︽ᠥᠯᠥ ᠵᠠᠭᠠᠯᠳᠤᠬᠤ︾ ᠨᠢ ︽ᠥᠯᠥ ᠰᠢᠳᠬᠡᠬᠦ︾ ᠪᠢᠰᠢ᠂ ᠳᠠᠯᠠᠳ ᠬᠣᠰᠢᠭᠤᠨ ᠠᠷᠠᠳ ᠪᠠᠶᠢᠴᠠᠭᠠᠬᠤ ᠬᠣᠷᠢᠶ᠎ᠠ ᠵᠠᠰᠠᠭ ᠵᠠᠬᠢᠷᠭᠠᠨ ᠬᠡᠷᠡᠭ᠂ ᠡᠷᠡᠭᠦᠸ ᠬᠡᠷᠡᠭ ᠢ ᠡᠰᠡᠷᠭᠦ ᠴᠢᠭᠯᠡᠯ ᠵᠣᠯᠭᠠᠭᠤᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ
2023-10-27 12:47:36
︽ᠡᠷᠡᠭᠦᠦ ᠬᠡᠷᠡᠭ ᠪᠠᠶᠢᠴᠠᠭᠠᠬᠤ ᠰᠠᠯᠠᠭ᠎ᠠ ᠮᠥᠴᠢᠷ ᠰᠢᠯᠵᠢᠭᠦᠯᠦᠨ ᠲᠤᠰᠢᠶᠠᠭᠰᠠᠨ ︿ ᠬᠠᠤᠯᠢ ᠴᠠᠭᠠᠵᠠ ᠬᠢᠨᠠᠯᠲᠠ ᠲᠠᠯᠪᠢᠬᠤ ᠰᠦᠪᠡᠭᠴᠢ ᠰᠢᠯᠵᠢᠭᠦᠯᠦᠨ ᠬᠦᠷᠭᠡᠬᠦ ᠬᠦᠰᠦᠨᠦᠭᠲᠦ﹀ ᠣᠯᠤᠭᠰᠠᠨ ᠳᠠᠷᠠᠭ᠎ᠠ᠂ ᠪᠢᠳᠡ ᠸᠠᠩ ᠣᠪᠣᠭᠲᠤ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠰᠡᠵᠢᠭᠯᠡᠯᠲᠡᠶ ᠬᠡᠷᠡᠭ ᠲᠦ ᠪᠠᠶᠢᠴᠠᠭᠠᠬᠤ ᠰᠠᠨᠠᠯ ᠪᠢᠴᠢᠭ ᠭᠠᠷᠭᠠᠵᠤ᠂ ᠵᠠᠰᠠᠭ ᠵᠠᠬᠢᠷᠭᠠᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠦ ᠬᠠᠤᠯᠢ ᠪᠤᠰᠤ ᠪᠠᠷᠢᠯᠭ᠎ᠠ ᠬᠠᠤᠯᠢ ᠶᠣᠰᠣᠭᠠᠷ ᠬᠤᠭᠤᠴᠠᠭ᠎ᠠ ᠲᠣᠭᠲᠠᠭᠠᠨ ᠨᠤᠷᠠᠭᠠᠯᠭᠠᠵᠤ ᠤᠷᠭᠤᠮᠠᠯ ᠬᠤᠴᠢᠯᠭ᠎ᠠ ᠰᠢᠪᠠᠳᠠᠨ ᠰᠡᠷᠭᠦᠭᠡᠬᠦ ᠰᠠᠨᠠᠭᠤᠯᠤᠭᠰᠠᠨ ᠪᠠᠶᠢᠨ᠎ᠠ᠃︾ ᠲᠦᠷᠦᠭᠦᠬᠡᠨ ᠂ ᠳᠠᠯᠠᠳ ᠬᠣᠰᠢᠭᠤᠨ ᠠᠷᠠᠳ ᠪᠠᠶᠢᠴᠠᠭᠠᠬᠤ ᠬᠣᠷᠢᠶᠠᠨ ᠵᠠᠰᠠᠭ ᠵᠠᠬᠢᠷᠭᠠᠨ ᠪᠠᠶᠢᠴᠠᠭᠠᠬᠤ ᠰᠠᠯᠠᠭ᠎ᠠ ᠮᠥᠴᠢᠷ ᠥᠯᠥ ᠵᠠᠭᠠᠯᠳᠤᠬᠤ ᠬᠡᠷᠡᠭ ᠢ ᠡᠮᠬᠢᠳᠬᠡᠵᠦ ᠂ ᠴᠠᠭ ᠲᠤᠬᠠᠶ ᠳᠤᠨᠢ ᠬᠠᠨᠳᠤᠯᠭᠠᠲᠤ ᠴᠢᠨᠠᠷᠲᠠᠶ ᠪᠠᠶᠢᠴᠠᠭᠠᠬᠤ ᠰᠠᠨᠠᠯ ᠳᠤᠷᠠᠳᠴᠤ ᠂ ︽ᠡᠷᠡᠭᠦᠸ ᠪᠡᠷ ᠥᠯᠥ ᠰᠢᠳᠬᠡᠬᠦ ᠮᠥᠷᠳᠡᠭᠡᠨ ᠵᠠᠰᠠᠭ ᠵᠠᠬᠢᠷᠭᠠᠨ ᠥᠯᠥ ᠰᠢᠳᠬᠡᠬᠦ ︾ ᠪᠠᠶᠢᠳᠠᠯ ᠭᠠᠷᠬᠤ ᠠᠴᠠ ᠵᠠᠶᠢᠯᠠᠰᠬᠢᠵᠦ ᠂ ᠡᠷᠡᠭᠦᠸ ᠬᠡᠷᠡᠭ ᠬᠠᠸᠯᠢ ᠪᠠᠷᠢᠬᠤ ᠪᠠ ᠵᠠᠰᠠᠭ ᠵᠠᠬᠢᠷᠭᠠᠨ ᠬᠠᠸᠯᠢ ᠬᠡᠷᠡᠭᠵᠢᠭᠦᠯᠬᠦ ᠡᠰᠡᠷᠭᠦ ᠴᠢᠭᠯᠡᠯ ᠵᠣᠯᠭᠠᠭᠤᠯᠬᠤ ᠠᠵᠢᠯ ᠢ ᠪᠡᠶᠡᠯᠡᠭᠦᠯᠪᠡ ᠃
2018 ᠣᠨ 6 ᠰᠠᠷ᠎ᠠ ᠳᠤ ᠂ ᠸᠠᠩ ᠣᠪᠣᠭᠲᠤ ᠭᠠᠵᠠᠷ ᠬᠡᠷᠡᠭᠯᠡᠬᠦ ᠬᠢᠨᠠᠨ ᠵᠥᠪᠰᠢᠶᠡᠷᠡᠭᠦᠯᠬᠦ ᠬᠣᠯᠪᠣᠭᠳᠠᠯ ᠪᠥᠬᠥᠶ ᠭᠠᠷ ᠭᠦᠶᠴᠡᠳᠬᠡᠯ ᠢ ᠭᠦᠶᠴᠡᠳᠬᠡᠭᠰᠡᠨ ᠥᠬᠡᠶ ᠪᠠᠶᠢᠳᠠᠯ ᠳᠣᠸᠷ᠎ᠠ ᠂ ᠬᠡᠷᠡᠭ ᠲᠦ ᠬᠣᠯᠪᠣᠭᠳᠠᠭᠰᠠᠨ ᠭᠠᠵᠠᠷ ᠰᠢᠷᠣᠶ ᠳᠡᠭᠡᠷ᠎ᠡ ᠲᠦᠷ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠪᠡ ᠃ ᠰᠢᠯᠭᠠᠨ ᠲᠣᠳᠣᠯᠠᠭᠰᠠᠨ ᠂ ᠬᠠᠸᠯᠢ ᠪᠤᠰᠤ ᠪᠠᠷ ᠡᠵᠡᠯᠡᠨ ᠬᠡᠷᠡᠭᠯᠡᠭᠰᠡᠨ ᠪᠠᠶᠢᠭᠠᠯᠢ ᠪᠡᠯᠴᠢᠭᠡᠷ ᠨᠡᠶᠢᠲᠡ 174.1166 ᠮᠥ ᠪᠠᠢᠪᠠ᠃ ᠬᠡᠷᠡᠭ ᠲᠠᠬᠢ ᠭᠡᠷᠡᠴᠢ ᠪᠠᠷᠢᠮᠲᠠ ᠨᠢ ᠸᠠᠩ ᠣᠪᠣᠭᠲᠤ ᠪᠡᠶᠡᠴᠢ ᠲᠠᠯ᠎ᠠ ᠠᠴᠠ ᠪᠠᠨ ᠡᠪᠡᠰᠦᠲᠦ ᠭᠠᠵᠠᠷ ᠪᠣᠯᠬᠤ ᠲᠣᠳᠣᠷᠬᠠᠶ ᠮᠡᠳᠡᠵᠦ ᠪᠠᠶᠢᠭᠠᠳ ᠭᠠᠵᠠᠷ ᠰᠢᠷᠣᠶ ᠬᠡᠷᠡᠭᠴᠡᠭᠡ ᠬᠠᠸᠯᠢ ᠪᠤᠰᠤ ᠪᠠᠷ ᠬᠤᠪᠢᠷᠠᠭᠤᠯᠤᠭᠰᠠᠨ ᠢ ᠭᠦᠶᠴᠡᠳ ᠭᠡᠷᠡᠴᠢᠯᠡᠵᠦ ᠳᠡᠶᠢᠯᠬᠦ ᠥᠬᠡᠶ ᠤᠴᠢᠷ ᠠᠴᠠ ᠳᠠᠯᠠᠳ ᠬᠣᠰᠢᠭᠤᠨ ᠠᠷᠠᠳ ᠪᠠᠶᠢᠴᠠᠭᠠᠬᠤ ᠬᠣᠷᠢᠶ᠎ᠠ 2023 ᠣᠨ 5 ᠰᠠᠷ᠎ᠠ ᠳᠤ ᠸᠠᠩ ᠣᠪᠣᠭᠲᠤ ᠳᠤ ᠥᠯᠥ ᠵᠠᠭᠠᠯᠳᠤᠬᠤ ᠲᠣᠭᠲᠠᠭᠠᠯ ᠭᠠᠷᠭᠠᠪᠠ ᠃
ᠸᠠᠩ ᠣᠪᠣᠭᠲᠤ ᠥᠯᠦ ᠵᠠᠭᠠᠯᠳᠤᠭᠰᠠᠨ ᠳᠠᠷᠠᠭ᠎ᠠ᠂ ᠬᠠᠤᠯᠢ ᠠᠴᠠ ᠵᠥᠷᠢᠴᠡᠭᠰᠡᠨ ᠪᠠᠷᠢᠯᠭ᠎ᠠ ᠬᠠᠷᠠᠬᠠᠨ ᠨᠤᠷᠠᠭᠠᠭᠠᠳᠤᠶ ᠂ ᠠᠮᠢ ᠠᠬᠤᠶ ᠣᠷᠴᠢᠨ ᠲᠣᠭᠣᠷᠢᠨ ᠢ ᠦᠷᠭᠦᠯᠵᠢᠯᠡᠨ ᠬᠣᠬᠢᠷᠠᠭᠤᠯᠵᠤ ᠪᠠᠶᠢᠭ᠎ᠠ ᠪᠣᠯᠬᠣᠷ ᠨᠤᠲᠤᠭ ᠪᠡᠯᠴᠢᠭᠡᠷ ᠡᠬᠢ ᠪᠠᠶᠠᠯᠢᠭ ᠢ ᠬᠡᠷᠬᠢᠨ ᠨᠡᠩ ᠪᠦᠲᠦᠮᠵᠢᠲᠡᠶ ᠪᠡᠷ ᠬᠠᠮᠠᠭᠠᠯᠠᠬᠤ ᠪᠤᠶ︖ ᠭᠡᠳᠡᠭ ᠲᠦ ᠪᠠᠰᠠ ᠮᠠᠳᠠᠭ ᠲᠠᠶ ᠠᠰᠠᠭᠤᠳᠠᠯ ᠦᠯᠡᠳᠡᠵᠦ ᠪᠠᠶᠢᠨ᠎ᠠ ᠃ ᠡᠨᠡ ᠠᠰᠠᠭᠤᠳᠠᠯ ᠢ ᠰᠢᠢᠳᠪᠦᠷᠢᠯᠡᠬᠦ ᠵᠢᠨ ᠲᠤᠯᠠᠳᠠ ᠳᠠᠯᠠᠳ ᠬᠣᠰᠢᠭᠤᠨ ᠠᠷᠠᠳ ᠪᠠᠶᠢᠴᠠᠭᠠᠬᠤ ᠬᠣᠷᠢᠶᠠᠨ ᠡᠷᠡᠭᠦᠦ ᠬᠡᠷᠡᠭ ᠪᠠᠶᠢᠴᠠᠭᠠᠬᠤ ᠰᠠᠯᠠᠭ᠎ᠠ ᠮᠥᠴᠢᠷ ᠪᠣᠯᠤᠨ ᠵᠠᠰᠠᠭ ᠵᠠᠬᠢᠷᠭᠠᠨ ᠪᠠᠶᠢᠴᠠᠭᠠᠬᠤ ᠰᠠᠯᠠᠭ᠎ᠠ ᠮᠥᠴᠢᠷ ᠬᠡᠷᠡᠭ ᠰᠤᠳᠤᠯᠤᠨ ᠶᠠᠷᠢᠯᠴᠠᠬᠤ ᠬᠤᠷᠠᠯ ᠬᠣᠷᠠᠯᠳᠣᠵᠣ ᠂ ᠠᠷᠠᠳ ᠳᠡᠭᠡᠳᠦ ᠪᠠᠶᠢᠴᠠᠭᠠᠬᠤ ᠬᠣᠷᠢᠶᠠᠨ ᠪᠠᠭᠤᠯᠭᠠᠭᠰᠠᠨ ︽ ᠵᠠᠰᠠᠭ ᠵᠠᠬᠢᠷᠭᠠᠨ ᠬᠡᠷᠡᠭ᠂ ᠡᠷᠡᠭᠦᠸ ᠬᠡᠷᠡᠭ ᠢ ᠬᠣᠸᠰ ᠴᠢᠭᠯᠡᠯ ᠵᠣᠯᠭᠠᠭᠤᠯᠬᠤ ᠪᠠ ᠵᠠᠰᠠᠭ ᠵᠠᠬᠢᠷᠭᠠᠨ ᠬᠠᠸᠯᠢ ᠵᠥᠷᠢᠴᠡᠭᠰᠡᠨ ᠦᠶᠯᠡ ᠠᠵᠢᠯᠯᠠᠭ᠎ᠠ ᠳᠤ ᠬᠢᠨᠠᠯᠲᠠ ᠲᠠᠯᠪᠢᠬᠤ ᠳᠥᠯᠭᠢᠨ ᠠᠬᠢᠭᠤᠯᠵᠤ ᠂ ᠪᠠᠶᠢᠴᠠᠭᠠᠬᠤ ᠬᠢᠨᠠᠯᠲᠠ ᠲᠠᠯᠪᠢᠬᠤ ᠪᠠ ᠵᠠᠰᠠᠭ ᠵᠠᠬᠢᠷᠭᠠᠨ ᠬᠠᠸᠯᠢ ᠬᠡᠷᠡᠭᠵᠢᠭᠦᠯᠬᠦ ᠵᠣᠯᠭᠠᠭᠤᠯᠬᠤ ᠲᠦᠷᠢᠮ ᠢ ᠪᠠᠶᠢᠭᠤᠯᠬᠤ ᠲᠤᠬᠠᠶ ᠰᠠᠨᠠᠯ ︾ ᠲᠣᠭᠲᠠᠭᠠᠯ ᠢ ᠦᠨᠳᠦᠰᠦᠯᠡᠨ ᠂ ᠡᠷᠡᠭᠦᠸ ᠬᠡᠷᠡᠭ ᠪᠠᠶᠢᠴᠠᠭᠠᠬᠤ ᠰᠠᠯᠠᠭ᠎ᠠ ᠮᠥᠴᠢᠷ ᠡᠴᠡ ᠬᠡᠷᠡᠭ ᠮᠠᠲ᠋ᠧᠷᠢᠶᠠᠯ ᠢ ᠲᠣᠰ ᠬᠣᠷᠢᠶᠠᠨ ᠵᠠᠰᠠᠭ ᠵᠠᠬᠢᠷᠭᠠᠨ ᠪᠠᠶᠢᠴᠠᠭᠠᠬᠤ ᠰᠠᠯᠠᠭ᠎ᠠ ᠮᠥᠴᠢᠷ ᠲᠦ ᠰᠢᠯᠵᠢᠭᠦᠯᠦᠨ ᠬᠦᠷᠭᠡᠬᠦ ᠪᠡᠷ ᠲᠣᠭᠲᠠᠪᠠ᠃ ᠪᠠᠶᠢᠴᠠᠭᠠᠬᠤ ᠲᠤᠰᠢᠶᠠᠯᠲᠠᠨ ᠲᠣᠰ ᠬᠡᠷᠡᠭ ᠢ ᠪᠥᠬᠥ ᠲᠠᠯ᠎ᠠ ᠪᠠᠷ ᠬᠢᠨᠠᠨ ᠪᠠᠶᠢᠴᠠᠭᠠᠭᠰᠠᠨ ᠳᠠᠷᠠᠭ᠎ᠠ ᠂ ᠸᠠᠩ ᠣᠪᠣᠭᠲᠤ ᠬᠠᠸᠯᠢ ᠵᠥᠷᠢᠴᠡᠭᠰᠡᠨ ᠦᠶᠯᠡ ᠠᠵᠢᠯᠯᠠᠭ᠎ᠠ ᠨᠢ ᠵᠠᠰᠠᠭ ᠵᠠᠬᠢᠷᠭᠠᠨ ᠰᠢᠳᠬᠡᠯ ᠣᠯᠪᠠᠯ ᠵᠣᠬᠢᠬᠤ ᠡᠰᠡᠬᠦ ᠲᠤᠬᠠᠶ ᠰᠠᠨᠠᠭᠠᠴᠢᠯᠠᠭ᠎ᠠ ᠠᠴᠠ ᠪᠠᠨ ᠵᠠᠰᠠᠭ ᠵᠠᠬᠢᠷᠭᠠᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠡᠶ ᠨᠡᠪᠲᠡᠷᠡᠯᠴᠡᠵᠦ ᠂ ᠠᠵᠢᠯ ᠲᠥᠷᠥᠯ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠰᠠᠨᠠᠯ ᠢ ᠰᠣᠨᠣᠰᠪᠠ᠃ ᠬᠢᠨᠠᠨ ᠪᠠᠶᠢᠴᠠᠭᠠᠭᠠᠳ ᠳᠠᠯᠠᠳ ᠬᠣᠰᠢᠭᠤᠨ ᠠᠷᠠᠳ ᠪᠠᠶᠢᠴᠠᠭᠠᠬᠤ ᠬᠣᠷᠢᠶ᠎ᠠ 8 ᠰᠠᠷ᠎ᠠ 21 ᠡᠳᠦᠷ ᠪᠠᠢᠴᠠᠭᠠᠬᠣ ᠰᠠᠨᠠᠯ ᠬᠡᠯᠪᠡᠷᠢ ᠪᠡᠷ ᠬᠡᠷᠡᠭ ᠢ ᠵᠠᠰᠠᠭ ᠵᠠᠬᠢᠷᠭᠠᠨ ᠡᠷᠭᠢᠯᠡᠨ ᠬᠠᠮᠢᠶᠠᠷᠬᠤ ᠪᠠᠶᠢᠭᠤᠯᠭ᠎ᠠ ᠳᠤ ᠬᠠᠸᠯᠢ ᠶᠣᠰᠣᠭᠠᠷ ᠰᠢᠯᠵᠢᠭᠦᠯᠦᠨ ᠬᠦᠷᠭᠡᠵᠦ ᠰᠢᠶᠳᠪᠦᠷᠢᠯᠡᠭᠦᠯᠪᠡ᠃ᠣᠶᠢᠷ᠎ᠠ ᠳᠤ᠂ ᠵᠠᠰᠠᠭ ᠵᠠᠬᠢᠷᠭᠠᠨ ᠪᠠᠶᠢᠭᠤᠯᠭ᠎ᠠ ᠬᠦᠯᠢᠶᠡᠨ ᠠᠪᠤᠭᠰᠠᠨ ᠪᠥᠭᠡᠳ ᠰᠠᠨᠠᠯ ᠪᠢᠴᠢᠭ ᠠᠭᠤᠯᠭ᠎ᠠ ᠳᠤ ᠬᠠᠷᠢᠭᠤᠯᠲᠠ ᠥᠭᠴᠦ᠂ ᠥᠯᠥ ᠵᠠᠭᠠᠯᠳᠤᠭᠳᠠᠭᠴᠢ ᠸᠠᠩ ᠣᠪᠣᠭᠲᠤ ᠳᠤ ᠬᠠᠤᠯᠢ ᠠᠴᠠ ᠵᠥᠷᠢᠴᠡᠭᠰᠡᠨ ᠪᠠᠷᠢᠯᠭ᠎ᠠ ᠬᠤᠭᠤᠴᠠᠭ᠎ᠠ ᠲᠣᠭᠲᠠᠭᠠᠨ ᠨᠤᠷᠠᠭᠠᠯᠭᠠᠬᠤ ᠵᠠᠰᠠᠭ ᠵᠠᠬᠢᠷᠭᠠᠨ ᠰᠢᠶᠳᠬᠡᠯ ᠥᠭᠪᠡ ᠃
ᠳᠠᠯᠠᠳ ᠬᠣᠰᠢᠭᠤᠨ ᠠᠷᠠᠳ ᠪᠠᠶᠢᠴᠠᠭᠠᠬᠤ ᠬᠣᠷᠢᠶ᠎ᠠ ᠡᠷᠡᠭᠦᠦ ᠬᠡᠷᠡᠭ ᠬᠠᠤᠯᠢ ᠴᠠᠭᠠᠵᠠ ᠪᠣᠯᠤᠨ ᠵᠠᠰᠠᠭ ᠵᠠᠬᠢᠷᠭᠠᠨ ᠬᠠᠤᠯᠢ ᠬᠡᠷᠡᠭᠵᠢᠭᠦᠯᠦᠯᠲᠡ ᠵᠣᠯᠭᠠᠭᠤᠯᠬᠤ ᠠᠵᠢᠯ ᠢ ᠦᠷᠭᠦᠯᠵᠢᠯᠡᠨ ᠠᠬᠢᠭᠤᠯᠵᠤ ᠂ ᠬᠣᠰᠢᠭᠤᠨ ᠳᠣᠲᠣᠭᠠᠳᠤ ᠬᠠᠮᠠᠭᠠᠯᠠᠬᠤ ᠲᠣᠪᠴᠢᠶ᠎ᠠ ᠲᠠᠶ ᠬᠠᠮᠲᠤᠷᠠᠨ ︽ ᠥᠯᠥ ᠵᠠᠭᠠᠯᠳᠤᠬᠤ ᠬᠡᠷᠡᠭ ᠵᠠᠰᠠᠭ ᠵᠠᠬᠢᠷᠭᠠᠨ ᠰᠢᠳᠬᠡᠯ ᠠᠵᠢᠯ ᠢ ᠵᠢᠷᠤᠮᠵᠢᠭᠤᠯᠬᠤ ᠠᠰᠠᠭᠤᠳᠠᠯ ᠲᠤᠬᠠᠶ ᠰᠠᠨᠠᠯ ︾ ᠢ ᠲᠣᠭᠲᠠᠭᠠᠵᠤ ᠂ ︽ᠦᠯᠦ ᠵᠠᠭᠠᠯᠳᠤᠬᠤ + ᠪᠠᠶᠢᠴᠠᠭᠠᠬᠤ ᠰᠠᠨᠠᠭᠤᠯᠭ᠎ᠠ︾᠂ ︽ᠦᠯᠦ ᠵᠠᠭᠠᠯᠳᠤᠬᠤ + ᠪᠠᠶᠢᠴᠠᠭᠠᠬᠤ ᠰᠠᠨᠠᠯ︾᠂ ︽ᠦᠯᠦ ᠵᠠᠭᠠᠯᠳᠤᠬᠤ + ᠬᠠᠤᠯᠢ ᠪᠠᠷ ᠵᠠᠰᠠᠬᠤ ᠬᠥᠮᠦᠵᠢᠯ ︾ ᠵᠡᠷᠭᠡ ᠤᠯᠠᠨ ᠵᠦᠢᠯ ᠠᠷᠭ᠎ᠠ ᠮᠠᠶ᠋ᠢᠭ ᠢ ᠠᠪᠴᠤ᠂ ︽ᠦᠯᠦ ᠵᠠᠭᠠᠯᠳᠤᠬᠤ + ︾ ᠰᠢᠨ᠎ᠡ ᠵᠠᠭᠪᠤᠷ ᠢ ᠬᠠᠶᠢᠨ ᠰᠦᠪᠡᠭᠴᠢᠯᠡᠬᠦ ᠬᠠᠮᠲᠤ ᠵᠠᠯᠭᠠᠭᠠᠳ ᠮᠥᠷᠳᠡᠨ ᠬᠢᠨᠠᠬᠣ ᠠᠵᠢᠯ ᠢ ᠰᠠᠶᠢᠲᠤᠷ ᠬᠢᠵᠦ᠂ ᠡᠷᠡᠭᠦᠦ ᠬᠡᠷᠡᠭ ᠬᠠᠤᠯᠢ ᠪᠠᠷᠢᠬᠤ ᠪᠠ ᠵᠠᠰᠠᠭ ᠵᠠᠬᠢᠷᠭᠠᠨ ᠬᠠᠤᠯᠢ ᠬᠡᠷᠡᠭᠵᠢᠭᠦᠯᠬᠦ ᠵᠠᠪᠰᠠᠷ ᠦᠭᠡᠢ ᠵᠣᠯᠭᠠᠭᠤᠯᠵᠤ᠂ ᠦᠯᠦ ᠵᠠᠭᠠᠯᠳᠤᠬᠤ ᠬᠡᠷᠡᠭ ︽ᠰᠡᠭᠦᠯᠴᠢ ᠬᠠᠭᠠᠰ ᠵᠣᠬᠢᠶᠠᠯ︾ ᠢ ᠰᠠᠶᠢᠲᠤᠷ ᠬᠢᠬᠦ ᠲᠦᠯᠬᠢᠨ ᠠᠬᠢᠭᠤᠯᠪᠠ᠃