᠳᠡᠭᠡ ᠦᠨᠳᠦᠰᠦᠯᠡᠪᠡᠯ︶᠃
ᠢᠨᠲ᠋ᠧᠷ ᠰᠦᠯᠵᠢᠶᠡᠨ ᠠᠵᠤ ᠠᠬᠤᠶ ᠨᠢᠰᠬᠦ ᠮᠡᠲᠦ ᠲᠦᠷᠭᠡᠨ ᠬᠥᠭᠵᠢᠬᠦ ᠳᠠᠭᠠᠯᠳᠤᠨ᠂ ᠬᠤᠪᠢ ᠬᠥᠮᠦᠨ ᠮᠡᠳᠡᠭᠡ ᠵᠠᠩᠭᠢ ᠬᠠᠯᠳᠠᠯᠭ᠎ᠠ ᠳᠤ ᠤᠴᠠᠷᠠᠬᠤ᠂ App ᠵᠥᠭᠡᠯᠡᠨ ᠲᠣᠨᠤᠭ ᠰᠠᠮᠠᠭᠤᠷᠠᠬᠤ ᠵᠡᠷᠭᠡ ᠠᠰᠠᠭᠤᠳᠠᠯ ᠨᠢ ᠬᠡᠷᠡᠭᠯᠡᠭᠴᠢᠳ ᠲᠤ ᠲᠠᠰᠤᠷᠠᠯᠲᠠ ᠥᠬᠡᠶ ᠪᠤᠬᠢᠨᠢᠳᠤᠯ ᠠᠪᠴᠢᠷᠠᠬᠤ ᠬᠠᠮᠲᠤ ᠵᠥᠭᠡᠯᠡᠨ ᠲᠣᠨᠤᠭ ᠠᠵᠤ ᠠᠬᠤᠶᠢᠯᠠᠯ ᠬᠤᠭᠤᠷᠣᠨᠳᠣᠬᠢ ᠡᠮᠬᠢ ᠵᠠᠮᠪᠠᠷᠠᠭ᠎ᠠ ᠥᠬᠡᠶ ᠥᠷᠢᠰᠥᠯᠳᠦᠭᠡᠨ ᠨᠢ ᠵᠥᠭᠡᠯᠡᠨ ᠲᠣᠨᠤᠭ ᠢ ᠨᠡᠭᠡᠭᠡᠨ ᠬᠥᠭᠵᠢᠭᠦᠯᠬᠦ ᠪᠠ ᠡᠵᠡᠩᠨᠡᠭᠴᠢ ᠮᠡᠳᠡᠷᠡᠯ ᠢ ᠤᠯᠠᠮ ᠠᠴᠠ ᠤᠯᠠᠮ ᠬᠦᠨᠳᠦ ᠨᠣᠴᠢᠲᠠᠶ ᠨᠥᠯᠥᠭᠡᠯᠡᠵᠦ ᠪᠠᠶᠢᠨ᠎ᠠ᠃ ᠡᠭᠦᠨ ᠲᠤᠯᠠᠳᠠ᠂ 2017 ᠣᠨ ᠳᠤ ᠵᠠᠰᠠᠪᠤᠷᠢ ᠣᠷᠣᠭᠤᠯᠤᠭᠰᠠᠨ ᠳᠠᠷᠠᠭᠠᠬᠢ ᠵᠦᠢ ᠪᠤᠰᠤ ᠥᠷᠢᠰᠥᠯᠳᠦᠭᠡᠨ ᠢ ᠡᠰᠡᠷᠭᠦᠴᠡᠬᠦ ᠬᠠᠤᠯᠢ 12 ᠳ᠋ᠤᠭᠠᠷ ᠵᠦᠢᠯ ᠳᠤ ᠲᠤᠰᠬᠠᠶᠢᠯᠠᠨ ᠰᠦᠯᠵᠢᠶᠡᠨ ᠣᠷᠴᠢᠨ ᠨᠥᠬᠦᠴᠡᠯ ᠳᠣᠣᠷᠠᠬᠢ ᠵᠦᠢ ᠪᠤᠰᠤ ᠥᠷᠢᠰᠥᠯᠳᠦᠭᠡᠨ ᠦᠢᠯᠡ ᠠᠵᠢᠯᠯᠠᠭ᠎ᠠ ᠲᠤᠬᠠᠢ ᠲᠣᠭᠲᠠᠭᠠᠯ ᠭᠠᠷᠭᠠᠪᠠ᠂ ᠡᠭᠦᠨ ᠢ ᠶᠡᠷᠦ ᠳᠡᠭᠡᠨ 《 ᠢᠨᠲ᠋ᠧᠷ ᠰᠦᠯᠵᠢᠶᠡᠨ ᠲᠤᠰᠬᠠᠢ ᠵᠦᠢᠯ 》 ᠭᠡᠳᠡᠭ᠃ ᠡᠨᠡᠬᠦ ᠬᠡᠷᠡᠭ ᠰᠢᠭᠦᠨ ᠲᠠᠰᠤᠯᠤᠯᠲᠠ ᠨᠢ 《 ᠢᠨᠲ᠋ᠧᠷ ᠰᠦᠯᠵᠢᠶᠡᠨ ᠲᠤᠰᠬᠠᠶ ᠵᠤᠷᠪᠤᠰ 》 ᠢ ᠪᠠᠰᠠ ᠨᠢᠭᠡ ᠤᠳᠠᠭ᠎ᠠ ᠠᠮᠵᠢᠯᠲᠠ ᠲᠠᠢ ᠪᠠᠷ ᠨᠠᠶᠢᠳᠠᠪᠤᠷᠢᠵᠢᠭᠤᠯᠵᠠᠶ᠃ ᠮᠡᠳᠡᠭᠡᠯᠡᠯ ᠢ ᠦᠨᠳᠦᠰᠦᠯᠡᠪᠡᠯ᠂ ᠲᠤᠰ ᠬᠡᠷᠡᠭ ᠲᠠᠰᠤᠯᠤᠯᠲᠠ ᠨᠡᠶᠢᠲᠡᠯᠡᠭᠰᠡᠨ ᠳᠠᠷᠠᠭ᠎ᠠ᠂ ᠵᠠᠭᠠᠯᠳᠤᠭᠴᠢ ᠪᠣᠯᠤᠨ ᠵᠠᠭᠠᠯᠳᠤᠭᠳᠠᠭᠴᠢ ᠴᠥᠮ ᠳᠡᠭᠡᠭᠰᠢ ᠵᠠᠭᠠᠯᠳᠤᠭᠰᠠᠨ ᠦᠭᠡᠶ᠂ ᠨᠢᠭᠡᠨᠲᠡ 《 ᠬᠡᠷᠡᠭ ᠢ ᠳᠠᠭᠤᠰᠬᠠᠵᠠᠶ 》᠃ ᠭᠡᠲᠡᠯ᠎ᠡ᠂ ᠲᠣᠰ ᠬᠡᠷᠡᠭ ᠲᠤᠰᠬᠠᠭᠰᠠᠨ ᠨᠠᠰᠤᠨ ᠳᠤ ᠥᠯᠥ ᠭᠦᠷᠦᠭᠰᠡᠳ 《 ᠰᠦᠯᠵᠢᠶᠡᠨ ᠬᠠᠮᠠᠭᠠᠯᠠᠯᠲᠠ 》 ᠳᠤ ᠣᠷᠣᠰᠢᠵᠤ ᠪᠠᠶᠢᠭ᠎ᠠ ᠳᠠᠯᠳᠠ ᠬᠡᠮ ᠨᠢ ᠬᠥᠮᠦᠰ ᠨᠠᠩ ᠣᠯᠠᠨ ᠪᠣᠳᠣᠯᠬᠢᠯᠠᠯ ᠢ ᠡᠭᠦᠰᠭᠡᠪᠡ᠃
ᠣᠶᠢᠷ᠎ᠠ ᠵᠢᠯ ᠳᠦ᠂ 《 ᠭᠡᠰᠢᠭᠦᠨ ᠬᠤᠳᠠᠯᠳᠤᠨ ᠠᠪᠤᠪᠠᠯ ᠵᠠᠷ ᠭᠠᠷᠬᠤ ᠦᠭᠡᠢ 》 ᠭᠡᠬᠦ ᠮᠡᠲᠦ ᠵᠥᠭᠡᠯᠡᠨ ᠲᠣᠨᠤᠭ ᠨᠢ ᠰᠦᠯᠵᠢᠶᠡᠨ ᠲᠠᠪᠴᠠᠩ᠂ ᠭᠠᠷ ᠤᠲᠠᠰᠤᠨ ᠦᠵᠦᠭᠦᠷᠯᠢᠭ ᠲᠤ ᠲᠠᠰᠤᠷᠠᠯᠲᠠ ᠥᠬᠡᠶ ᠢᠯᠡᠷᠡᠵᠦ ᠪᠠᠶᠢᠨ᠎ᠠ᠂ ᠣᠲᠣ᠂ 《 ᠵᠠᠯᠠᠭᠤᠴᠤᠳ ᠪᠠᠭᠠᠴᠤᠳ ᠵᠠᠭᠪᠤᠷ 》 ᠲᠤ ᠬᠤᠯᠪᠣᠭᠳᠠᠬᠤ ᠥᠬᠡᠶ ᠪᠣᠯᠵᠠᠶ᠂ ᠡᠭᠦᠨ ᠳᠤ ᠬᠤᠯᠪᠣᠭᠳᠠᠭᠰᠠᠨ ᠠᠰᠠᠭᠤᠳᠠᠯ ᠨᠢ ᠵᠠᠬ᠎ᠠ ᠳᠡᠯᠭᠡᠭᠦᠷ ᠥᠷᠢᠰᠥᠯᠳᠦᠭᠡᠨ ᠡᠮᠬᠢ ᠵᠢᠷᠤᠮ ᠪᠠ ᠬᠡᠷᠡᠭᠯᠡᠭᠴᠢᠳ ᠡᠷᠬᠡ ᠠᠰᠢᠭ ᠬᠡᠪᠴᠢᠶ᠎ᠡ ᠠᠴᠠ ᠬᠤᠯᠠ ᠳᠠᠪᠠᠵᠤ᠂ ᠨᠠᠰᠤᠨ ᠳᠤ ᠥᠯᠥ ᠭᠦᠷᠦᠭᠰᠡᠳ ᠡᠨᠡ ᠬᠦ 《 ᠦᠨᠳᠦᠰᠦᠲᠡᠨ ᠦᠶᠯᠡᠰ 》 ᠢ ᠬᠠᠮᠠᠭᠠᠯᠠᠬᠤ ᠲᠠᠢ ᠬᠤᠯᠪᠣᠭᠳᠠᠵᠤ ᠪᠠᠶᠢᠨ᠎ᠠ᠃
ᠣᠯᠠᠨ ᠵᠢᠯ ᠬᠠᠶᠢᠨ ᠰᠥᠪᠡᠭᠴᠢᠯᠡᠯᠲᠡ᠂ ᠵᠠᠰᠠᠭ ᠵᠠᠬᠢᠷᠭᠠᠨ ᠬᠦᠴᠦ ᠪᠠ ᠬᠠᠤᠯᠢ ᠲᠣᠭᠲᠠᠭᠠᠯᠲᠠ ᠠᠬᠢᠭᠤᠯᠤᠯ ᠳᠡᠮᠵᠢᠨ᠂ 《 ᠵᠠᠯᠠᠭᠤᠴᠤᠳ ᠪᠠᠭᠠᠴᠤᠳ ᠵᠠᠭᠪᠤᠷ 》 ᠢ ᠬᠡᠷᠡᠭᠵᠢᠭᠦᠯᠬᠦ ᠨᠢ ᠨᠢᠭᠡᠨᠲᠡ ᠮᠠᠨ ᠤᠯᠤᠰ ᠨᠠᠰᠤᠨ ᠳᠤ ᠥᠯᠥ ᠭᠦᠷᠦᠭᠰᠡᠳ 《 ᠰᠦᠯᠵᠢᠶᠡᠨ ᠬᠠᠮᠠᠭᠠᠯᠠᠯᠲᠠ 》 ᠠᠵᠢᠯ ᠨᠢᠭᠡᠨ ᠴᠢᠬᠤᠯᠠ ᠠᠷᠭ᠎ᠠ ᠬᠡᠮᠵᠢᠶ᠎ᠡ ᠪᠣᠯᠤᠭᠰᠠᠨ ᠪᠠᠶᠢᠨ᠎ᠠ᠃ ᠵᠠᠰᠠᠪᠤᠷᠢ ᠣᠷᠣᠭᠤᠯᠤᠭᠰᠠᠨ ᠳᠠᠷᠠᠭᠠᠬᠢ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ 74 ᠳ᠋ᠦ᠋ᠭᠡᠷ ᠵᠦᠶᠯ 2 ᠳ᠋ᠤᠭᠠᠷ ᠪᠠᠳᠠᠭ ᠲᠤ᠂ ᠰᠦᠯᠵᠢᠶᠡᠨ ᠲᠣᠭᠯᠠᠭᠠᠮ᠂ ᠰᠦᠯᠵᠢᠶᠡᠨ ᠰᠢᠭᠤᠳ ᠨᠡᠪᠲᠡᠷᠡᠭᠦᠯᠭᠡ᠂ ᠰᠦᠯᠵᠢᠶᠡᠨ ᠲᠠᠭᠤ ᠳᠦᠷᠰᠦ ᠰᠢᠩᠭᠡᠭᠡᠯᠲᠡ᠂ ᠰᠦᠯᠵᠢᠶᠡᠨ ᠨᠡᠶᠢᠭᠡᠮ ᠬᠠᠷᠢᠯᠴᠠᠭ᠎ᠠ ᠵᠡᠷᠭᠡ ᠰᠦᠯᠵᠢᠶᠡᠨ ᠦᠶᠯᠡᠴᠢᠯᠡᠭᠡ ᠬᠠᠩᠭᠠᠭᠴᠢ ᠨᠢ ᠨᠠᠰᠤᠨ ᠳᠤ ᠥᠯᠥ ᠭᠦᠷᠦᠭᠰᠡᠳ ᠦᠶᠯᠡᠴᠢᠯᠡᠭᠡ ᠪᠠᠨ ᠬᠡᠷᠡᠭᠯᠡᠬᠦ ᠳᠤ ᠴᠢᠭᠯᠡᠭᠦᠯᠦᠨ ᠵᠣᠬᠢᠴᠠᠩᠭᠤᠶ ᠴᠠᠭ ᠬᠠᠮᠢᠶᠠᠷᠤᠯᠲᠠ᠂ ᠡᠷᠬᠡ ᠬᠢᠵᠠᠭᠠᠷ ᠬᠠᠮᠢᠶᠠᠷᠤᠯᠲᠠ᠂ ᠬᠡᠷᠡᠭᠯᠡᠭᠡᠨ ᠬᠠᠮᠢᠶᠠᠷᠤᠯᠲᠠ ᠵᠡᠷᠭᠡ ᠴᠢᠳᠠᠮᠵᠢ ᠲᠣᠬᠢᠷᠠᠭᠤᠯᠬᠤ ᠬᠡᠷᠡᠭᠲᠡᠶ ᠭᠡᠵᠦ ᠲᠣᠭᠲᠠᠭᠠᠵᠠᠶ᠃ ᠡᠨᠡ ᠬᠦ ᠲᠣᠭᠲᠠᠭᠠᠯ ᠪᠣᠯ ᠬᠤᠯᠪᠣᠭᠳᠠᠯ ᠪᠥᠬᠦᠶ ᠰᠦᠯᠵᠢᠶᠡᠨ ᠲᠠᠪᠴᠠᠩ ᠳᠤ 《 ᠵᠠᠯᠠᠭᠤᠴᠤᠳ ᠪᠠᠭᠠᠴᠤᠳ ᠵᠠᠭᠪᠤᠷ 》 ᠢ ᠲᠣᠬᠢᠷᠠᠭᠤᠯᠬᠤ ᠲᠤᠬᠠᠶ ᠬᠠᠤᠯᠢ ᠲᠣᠭᠲᠠᠭᠠᠯᠲᠠ ᠠᠯᠪᠠᠳᠠᠯᠭ᠎ᠠ ᠴᠢᠨᠠᠷᠲᠠᠶ ᠱᠠᠭᠠᠷᠳᠠᠯᠭ᠎ᠠ ᠮᠥᠨ᠃ ᠭᠡᠲᠡᠯ᠎ᠡ᠂ ᠥᠷᠭᠡᠨ ᠣᠯᠠᠨ ᠰᠦᠯᠵᠢᠶᠡᠨ ᠲᠠᠪᠴᠠᠩ᠂ ᠵᠥᠭᠡᠯᠡᠨ ᠲᠣᠨᠤᠭ ᠢ ᠨᠡᠭᠡᠭᠡᠨ ᠠᠰᠢᠭᠯᠠᠬᠤ ᠪᠠ ᠡᠵᠡᠩᠨᠡᠭᠴᠢ ᠬᠠᠤᠯᠢ ᠲᠣᠭᠲᠠᠭᠠᠬᠤ ᠱᠠᠭᠠᠷᠳᠠᠯᠭ᠎ᠠ ᠢᠳᠡᠪᠬᠢᠲᠡᠶ ᠨᠠᠶᠢᠳᠠᠪᠤᠷᠢᠵᠢᠭᠤᠯᠵᠤ ᠪᠠᠶᠢᠭ᠎ᠠ ᠦᠶ᠎ᠡ ᠳᠤ᠂ 《 ᠵᠠᠯᠠᠭᠤᠴᠤᠳ ᠪᠠᠭᠠᠴᠤᠳ ᠵᠠᠭᠪᠤᠷ 》 ᠨᠢ ᠬᠠᠷᠢᠨ 《 ᠦᠨᠳᠦᠰᠦᠨ ᠠᠴᠠ ᠨᠢ ᠰᠢᠶᠳᠪᠦᠷᠢᠯᠡᠬᠦ 》 ᠠᠶᠤᠯ ᠳᠤ ᠲᠤᠯᠭᠠᠷᠠᠵᠤ ᠪᠠᠶᠢᠨ᠎ᠠ᠂ ᠭᠡᠰᠢᠭᠦᠨ ᠨᠡᠮᠡᠭᠳᠡᠪᠡᠯ ᠳᠠᠷᠤᠶ ᠠᠮᠠᠷᠬᠠᠨ ᠲᠣᠭᠤᠷᠢᠵᠤ ᠭᠠᠷᠴᠤ ᠴᠢᠳᠠᠨ᠎ᠠ᠃ ᠬᠡᠷᠪᠡ ᠠᠳᠠᠯᠢᠪᠲᠤᠷ ᠵᠥᠭᠡᠯᠡᠨ ᠲᠣᠨᠤᠭ ᠠᠷᠪᠢᠨ ᠪᠣᠯ ᠦᠷ᠎ᠡ ᠳ᠋ᠦᠩ ᠨᠢ ᠰᠡᠳᠬᠢᠭᠳᠡᠰᠢ ᠦᠭᠡᠢ︕