ᠥᠪᠥᠷ ᠮᠣᠩᠭᠤᠯ ᠶᠡᠭᠡ ᠰᠤᠷᠭᠠᠭᠤᠯᠢ ᠬᠠᠤᠯᠢ ᠤᠬᠠᠭᠠᠨ ᠳᠡᠭᠡᠳᠦ ᠰᠤᠷᠭᠠᠭᠤᠯᠢ ᠬᠢᠭᠡᠳ ᠢᠦᠢ ᠴᠢᠤᠸᠠᠨ ᠲᠣᠭᠤᠷᠢᠭ ᠠᠷᠠᠳ ᠪᠠᠶᠢᠴᠠᠭᠠᠬᠤ ᠬᠤᠷᠢᠶ᠎ᠠ ︽ᠢᠷᠭᠡᠨ ᠬᠡᠷᠡᠭ ᠪᠠᠶᠢᠴᠠᠭᠠᠬᠤ ᠣᠨᠣᠯ ᠰᠤᠳᠤᠯᠭᠠᠨ ᠢ ᠴᠢᠩᠭᠠᠳᠬᠠᠵᠤ ᠰᠢᠨ᠎ᠡ ᠴᠠᠭ ᠦᠶ᠎ᠡ ᠢᠷᠭᠡᠨ ᠬᠡᠷᠡᠭ ᠪᠠᠶᠢᠴᠠᠭᠠᠬᠤ ᠠᠵᠢᠯ ᠴᠢᠨᠠᠷ ᠰᠠᠶᠢᠲᠠᠢ ᠬᠥᠭᠵᠢᠯᠲᠡ ᠠᠬᠢᠭᠤᠯᠤᠶ᠎ᠠ︾ ᠭᠡᠬᠦ ᠰᠤᠳᠤᠯᠤᠨ ᠶᠠᠷᠢᠯᠴᠠᠬᠤ ᠬᠤᠷᠠᠯ ᠢ ᠠᠮᠵᠢᠯᠲᠠ ᠲᠠᠢ ᠬᠤᠷᠠᠯᠳᠤᠪᠠ
2023-10-27 12:50:04
2023 ᠣᠨ 10 ᠰᠠᠷ᠎ᠠ 9 ᠡᠳᠦᠷ ᠦᠳᠡ ᠡᠮᠦᠨ᠎ᠡ᠂ ᠥᠪᠥᠷ ᠮᠣᠩᠭᠤᠯ ᠶᠡᠭᠡ ᠰᠤᠷᠭᠠᠭᠤᠯᠢ ᠬᠠᠤᠯᠢ ᠤᠬᠠᠭᠠᠨ ᠳᠡᠭᠡᠳᠦ ᠰᠤᠷᠭᠠᠭᠤᠯᠢ ᠬᠢᠭᠡᠳ ᠬᠥᠬᠡᠬᠤᠲᠠ ᠢᠦᠢ ᠴᠢᠤᠸᠠᠨ ᠲᠣᠭᠤᠷᠢᠭ ᠠᠷᠠᠳ ᠪᠠᠶᠢᠴᠠᠭᠠᠬᠤ ᠬᠤᠷᠢᠶ᠎ᠠ ︽ᠢᠷᠭᠡᠨ ᠬᠡᠷᠡᠭ ᠪᠠᠶᠢᠴᠠᠭᠠᠬᠤ ᠣᠨᠣᠯ ᠰᠤᠳᠤᠯᠭᠠᠨ ᠢ ᠴᠢᠩᠭᠠᠳᠬᠠᠵᠤ᠂ ᠰᠢᠨ᠎ᠡ ᠴᠠᠭ ᠦᠶ᠎ᠡ ᠢᠷᠭᠡᠨ ᠬᠡᠷᠡᠭ ᠪᠠᠶᠢᠴᠠᠭᠠᠬᠤ ᠠᠵᠢᠯ ᠴᠢᠨᠠᠷ ᠰᠠᠶᠢᠲᠠᠢ ᠬᠥᠭᠵᠢᠯᠲᠡ ᠠᠬᠢᠭᠤᠯᠤᠶ᠎ᠠ︾ ᠭᠡᠬᠦ ᠰᠤᠳᠤᠯᠤᠨ ᠶᠠᠷᠢᠯᠴᠠᠬᠤ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠪᠠᠶᠢᠴᠠᠭᠠᠬᠤ ᠬᠤᠷᠢᠶ᠎ᠠ᠂ ᠬᠥᠬᠡᠬᠤᠲᠠ ᠪᠠᠶᠢᠴᠠᠭᠠᠬᠤ ᠬᠤᠷᠢᠶ᠎ᠠ᠂ ᠬᠥᠬᠡᠬᠤᠲᠠ ᠬᠠᠤᠯᠢ ᠤᠬᠠᠭᠠᠨ ᠨᠡᠶᠢᠭᠡᠮᠯᠢᠭ ᠵᠢᠴᠢ ᠬᠤᠲᠠ ᠳᠥᠷᠪᠡᠨ ᠲᠣᠭᠤᠷᠢᠭ ᠪᠠᠶᠢᠴᠠᠭᠠᠬᠤ ᠬᠤᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠳᠤᠷᠢᠳᠤᠯᠭ᠎ᠠ᠂ ᠶᠡᠭᠡ ᠳᠡᠭᠡᠳᠦ ᠰᠤᠷᠭᠠᠭᠤᠯᠢ ᠲᠤᠰᠬᠠᠢ ᠮᠡᠷᠭᠡᠵᠢᠯᠲᠡᠨ᠂ ᠬᠠᠤᠯᠢ ᠲᠤᠰᠢᠶᠠᠯᠲᠠᠨ ᠲᠥᠯᠥᠭᠡᠯᠡᠭᠴᠢ᠂ ᠬᠠᠤᠯᠢᠴᠢ ᠲᠥᠯᠥᠭᠡᠯᠡᠭᠴᠢ ᠵᠡᠷᠭᠡ ᠬᠤᠷᠢ ᠭᠠᠷᠤᠢ ᠨᠥᠬᠦᠳ ᠬᠤᠷᠠᠯ ᠳᠤ ᠣᠷᠣᠯᠴᠠᠪᠠ᠂ ᠬᠤᠷᠠᠯ ᠢ ᠢᠦᠢ ᠴᠢᠤᠸᠠᠨ ᠲᠣᠭᠤᠷᠢᠭ ᠠᠷᠠᠳ ᠪᠠᠶᠢᠴᠠᠭᠠᠬᠤ ᠬᠤᠷᠢᠶ᠎ᠠ ᠨᠠᠮ ᠤᠳᠤᠷᠢᠳᠬᠤ ᠳᠤᠭᠤᠶᠢᠯᠠᠩ ᠱᠦᠵᠢ᠂ ᠪᠠᠶᠢᠴᠠᠭᠠᠬᠤ ᠳᠠᠷᠤᠭ᠎ᠠ ᠴᠢᠶᠣᠤ ᠬᠠᠢ ᠪᠢᠶᠣᠣ ᠡᠷᠭᠢᠯᠡᠪᠡ᠃
ᠰᠤᠳᠤᠯᠤᠨ ᠶᠠᠷᠢᠯᠴᠠᠬᠤ ᠬᠤᠷᠠᠯ ᠨᠢ ᠭᠤᠣᠯ ᠰᠡᠳᠦᠪ ᠮᠡᠳᠡᠭᠦᠯᠦᠯᠲᠡ ᠬᠡᠯᠪᠡᠷᠢ ᠪᠠᠷ ᠶᠠᠪᠤᠭᠳᠠᠪᠠ᠃ ᠥᠪᠥᠷ ᠮᠣᠩᠭᠤᠯ ᠶᠡᠭᠡ ᠰᠤᠷᠭᠠᠭᠤᠯᠢ ᠬᠠᠤᠯᠢ ᠴᠠᠭᠠᠵᠠ ᠳᠡᠭᠡᠳᠦ ᠰᠤᠷᠭᠠᠭᠤᠯᠢ ᠪᠠᠭᠰᠢ᠂ ᠬᠤᠸᠠᠳᠦ᠋ᠩ ᠤᠯᠤᠰ ᠲᠦᠷᠦ ᠬᠠᠤᠯᠢ ᠴᠠᠭᠠᠵᠠ ᠶᠡᠭᠡ ᠰᠤᠷᠭᠠᠭᠤᠯᠢ ᠠᠬᠠᠯᠠᠭᠴᠢ ᠳ᠋ᠣᠺᠲ᠋ᠣᠷ ᠭᠦᠸᠧ ᠢᠦᠢ ︽ᠢᠷᠭᠡᠨ ᠬᠠᠤᠯᠢ ᠪᠢᠴᠢᠭ ᠢ ᠬᠡᠷᠡᠭᠵᠢᠭᠦᠯᠦᠭᠰᠡᠨ ᠠᠬᠤᠢ ᠪᠠᠶᠢᠳᠠᠯ ᠳᠣᠣᠷᠠᠬᠢ ᠢᠷᠭᠡᠨ ᠵᠠᠷᠭᠤ ᠤᠨᠢᠨ ᠳᠡᠭᠡᠷ᠎ᠡ ᠨᠢ ᠬᠢᠨᠠᠯᠲᠠ ᠲᠠᠯᠪᠢᠬᠤ︾ ᠭᠡᠬᠦ ᠰᠡᠳᠦᠪ ᠢᠷᠭᠡᠨ ᠵᠠᠷᠭᠤ ᠤᠨᠢᠨ ᠳᠡᠭᠡᠷ᠎ᠡ ᠨᠢ ᠬᠢᠨᠠᠯᠲᠠ ᠲᠠᠯᠪᠢᠬᠤ ᠲᠤᠬᠠᠢ ᠰᠤᠳᠤᠯᠤᠨ ᠶᠠᠷᠢᠯᠴᠠᠬᠤ ᠥᠷᠨᠢᠭᠦᠯᠵᠡᠢ᠃ ᠢᠦᠢ ᠴᠢᠤᠸᠠᠨ ᠲᠣᠭᠤᠷᠢᠭ ᠪᠠᠶᠢᠴᠠᠭᠠᠬᠤ ᠬᠤᠷᠢᠶᠠᠨ ᠬᠤᠶᠠᠳᠤᠭᠠᠷ ᠪᠠᠶᠢᠴᠠᠭᠠᠬᠤ ᠬᠡᠯᠲᠡᠰ ᠠᠵᠢᠯᠲᠠᠨ ᠣᠷᠣᠨ ᠲᠤᠭᠠᠨ ᠪᠠᠶᠢᠴᠠᠭᠠᠬᠤ ᠲᠤᠰᠢᠶᠠᠯᠲᠠᠨ ᠯᠢ ᠰᠢᠦᠢ ︽ᠤᠷᠤᠭ ᠰᠠᠯᠤᠭᠰᠠᠨ ᠳᠠᠷᠠᠭᠠᠬᠢ ᠨᠠᠰᠤᠨ ᠳᠤ ᠬᠦᠷᠦᠭᠡᠳᠦᠶ ᠦᠷ᠎ᠡ ᠬᠡᠦᠬᠡᠳ ᠢᠷᠭᠡᠨ ᠬᠡᠷᠡᠭ ᠡᠷᠬᠡ ᠠᠰᠢᠭ ᠢ ᠬᠠᠮᠠᠭᠠᠯᠠᠬᠤ ᠲᠤᠬᠠᠢ ᠪᠠᠶᠢᠴᠠᠭᠠᠬᠤ ᠦᠢᠯᠡᠳᠦᠯᠭᠡ ᠪᠠ ᠪᠣᠳᠣᠯᠬᠢᠯᠠᠯ︾ ᠭᠡᠬᠦ ᠰᠡᠳᠦᠪ ᠪᠠᠶᠢᠴᠠᠭᠠᠬᠤ ᠦᠢᠯᠡᠳᠦᠯᠭᠡ ᠳᠤᠮᠳᠠᠬᠢ ᠭᠡᠷ ᠪᠦᠯᠢ ᠵᠢᠨ ᠶᠠᠪᠤᠳᠠᠯ ᠰᠢᠭᠦᠨ ᠲᠠᠰᠤᠯᠤᠯᠲᠠ ᠠᠰᠠᠭᠤᠳᠠᠯ ᠲᠤᠬᠠᠢ ᠦᠵᠡᠯᠲᠡ ᠪᠠ ᠠᠷᠭᠠᠴᠠᠬᠤ ᠪᠣᠳᠣᠯᠭ᠎ᠠ ᠳᠤᠷᠠᠳᠴᠠᠢ᠃ ᠭᠤᠣᠯ ᠰᠡᠳᠦᠪᠲᠦ ᠮᠡᠳᠡᠭᠦᠯᠦᠯᠲᠡ ᠳᠠᠭᠤᠰᠤᠭᠰᠠᠨ ᠳᠠᠷᠠᠭ᠎ᠠ᠂ ᠬᠤᠲᠠ ᠪᠠᠶᠢᠴᠠᠭᠠᠬᠤ ᠬᠤᠷᠢᠶᠠᠨ ᠢᠷᠭᠡᠨ ᠬᠡᠷᠡᠭ ᠪᠠᠶᠢᠴᠠᠭᠠᠬᠤ ᠰᠠᠯᠠᠭ᠎ᠠ ᠮᠥᠴᠢᠷ᠂ ᠬᠠᠤᠯᠢ ᠴᠠᠭᠠᠵᠠ ᠲᠥᠷᠥ ᠪᠣᠳᠣᠯᠭ᠎ᠠ ᠰᠤᠳᠤᠯᠬᠤ ᠲᠠᠰᠤᠭ ᠵᠢᠴᠢ ᠬᠤᠲᠠ ᠳᠥᠷᠪᠡᠨ ᠲᠣᠭᠤᠷᠢᠭ ᠬᠤᠷᠢᠶᠠᠨ ᠢᠷᠭᠡᠨ ᠬᠡᠷᠡᠭ ᠪᠠᠶᠢᠴᠠᠭᠠᠬᠤ ᠰᠠᠯᠠᠭ᠎ᠠ ᠮᠥᠴᠢᠷ ᠤᠳᠤᠷᠢᠳᠤᠯᠭ᠎ᠠ ᠪᠠ ᠲᠤᠬᠠᠶᠢᠯᠠᠭᠰᠠᠨ ᠠᠵᠢᠯ ᠭᠤᠣᠯᠯᠠᠭᠴᠢ᠂ ᠬᠠᠤᠯᠢ ᠲᠤᠰᠢᠶᠠᠯᠲᠠᠨ ᠲᠥᠯᠥᠭᠡᠯᠡᠭᠴᠢ᠂ ᠬᠠᠤᠯᠢᠴᠢ ᠲᠥᠯᠥᠭᠡᠯᠡᠭᠴᠢ ᠰᠠᠨᠠᠯ ᠰᠣᠯᠢᠯᠴᠠᠵᠤ ᠶᠠᠷᠢᠶ᠎ᠠ ᠲᠠᠯᠪᠢᠪᠠ᠃ ᠶᠠᠷᠢᠶ᠎ᠠ ᠲᠠᠯᠪᠢᠬᠤ ᠳᠠᠭᠠᠨ ᠭᠤᠣᠯᠳᠠᠭᠤ ᠨᠠᠷᠢᠯᠢᠭ ᠣᠨᠣᠴᠠᠲᠠᠢ ᠪᠠᠷ ᠬᠢᠨᠠᠯᠲᠠ ᠲᠠᠯᠪᠢᠬᠤ᠂ ᠢᠷᠭᠡᠨ ᠬᠡᠷᠡᠭ ᠡᠶᠡᠳᠡᠯ᠂ ᠢᠷᠭᠡᠨ ᠬᠡᠷᠡᠭ ᠭᠦᠢᠴᠡᠳᠬᠡᠯ᠂ ᠭᠡᠷ ᠶᠠᠪᠤᠳᠠᠯ ᠰᠢᠭᠦᠨ ᠲᠠᠰᠤᠯᠤᠯᠲᠠ ᠵᠡᠷᠭᠡ ᠣᠳᠣᠬᠠᠨ ᠢᠷᠭᠡᠨ ᠬᠡᠷᠡᠭ ᠪᠠᠶᠢᠴᠠᠭᠠᠬᠤ ᠬᠦᠷᠢᠶᠡᠨ ᠳᠠᠬᠢ ᠬᠠᠯᠠᠭᠤᠨ ᠴᠡᠭ ᠪᠠ ᠪᠡᠷᠬᠡᠲᠡᠢ ᠠᠰᠠᠭᠤᠳᠠᠯ ᠲᠣᠭᠤᠷᠢᠨ ᠳᠤ ᠰᠤᠳᠤᠯᠤᠨ ᠶᠠᠷᠢᠯᠴᠠᠬᠤ ᠪᠠ ᠰᠠᠨᠠᠯ ᠰᠣᠯᠢᠯᠴᠠᠵᠤ᠂ ᠮᠠᠰᠢ ᠤᠯᠠᠨ ᠪᠦᠲᠦᠭᠡᠯᠴᠢ ᠴᠢᠨᠠᠷᠲᠠᠢ ᠰᠠᠨᠠᠯ ᠪᠠ ᠰᠠᠨᠠᠭᠤᠯᠭ᠎ᠠ ᠳᠤᠷᠠᠳᠤᠨ ᠭᠠᠷᠭᠠᠵᠠᠢ᠃
ᠰᠣᠯᠢᠯᠴᠠᠭᠠᠨ ᠶᠠᠷᠢᠶ᠎ᠠ ᠳᠠᠭᠤᠰᠤᠭᠰᠠᠨ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠪᠠᠶᠢᠴᠠᠭᠠᠬᠤ ᠬᠤᠷᠢᠶ᠎ᠠ ᠵᠢᠷᠭᠤᠳᠤᠭᠠᠷ ᠪᠠᠶᠢᠴᠠᠭᠠᠬᠤ ᠬᠡᠯᠲᠡᠰ ᠳᠡᠳ᠋ ᠡᠷᠬᠢᠯᠡᠭᠴᠢ ᠵᠠᠩ ᠮᠧᠩ ᠴᠧᠨ ᠪᠣᠯᠣᠨ ᠬᠠᠤᠯᠢ ᠴᠠᠭᠠᠵᠠ ᠲᠥᠷᠥ ᠪᠣᠳᠣᠯᠭ᠎ᠠ ᠰᠤᠳᠤᠯᠬᠤ ᠲᠠᠰᠤᠭ ᠳᠡᠳ᠋ ᠡᠷᠬᠢᠯᠡᠭᠴᠢ ᠷᠦᠩ ᠬᠠᠢ ᠶᠠᠨ ᠦᠨᠡᠯᠡᠯᠲᠡ ᠪᠠ ᠵᠢᠯᠣᠭᠤᠳᠤᠯᠭ᠎ᠠ ᠬᠢᠪᠡ᠃ ᠵᠠᠩ ᠮᠧᠩ ᠴᠧᠨ ᠡᠷᠬᠢᠯᠡᠭᠴᠢ ᠢᠷᠭᠡᠨ ᠬᠡᠷᠡᠭ ᠪᠠᠶᠢᠴᠠᠭᠠᠬᠤ ᠬᠢᠨᠠᠯᠲᠠ ᠬᠥᠭᠵᠢᠯᠲᠡ ᠥᠩᠭᠡᠷᠡᠯᠲᠡ ᠲᠣᠪᠴᠢ ᠡᠷᠭᠢᠴᠡᠭᠦᠯᠵᠦ᠂ ᠦᠨᠳᠦᠰᠦᠨ ᠱᠠᠲᠤᠨ ᠪᠠᠶᠢᠴᠠᠭᠠᠬᠤ ᠬᠤᠷᠢᠶ᠎ᠠ ᠢᠷᠭᠡᠨ ᠬᠡᠷᠡᠭ ᠪᠠᠶᠢᠴᠠᠭᠠᠬᠤ ᠠᠵᠢᠯ ᠬᠦᠴᠢᠷ ᠠᠰᠠᠭᠤᠳᠠᠯ᠂ ᠡᠪᠡᠷᠰᠢᠶᠡᠯ ᠲᠠᠢ ᠠᠰᠠᠭᠤᠳᠠᠯ᠂ ᠲᠦᠭᠵᠢᠷᠡᠯ ᠲᠠᠢ ᠠᠰᠠᠭᠤᠳᠠᠯ ᠢ ᠵᠢᠭᠠᠨ ᠭᠠᠷᠭᠠᠵᠤ᠂ ᠥᠨᠳᠥᠷ ᠲᠤ ᠵᠣᠭᠰᠣᠨ ᠠᠯᠤᠰ ᠢ ᠪᠠᠷᠠᠯᠠᠵᠤ ᠪᠠᠢᠭ᠎ᠠ ᠰᠢᠭ ᠪᠣᠳᠠᠲᠠᠢ ᠵᠢᠯᠤᠭᠤᠳᠬᠤ ᠰᠠᠨᠠᠯ ᠪᠠ ᠰᠢᠢᠳᠪᠦᠷᠢᠯᠡᠬᠦ ᠠᠷᠭ᠎ᠠ ᠳᠤᠷᠠᠳᠤᠨ ᠭᠠᠷᠭᠠᠵᠠᠢ᠃ ᠬᠥᠬᠡᠬᠤᠲᠠ ᠪᠠᠶᠢᠴᠠᠭᠠᠬᠤ ᠪᠠᠶᠢᠭᠤᠯᠭ᠎ᠠ ᠬᠢᠨᠠᠯᠲᠠ ᠬᠦᠴᠢᠷᠳᠡᠯᠲᠦ ᠪᠠᠶᠢᠳᠠᠯ ᠢ ᠢᠯᠠᠨ ᠳᠠᠪᠠᠭ᠋ᠤ ᠵᠡᠷᠭᠡ ᠳᠤ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ ᠳᠡᠶᠢᠯᠬᠦ ᠬᠠᠮᠲᠤ ᠰᠢᠯᠢᠳᠡᠭ ᠠᠮᠵᠢᠯᠲᠠ ᠪᠦᠲᠦᠮᠵᠢ ᠣᠯᠣᠭᠰᠠᠨ ᠢ ᠨᠤᠲᠠᠯᠠᠵᠤ ᠪᠠᠶᠢᠬᠤ ᠪᠠᠨ ᠢᠯᠡᠳᠬᠡᠪᠡ᠃ ᠡᠷᠬᠢᠯᠡᠭᠴᠢ ᠷᠦᠩ ᠬᠠᠢ ᠶᠠᠨ ᠡᠨᠡ ᠵᠢᠯ ᠬᠥᠬᠡᠬᠤᠲᠠ ᠪᠠᠶᠢᠴᠠᠭᠠᠬᠤ ᠪᠠᠶᠢᠭᠤᠯᠭ᠎ᠠ ᠣᠨᠣᠯ ᠰᠤᠳᠤᠯᠭᠠᠨ ᠠᠵᠢᠯ ᠳᠤᠮᠳᠠ ᠭᠠᠷᠭᠠᠭᠰᠠᠨ ᠴᠢᠷᠮᠠᠶᠢᠯᠭ᠎ᠠ ᠪᠠ ᠣᠯᠣᠭᠰᠠᠨ ᠠᠮᠵᠢᠯᠲᠠ ᠭᠦᠢᠴᠡᠳ ᠨᠤᠲᠠᠯᠠᠭᠰᠠᠨ ᠬᠠᠮᠲᠤ ᠣᠯᠠᠨ ᠲᠣᠰ ᠤᠳᠠᠭᠠᠨ ᠰᠤᠳᠤᠯᠤᠨ ᠶᠠᠷᠢᠯᠴᠠᠬᠤ ᠬᠤᠷᠠᠯ ᠲᠣᠬᠢᠶᠠᠯ ᠪᠣᠯᠭᠠᠨ᠂ ᠲᠠᠰᠤᠷᠠᠯᠲᠠ ᠦᠭᠡᠢ ᠰᠡᠳᠬᠢᠨ ᠪᠣᠳᠣᠯᠬᠢᠯᠠᠵᠤ᠂ ᠵᠣᠷᠢᠭᠲᠠᠢ ᠪᠠᠷ ᠰᠢᠨ᠎ᠡ ᠡᠭᠦᠳᠦᠨ᠂ ᠣᠨᠣᠯ ᠰᠤᠳᠤᠯᠤᠯ ᠬᠠᠤᠯᠢ ᠪᠠᠷᠢᠬᠤ ᠦᠢᠯᠡᠳᠦᠯᠭᠡ ᠳᠤ ᠦᠢᠯᠡᠴᠢᠯᠡᠵᠦ᠂ ᠢᠷᠭᠡᠨ ᠬᠡᠷᠡᠭ ᠪᠠᠶᠢᠴᠠᠭᠠᠬᠤ ᠲᠤᠬᠠᠶᠢᠯᠠᠭᠰᠠᠨ ᠠᠵᠢᠯ ᠪᠠ ᠪᠠᠶᠢᠴᠠᠭᠠᠬᠤ ᠣᠨᠣᠯ ᠬᠠᠮᠲᠤ ᠬᠥᠭᠵᠢᠯᠲᠡ ᠠᠬᠢᠭᠤᠯᠬᠤ ᠬᠦᠰᠡᠪᠡ᠃
ᠲᠣᠰ ᠤᠳᠠᠭᠠᠨ ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠥᠪᠥᠷ ᠮᠣᠩᠭᠤᠯ ᠶᠡᠭᠡ ᠰᠤᠷᠭᠠᠭᠤᠯᠢ ᠬᠠᠤᠯᠢ ᠴᠠᠭᠠᠵᠠ ᠳᠡᠭᠡᠳᠦ ᠰᠤᠷᠭᠠᠭᠤᠯᠢ ᠳᠡᠳ᠋ ᠵᠠᠬᠢᠷᠤᠯ ᠵᠠᠩ ᠬᠤᠶ ᠴᠦᠨ ᠥᠪᠥᠷ ᠮᠣᠩᠭᠤᠯ ᠶᠡᠭᠡ ᠰᠤᠷᠭᠠᠭᠤᠯᠢ ᠬᠠᠤᠯᠢ ᠴᠠᠭᠠᠵᠠ ᠳᠡᠭᠡᠳᠦ ᠰᠤᠷᠭᠠᠭᠤᠯᠢ ᠬᠢᠭᠡᠳ ᠢᠦᠢ ᠴᠢᠤᠸᠠᠨ ᠲᠣᠭᠤᠷᠢᠭ ᠠᠷᠠᠳ ᠪᠠᠶᠢᠴᠠᠭᠠᠬᠤ ᠬᠤᠷᠢᠶ᠎ᠠ ᠣᠯᠣᠭᠰᠠᠨ ᠱᠠᠲᠤ ᠦᠶ᠎ᠡ ᠴᠢᠨᠠᠷᠲᠠᠢ ᠦᠷ᠎ᠡ ᠪᠦᠲᠦᠭᠡᠯ ᠲᠤᠬᠠᠢ ᠡᠷᠭᠢᠴᠡᠭᠦᠯᠦᠯ ᠪᠠ ᠳ᠋ᠦᠩᠨᠡᠯᠲᠡ ᠬᠢᠭᠰᠡᠨ ᠪᠥᠭᠡᠳ ᠬᠤᠶᠢᠰᠢᠳᠠ ᠭᠦᠨᠴᠡ ᠪᠠ ᠥᠷᠭᠡᠴᠡ ᠲᠠᠯ᠎ᠠ ᠪᠠᠷ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ︽ᠰᠤᠷᠭᠠᠭᠤᠯᠢ ᠪᠠᠶᠢᠴᠠᠭᠠᠬᠤ ᠬᠠᠮᠲᠤᠷᠠᠯᠴᠠᠭ᠎ᠠ︾ ᠬᠤᠣᠰ ᠴᠢᠭᠯᠡᠯ ᠤᠷᠤᠭᠰᠢᠯᠠᠬᠤ ᠴᠢᠷᠮᠠᠶᠢᠨ ᠪᠡᠶᠡᠯᠡᠭᠦᠯᠦᠨ᠎ᠡ ᠭᠡᠵᠦ ᠲᠣᠳᠣᠷᠬᠠᠢ ᠢᠯᠡᠷᠬᠡᠶᠢᠯᠡᠪᠡ᠃ ᠪᠠᠶᠢᠴᠠᠭᠠᠬᠤ ᠳᠠᠷᠤᠭ᠎ᠠ ᠴᠢᠶᠣᠤ ᠬᠠᠢ ᠪᠢᠶᠣᠣ ᠪᠠᠰᠠ ᠢᠦᠢ ᠴᠢᠤᠸᠠᠨ ᠲᠣᠭᠤᠷᠢᠭ ᠠᠷᠠᠳ ᠪᠠᠶᠢᠴᠠᠭᠠᠬᠤ ᠬᠤᠷᠢᠶ᠎ᠠ ᠳᠡᠭᠡᠳᠦ ᠱᠠᠲᠤᠨ ᠪᠠᠶᠢᠴᠠᠭᠠᠬᠤ ᠬᠤᠷᠢᠶᠠᠨ ᠤᠳᠤᠷᠢᠳᠤᠯᠭ᠎ᠠ ᠳᠣᠣᠷ᠎ᠠ᠂ ᠨᠡᠭᠡᠭᠡᠯᠲᠡᠲᠡᠢ᠂ ᠪᠠᠭᠲᠠᠭᠠᠮᠵᠢᠲᠠᠢ᠂ ᠬᠠᠮᠲᠤ ᠪᠠᠷ ᠠᠰᠢᠭ ᠭᠥᠷᠳᠡᠬᠦ᠂ ᠬᠠᠮᠲᠤᠷᠠᠯᠴᠠᠬᠤ ᠵᠣᠷᠢᠭ ᠰᠠᠨᠠᠭ᠎ᠠ ᠪᠠᠷ ᠡᠯ᠎ᠡ ᠨᠢᠭᠡᠴᠡ ᠲᠠᠢ ᠬᠠᠮᠲᠤ ᠪᠠᠷ ᠣᠨᠣᠯ ᠰᠤᠳᠤᠯᠭᠠᠨ ᠴᠢᠩᠭᠠᠳᠬᠠᠵᠤ᠂ ᠡᠯ᠎ᠡ ᠵᠦᠢᠯ ᠪᠠᠶᠢᠴᠠᠭᠠᠬᠤ ᠲᠤᠬᠠᠶᠢᠯᠠᠭᠰᠠᠨ ᠠᠵᠢᠯ ᠴᠢᠨᠠᠷ ᠴᠢᠨᠰᠠᠭ᠎ᠠ ᠦᠷ᠎ᠡ ᠪᠦᠲᠦᠮᠵᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠠᠶᠢᠴᠠᠭᠠᠬᠤ ᠠᠵᠢᠯ ᠴᠢᠨᠠᠷ ᠰᠠᠶᠢᠲᠠᠢ ᠬᠥᠭᠵᠢᠯᠲᠡ ᠴᠢᠷᠮᠠᠶᠢᠨ ᠪᠡᠶᠡᠯᠡᠭᠦᠯᠦᠨ᠎ᠡ ᠭᠡᠵᠦ ᠲᠣᠳᠣᠷᠬᠠᠢ ᠢᠯᠡᠷᠬᠡᠶᠢᠯᠡᠪᠡ᠃
ᠬᠤᠷᠠᠯ ᠡᠴᠦᠰ ᠲᠤ᠂ ᠬᠥᠬᠡᠬᠤᠲᠠ ᠪᠠᠶᠢᠴᠠᠭᠠᠬᠤ ᠬᠤᠷᠢᠶᠠᠨ ᠪᠠᠶᠢᠴᠠᠭᠠᠬᠤ ᠺᠣᠮᠢᠰ ᠲᠤᠰᠬᠠᠢ ᠲᠤᠰᠢᠶᠠᠯᠲᠤ ᠭᠡᠰᠢᠭᠦᠨ ᠯᠢᠶᠠᠩ ᠴᠢᠶᠦ᠋ᠨ ᠨᠥᠬᠦᠷ ᠠᠵᠢᠯ ᠵᠢᠯᠣᠭᠤᠳᠤᠯᠭ᠎ᠠ ᠪᠠ ᠬᠤᠷᠠᠯ ᠳ᠋ᠦᠩᠨᠡᠯᠲᠡ ᠬᠢᠪᠡ᠃ ᠲᠡᠷᠡ ᠢᠯᠡᠷᠬᠡᠶᠢᠯᠡᠬᠦ ᠳᠡᠭᠡᠨ᠂ ᠲᠣᠰ ᠤᠳᠠᠭᠠᠨ ᠰᠤᠳᠤᠯᠤᠨ ᠶᠠᠷᠢᠯᠴᠠᠬᠤ ᠬᠤᠷᠠᠯ ᠢ ᠡᠯ᠎ᠡ ᠱᠠᠲᠤᠨ ᠤᠳᠤᠷᠢᠳᠤᠯᠭ᠎ᠠ ᠴᠢᠬᠤᠯᠠᠴᠢᠯᠠᠭ᠎ᠠ ᠳᠡᠮᠵᠢᠯᠭᠡ ᠪᠠ ᠲᠤᠰᠬᠠᠢ ᠮᠡᠷᠭᠡᠵᠢᠯᠲᠡᠳ ᠵᠢᠯᠣᠭᠤᠳᠤᠯᠭ᠎ᠠ ᠬᠠᠪᠰᠤᠷᠤᠯᠭ᠎ᠠ ᠳᠣᠣᠷ᠎ᠠ ᠠᠮᠵᠢᠯᠲᠠ ᠲᠠᠢ ᠡᠷᠭᠢᠯᠡᠵᠦ᠂ ᠢᠷᠭᠡᠨ ᠬᠡᠷᠡᠭ ᠪᠠᠶᠢᠴᠠᠭᠠᠬᠤ ᠣᠨᠣᠯ ᠰᠤᠳᠤᠯᠭᠠᠨ ᠢ ᠬᠡᠷᠬᠢᠨ ᠴᠢᠩᠭᠠᠳᠬᠠᠬᠤ ᠲᠤᠬᠠᠢ ᠯᠢᠶᠠᠩ ᠴᠢᠶᠦ᠋ᠨ ᠲᠤᠰᠬᠠᠢ ᠺᠣᠮᠢᠰ ᠭᠤᠷᠪᠠᠨ ᠰᠠᠨᠠᠯ ᠳᠤᠷᠠᠳᠴᠠᠢ᠄ ᠨᠢᠭᠡ ᠳᠤ ᠨᠠᠷᠢᠯᠢᠭ ᠣᠨᠣᠴᠠᠲᠠᠢ ᠪᠠᠷ ᠬᠢᠨᠠᠯᠲᠠ ᠲᠠᠯᠪᠢᠬᠤ ᠤᠨᠤᠯᠵᠢᠬᠤᠨ ᠢ ᠪᠠᠲᠤ ᠪᠣᠶ ᠪᠣᠯᠭᠠᠬᠤ ᠬᠡᠷᠡᠭᠲᠡᠢ᠃ ᠢᠷᠭᠡᠨ ᠬᠡᠷᠡᠭ ᠪᠠᠶᠢᠴᠠᠭᠠᠬᠤ ᠠᠵᠢᠯ ᠡᠭᠦᠷᠭᠡ ᠬᠠᠷᠢᠭᠤᠴᠠᠯᠭ᠎ᠠ ᠪᠠᠨ ᠴᠢᠳᠠᠮᠠᠭᠠᠢ ᠪᠠᠷ ᠭᠦᠢᠴᠡᠳᠬᠡᠬᠦ ᠡᠭᠦᠳᠡᠨ ᠠᠴᠠ ᠤᠨᠢᠨ ᠳᠡᠭᠡᠷ᠎ᠡ ᠨᠢ ᠬᠢᠨᠠᠯᠲᠠ ᠲᠠᠯᠪᠢᠬᠤ ᠤᠨᠤᠯᠵᠢᠬᠤᠨ ᠢ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠠᠷᠠᠳ ᠤᠯᠠᠨ ᠬᠠᠤᠯᠢ ᠴᠠᠭᠠᠵᠠ ᠰᠢᠨ᠎ᠡ ᠬᠡᠷᠡᠭᠴᠡᠭᠡ ᠳᠤ ᠢᠳᠡᠪᠬᠢᠲᠡᠢ ᠬᠠᠷᠢᠭᠤᠯᠲᠠ ᠥᠭᠴᠦ᠂ ᠠᠷᠠᠳ ᠤᠯᠠᠨ ᠵᠠᠷᠭᠤ ᠠᠰᠢᠭ ᠲᠤᠰᠠ ᠪᠦᠲᠦᠮᠵᠢᠲᠡᠢ ᠪᠡᠶᠡᠯᠡᠭᠳᠡᠬᠦ ᠪᠠᠲᠤᠯᠠᠬᠤ ᠬᠡᠷᠡᠭᠲᠡᠢ᠃ ᠬᠤᠶᠠᠷ ᠲᠤ᠂ ᠠᠰᠠᠭᠤᠳᠠᠯ ᠤᠳᠤᠷᠢᠳᠤᠮᠵᠢ ᠪᠣᠯᠭᠠᠬᠤ ᠪᠠᠷᠢᠮᠲᠠᠯᠠᠬᠤ ᠬᠡᠷᠡᠭᠲᠡᠢ᠃ ᠬᠡᠷᠡᠭ ᠲᠤ ᠬᠢᠨᠠᠯᠲᠠ ᠲᠠᠯᠪᠢᠬᠤ᠂ ᠭᠦᠢᠴᠡᠳᠬᠡᠬᠦ ᠳᠤ ᠬᠢᠨᠠᠯᠲᠠ ᠲᠠᠯᠪᠢᠬᠤ᠂ ᠬᠤᠳᠠᠯ ᠬᠠᠭᠤᠷᠮᠠᠭ ᠵᠠᠷᠭᠤᠯᠳᠤᠬᠤ᠂ ᠢᠷᠭᠡᠨ ᠬᠡᠷᠡᠭ ᠢ ᠪᠠᠶᠢᠴᠠᠭᠠᠬᠤ ᠲᠠᠯ᠎ᠠ ᠪᠠᠷ ᠡᠶᠡᠳᠡᠬᠦ ᠵᠡᠷᠭᠡ ᠭᠤᠣᠯᠳᠠᠯᠭ᠎ᠠ ᠲᠠᠢ ᠠᠵᠢᠯ ᠳᠤᠮᠳᠠ ᠤᠨᠤᠯ ᠰᠤᠳᠤᠯᠭᠠᠨ ᠢ ᠥᠷᠨᠢᠭᠦᠯᠵᠦ᠂ ᠢᠯᠠᠩᠭᠤᠶ᠎ᠠ ᠢᠷᠭᠡᠨ ᠬᠠᠤᠯᠢ ᠪᠢᠴᠢᠭ ᠬᠢᠨᠠᠯᠲᠠ ᠳᠤᠮᠳᠠᠬᠢ ᠣᠶᠢᠯᠠᠭᠠᠯᠲᠠ ᠪᠠ ᠬᠡᠷᠡᠭᠯᠡᠯᠲᠡ ᠥᠷᠨᠢᠭᠦᠯᠵᠦ᠂ ᠠᠵᠢᠯ ᠠᠭᠤᠯᠤᠭᠳᠠᠬᠤᠨ ᠢ ᠤᠯᠠᠮ ᠨᠢᠭᠡ ᠠᠯᠬᠤᠮ ᠪᠠᠶᠠᠯᠢᠭᠵᠢᠭᠤᠯᠤᠨ᠎ᠠ᠃ ᠭᠤᠷᠪᠠ ᠳᠤ᠂ ᠵᠠᠮ ᠱᠤᠭᠤᠮ ᠰᠣᠩᠭᠤᠯᠲᠠ ᠰᠢᠯᠢᠳᠡᠭᠵᠢᠭᠦᠯᠬᠦ ᠬᠡᠷᠡᠭᠲᠡᠢ᠃ ᠢᠷᠭᠡᠨ ᠬᠡᠷᠡᠭ ᠪᠠᠶᠢᠴᠠᠭᠠᠬᠤ ᠬᠢᠨᠠᠯᠲᠠ ᠲᠠᠯᠪᠢᠬᠤ ᠴᠢᠳᠠᠪᠤᠷᠢ ᠳᠡᠭᠡᠭᠰᠢᠯᠡᠭᠦᠯᠬᠦ ᠲᠠᠯ᠎ᠠ ᠪᠠᠷ ᠬᠦᠴᠦ ᠲᠠᠯᠪᠢᠵᠤ᠂ ᠬᠢᠨᠠᠨ ᠰᠤᠳᠤᠯᠬᠤ ᠪᠦᠯᠬᠦᠮ ᠢ ᠪᠠᠶᠢᠭᠤᠯᠵᠤ᠂ ᠢᠷᠭᠡᠨ ᠬᠠᠤᠯᠢ ᠪᠢᠴᠢᠭ ᠵᠣᠬᠢᠴᠠᠩᠭᠤᠢ ᠠᠭᠤᠯᠭ᠎ᠠ ᠭᠦᠨᠵᠡᠭᠡᠢ ᠰᠤᠷᠤᠯᠴᠠᠵᠤ᠂ ᠬᠡᠷᠡᠭ ᠰᠢᠢᠳᠪᠦᠷᠢᠯᠡᠬᠦ ᠶᠠᠪᠤᠴᠠ ᠳᠤ ᠢᠯᠡᠷᠡᠭᠰᠡᠨ ᠬᠠᠯᠠᠭᠤᠨ ᠴᠡᠭ ᠠᠰᠠᠭᠤᠳᠠᠯ᠂ ᠬᠦᠴᠢᠷ ᠠᠰᠠᠭᠤᠳᠠᠯ ᠢ ᠲᠥᠷᠥᠯ ᠬᠤᠪᠢᠶᠠᠨ ᠰᠤᠳᠤᠯᠵᠤ᠂ ᠡᠭᠦᠨ ᠬᠠᠮᠲᠤ᠂ ᠶᠡᠭᠡ ᠳᠡᠭᠡᠳᠦ ᠰᠤᠷᠭᠠᠭᠤᠯᠢ ᠲᠤᠰᠬᠠᠢ ᠮᠡᠷᠭᠡᠵᠢᠯᠲᠡᠨ ᠡᠷᠳᠡᠮᠲᠡᠨ ᠲᠠᠢ ᠬᠠᠮᠲᠤᠷᠠᠨ ᠰᠤᠳᠤᠯᠭᠠᠨ ᠬᠢᠵᠦ᠂ ᠰᠢᠭᠦᠬᠦ ᠬᠤᠷᠢᠶ᠎ᠠ᠂ ᠬᠠᠤᠯᠢ ᠴᠠᠭᠠᠵᠠ ᠨᠡᠶᠢᠭᠡᠮᠯᠢᠭ ᠵᠡᠷᠭᠡ ᠨᠢᠭᠡᠴᠡ ᠲᠠᠢ ᠰᠣᠯᠢᠯᠴᠠᠭᠠᠨ ᠠᠵᠢᠯᠯᠠᠭ᠎ᠠ ᠥᠷᠨᠢᠭᠦᠯᠵᠦ᠂ ᠲᠣᠮᠣ ᠳ᠋ᠠᠶᠢᠲ᠋ᠠ ᠡᠨᠧᠷᠭᠢ ᠣᠯᠭᠤᠬᠤ ᠪᠠᠷ ᠳᠠᠮᠵᠢᠭᠤᠯᠤᠨ ᠰᠢᠨ᠎ᠡ ᠴᠠᠭ ᠦᠶ᠎ᠡ ᠬᠠᠤᠯᠢ ᠴᠠᠭᠠᠵᠠ ᠬᠢᠨᠠᠯᠲᠠ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠠᠬᠢᠭᠤᠯᠵᠤ᠂ ᠲᠦᠷᠪᠡᠨ ᠶᠡᠭᠡ ᠪᠠᠶᠢᠴᠠᠭᠠᠬᠤ ᠠᠵᠢᠯ ᠬᠢᠨᠠᠯᠲᠠ ᠬᠠᠮᠵᠢᠯᠴᠠᠭ᠎ᠠ ᠦᠷᠭᠦᠯᠵᠢᠯᠡᠨ ᠴᠢᠩᠭᠠᠳᠬᠠᠵᠤ᠂ ᠪᠠᠶᠢᠴᠠᠭᠠᠬᠤ ᠠᠵᠢᠯ ᠬᠢᠨᠠᠯᠲᠠ ᠪᠠᠷ ᠵᠠᠷᠭᠤ ᠢᠷᠡᠯᠲᠡ ᠵᠠᠰᠠᠯᠲᠠ ᠠᠬᠢᠭᠤᠯᠵᠤ᠂ ᠬᠠᠤᠯᠢ ᠴᠠᠭᠠᠵᠠ ᠦᠢᠯᠡᠳᠦᠯ ᠴᠢᠳᠠᠪᠤᠷᠢ ᠤᠯᠠᠮ ᠴᠢᠨᠠᠭᠰᠢᠳᠠ ᠬᠦᠭᠵᠢᠭᠡᠨ᠎ᠡ᠃ ᠢᠷᠭᠡᠨ ᠬᠡᠷᠡᠭ ᠪᠠᠶᠢᠴᠠᠭᠠᠬᠤ ᠠᠵᠢᠯᠲᠠᠨ ᠬᠢᠨᠠᠯᠲᠠ ᠲᠠᠯᠪᠢᠬᠤ ᠲᠤᠬᠠᠶᠢᠯᠠᠭᠰᠠᠨ ᠠᠵᠢᠯ ᠴᠢᠳᠠᠪᠤᠷᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠠᠮᠲᠤ ᠪᠠᠰᠠ ᠢᠷᠭᠡᠨ ᠬᠡᠷᠡᠭ ᠪᠠᠶᠢᠴᠠᠭᠠᠬᠤ ᠠᠵᠢᠯ ᠢ ᠥᠷᠨᠢᠭᠦᠯᠬᠦ ᠳᠤ ᠨᠡᠩ ᠤᠯᠠᠨ ᠨᠡᠩ ᠰᠢᠯᠢᠳᠡᠭ ᠠᠷᠭ᠎ᠠ ᠵᠠᠮ ᠰᠣᠩᠭᠤᠯᠲᠠ ᠬᠠᠩᠭᠠᠨ᠎ᠠ᠃
ᠲᠤᠰ ᠤᠳᠠᠭᠠᠨ ᠰᠤᠳᠤᠯᠤᠨ ᠶᠠᠷᠢᠯᠴᠠᠬᠤ ᠬᠤᠷᠠᠯ ᠨᠢ ᠨᠠᠮ ᠬᠤᠷᠢᠳᠤᠭᠠᠷ ᠶᠡᠭᠡ ᠬᠤᠷᠠᠯ ᠵᠣᠷᠢᠭ ᠰᠠᠨᠠᠭ᠎ᠠ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠫᠢᠩ ᠬᠠᠥᠯᠢ ᠪᠠᠷ ᠵᠠᠰᠠᠬᠤ ᠦᠵᠡᠯ ᠰᠠᠨᠠᠭ᠎ᠠ ᠭᠦᠨᠵᠡᠭᠡᠢ ᠰᠤᠷᠤᠯᠴᠠᠨ ᠦᠢᠯᠡᠳᠦᠯᠭᠡᠵᠢᠭᠦᠯᠵᠦ᠂ ᠬᠥᠬᠡᠬᠤᠲᠠ ᠪᠠᠶᠢᠴᠠᠭᠠᠬᠤ ᠬᠤᠷᠢᠶ᠎ᠠ ᠪᠠᠭᠤᠯᠭᠠᠭᠰᠠᠨ ︽ᠬᠥᠬᠡᠬᠤᠲᠠ ᠪᠠᠶᠢᠴᠠᠭᠠᠬᠤ ᠪᠠᠶᠢᠭᠤᠯᠭ᠎ᠠ ᠭᠤᠣᠯᠳᠠᠯᠭ᠎ᠠ ᠲᠠᠢ ᠲᠥᠷᠥᠯ ᠵᠦᠢᠯ ᠣᠨᠣᠯ ᠰᠤᠳᠤᠯᠭᠠᠨ ᠰᠠᠭᠤᠷᠢᠨ ᠭᠠᠵᠠᠷ ᠪᠦᠲᠦᠭᠡᠨ ᠪᠠᠶᠢᠭᠤᠯᠤᠯᠲᠠ ᠠᠵᠢᠯ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾ ᠱᠠᠭᠠᠷᠳᠠᠯᠭ᠎ᠠ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠠᠮᠲᠤ ᠪᠠᠰᠠ ᠥᠪᠥᠷ ᠮᠣᠩᠭᠤᠯ ᠶᠡᠭᠡ ᠰᠤᠷᠭᠠᠭᠤᠯᠢ ᠬᠠᠤᠯᠢ ᠤᠬᠠᠭᠠᠨ ᠳᠡᠭᠡᠳᠦ ᠰᠤᠷᠭᠠᠭᠤᠯᠢ ᠬᠢᠭᠡᠳ ᠢᠦᠢ ᠴᠢᠤᠸᠠᠨ ᠲᠣᠭᠤᠷᠢᠭ ᠠᠷᠠᠳ ᠪᠠᠶᠢᠴᠠᠭᠠᠬᠤ ᠬᠤᠷᠢᠶ᠎ᠠ ︽ᠪᠠᠶᠢᠴᠠᠭᠠᠬᠤ ᠪᠤᠯᠤᠨ ᠰᠤᠷᠭᠠᠭᠤᠯᠢ ᠵᠢᠨ ᠬᠠᠮᠲᠤᠷᠠᠯᠴᠠᠭ᠎ᠠ ᠬᠠᠮᠲᠤ ᠪᠠᠷ ᠪᠠᠶᠢᠭᠤᠯᠬᠤ︾ ᠠᠵᠢᠯᠯᠠᠭ᠎ᠠ ᠥᠷᠨᠢᠭᠦᠯᠦᠭᠰᠡᠨ ᠳᠠᠷᠠᠭ᠎ᠠ ᠠᠮᠵᠢᠯᠲᠠ ᠲᠠᠢ ᠡᠷᠭᠢᠯᠡᠭᠰᠡᠨ ᠪᠠᠰᠠ ᠨᠢᠭᠡ ᠤᠳᠠᠭᠠᠨ ᠴᠢᠬᠤᠯᠠ ᠠᠵᠢᠯᠯᠠᠭ᠎ᠠ ᠪᠣᠯᠣᠨ᠎ᠠ᠃