ᠰᠢᠭᠦᠬᠦ ᠬᠣᠷᠢᠶ᠎ᠠ ᠪᠠᠶᠢᠴᠠᠭᠠᠬᠤ ᠬᠣᠷᠢᠶ᠎ᠠ ᠬᠠᠮᠲᠤᠷᠠᠨ 《ᠤᠶᠤᠨ ᠥᠮᠴᠢ ᠵᠢᠨ ᠡᠷᠬᠡ ᠵᠢᠨ ᠬᠠᠤᠯᠢ ᠴᠠᠭᠠᠵᠠ ᠬᠠᠮᠠᠭᠠᠯᠠᠯᠲᠠ 》 ᠵᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ
2024-05-15 18:46:04
4 ᠰᠠᠷ᠎ᠠ 25 ᠡᠳᠦᠷ ᠂ ᠬᠠᠮᠲᠤ ᠲᠠᠨᠢᠯᠲᠠ ᠨᠢᠭᠲᠠᠷᠠᠭᠤᠯᠵᠤ ᠂ ᠬᠠᠤᠯᠢ ᠴᠠᠭᠠᠵᠠ ᠬᠠᠮᠲᠤᠷᠠᠯ ᠬᠦᠴᠦᠨ ᠢ ᠪᠦᠷᠢᠯᠳᠦᠭᠦᠯᠬᠦ ᠲᠥᠯᠥᠭᠡ ᠂ ᠥᠪᠡᠷᠲᠡᠭᠡᠨ ᠵᠠᠰᠠᠬᠤ ᠣᠷᠣᠨ ᠥᠨᠳᠥᠷ ᠵᠡᠷᠭᠡ ᠰᠢᠭᠦᠬᠦ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠪᠠᠶᠢᠴᠠᠭᠠᠬᠤ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠳᠣᠲᠣᠭᠠᠳᠤ ᠬᠠᠮᠠᠭᠠᠯᠠᠬᠤ ᠲᠢᠩᠬᠢᠮ ᠬᠠᠮᠲᠤᠷᠠᠨ 《 ᠤᠶᠤᠨ ᠥᠮᠴᠢ ᠵᠢᠨ ᠡᠷᠬᠡ ᠵᠢᠨᠶᠢᠨ ᠬᠠᠤᠯᠢ ᠴᠠᠭᠠᠵᠠ ᠬᠠᠮᠠᠭᠠᠯᠠᠯᠲᠠ ᠴᠢᠩᠭᠠᠳᠬᠠᠬᠤ 》 ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ᠃ ᠥᠪᠡᠷᠲᠡᠭᠡᠨ ᠵᠠᠰᠠᠬᠤ ᠣᠷᠣᠨ ᠥᠨᠳᠥᠷ ᠵᠡᠷᠭᠡ ᠰᠢᠭᠦᠬᠦ ᠬᠣᠷᠢᠶ᠎ᠠ ᠂ ᠥᠪᠡᠷᠲᠡᠭᠡᠨ ᠵᠠᠰᠠᠬᠤ ᠣᠷᠣᠨ ᠪᠠᠶᠢᠴᠠᠭᠠᠬᠤ ᠬᠣᠷᠢᠶ᠎ᠠ ᠬᠢᠭᠡᠳ ᠥᠪᠡᠷᠲᠡᠭᠡᠨ ᠵᠠᠰᠠᠬᠤ ᠣᠷᠣᠨ ᠳᠣᠲᠣᠭᠠᠳᠤ ᠬᠠᠮᠠᠭᠠᠯᠠᠬᠤ ᠲᠢᠩᠬᠢᠮ ᠲᠣᠰ ᠲᠣᠰ 2023 ᠣᠨ ᠤᠶᠤᠨ ᠥᠮᠴᠢ ᠵᠢᠨ ᠡᠷᠬᠡ ᠵᠢᠨ ᠠᠵᠢᠯ ᠪᠠᠶᠢᠳᠠᠯ ᠢ ᠮᠡᠳᠡᠭᠳᠡᠭᠰᠡᠨ ᠪᠥᠭᠡᠳ ᠰᠤᠷᠪᠤᠯᠵᠢᠯᠠᠭᠴᠢ ᠠᠰᠠᠭᠤᠯᠲᠠ ᠬᠠᠷᠢᠭᠤᠯᠪᠠ᠃
ᠤᠶᠤᠨ ᠪᠦᠲᠦᠭᠡᠭᠳᠡᠬᠦᠨ ᠥᠮᠴᠢᠯᠡᠬᠦ ᠡᠷᠬᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠨᠢᠭᠡᠳᠦᠭᠡᠷ ᠲᠦ ᠂ ᠬᠡᠷᠡᠭ ᠰᠢᠢᠳᠪᠦᠷᠢᠯᠡᠬᠦ ᠡᠷᠴᠢᠮ ᠴᠢᠩᠭᠠᠷᠠᠭᠤᠯᠵᠤ ᠂ ᠬᠡᠷᠡᠭ ᠰᠢᠢᠳᠪᠦᠷᠢᠯᠡᠬᠦ ᠬᠡᠪᠴᠢᠢ᠎ᠡ ᠢᠯᠡᠳᠲᠡ ᠥᠷᠭᠡᠳᠬᠡᠪᠡ᠃ 2023 ᠣᠨ ᠳᠤ ᠂ ᠪᠥᠬᠥ ᠣᠷᠣᠨ ᠪᠠᠶᠢᠴᠠᠭᠠᠬᠤ ᠪᠠᠶᠢᠭᠤᠯᠭ᠎ᠠ ᠤᠶᠤᠨ ᠪᠦᠲᠦᠭᠡᠭᠳᠡᠬᠦᠨ ᠥᠮᠴᠢᠯᠡᠬᠦ ᠡᠷᠬᠡ ᠳᠦ ᠬᠠᠯᠳᠠᠭᠰᠠᠨ ᠶᠠᠯᠠᠲᠤ ᠬᠡᠷᠡᠭ ᠢ ᠨᠡᠶᠢᠲᠡ 100 ᠬᠥᠮᠦᠨ ᠢ ᠪᠠᠷᠢᠪᠴᠢᠯᠠᠬᠤ ᠬᠢᠨᠠᠨ ᠪᠠᠶᠢᠴᠠᠭᠠᠵᠤ ᠂ 277 ᠬᠥᠮᠦᠨ ᠢ ᠵᠠᠭᠠᠯᠳᠤᠬᠤ ᠬᠢᠨᠠᠨ ᠪᠠᠶᠢᠴᠠᠭᠠᠵᠤ ᠂ ᠠᠳᠠᠯᠢ ᠬᠤᠭᠤᠴᠠᠭᠠᠨ ᠬᠢ ᠡᠴᠡ ᠲᠣᠰ ᠲᠣᠰ 355 % ᠂ 251 % ᠪᠠᠷ ᠨᠡᠮᠡᠭᠳᠡᠪᠡ᠃ 36 ᠬᠤᠪᠢᠤᠶᠤᠨ ᠥᠮᠴᠢ ᠵᠢᠨ ᠡᠷᠬᠡ ᠵᠢᠨ ᠢᠷᠭᠡᠨ ᠬᠡᠷᠡᠭ ᠪᠠᠶᠢᠴᠠᠭᠠᠨ ᠬᠢᠨᠠᠯᠲᠠ ᠲᠠᠯᠪᠢᠬᠤ ᠬᠡᠷᠡᠭ ᠢ ᠰᠢᠢᠳᠪᠦᠷᠢᠯᠡᠵᠦ ᠂ ᠠᠳᠠᠯᠢ ᠬᠤᠭᠤᠴᠠᠭᠠᠨ ᠬᠢ ᠡᠴᠡ 267 % ᠪᠡᠷ ᠨᠡᠮᠡᠭᠳᠡᠪᠡᠤᠶᠤᠨ ᠥᠮᠴᠢ ᠵᠢᠨ ᠡᠷᠬᠡ ᠵᠢᠨ ᠨᠡᠶᠢᠲᠡ ᠠᠰᠢᠭᠲᠤ ᠵᠠᠷᠭᠤ ᠬᠡᠷᠡᠭ 57 ᠰᠦᠪᠡᠭᠴᠢ ᠬᠦᠯᠢᠶᠡᠨ ᠠᠪᠴᠤ ᠰᠢᠶᠳᠪᠦᠷᠢᠯᠡᠨ ᠂ ᠠᠳᠠᠯᠢ ᠬᠤᠭᠤᠴᠠᠭᠠᠨ ᠬᠢ ᠡᠴᠡ 185 % ᠪᠡᠷ ᠨᠡᠮᠡᠭᠳᠡᠪᠡ᠃ᠬᠣᠶᠠᠳᠤᠭᠠᠷ ᠲᠤ ᠂ ᠲᠤᠰᠢᠶᠠᠯ ᠬᠠᠷᠢᠭᠤᠴᠠᠯᠭ᠎ᠠ ᠪᠠᠨ ᠶᠡᠷᠦᠩᠬᠡᠶᠢᠯᠡᠨ ᠭᠦᠢᠴᠡᠳᠬᠡᠬᠦ ᠴᠢᠩᠭᠠᠳᠬᠠᠵᠤ ᠂ ᠠᠷᠠᠳ ᠲᠥᠯᠥᠭᠡ ᠬᠠᠤᠯᠢ ᠪᠠᠷᠢᠬᠤ ᠤᠭ ᠰᠠᠨᠠᠭ᠎ᠠ ᠪᠠᠨ ᠰᠠᠬᠢᠨ ᠬᠠᠮᠠᠭᠠᠯᠠᠪᠠ᠃ ᠬᠥᠬᠡᠬᠣᠲᠠ ᠪᠠᠶᠢᠴᠠᠭᠠᠬᠤ ᠬᠣᠷᠢᠶ᠎ᠠ ᠰᠢᠶᠳᠪᠦᠷᠢᠯᠡᠭᠰᠡᠨ ᠮᠸᠩ ᠨᠢᠦ 《 ᠲᠠᠯ᠎ᠠ ᠨᠤᠲᠤᠭ ᠪᠠ ᠦᠬᠡᠷ 》 ᠬᠠᠭᠤᠷᠮᠠᠭᠯᠠᠭᠰᠠᠨ ᠳᠠᠩᠰᠠᠯᠠᠭᠤᠯᠤᠭᠰᠠᠨ ᠲᠠᠸᠠᠷ ᠲᠡᠮᠳᠡᠭᠲᠦ ᠡᠷᠡᠭᠦᠦ ᠬᠡᠷᠡᠭ ᠲᠦ ᠂ ᠵᠠᠭᠠᠯᠳᠤᠭᠳᠠᠭᠴᠢ ᠬᠢᠭᠡᠳ ᠡᠷᠬᠡᠲᠦ ᠬᠥᠮᠦᠨ ᠢᠷᠭᠡᠨ ᠬᠡᠷᠡᠭ ᠡᠷᠬᠡ ᠳᠦ ᠬᠠᠯᠳᠠᠭᠰᠠᠨ ᠲᠥᠯᠥᠪᠦᠷᠢ ᠡᠶᠡᠳᠡᠬᠦ ᠬᠡᠯᠡᠯᠴᠡᠭᠡᠷ ᠲᠣᠭᠲᠠᠬᠤ ᠢᠳᠡᠪᠬᠢᠲᠡᠶ ᠠᠬᠢᠭᠤᠯᠵᠤ ᠂ ᠡᠷᠡᠭᠦᠦ ᠬᠡᠷᠡᠭ ᠨᠡᠬᠡᠮᠵᠢᠯᠡᠨ ᠵᠠᠭᠠᠯᠳᠤᠬᠤ ᠪᠠ ᠢᠷᠭᠡᠨ ᠬᠡᠷᠡᠭ ᠲᠥᠯᠥᠪᠦᠷᠢ ᠠᠭᠤᠰᠤᠯᠴᠠᠭᠤᠯᠵᠤ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠪᠡᠶᠡᠯᠡᠭᠦᠯᠪᠡ᠃ ᠣᠷᠳᠣᠰ ᠬᠣᠲᠠ ᠪᠠᠶᠢᠴᠠᠭᠠᠬᠤ ᠬᠣᠷᠢᠶ᠎ᠠ ᠰᠢᠶᠳᠪᠦᠷᠢᠯᠡᠭᠰᠡᠨ《DELIXI 》 ᠳᠠᠩᠰᠠᠯᠠᠭᠤᠯᠤᠭᠰᠠᠨ ᠲᠠᠸᠠᠷ ᠲᠡᠮᠳᠡᠭᠲᠦ ᠪᠡᠷ ᠬᠠᠭᠤᠷᠮᠠᠭᠯᠠᠭᠰᠠᠨ ᠴᠠᠬᠢᠯᠭᠠᠨ ᠲᠦᠭᠡᠭᠡᠬᠦ ᠠᠪᠳᠠᠷ᠎ᠠ ᠡᠷᠡᠭᠦᠦ ᠬᠡᠷᠡᠭ ᠲᠦ ᠂ ᠪᠠᠶᠢᠴᠠᠭᠠᠬᠤ ᠪᠠᠶᠢᠭᠤᠯᠭ᠎ᠠ ᠬᠣᠶᠠᠳᠤᠭᠠᠷ ᠰᠢᠭᠦᠯᠲᠡ ᠡᠰᠡᠷᠭᠦᠴᠡᠨ ᠵᠠᠭᠠᠯᠳᠤᠯᠭ᠎ᠠ ᠨᠢ ᠠᠮᠵᠢᠯᠲᠠ ᠣᠯᠤᠭᠰᠠᠨ ᠪᠥᠭᠡᠳ ᠥᠪᠥᠷ ᠮᠣᠩᠭᠣᠯ ᠂ ᠨᠢᠩᠰᠢᠶᠠ ᠬᠣᠶᠠᠷ ᠭᠠᠵᠠᠷ ᠭᠠᠯ ᠰᠡᠷᠭᠡᠶᠢᠯᠡᠬᠦ ᠠᠮᠤᠷ ᠲᠦᠪᠰᠢᠨ ᠶᠡᠷᠦᠩᠬᠡᠶᠢᠯᠡᠭᠰᠡᠨ ᠵᠠᠰᠠᠯᠲᠠ ᠢᠳᠡᠪᠬᠢᠲᠡᠶ ᠠᠬᠢᠭᠤᠯᠪᠠ ᠂ ᠲᠣᠰ ᠬᠡᠷᠡᠭ ᠨᠢ ᠠᠷᠠᠳ ᠳᠡᠭᠡᠳᠦ ᠪᠠᠶᠢᠴᠠᠭᠠᠬᠤ ᠬᠣᠷᠢᠶ᠎ᠠ ᠳᠤ ᠪᠥᠬᠥ ᠤᠯᠤᠰ ᠪᠠᠶᠢᠴᠠᠭᠠᠬᠤ ᠪᠠᠶᠢᠭᠤᠯᠭ᠎ᠠ ᠤᠶᠤᠨ ᠪᠦᠲᠦᠭᠡᠭᠳᠡᠬᠦᠨ ᠥᠮᠴᠢᠯᠡᠬᠦ ᠡᠷᠬᠡ ᠬᠠᠮᠠᠭᠠᠯᠠᠭᠰᠠᠨ ᠨᠡᠶᠢᠲᠡᠯᠢᠭ ᠬᠡᠷᠡᠭ ᠵᠢᠱᠢᠶ᠎ᠡ ᠪᠡᠷ ᠦᠨᠡᠯᠡᠭᠳᠡᠪᠡ᠃ ᠪᠣᠳᠠᠰ ᠪᠤᠰᠤ ᠰᠣᠶᠣᠯ ᠥᠪ ᠨᠡᠶᠢᠲᠡ ᠠᠰᠢᠭᠲᠤ ᠵᠠᠷᠭᠤ ᠬᠠᠮᠠᠭᠠᠯᠠᠯᠲᠠ 《 ᠰᠠᠶᠢᠨ ᠠᠮᠵᠢᠯᠲᠠ 》 ᠭᠠᠷᠭᠠᠪᠠ᠃ ᠬᠥᠬᠡᠬᠣᠲᠠ ᠬᠣᠲᠣᠩ ᠠᠷᠠᠳ ᠲᠣᠭᠣᠷᠢᠭ ᠪᠠᠶᠢᠴᠠᠭᠠᠬᠤ ᠬᠣᠷᠢᠶ᠎ᠠ ᠤᠯᠠᠮᠵᠢᠯᠠᠯᠲᠤ ᠪᠡᠶ᠎ᠡ ᠲᠠᠮᠢᠷ 5 ᠵᠦᠶᠯᠡᠰ ᠢ ᠪᠣᠳᠠᠰ ᠪᠤᠰᠤ ᠰᠣᠶᠣᠯ ᠥᠪ ᠬᠠᠮᠠᠭᠠᠯᠠᠯᠲᠠ ᠨᠡᠷᠡᠰ ᠵᠢᠭᠰᠠᠭᠠᠯᠲᠠ ᠳᠤ ᠠᠮᠵᠢᠯᠲᠠ ᠲᠠᠶ ᠪᠠᠷ ᠣᠷᠣᠭᠤᠯᠬᠤ ᠠᠬᠢᠭᠤᠯᠵᠤ ᠂ ᠲᠤᠰᠬᠠᠶ ᠪᠠᠯᠠ ᠮᠥᠩᠭᠥ ᠡᠳ᠋ ᠵᠠᠰᠠᠭ ᠪᠠᠲᠤᠯᠠᠭ᠎ᠠ ᠪᠡᠶᠡᠯᠡᠭᠦᠯᠪᠡ᠃
ᠪᠥᠬᠥ ᠰᠢᠰᠲ᠋ᠧᠮ ᠤᠶᠤᠨ ᠥᠮᠴᠢ ᠵᠢᠨ ᠡᠷᠬᠡ ᠵᠢᠨ ᠪᠠᠶᠢᠴᠠᠭᠠᠬᠤ ᠲᠤᠰᠬᠠᠶ ᠮᠡᠷᠭᠡᠵᠢᠯ ᠦᠷ᠎ᠡ ᠪᠦᠲᠦᠮᠵᠢ ᠳᠡᠭᠡᠭᠰᠢᠯᠡᠭᠦᠯᠪᠡ᠃ ᠨᠢᠭᠡᠳᠦᠭᠡᠷ ᠲᠦ ᠂ ᠲᠤᠰᠬᠠᠢ ᠠᠵᠢᠯ ᠪᠠᠶᠢᠭᠤᠯᠤᠮᠵᠢ ᠠᠵᠢᠯᠳᠠᠨ ᠢ ᠪᠠᠶᠢᠭᠤᠯᠪᠠ᠃ ᠣᠳᠣᠬᠠᠨ ᠳᠤ ᠂ ᠪᠥᠬᠥ ᠣᠷᠣᠨ ᠳᠤᠤᠶᠤᠨ ᠥᠮᠴᠢ ᠵᠢᠨ ᠡᠷᠬᠡ ᠵᠢᠨ ᠪᠠᠶᠢᠴᠠᠭᠠᠬᠤ ᠲᠤᠰᠬᠠᠶ ᠠᠵᠢᠯ ᠬᠡᠷᠡᠭ ᠰᠢᠶᠳᠪᠦᠷᠢᠯᠡᠬᠦ ᠪᠠᠶᠢᠭᠤᠯᠤᠮᠵᠢ ᠨᠡᠶᠢᠲᠡ 99 ᠪᠠᠶᠢᠭᠤᠯᠪᠠ᠃ ᠥᠪᠥᠷ ᠮᠣᠩᠭᠣᠯ ᠶᠡᠬᠡ ᠰᠤᠷᠭᠠᠭᠤᠯᠢ ᠂ ᠵᠥᠩ ᠨᠠᠨ ᠡᠳ᠋ ᠵᠠᠰᠠᠭ ᠠᠵᠤ ᠠᠬᠤᠶ ᠤᠯᠤᠰ ᠲᠥᠷᠥ ᠬᠠᠤᠯᠢ ᠴᠠᠭᠠᠵᠠ ᠶᠡᠬᠡ ᠰᠤᠷᠭᠠᠭᠤᠯᠢ ᠲᠠᠶ ᠬᠠᠮᠲᠤᠷᠠᠨ 《 ᠰᠢᠨ᠎ᠡ ᠴᠠᠭ ᠦᠶᠡᠤᠶᠤᠨ ᠥᠮᠴᠢ ᠵᠢᠨ ᠡᠷᠬᠡ ᠵᠢᠨ ᠪᠠᠶᠢᠴᠠᠭᠠᠬᠤ ᠪᠣᠳᠠᠲᠤ ᠶᠠᠪᠤᠳᠠᠯ ᠶᠠᠷᠢᠶᠠᠨ ᠲᠠᠪᠴᠠᠩ 》 ᠢ ᠬᠤᠷᠠᠯᠳᠤᠭᠤᠯᠵᠤ ᠂ ᠰᠢᠯᠭᠠᠨ ᠪᠠᠶᠢᠴᠠᠭᠠᠬᠤ ᠰᠤᠷᠭᠠᠭᠤᠯᠢ ᠯᠤᠭ᠎ᠠ ᠬᠠᠮᠲᠤᠷᠠᠯᠴᠠᠭᠠᠨ ᠵᠥᠪᠯᠡᠯᠴᠡᠭᠡᠷ ᠲᠣᠬᠢᠷᠠᠯᠴᠠᠵᠤ ᠂ 《 ᠪᠠᠶᠢᠴᠠᠭᠠᠬᠤ ᠣᠨᠣᠯ ᠰᠤᠳᠤᠯᠭᠠᠨ ᠰᠠᠭᠤᠷᠢᠨ ᠭᠠᠵᠠᠷ 》 ᠪᠠ 《 ᠵᠢᠭᠠᠨ ᠰᠤᠷᠭᠠᠯᠲᠠ ᠦᠶᠯᠡᠳᠦᠯᠭᠡ ᠰᠠᠭᠤᠷᠢᠨ ᠭᠠᠵᠠᠷ 》 ᠢ ᠬᠠᠮᠲᠤ ᠪᠠᠷ ᠪᠠᠶᠢᠭᠤᠯᠪᠠ᠃ ᠬᠣᠶᠠᠳᠤᠭᠠᠷ ᠲᠤ ᠂ ᠲᠤᠰᠬᠠᠢ ᠮᠡᠷᠭᠡᠵᠢᠯ ᠬᠡᠷᠡᠭ ᠰᠢᠢᠳᠪᠦᠷᠢᠯᠡᠬᠦ ᠲᠣᠭᠲᠠᠴᠠ ᠲᠡᠭᠦᠯᠳᠡᠷᠵᠢᠭᠦᠯᠪᠡ᠃ 《 ᠳᠥᠷᠪᠡᠨ ᠪᠠᠶᠢᠴᠠᠭᠠᠬᠤ ᠠᠵᠢᠯ ᠢ ᠨᠢᠭᠡᠳᠬᠡᠬᠦ 》 ᠶᠡᠷᠦᠩᠬᠡᠶᠢᠯᠡᠭᠰᠡᠨ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠵᠦ ᠬᠡᠷᠡᠭ ᠰᠢᠶᠳᠪᠦᠷᠢᠯᠡᠬᠦ ᠰᠢᠨ᠎ᠡ ᠵᠠᠭᠪᠤᠷ ᠢ ᠲᠡᠭᠦᠯᠳᠡᠷᠵᠢᠭᠦᠯᠪᠡ᠃ 2023 ᠣᠨ ᠳᠤ ᠪᠥᠬᠥ ᠣᠷᠣᠨ ᠪᠠᠶᠢᠴᠠᠭᠠᠬᠤ ᠪᠠᠶᠢᠭᠤᠯᠭ᠎ᠠ ᠤᠶᠤᠨ ᠪᠦᠲᠦᠭᠡᠭᠳᠡᠬᠦᠨ ᠥᠮᠴᠢᠯᠡᠬᠦ ᠡᠷᠬᠡ ᠪᠠᠶᠢᠴᠠᠭᠠᠯᠲᠠ ᠶᠡᠷᠦᠩᠬᠡᠶᠢᠯᠡᠭᠰᠡᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠭᠰᠡᠨ 57 ᠬᠡᠷᠡᠭ ᠢ ᠰᠢᠶᠳᠪᠦᠷᠢᠯᠡᠵᠦ ᠂ ᠶᠡᠷᠦᠩᠬᠡᠶᠢᠯᠡᠭᠰᠡᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠭᠰᠡᠨ ᠨᠣᠷᠮ᠎ᠠ ᠨᠢ 55 . 4 % ᠪᠣᠯᠵᠠᠶ᠃ ᠬᠥᠯᠥᠨ ᠪᠤᠢᠢᠷ ᠂ ᠬᠢᠩᠭᠠᠨ ᠠᠶᠢᠮᠠᠭ ᠂ ᠪᠠᠶᠠᠨᠨᠠᠭᠤᠷ ᠵᠡᠷᠭᠡ ᠪᠠᠶᠢᠴᠠᠭᠠᠬᠤ ᠪᠠᠶᠢᠭᠤᠯᠭ᠎ᠠ ᠲᠤᠰᠬᠠᠢ ᠮᠡᠷᠭᠡᠵᠢᠯ ᠠᠵᠢᠯᠳᠠᠨ ᠢ ᠤᠷᠢᠵᠤᠤᠶᠤᠨ ᠥᠮᠴᠢ ᠵᠢᠨ ᠡᠷᠬᠡ ᠵᠢᠨ ᠮᠡᠷᠭᠡᠵᠢᠯ ᠪᠠᠶᠢᠴᠠᠭᠠᠯᠲᠠ ᠲᠤᠰᠢᠶᠠᠯᠲᠠᠨ ᠪᠤᠶᠤ ᠣᠨᠴᠠ ᠤᠷᠢᠭᠰᠠᠨ ᠪᠠᠶᠢᠴᠠᠭᠠᠬᠤ ᠲᠤᠰᠢᠶᠠᠯᠲᠠᠨ ᠲᠤᠰᠠᠯᠠᠭᠴᠢ ᠪᠣᠯᠭᠠᠬᠤ ᠪᠠᠷ ᠳᠠᠮᠵᠢᠭᠤᠯᠤᠨ ᠂ ᠪᠠᠶᠢᠴᠠᠭᠠᠬᠤ ᠠᠵᠢᠯ ᠬᠡᠷᠡᠭ ᠰᠢᠢᠳᠪᠦᠷᠢᠯᠡᠬᠦ ᠲᠤᠰᠬᠠᠶᠢᠵᠢᠭᠤᠯᠬᠤ ᠠᠬᠢᠭᠤᠯᠪᠠ᠃ ᠭᠤᠷᠪᠠᠳᠤᠭᠠᠷ ᠲᠤ ᠂ ᠲᠤᠰᠬᠠᠢ ᠵᠦᠢᠯ ᠬᠢᠨᠠᠯᠲᠠ ᠲᠠᠯᠪᠢᠬᠤ ᠠᠵᠢᠯᠯᠠᠭ᠎ᠠ ᠪᠠᠶᠢᠷᠢᠯᠠᠭᠤᠯᠪᠠ᠃ᠤᠶᠤᠨ ᠥᠮᠴᠢ ᠵᠢᠨ ᠡᠷᠬᠡ ᠵᠢᠨ ᠪᠠᠶᠢᠴᠠᠭᠠᠬᠤ 《 ᠥᠪᠥᠷ ᠮᠣᠩᠭᠣᠯ ᠨᠠᠷᠠᠲᠤ ᠲᠡᠮᠳᠡᠭᠲᠦ 》 ᠲᠤᠰᠬᠠᠶ ᠬᠢᠨᠠᠯᠲᠠ ᠲᠠᠯᠪᠢᠬᠤ ᠠᠵᠢᠯᠯᠠᠭ᠎ᠠ ᠪᠠᠶᠢᠷᠢᠯᠠᠭᠤᠯᠤᠨ ᠥᠷᠨᠢᠭᠦᠯᠵᠦ ᠂ 2023 ᠣᠨ ᠳᠤ ᠲᠠᠸᠠᠷ ᠲᠡᠮᠳᠡᠭ ᠲᠥᠷᠥᠯ ᠶᠠᠯᠠᠲᠤ ᠬᠡᠷᠡᠭ ᠢ ᠨᠡᠶᠢᠲᠡ 135 ᠬᠤᠪᠢ ᠰᠢᠶᠳᠪᠦᠷᠢᠯᠡᠵᠦ ᠂ ᠠᠳᠠᠯᠢ ᠬᠤᠭᠤᠴᠠᠭᠠᠨ ᠬᠢ ᠡᠴᠡ 128 % ᠪᠠᠷ ᠨᠡᠮᠡᠭᠳᠡᠪᠡ᠃ ᠭᠠᠵᠠᠷ ᠵᠦᠢ ᠪᠡᠯᠭᠡ ᠳᠡᠮᠳᠡᠭ ᠬᠠᠮᠠᠭᠠᠯᠠᠯᠲᠠ ᠬᠦᠷᠢᠶᠡᠨ ᠳᠡᠬᠢ ᠨᠡᠶᠢᠲᠡ ᠠᠰᠢᠭᠲᠤ ᠵᠠᠷᠭᠤ ᠭᠣᠣᠯᠳᠠᠯᠭ᠎ᠠ ᠲᠠᠶ ᠥᠷᠨᠢᠭᠦᠯᠦᠨ᠎ᠡ᠃
ᠤᠶᠤᠨ ᠪᠦᠲᠦᠭᠡᠭᠳᠡᠬᠦᠨ ᠥᠮᠴᠢᠯᠡᠬᠦ ᠡᠷᠬᠡ 《 ᠶᠡᠬᠡ ᠬᠠᠮᠠᠭᠠᠯᠠᠯᠲᠠ 》 ᠪᠠᠶᠢᠷᠢᠰᠢᠯ ᠢ ᠪᠥᠬᠥ ᠬᠡᠯᠬᠢᠶ᠎ᠡ ᠪᠡᠷ ᠪᠠᠶᠢᠭᠤᠯᠪᠠ᠃ᠨᠢᠭᠡᠳᠦᠭᠡᠷ ᠲᠦ ᠂ ᠭᠠᠳᠠᠭᠠᠳᠤ ᠬᠠᠮᠵᠢᠯᠴᠠᠭ᠎ᠠ ᠴᠢᠩᠭᠠᠳᠬᠠᠪᠠ᠃ᠤᠶᠤᠨ ᠥᠮᠴᠢ ᠵᠢᠨ ᠡᠷᠬᠡ ᠵᠢᠨ ᠡᠷᠡᠭᠦᠦ ᠭᠦᠶᠴᠡᠳᠬᠡᠬᠦ ᠵᠣᠯᠭᠠᠭᠤᠯᠬᠤ 《 ᠬᠤᠤᠰ ᠴᠢᠭᠯᠡᠯ ᠰᠢᠯᠵᠢᠭᠦᠯᠦᠨ ᠬᠦᠷᠭᠡᠬᠦ 》 ᠲᠣᠭᠲᠠᠴᠠ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠪᠥᠬᠥ ᠣᠷᠣᠨ ᠵᠠᠬ᠎ᠠ ᠳᠡᠯᠭᠡᠭᠦᠷ ᠬᠢᠨᠠᠯᠲᠠ ᠬᠠᠮᠢᠶᠠᠷᠤᠯᠲᠠ ᠰᠠᠯᠠᠭ᠎ᠠ ᠮᠥᠴᠢᠷ ᠡᠴᠡ ᠪᠠᠶᠢᠴᠠᠭᠠᠬᠤ ᠪᠠᠶᠢᠭᠤᠯᠭ᠎ᠠ ᠳᠤ 15 ᠬᠤᠪᠢ ᠬᠡᠷᠡᠭ ᠪᠣᠯᠭᠠᠨ ᠳᠡᠩᠰᠡᠯᠡᠵᠦ ᠬᠢᠨᠠᠯᠲᠠ ᠲᠠᠯᠪᠢᠬᠤ ᠰᠦᠪᠡᠭᠴᠢ ᠰᠢᠯᠵᠢᠭᠦᠯᠦᠨ ᠬᠦᠷᠭᠡᠪᠡ ᠥᠪᠡᠷᠲᠡᠭᠡᠨ ᠵᠠᠰᠠᠬᠤ ᠣᠷᠣᠨ ᠳᠣᠲᠣᠭᠠᠳᠤ ᠬᠠᠮᠠᠭᠠᠯᠠᠬᠤ ᠲᠢᠩᠬᠢᠮ ᠲᠡᠶ ᠬᠠᠮᠲᠤᠷᠠᠨ ᠬᠣᠶᠠᠷ ᠪᠦᠯᠦᠭ ᠤᠳᠠᠭ᠎ᠠ 13 ᠬᠦᠨᠳᠦ ᠶᠡᠬᠡ ᠬᠦᠴᠢᠷ ᠲᠦᠪᠡᠭᠲᠡᠶ ᠬᠡᠷᠡᠭ ᠢ ᠫᠠᠶᠢᠰᠠ ᠡᠯᠭᠦᠨ ᠰᠢᠮᠳᠠᠭᠤᠯᠤᠨ ᠰᠢᠶᠳᠪᠦᠷᠢᠯᠡᠭᠦᠯᠪᠡ᠃ ᠬᠣᠶᠠᠳᠤᠭᠠᠷ ᠲᠤ ᠂ ᠳᠣᠲᠣᠭᠠᠳᠤ ᠬᠠᠮᠵᠢᠯᠴᠠᠭ᠎ᠠ ᠪᠠᠨ ᠴᠢᠩᠭᠠᠳᠬᠠᠪᠠ᠃ ᠤᠯᠤᠰ ᠣᠷᠣᠨ ᠪᠦᠰᠡ ᠬᠥᠭᠵᠢᠯᠲᠡ ᠪᠠᠶᠢᠯᠳᠤᠬᠤ ᠪᠣᠳᠣᠯᠭ᠎ᠠ ᠬᠡᠷᠡᠭᠵᠢᠭᠦᠯᠬᠦ ᠲᠡᠶ ᠨᠢᠭᠲᠠ ᠤᠶᠠᠯᠳᠤᠭᠤᠯᠤᠨ ᠂ ᠬᠥᠬᠡᠬᠣᠲᠠ ᠂ ᠪᠤᠭᠤᠲᠤ ᠂ ᠣᠷᠳᠣᠰ ᠂ ᠤᠯᠠᠭᠠᠨᠴᠠᠪ ᠳᠥᠷᠪᠡᠨ ᠬᠣᠲᠠ ᠪᠠᠶᠢᠴᠠᠭᠠᠬᠤ ᠬᠣᠷᠢᠶ᠎ᠠ ᠬᠣᠯᠪᠣᠭᠠᠲᠤ ᠬᠤᠷᠠᠯ 《 ᠬᠥᠬᠡᠬᠣᠲᠠ ᠪᠤᠭᠤᠲᠤ ᠣᠷᠳᠣᠰ ᠦᠬᠠᠶ 》ᠤᠶᠤᠨ ᠥᠮᠴᠢ ᠵᠢᠨ ᠡᠷᠬᠡ ᠵᠢᠨ ᠪᠠᠶᠢᠴᠠᠭᠠᠬᠤ ᠬᠠᠮᠵᠢᠯᠴᠠᠭ᠎ᠠ ᠴᠢᠩᠭᠠᠳᠬᠠᠬᠤ ᠲᠤᠬᠠᠶ ᠰᠠᠨᠠᠯ 》 ᠳᠤ ᠭᠠᠷ ᠥᠰᠥᠭ ᠵᠢᠷᠤᠬᠤ ᠢᠳᠡᠪᠬᠢᠲᠡᠶ ᠠᠬᠢᠭᠤᠯᠪᠠ ᠮᠤᠵᠢ ᠣᠷᠣᠨ ᠪᠠᠶᠢᠴᠠᠭᠠᠬᠤ ᠠᠵᠢᠯ ᠬᠠᠮᠵᠢᠯᠴᠠᠭ᠎ᠠ ᠪᠠᠨ ᠴᠢᠩᠭᠠᠳᠬᠠᠵᠤ ᠂ ᠲᠠᠸᠠᠷ ᠲᠡᠮᠳᠡᠭᠲᠦ ᠡᠷᠬᠡ ᠳᠦ ᠬᠠᠯᠳᠠᠭᠰᠠᠨ 78 ᠢᠷᠭᠡᠨ ᠬᠡᠷᠡᠭ ᠪᠠᠶᠢᠴᠠᠭᠠᠬᠤ ᠬᠢᠨᠠᠯᠲᠠ ᠲᠠᠯᠪᠢᠬᠤ ᠰᠦᠪᠡᠭᠴᠢ ᠮᠤᠵᠢ ᠠᠯᠤᠰᠯᠠᠨ ᠰᠢᠯᠵᠢᠭᠦᠯᠦᠨ ᠬᠦᠷᠭᠡᠪᠡ᠃ ᠪᠦᠬᠦ ᠬᠠᠷᠠᠭᠠᠰᠤ ᠠᠴᠠ 《 ᠰᠢᠨ᠎ᠡ ᠡᠭᠦᠳᠬᠦ ᠬᠠᠮᠠᠭᠠᠯᠠᠬᠤ 》 ᠬᠠᠥᠯᠢ ᠪᠠᠷ ᠵᠠᠰᠠᠬᠤ ᠣᠷᠴᠢᠨ ᠲᠣᠭᠣᠷᠢᠨ ᠢ ᠪᠣᠯᠭᠠᠪᠠ᠃ ᠰᠠᠨᠠᠭᠠᠴᠢᠯᠠᠭ᠎ᠠ ᠠᠴᠠ ᠪᠠᠨ ᠲᠤᠰᠢᠶᠠᠯ ᠭᠦᠢᠴᠡᠳᠬᠡᠵᠦ ᠂ ᠲᠤᠰᠬᠠᠢ ᠦᠢᠯᠡᠴᠢᠯᠡᠭᠡᠨ ᠴᠣᠩᠬᠣ ᠪᠠᠶᠢᠭᠤᠯᠪᠠ᠃ ᠪᠦᠬᠦ ᠣᠷᠣᠨ ᠪᠠᠶᠢᠴᠠᠭᠠᠬᠤ ᠪᠠᠶᠢᠭᠤᠯᠭ᠎ᠠ 120 ᠳᠡᠭᠡᠳᠦ ᠰᠢᠨ᠎ᠡ ᠮᠡᠷᠭᠡᠵᠢᠯ ᠰᠤᠷᠭᠠᠭᠤᠯᠢ ᠂ ᠰᠢᠨᠵᠢᠯᠡᠬᠦ ᠤᠬᠠᠭᠠᠨ ᠮᠡᠷᠭᠡᠵᠢᠯ ᠠᠵᠤ ᠠᠬᠤᠶᠢᠯᠠᠯ ᠳᠤ 《 ᠤᠶᠤᠨ ᠪᠦᠲᠦᠭᠡᠭᠳᠡᠬᠦᠨ ᠥᠮᠴᠢᠯᠡᠬᠦ ᠡᠷᠬᠡ ᠪᠠᠶᠢᠴᠠᠭᠠᠬᠤ ᠬᠠᠮᠠᠭᠠᠯᠠᠬᠤ ᠬᠠᠷᠢᠯᠴᠠᠬᠤ ᠴᠡᠭ 》 ᠢ ᠫᠠᠶᠢᠰᠠ ᠡᠯᠭᠦᠨ ᠂ 《 ᠨᠢᠭᠡ ᠨᠢᠭᠡ ᠪᠡᠷ 》 ᠪᠠᠶᠢᠴᠠᠭᠠᠬᠤ ᠦᠢᠯᠡᠴᠢᠯᠡᠭᠡ ᠬᠠᠩᠭᠠᠬᠤ ᠢᠳᠡᠪᠬᠢᠲᠡᠢ ᠠᠬᠢᠭᠤᠯᠪᠠ᠃ ᠬᠥᠬᠡᠬᠣᠲᠠ ᠪᠠᠶᠢᠴᠠᠭᠠᠬᠤ ᠬᠣᠷᠢᠶ᠎ᠠ ᠬᠥᠬᠡᠬᠣᠲᠠ ᠠᠵᠤ ᠠᠬᠤᠶ ᠮᠡᠷᠭᠡᠵᠢᠯ ᠨᠡᠭᠡᠭᠡᠯᠲᠡ ᠲᠣᠭᠣᠷᠢᠭ ᠲᠤ 《 ᠤᠶᠤᠨ ᠪᠦᠲᠦᠭᠡᠭᠳᠡᠬᠦᠨ ᠥᠮᠴᠢᠯᠡᠬᠦ ᠡᠷᠬᠡ 》 ᠵᠢᠨ ᠰᠢᠷᠢᠰ ᠲᠠᠶᠢᠯᠤᠮᠵᠢ 17 ᠲᠠᠯᠠᠪᠤᠷ ᠡᠷᠭᠢᠯᠡᠵᠦ ᠂ ᠨᠡᠶᠢᠲᠡ 600 ᠭᠠᠷᠤᠶ ᠬᠥᠮᠦᠨ ᠣᠷᠣᠯᠴᠠᠪᠠ ᠰᠠᠶᠢᠬᠠᠨ ᠲᠣᠭᠣᠷᠢᠭ ᠪᠠᠶᠢᠴᠠᠭᠠᠬᠤ ᠬᠣᠷᠢᠶ᠎ᠠ ᠨᠢ ᠬᠥᠬᠡᠬᠣᠲᠠ ᠵᠥᠩ ᠬᠤᠸᠠᠨ ᠠᠵᠤ ᠦᠶᠯᠡᠰ ᠬᠦᠷᠢᠶᠡᠯᠡᠩ ᠲᠡᠶ 《 ᠬᠤᠳᠠᠯᠳᠤᠭᠠᠨ ᠨᠢᠭᠤᠴᠠ ᠬᠠᠮᠠᠭᠠᠯᠠᠯᠲᠠ ᠲᠣᠭᠲᠠᠭᠠᠯ ᠳᠤ ᠨᠡᠶᠢᠴᠡᠭᠰᠡᠨ ᠪᠥᠲᠥᠭᠡᠨ ᠪᠠᠶᠢᠭᠤᠯᠤᠯᠲᠠ ᠪᠦᠳᠦᠭᠦᠪᠴᠢ ᠵᠥᠪᠯᠡᠯᠴᠡᠭᠡᠷ 》 ᠲᠣᠭᠲᠠᠪᠠ᠃
ᠣᠯᠠᠨ ᠬᠡᠮᠵᠢᠯᠳᠦ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠨᠢ ᠬᠠᠤᠯᠢ ᠪᠠᠷ ᠵᠠᠰᠠᠬᠤ ᠤᠬᠠᠭᠤᠯᠭ᠎ᠠ ᠬᠡᠪᠴᠢᠶ᠎ᠡ ᠤᠷᠲᠤᠳᠬᠠᠪᠠ᠃ ᠥᠪᠡᠷᠲᠡᠭᠡᠨ ᠵᠠᠰᠠᠬᠤ ᠣᠷᠣᠨ ᠪᠠᠶᠢᠴᠠᠭᠠᠬᠤ ᠬᠣᠷᠢᠶ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠂ᠤᠶᠤᠨ ᠥᠮᠴᠢ ᠵᠢᠨ ᠡᠷᠬᠡ ᠵᠢᠨ ᠪᠠᠶᠢᠴᠠᠭᠠᠬᠤ ᠠᠵᠢᠯ ᠴᠠᠭᠠᠨ ᠭᠠᠳᠠᠷᠳᠤ ᠪᠢᠴᠢᠭ ᠪᠠ ᠨᠡᠶᠢᠲᠡᠯᠢᠭ ᠬᠡᠷᠡᠭ ᠵᠢᠱᠢᠶ᠎ᠡ ᠨᠡᠶᠢᠲᠡᠯᠡᠪᠡ ᠬᠥᠬᠡᠬᠣᠲᠠ ᠬᠣᠶᠠᠳᠤᠭᠠᠷ ᠳᠤᠮᠳᠠᠳᠤ ᠰᠤᠷᠭᠠᠭᠤᠯᠢ ᠳᠤ 《ᠤᠶᠤᠨ ᠥᠮᠴᠢ ᠵᠢᠨ ᠡᠷᠬᠡ ᠵᠢᠨ ᠬᠠᠥᠯᠢ ᠪᠠᠷ ᠵᠠᠰᠠᠬᠤ ᠰᠤᠷᠭᠠᠭᠤᠯᠢ ᠬᠦᠷᠢᠶᠡᠨ ᠳᠦ ᠣᠷᠣᠭᠤᠯᠬᠤ 》 ᠠᠵᠢᠯᠯᠠᠭ᠎ᠠ ᠥᠷᠨᠢᠭᠦᠯᠵᠦ ᠂ ᠰᠤᠷᠭᠠᠨ ᠬᠥᠮᠦᠵᠢᠯ ᠢ ᠠᠮᠲᠠᠷᠬᠠᠭᠤᠯᠬᠤ ᠳᠤᠮᠳᠠ ᠬᠠᠥᠯᠢ ᠪᠠᠷ ᠵᠠᠰᠠᠬᠤ ᠳᠠᠭᠤᠨ ᠢ ᠳᠠᠮᠵᠢᠭᠤᠯᠪᠠ᠃ 《 426 ᠤᠶᠤᠨ ᠥᠮᠴᠢ ᠵᠢᠨ ᠡᠷᠬᠡ ᠵᠢᠨ ᠤᠬᠠᠭᠤᠯᠭ᠎ᠠ ᠭᠠᠷᠠᠭ 》 ᠂ 《 12 . 4ᠤᠶᠤᠨ ᠥᠮᠴᠢ ᠵᠢᠨ ᠡᠷᠬᠡ ᠵᠢᠨ ᠪᠠᠶᠢᠴᠠᠭᠠᠬᠤ ᠠᠵᠢᠯ ᠢ ᠠᠵᠤ ᠠᠬᠤᠶᠢᠯᠠᠯ ᠳᠤ ᠣᠷᠣᠭᠤᠯᠬᠤ 》 ᠵᠡᠷᠭᠡ ᠠᠵᠢᠯᠯᠠᠭ᠎ᠠ ᠪᠠᠶᠢᠷᠢᠯᠠᠭᠤᠯᠤᠨ ᠥᠷᠨᠢᠭᠦᠯᠵᠦ ᠂ ᠬᠠᠤᠯᠢ ᠴᠠᠭᠠᠵᠠ ᠶᠡᠷᠦ ᠮᠡᠳᠡᠯᠭᠡ ᠲᠦᠭᠡᠮᠡᠯᠵᠢᠭᠦᠯᠬᠦ ᠡᠯ᠎ᠡ ᠲᠥᠷᠥᠯ ᠠᠵᠢᠯᠯᠠᠭ᠎ᠠ ᠨᠡᠶᠢᠲᠡ 314 ᠤᠳᠠᠭ᠎ᠠ ᠵᠣᠬᠢᠶᠠᠨ ᠪᠠᠶᠢᠭᠤᠯᠪᠠ᠃ ᠬᠥᠬᠡᠬᠣᠲᠠ ᠪᠠᠶᠢᠴᠠᠭᠠᠬᠤ ᠬᠣᠷᠢᠶ᠎ᠠ 《 ᠣᠷᠣᠨ ᠲᠥᠪ ᠤᠶᠤᠨ ᠥᠮᠴᠢ ᠵᠢᠨ ᠪᠠᠶᠢᠴᠭᠠᠠᠬᠤ 》 ᠸᠢᠴᠠᠲ ᠣᠯᠠᠨ ᠨᠡᠶᠢᠲᠡ ᠳ᠋ᠤᠭᠠᠷ ᠭᠠᠷᠭᠠᠵᠤ ᠂ 320 ᠭᠠᠷᠤᠶ ᠮᠡᠳᠡᠭᠡ ᠵᠠᠩᠭᠢ ᠨᠡᠶᠢᠲᠡᠯᠡᠵᠦ ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ 《ᠡᠳᠦᠷ ᠪᠦᠷᠢ ᠠᠭᠤᠯᠵᠠᠬᠤ 》 ᠪᠡᠶᠡᠯᠡᠭᠦᠯᠪᠡ᠃
ᠬᠠᠥᠯᠢ ᠪᠠᠷ ᠵᠠᠰᠠᠬᠤ ᠡᠳᠦᠷ ᠰᠣᠨᠢᠨ ᠂ ᠥᠪᠥᠷ ᠮᠣᠩᠭᠣᠯ ᠡᠳᠦᠷ ᠰᠣᠨᠢᠨ ᠂ ᠤᠮᠠᠷᠠᠲᠤ ᠬᠢᠯᠢ ᠰᠣᠨᠢᠨ ᠮᠡᠳᠡᠭᠡᠨ ᠰᠦᠯᠵᠢᠶ᠎ᠡ ᠂ ᠲᠸ᠋ᠩ ᠰᠢᠶᠦ᠋ᠨ ᠥᠪᠥᠷ ᠮᠣᠩᠭᠣᠯ ᠵᠡᠷᠭᠡ 20 ᠭᠠᠷᠤᠢ ᠰᠣᠨᠢᠨ ᠮᠡᠳᠡᠭᠡᠨ ᠵᠠᠭᠤᠴᠢᠯᠠᠭᠤᠷ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠃