《 ᠣᠶᠤᠨᠴᠢ + ᠬᠥᠮᠦᠨ ᠬᠦᠴᠦ︾ ᠲᠤᠬᠠᠶᠢᠯᠠᠭᠰᠠᠨ ᠠᠵᠢᠯ ᠲᠤᠭ᠎ᠠ ᠪᠠᠷᠢᠮᠲᠠ ᠶᠠᠰᠤ ᠴᠢᠨᠠᠷ ᠳᠤ 《 ᠬᠤᠣᠰ ᠪᠠᠲᠤᠯᠠᠭ᠎ᠠ︾ ᠬᠠᠩᠭᠠᠪᠠ
2023-11-15 15:06:26
ᠣᠶᠢᠷ᠎ᠠ ᠳᠤ᠂ ᠣᠷᠳᠣᠰ ᠬᠤᠲᠠ ᠣᠲᠤᠭ ᠡᠮᠦᠨᠡᠲᠦ ᠬᠤᠰᠢᠭᠤᠨ ᠪᠠᠶᠢᠴᠠᠭᠠᠬᠤ ᠬᠤᠷᠢᠶᠠᠨ ᠰᠢᠢᠳᠪᠦᠷᠢᠯᠡᠭᠰᠡᠨ ᠨᠢᠭᠡᠨ ᠬᠤᠯᠠᠭᠠᠶᠢᠯᠠᠭᠰᠠᠨ ᠬᠡᠷᠡᠭ ᠤᠤᠯ ᠰᠢᠭᠦᠯᠲᠡ ᠰᠢᠭᠦᠬᠦ ᠬᠤᠷᠢᠶᠠᠨ ᠮᠠᠭᠠᠳᠯᠠᠨ ᠲᠣᠭᠲᠠᠭᠠᠭᠰᠠᠨ ᠶᠠᠯ᠎ᠠ ᠨᠡᠷ᠎ᠡ ᠨᠢ ᠪᠤᠷᠤᠭᠤ ᠲᠠᠢ ᠠᠴᠠ ᠪᠣᠯᠵᠣ᠂ ᠣᠲᠤᠭ ᠡᠮᠦᠨᠡᠲᠦ ᠬᠤᠰᠢᠭᠤᠨ ᠪᠠᠶᠢᠴᠠᠭᠠᠬᠤ ᠬᠤᠷᠢᠶ᠎ᠠ ᠡᠰᠡᠷᠭᠦᠴᠡᠨ ᠵᠠᠭᠠᠯᠳᠤᠵᠤ᠂ ᠣᠷᠳᠣᠰ ᠬᠤᠲᠠ ᠪᠠᠶᠢᠴᠠᠭᠠᠬᠤ ᠬᠤᠷᠢᠶ᠎ᠠ ᠡᠰᠡᠷᠭᠦᠴᠡᠨ ᠵᠠᠭᠠᠯᠳᠤᠬᠤ ᠳᠡᠮᠵᠢᠨ᠂ ᠬᠤᠶᠠᠳᠤᠭᠠᠷ ᠰᠢᠭᠦᠯᠲᠡ ᠰᠢᠭᠦᠬᠦ ᠬᠤᠷᠢᠶ᠎ᠠ ᠠᠴᠠ ᠵᠠᠭᠠᠯᠳᠤᠭᠳᠠᠭᠴᠢ ᠬᠤᠯᠠᠭᠠᠶᠢᠯᠠᠭᠰᠠᠨ ᠶᠠᠯ᠎ᠠ᠂ ᠠᠯᠪᠠᠨ ᠶᠠᠪᠤᠳᠠᠯ ᠢ ᠬᠠᠷᠰᠢᠯᠠᠭᠰᠠᠨ ᠶᠠᠯ᠎ᠠ ᠪᠠᠷ ᠥᠭᠡᠷᠡᠴᠢᠯᠡᠨ ᠲᠠᠰᠤᠯᠠᠭᠠᠳ᠂ ᠬᠡᠳᠦᠨ ᠶᠠᠯ᠎ᠠ ᠨᠡᠶᠢᠯᠡᠭᠦᠯᠦᠨ ᠰᠢᠳᠬᠡᠵᠦ᠂ ᠡᠷᠡᠭᠦᠦ ᠬᠤᠭᠤᠴᠠᠭ᠎ᠠ ᠨᠢ ᠤᠤᠯ ᠭᠤᠷᠪᠠᠨ ᠵᠢᠯ ᠬᠤᠭᠤᠴᠠᠭ᠎ᠠ ᠲᠠᠢ ᠬᠤᠷᠢᠬᠤ ᠡᠷᠡᠭᠦᠦ ᠪᠠᠶᠢᠭᠰᠠᠨ ᠠᠴᠠ ᠲᠠᠪᠤᠨ ᠵᠢᠯ ᠬᠤᠭᠤᠴᠠᠭ᠎ᠠ ᠲᠠᠢ ᠬᠤᠷᠢᠬᠤ ᠡᠷᠡᠭᠦᠦ ᠪᠣᠯᠭᠠᠨ ᠥᠭᠡᠷᠡᠴᠢᠯᠡᠪᠡ᠃
ᠲᠤᠬᠠᠢ ᠦᠶ᠎ᠡ ᠳᠤ᠂ ᠳᠠᠭᠠᠭᠠᠨ ᠰᠢᠳᠬᠡᠭᠰᠡᠨ ᠪᠠᠶᠢᠴᠠᠭᠠᠬᠤ ᠲᠤᠰᠢᠶᠠᠯᠲᠠᠨ ᠲᠤᠰ ᠬᠡᠷᠡᠭ ᠨᠢᠭᠡᠳᠦᠭᠡᠷ ᠰᠢᠭᠦᠯᠲᠡ ᠲᠠᠰᠤᠯᠤᠯᠲᠠ ᠪᠢᠴᠢᠭ ᠢ ᠣᠯᠤᠭᠰᠠᠨ ᠳᠠᠷᠠᠭ᠎ᠠ᠂ ᠮᠠᠲ᠋ᠧᠷᠢᠶᠠᠯ ᠶᠠᠭ ᠰᠠᠶᠢᠬᠠᠨ ᠬᠤᠲᠠ ᠪᠠᠶᠢᠴᠠᠭᠠᠬᠤ ᠬᠤᠷᠢᠶᠠᠨ ᠳᠤ ᠮᠡᠳᠡᠭᠦᠯᠬᠦ ᠪᠠᠷ ᠪᠡᠯᠡᠳᠬᠡᠵᠦ ᠪᠠᠶᠢᠬᠤ ᠳᠤ ᠬᠤᠲᠠ ᠪᠠᠶᠢᠴᠠᠭᠠᠬᠤ ᠬᠤᠷᠢᠶᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠷᠢᠭᠤᠴᠠᠯᠭᠠᠲᠠᠨ ᠠᠴᠠ ᠤᠷᠢᠳᠴᠢᠯᠠᠨ ᠤᠲᠠᠰᠤ ᠢᠷᠡᠭᠦᠯᠪᠡ᠃ ᠤᠤᠯ ᠨᠢ ︽ᠬᠠᠤᠯᠢ ᠪᠠᠷᠢᠬᠤ ᠵᠢᠷᠤᠮᠵᠢᠭᠤᠯᠤᠯᠲᠠ ᠲᠣᠭᠤᠷᠢᠨ ᠴᠠᠭᠳᠠᠬᠤ ᠰᠢᠰᠲ᠋ᠧᠮ︾ ᠲᠣᠭᠤᠷᠢᠨ ᠪᠠᠶᠢᠴᠠᠭᠠᠬᠤ ᠦᠶ᠎ᠡ ᠳᠤ ᠪᠠᠰᠠ ᠰᠡᠷᠡᠮᠵᠢ ᠳᠣᠬᠢᠶ᠎ᠠ ᠭᠠᠷᠴᠤ᠂ ᠲᠤᠰ ᠬᠡᠷᠡᠭ ᠲᠤ ︽ᠰᠢᠭᠦᠵᠦ ᠳᠠᠭᠤᠰᠬᠠᠭᠰᠠᠨ ᠶᠠᠯ᠎ᠠ ᠨᠡᠷ᠎ᠡ ᠪᠠ ᠰᠢᠭᠦᠵᠦ ᠳᠠᠭᠤᠰᠬᠠᠭᠰᠠᠨ ᠪᠤᠰᠤᠳ ᠶᠠᠯ᠎ᠠ ᠨᠡᠷ᠎ᠡ︾ ︽ᠨᠢᠭᠡᠳᠦᠭᠡᠷ ᠰᠢᠭᠦᠯᠲᠡ ᠲᠠᠰᠤᠯᠤᠯᠲᠠ ᠶᠠᠯ᠎ᠠ ᠨᠡᠷ᠎ᠡ ᠪᠠ ᠨᠢᠭᠡᠳᠦᠭᠡᠷ ᠰᠢᠭᠦᠯᠲᠡ ᠲᠠᠰᠤᠯᠤᠯᠲᠠ ᠪᠤᠰᠤᠳ ᠶᠠᠯ᠎ᠠ ᠨᠡᠷ᠎ᠡ︾ ᠡᠮᠦᠨ᠎ᠡ ᠬᠤᠶᠢᠨ᠎ᠠ ᠨᠢ ᠨᠢᠭᠡᠳᠦᠯ ᠦᠭᠡᠶ ᠪᠠᠶᠢᠨ᠎ᠠ ᠭᠡᠵᠦ ᠰᠢᠰᠲ᠋ᠧᠮ ᠲᠠᠢ ᠰᠠᠨᠠᠭᠤᠯᠵᠠᠶ᠃ ᠲᠡᠭᠡᠭᠡᠳ ᠪᠠᠶᠢᠴᠠᠭᠠᠬᠤ ᠪᠠᠶᠢᠭᠤᠯᠭ᠎ᠠ ᠬᠢᠨᠠᠨ ᠪᠠᠶᠢᠴᠠᠭᠠᠭᠠᠳ ᠲᠤᠰ ᠬᠡᠷᠡᠭ ᠢ ᠬᠠᠤᠯᠢ ᠶᠣᠰᠣᠭᠠᠷ ᠡᠰᠡᠷᠭᠦᠴᠡᠨ ᠵᠠᠭᠠᠯᠳᠤᠪᠠ᠃
ᠣᠷᠳᠣᠰ ᠬᠤᠲᠠ ᠪᠠᠶᠢᠴᠠᠭᠠᠬᠤ ᠬᠤᠷᠢᠶ᠎ᠠ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠬᠡᠯᠲᠡᠰ ᠠᠵᠢᠯᠲᠠᠨ ᠲᠠᠨᠢᠯᠴᠠᠭᠤᠯᠤᠭᠰᠠᠨ ᠂ ᠥᠩᠭᠡᠷᠡᠭᠰᠡᠨ ᠲᠤᠬᠠᠶᠢᠯᠠᠭᠰᠠᠨ ᠠᠵᠢᠯ ᠲᠤᠭ᠎ᠠ ᠪᠠᠷᠢᠮᠲᠠ ᠶᠠᠰᠤ ᠴᠢᠨᠠᠷ ᠢ ᠬᠢᠨᠠᠨ ᠪᠠᠶᠢᠴᠠᠭᠠᠬᠤ ᠠᠵᠢᠯ ᠢ ᠴᠥᠮ ᠬᠥᠮᠦᠨ ᠬᠦᠴᠦ ᠪᠠᠷ ᠬᠢᠨᠠᠨ ᠪᠠᠶᠢᠴᠠᠭᠠᠬᠤ ᠠᠷᠭ᠎ᠠ ᠮᠠᠶ᠋ᠢᠭ ᠲᠤ ᠲᠦᠰᠢᠭᠯᠡᠨ ᠦᠷᠨᠢᠭᠦᠯᠳᠡᠭ᠂ ᠬᠤᠶᠠᠷ ᠱᠠᠲᠤᠨ ᠪᠠᠶᠢᠴᠠᠭᠠᠬᠤ ᠬᠤᠷᠢᠶ᠎ᠠ ᠬᠡᠷᠡᠭ ᠵᠠᠷᠭᠤ ᠬᠠᠮᠢᠶᠠᠷᠬᠤ ᠰᠠᠯᠠᠭ᠎ᠠ ᠮᠥᠴᠢᠷ ᠮᠡᠳᠡᠭᠦᠯᠬᠦ ᠬᠦᠰᠦᠨᠦᠭᠲᠦ᠂ ᠬᠡᠷᠡᠭ ᠺᠠᠷᠲ ᠲᠥᠷᠥᠯ ᠵᠦᠢᠯ ᠢ ᠨᠢᠭᠡᠳ ᠨᠢᠭᠡ ᠪᠠᠷ ᠬᠠᠷᠢᠴᠠᠭᠤᠯᠬᠤ ᠪᠠᠷ ᠳᠠᠮᠵᠢᠭᠤᠯᠤᠨ᠂ ᠬᠡᠷᠡᠭ ᠺᠠᠷᠲ ᠢ ᠲᠠᠭᠯᠠᠭᠰᠠᠨ ᠨᠢ ᠵᠢᠷᠤᠮᠵᠢᠭᠤᠨ ᠪᠥᠭᠡᠳ ᠣᠨᠣᠪᠴᠢᠲᠠᠶ ᠪᠠᠶᠢᠬᠤ ᠡᠰᠡᠬᠦ᠂ ᠢᠯᠡ ᠲᠣᠳᠣ ᠯᠣᠭᠢᠭ ᠵᠥᠷᠢᠴᠡᠯ ᠣᠷᠣᠰᠢᠵᠤ ᠪᠠᠶᠢᠬᠤ ᠡᠰᠡᠬᠦ᠂ ᠲᠤᠬᠠᠶᠢᠯᠠᠭᠰᠠᠨ ᠠᠵᠢᠯ ᠶᠠᠰᠤ ᠴᠢᠨᠠᠷ ᠦᠷ᠎ᠡ ᠪᠦᠲᠦᠮᠵᠢ ᠭᠦᠢᠴᠡᠳᠬᠡᠯ ᠲᠤᠭ᠎ᠠ ᠨᠥᠯᠥᠭᠡᠯᠡᠬᠦ ᠬᠤᠯᠪᠣᠭᠳᠠᠬᠤ ᠬᠡᠷᠡᠭ ᠺᠠᠷᠲ ᠵᠦᠢᠯᠡᠰ ᠢ ᠣᠷᠬᠢᠭᠳᠠᠭᠤᠯᠤᠨ ᠲᠠᠭᠯᠠᠭᠰᠠᠨ ᠠᠰᠠᠭᠤᠳᠠᠯ ᠢ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠵᠤ᠂ ᠠᠵᠢᠯ ᠬᠡᠮᠵᠢᠶ᠎ᠡ ᠶᠡᠭᠡ ᠮᠥᠷᠲᠡᠭᠡᠨ ᠦᠷ᠎ᠡ ᠪᠦᠲᠦᠮᠵᠢ ᠥᠨᠳᠥᠷ ᠪᠢᠰᠢ ᠪᠠᠶᠢᠵᠠᠢ᠃
ᠪᠠᠶᠢᠴᠠᠭᠠᠬᠤ ᠲᠤᠬᠠᠶᠢᠯᠠᠭᠰᠠᠨ ᠠᠵᠢᠯ ᠶᠡᠭᠡ ᠬᠡᠮᠵᠢᠶᠡᠨ ᠲᠤᠭ᠎ᠠ ᠪᠠᠷᠢᠮᠲᠠ ᠬᠥᠮᠦᠨ ᠬᠦᠴᠦ ᠪᠠᠷ ᠬᠢᠨᠠᠨ ᠬᠠᠮᠢᠶᠠᠷᠬᠤ ᠬᠦᠴᠢᠷ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠵᠦ᠂ ᠠᠰᠠᠭᠤᠳᠠᠯ ᠢᠯᠡᠷᠡᠭᠦᠯᠦᠭᠰᠡᠨ ᠬᠡᠷᠡᠭ ᠶᠠᠰᠤ ᠴᠢᠨᠠᠷ ᠦᠷ᠎ᠡ ᠪᠦᠲᠦᠮᠵᠢ ᠳᠡᠭᠡᠭᠰᠢᠯᠡᠭᠦᠯᠬᠦ ᠲᠥᠯᠥᠭᠡ᠂ ᠣᠷᠳᠣᠰ ᠬᠤᠲᠠ ᠪᠠᠶᠢᠴᠠᠭᠠᠬᠤ ᠬᠤᠷᠢᠶ᠎ᠠ ᠡᠨᠡ ᠵᠢᠯ ᠡᠬᠢ ᠪᠠᠷ ᠰᠢᠨᠵᠢᠯᠡᠬᠦ ᠤᠬᠠᠭᠠᠨ ᠮᠡᠷᠭᠡᠵᠢᠯ ᠺᠣᠮᠫᠠᠨᠢ ᠲᠠᠢ ᠬᠠᠮᠲᠤᠷᠠᠨ ︽ᠬᠠᠤᠯᠢ ᠴᠠᠭᠠᠵᠠ ᠵᠢᠷᠤᠮᠵᠢᠭᠤᠯᠤᠯᠲᠠ ᠲᠣᠭᠤᠷᠢᠨ ᠴᠠᠭᠳᠠᠬᠤ ᠰᠢᠰᠲ᠋ᠧᠮ︾ ᠢ ᠨᠡᠭᠡᠭᠡᠪᠡ᠃
ᠲᠣᠰ ᠰᠢᠰᠲ᠋ᠧᠮ ᠨᠢ ᠡᠷᠡᠭᠦᠦ ᠬᠡᠷᠡᠭ ᠪᠠᠶᠢᠴᠠᠭᠠᠬᠤ᠂ ᠡᠷᠡᠭᠦᠦ ᠬᠡᠷᠡᠭ ᠵᠠᠷᠭᠤᠯᠳᠤᠭᠠᠨ ᠳᠤ ᠬᠢᠨᠠᠯᠲᠠ ᠲᠠᠯᠪᠢᠬᠤ᠂ ᠡᠷᠡᠭᠦᠦ ᠬᠡᠷᠡᠭ ᠭᠦᠢᠴᠡᠳᠬᠡᠯ ᠳᠤ ᠬᠢᠨᠠᠯᠲᠠ ᠲᠠᠯᠪᠢᠬᠤ᠂ ᠢᠷᠭᠡᠨ ᠬᠡᠷᠡᠭ ᠪᠠᠶᠢᠴᠠᠭᠠᠬᠤ᠂ ᠵᠠᠰᠠᠭ ᠵᠠᠬᠢᠷᠭᠠᠨ ᠵᠠᠷᠭᠤ ᠪᠠᠶᠢᠴᠠᠭᠠᠬᠤ ᠵᠡᠷᠭᠡ 51 ᠵᠦᠢᠯ ᠲᠤᠬᠠᠶᠢᠯᠠᠭᠰᠠᠨ ᠠᠵᠢᠯ ᠶᠠᠰᠤ ᠴᠢᠨᠠᠷ ᠦᠷ᠎ᠡ ᠪᠦᠲᠦᠮᠵᠢ ᠦᠨᠡᠯᠡᠬᠦ ᠭᠦᠢᠴᠡᠳᠬᠡᠯ ᠲᠤᠭ᠎ᠠ ᠲᠥᠷᠥᠯ ᠵᠦᠢᠯ ᠢ ᠬᠠᠮᠤᠷᠴᠤ᠂ ᠠᠷᠠᠳ ᠳᠡᠭᠡᠳᠦ ᠪᠠᠶᠢᠴᠠᠭᠠᠬᠤ ᠬᠤᠷᠢᠶᠠᠨ ᠬᠡᠷᠡᠭ ᠶᠠᠰᠤ ᠴᠢᠨᠠᠷ ᠢ ᠦᠨᠡᠯᠡᠬᠦ ᠭᠦᠢᠴᠡᠳᠬᠡᠯ ᠲᠤᠭ᠎ᠠ ᠬᠤᠯᠪᠣᠭᠳᠠᠬᠤ ᠬᠡᠷᠡᠭ ᠺᠠᠷᠲ ᠭᠤᠤᠯᠳᠠᠯᠭ᠎ᠠ ᠪᠣᠯᠭᠠᠵᠤ᠂ ᠪᠠᠶᠢᠴᠠᠭᠠᠬᠤ ᠲᠤᠬᠠᠶᠢᠯᠠᠭᠰᠠᠨ ᠠᠵᠢᠯ ᠬᠡᠷᠡᠭᠯᠡᠭᠡᠨ ᠰᠢᠰᠲ᠋ᠧᠮ ᠬᠡᠷᠡᠭ ᠲᠤᠭ᠎ᠠ ᠪᠠᠷᠢᠮᠲᠠ ᠪᠠ ᠪᠢᠴᠢᠭ ᠬᠠᠷ᠎ᠠ ᠠᠦ᠋ᠲ᠋ᠣ᠋ ᠬᠠᠷᠭᠤᠭᠤᠯᠤᠨ ᠪᠠᠶᠢᠴᠠᠭᠠᠵᠤ ᠲᠣᠭᠤᠷᠢᠨ ᠪᠠᠶᠢᠴᠠᠭᠠᠬᠤ ᠪᠠᠷ ᠳᠠᠮᠵᠢᠭᠤᠯᠤᠨ᠂ ᠬᠡᠷᠡᠭ ᠺᠠᠷᠲ ᠢ ᠪᠤᠷᠤᠭᠤ ᠲᠠᠭᠯᠠᠨ ᠪᠢᠴᠢᠭᠰᠡᠨ᠂ ᠪᠢᠴᠢᠭ ᠬᠠᠷ᠎ᠠ ᠪᠤᠶᠤ ᠬᠡᠷᠡᠭ ᠰᠢᠢᠳᠪᠦᠷᠢᠯᠡᠬᠦ ᠰᠢᠰᠲ᠋ᠧᠮ ᠵᠢᠷᠤᠮ ᠨᠢ ᠲᠣᠭᠲᠠᠭᠠᠯ ᠳᠤ ᠨᠡᠶᠢᠴᠡᠬᠦ ᠥᠬᠡᠶ ᠪᠠᠶᠢᠬᠤ ᠵᠡᠷᠭᠡ ᠠᠰᠠᠭᠤᠳᠠᠯ ᠢ ᠴᠠᠭ ᠲᠤᠬᠠᠶ ᠳᠤᠨᠢ ᠣᠯᠵᠤ ᠮᠡᠳᠡᠬᠦ ᠪᠥᠭᠡᠳ ᠡᠯ᠎ᠡ ᠦᠨᠳᠦᠰᠦᠨ ᠱᠠᠲᠤᠨ ᠪᠠᠶᠢᠴᠠᠭᠠᠬᠤ ᠬᠤᠷᠢᠶ᠎ᠠ ᠪᠠ ᠪᠣᠳᠠᠲᠠᠶ ᠬᠡᠷᠡᠭ ᠰᠢᠳᠬᠡᠭᠴᠢ ᠬᠦᠷᠲᠡᠯ᠎ᠡ ᠮᠥᠷᠳᠡᠵᠦ ᠪᠣᠯᠬᠤ ᠬᠠᠮᠲᠤ ᠠᠰᠠᠭᠤᠳᠠᠯ ᠴᠢᠬᠤᠯᠠ ᠬᠡᠮᠵᠢᠶ᠎ᠡ ᠦᠨᠳᠦᠰᠦᠯᠡᠨ ᠠᠳᠠᠯᠢ ᠪᠤᠰᠤ ᠰᠠᠨᠠᠭᠤᠯᠬᠤ ᠠᠷᠭ᠎ᠠ ᠮᠠᠶ᠋ᠢᠭ ᠢ ᠲᠣᠬᠢᠷᠠᠭᠤᠯᠤᠨ ᠰᠢᠪᠠᠳᠠᠨ ᠴᠡᠭᠴᠡᠯᠡᠭᠦᠯᠵᠦ ᠪᠣᠯᠤᠨ᠎ᠠ᠃
ᠣᠳᠣᠬᠠᠨ ᠪᠣᠯᠲᠠᠯ᠎ᠠ᠂ ᠣᠷᠳᠣᠰ ᠬᠤᠲᠠ ᠪᠠᠶᠢᠴᠠᠭᠠᠬᠤ ᠪᠠᠶᠢᠭᠤᠯᠭ᠎ᠠ ︽ᠬᠠᠤᠯᠢ ᠴᠠᠭᠠᠵᠠ ᠵᠢᠷᠤᠮᠵᠢᠭᠤᠯᠤᠯᠲᠠ ᠲᠣᠭᠤᠷᠢᠨ ᠴᠠᠭᠳᠠᠬᠤ ᠰᠢᠰᠲ᠋ᠧᠮ︾ ᠠᠩᠬ᠎ᠠ ᠠᠯᠬᠤᠮ ᠢᠯᠡᠷᠡᠭᠦᠯᠦᠭᠰᠡᠨ ᠠᠰᠠᠭᠤᠳᠠᠯ ᠰᠦᠪᠡᠭᠴᠢ ᠪᠣᠯᠤᠨ ᠲᠤᠭ᠎ᠠ ᠪᠠᠷᠢᠮᠲᠠ ᠬᠠᠷᠭᠤᠭᠤᠯᠤᠨ ᠪᠠᠶᠢᠴᠠᠭᠠᠬᠤ ᠲᠤᠰᠬᠠᠶ ᠠᠩᠭᠢ ᠬᠥᠮᠦᠨ ᠬᠦᠴᠦ ᠪᠠᠷ ᠭᠦᠨᠵᠡᠭᠡᠶ ᠬᠠᠷᠭᠤᠭᠤᠯᠤᠨ ᠪᠠᠶᠢᠴᠠᠭᠠᠬᠤ ᠤᠶᠠᠯᠳᠤᠭᠤᠯᠤᠭᠰᠠᠨ ᠠᠵᠢᠯ ᠵᠠᠭᠪᠤᠷ ᠳᠠᠮᠵᠢᠭᠤᠯᠤᠨ᠂ ᠨᠡᠶᠢᠲᠡ 8590 ᠭᠠᠷᠤᠶ ᠬᠡᠷᠡᠭ ᠢ ᠬᠠᠷᠭᠤᠭᠤᠯᠤᠨ ᠪᠠᠶᠢᠴᠠᠭᠠᠵᠤ᠂ 960 ᠭᠠᠷᠤᠶ ᠠᠰᠠᠭᠤᠳᠠᠯ ᠢ ᠬᠠᠷᠭᠤᠭᠤᠯᠤᠨ ᠪᠠᠶᠢᠴᠠᠭᠠᠵᠤ ᠰᠢᠪᠠᠳᠠᠨ ᠴᠡᠭᠴᠡᠯᠡᠨ ᠰᠠᠶᠢᠵᠢᠷᠠᠭᠤᠯᠵᠤ᠂ ᠲᠤᠬᠠᠶᠢᠯᠠᠭᠰᠠᠨ ᠠᠵᠢᠯ ᠲᠤᠭ᠎ᠠ ᠪᠠᠷᠢᠮᠲᠠ ᠶᠠᠰᠤ ᠴᠢᠨᠠᠷ ᠢ ᠢᠯᠡᠳᠲᠡ ᠰᠢᠯᠢᠳᠡᠭᠵᠢᠭᠦᠯᠪᠡ᠃