ᠲᠦᠩᠯᠢᠶᠦᠦ ᠬᠤᠳᠠ ᠵᠢᠨ ᠬᠣᠷᠴᠢᠨ ᠲᠣᠭᠣᠷᠢᠭ ᠠᠷᠠᠳ ᠪᠠᠢᠴᠠᠭᠠᠬᠤ ᠬᠣᠷᠢᠶ᠎ᠠ ᠪᠠᠶᠢᠴᠠᠭᠠᠬᠤ ᠦᠶᠯᠡᠴᠢᠯᠡᠭᠡᠨ ᠡᠭᠦᠷᠭᠡ ᠴᠢᠳᠠᠪᠬᠢ ᠳ᠋ᠤ᠌ ᠠᠩᠬᠠᠷᠤᠯ ᠲᠥᠪᠯᠡᠷᠡᠭᠦᠯᠵᠦ ᠂ 《ᠨᠢᠭᠡ ᠦᠷᠲᠡᠭᠡᠴᠢᠯᠡᠭᠰᠡᠨ ᠮᠠᠶ᠋ᠢᠭ》 ᠠᠷᠠᠳ ᠲᠤ ᠲᠥᠬᠥᠮ ᠦᠵᠡᠭᠦᠯᠬᠦ ᠦᠶᠯᠡᠴᠢᠯᠡᠭᠡᠨ ᠴᠣᠩᠬᠣ ᠵᠢ ᠪᠠᠶᠢᠭᠤᠯᠪᠠ
2024-11-29 16:07:57
︽ᠪᠠᠶᠢᠴᠠᠭᠠᠭᠴᠢ ᠡ᠂ XXX ᠬᠡᠷᠡᠭ ᠢ ᠪᠠᠢᠴᠠᠭᠠᠬᠤ ᠬᠣᠷᠢᠶᠠᠨ ᠳ᠋ᠤ᠌ ᠰᠢᠯᠵᠢᠭᠦᠯᠦᠭᠰᠡᠨ ᠡᠰᠡᠬᠦ ᠶ᠋ᠢ ᠪᠢ ᠠᠰᠠᠭᠤᠬᠤ ᠰᠠᠨᠠᠭ᠎ᠠ ᠲᠠᠶ᠃︾
︽ ᠪᠠᠶᠢᠴᠠᠭᠠᠭᠴᠢ ᠡ᠂ ᠪᠢ XXX ᠬᠡᠷᠡᠭ ᠲᠤ ᠡᠪᠬᠡᠮᠡᠯ ᠦᠵᠡᠬᠦ ᠶ᠋ᠢ ᠭᠤᠶᠤᠴᠢᠯᠠᠪᠠ ᠁ ︾ 12309 ᠪᠠᠶᠢᠴᠠᠭᠠᠬᠤ ᠦᠢᠯᠡᠴᠢᠯᠡᠭᠡᠨ ᠲᠥᠪ ᠠᠵᠢᠯᠲᠠᠨ ᠰᠤᠷᠪᠤᠯᠵᠢᠯᠠᠯ ᠬᠦᠯᠢᠶᠡᠬᠦ ᠭᠣᠭᠴᠣᠭ᠎ᠠ ᠪᠣᠯᠭᠠᠨ ᠢ ᠦᠴᠦᠬᠡᠨ ᠴᠦ ᠣᠰᠣᠯᠳᠠᠯ ᠦᠭᠡᠢ ᠬᠦᠯᠢᠶᠡᠨ ᠠᠪᠴᠣ ᠪᠡᠶᠡᠯᠡᠭᠦᠯᠦᠨ᠎ᠡ᠃
ᠠᠷᠠᠳ ᠲᠦᠮᠡᠨ ᠳᠤ ᠦᠶᠯᠡᠴᠢᠯᠡᠬᠦ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ ᠂ ᠪᠠᠶᠢᠴᠠᠭᠠᠬᠤ ᠶᠠᠪᠤᠳᠠᠯ ᠢ ᠢᠯᠡ ᠪᠣᠯᠭᠠᠬᠤ ᠬᠡᠯᠪᠡᠷᠢ ᠵᠢ ᠪᠠᠶᠠᠯᠢᠭᠵᠢᠭᠤᠯᠤᠨ ᠂ ᠪᠠᠶᠢᠴᠠᠭᠠᠬᠤ ᠦᠶᠯᠡᠴᠢᠯᠡᠭᠡᠨ ᠬᠢᠷᠢ ᠲᠦᠪᠰᠢᠨ ᠢ ᠳᠡᠭᠡᠭᠰᠢᠯᠡᠭᠦᠯᠵᠦ᠂ ᠨᠡᠶᠢᠭᠡᠮ ᠵᠥᠷᠢᠴᠡᠯ ᠢ ᠬᠦᠴᠦᠯᠡᠨ ᠠᠷᠢᠯᠭᠠᠬᠤ ᠶ᠋ᠢᠨ ᠲᠥᠯᠥᠭᠡ᠂ ᠲᠦᠩᠯᠢᠶᠣᠣ ᠬᠣᠲᠠ᠎ᠶ᠋ᠢᠨ ᠬᠣᠷᠴᠢᠨ ᠲᠣᠭᠣᠷᠢᠭ ᠠᠷᠠᠳ ᠪᠠᠶᠢᠴᠠᠭᠠᠬᠤ ᠬᠣᠷᠢᠶ᠎ᠠ 12309 ᠪᠠᠶᠢᠴᠠᠭᠠᠬᠤ ᠦᠶᠯᠡᠴᠢᠯᠡᠭᠡᠨ ᠲᠥᠪ ᠲᠦ ᠲᠦᠰᠢᠭᠯᠡᠨ ᠠᠷᠠᠳ ᠲᠤ ᠲᠥᠬᠥᠮ᠂ ᠥᠨᠳᠥᠷ ᠪᠦᠲᠦᠮᠵᠢᠲᠡᠶ ︽ ᠨᠢᠭᠡ ᠦᠷᠲᠡᠭᠡᠴᠢᠯᠡᠭᠰᠡᠨ ᠮᠠᠶ᠋ᠢᠭ︾ ᠦᠶᠯᠡᠴᠢᠯᠡᠭᠡᠨ ᠴᠣᠩᠬᠣ ᠪᠠᠶᠢᠭᠤᠯᠪᠠ᠃
1.ᠣᠯᠠᠨ ᠲᠦᠮᠡᠨ ᠰᠤᠷᠪᠤᠯᠵᠢᠯᠠᠯ ᠢ ᠭᠥᠯᠢᠶᠡᠨ ᠠᠪᠬᠤ ︽ ᠨᠢᠭᠡ ᠦᠷᠲᠡᠭᠡᠴᠢᠯᠡᠭᠰᠡᠨ ᠮᠠᠶ᠋ᠢᠭ ︾ ᠴᠣᠩᠬᠣ᠄
ᠲᠤᠰᠬᠠᠶ ᠬᠥᠮᠦᠨ ᠲᠣᠬᠢᠷᠠᠭᠤᠯᠤᠨ ᠣᠯᠠᠨ ᠲᠦᠮᠡᠨ ᠢ ᠬᠦᠯᠢᠶᠡᠨ ᠠᠪᠬᠤ ᠠᠵᠢᠯ ᠢ ᠬᠠᠷᠢᠭᠤᠴᠠᠭᠤᠯᠵᠤ ᠂ ᠣᠯᠠᠨ ᠲᠦᠮᠡᠨ ᠵᠠᠬᠢᠳᠠᠯ ᠰᠤᠷᠪᠤᠯᠵᠢᠯᠠᠯ ᠢ ᠲᠣᠰᠬᠤ ᠬᠥᠮᠦᠨ ᠲᠡᠶ ᠂ ᠣᠯᠠᠨ ᠲᠦᠮᠡᠨ ᠤᠲᠠᠰᠤ ᠶ᠋ᠢ ᠬᠠᠷᠢᠭᠤᠯᠬᠤ ᠬᠥᠮᠦᠨ ᠲᠡᠶ ᠪᠠᠶᠢᠬᠤ ᠶ᠋ᠢ ᠪᠠᠲᠤᠯᠠᠪᠠ᠃ ᠠᠷᠠᠳ ᠲᠦᠮᠡᠨ ᠭᠤᠤᠯ ᠪᠣᠯᠭᠠᠬᠤ ᠠᠵᠢᠯ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ ᠂ ᠣᠯᠠᠨ ᠲᠦᠮᠡᠨ ᠵᠠᠬᠢᠳᠠᠯ ᠰᠤᠷᠪᠤᠯᠵᠢᠯᠠᠯ ᠢ ︽ᠲᠣᠰ ᠡᠳᠦᠷ ᠲᠦᠨᠢ ᠬᠦᠯᠢᠶᠡᠨ ᠠᠪᠴᠤ ᠂ ᠲᠣᠰ ᠡᠳᠦᠷ ᠲᠦᠨᠢ ᠳᠠᠮᠵᠢᠭᠤᠯᠤᠨ ᠬᠦᠷᠭᠡᠬᠦ ︾ ᠶ᠋ᠢ ᠪᠡᠶᠡᠯᠡᠭᠦᠯᠪᠡ᠃ 7 ᠡᠳᠦᠷ ᠳᠣᠲᠣᠷ᠎ᠠ ᠵᠢᠷᠤᠮ ᠴᠢᠨᠠᠷᠲᠠᠶ ᠬᠠᠷᠢᠭᠤᠯᠲᠠ ᠥᠭᠬᠦ ᠂ 3 ᠰᠠᠷ᠎ᠠ ᠳᠣᠲᠣᠷ᠎ᠠ ᠭᠦᠶᠴᠡᠳᠬᠡᠬᠦ ᠠᠬᠢᠴᠠ ᠪᠠ ᠦᠷ᠎ᠡ ᠳ᠋ᠦᠩ ᠬᠠᠷᠢᠭᠤᠯᠲᠠ ᠥᠭᠬᠦ ᠴᠢᠩᠭ᠎ᠠ ᠨᠠᠶᠢᠳᠠᠪᠤᠷᠢᠵᠢᠭᠤᠯᠵᠤ ᠂ ︽ ᠦᠶᠯᠡᠴᠢᠯᠡᠭᠡᠨ ᠬᠡᠯᠪᠡᠷᠢ ︾ ᠴᠣᠩᠬᠣ ᠶ᠋ᠢ ᠪᠣᠶ ᠪᠣᠯᠭᠠᠵᠤ ᠂ ᠠᠷᠠᠳ ᠣᠯᠠᠨ ︽ ᠰᠡᠳᠬᠢᠯ ᠮᠡᠳᠡᠭᠴᠢ ︾ ᠨᠢ ᠪᠣᠯᠵᠤ ᠪᠠᠢᠨ᠎ᠠ᠃ ᠡᠨᠡ ᠵᠢᠯ ᠡᠴᠡ ᠨᠠᠭᠠᠰᠢ ᠂ ᠲᠤᠰ ᠬᠣᠷᠢᠶᠠᠨ ᠬᠠᠷᠢᠭᠤᠯᠲᠠ ᠥᠭᠭᠦᠭᠰᠡᠨ ᠨᠤᠷᠮ᠎ᠠ ᠨᠢ 100 % ᠳᠦ ᠬᠦᠷᠴᠦ᠂ ᠳᠤᠭᠲᠠᠭᠰᠠᠨ ᠬᠤᠭᠤᠴᠠᠭᠠᠨ ᠳᠤᠲᠤᠷ᠎ᠠ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ ᠨᠢ 100 % ᠳᠤ ᠬᠦᠷᠦᠭᠰᠡᠨ ᠪᠠᠢᠨ᠎ᠠ᠃
2.ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠳᠤ ᠦᠶᠯᠡᠴᠢᠯᠡᠬᠦ ︽ ᠨᠢᠭᠡ ᠦᠷᠲᠡᠭᠡᠴᠢᠯᠡᠭᠰᠡᠨ ᠮᠠᠶ᠋ᠢᠭ ︾ ᠭᠥᠯᠢᠶᠡᠨ ᠠᠪᠬᠤ ᠴᠣᠩᠬᠣ᠄
ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠳᠤ ᠲᠣᠬᠢᠷᠠᠭᠣᠯᠣᠨ ︽ ᠨᠢᠭᠡ ᠦᠷᠲᠡᠭᠡᠴᠢᠯᠡᠭᠰᠡᠨ ᠮᠠᠶ᠋ᠢᠭ ︾ ᠲᠦᠷᠭᠡᠨ ᠭᠥᠯᠢᠶᠡᠨ ᠠᠪᠴᠤ ᠰᠢᠶᠳᠪᠦᠷᠢᠯᠡᠬᠦ ᠪᠠ ︽ ᠰᠠᠭᠠᠳ ᠥᠬᠡᠶ ᠨᠡᠪᠲᠡᠷᠡᠬᠦ ᠵᠠᠮ ︾ ᠤᠷᠢᠳ ᠭᠦᠶᠴᠡᠳᠬᠡᠬᠦ ᠴᠤᠩᠬᠤ ᠨᠡᠬᠡᠭᠡᠵᠣ ᠂ ᠨᠢᠭᠡᠳᠦᠯᠲᠡᠶ ᠭᠥᠯᠢᠶᠡᠨ ᠠᠪᠴᠤ ᠰᠢᠶᠳᠪᠦᠷᠢᠯᠡᠬᠦ ᠂ ᠰᠢᠯᠵᠢᠭᠦᠯᠬᠦ ᠂ ᠪᠠᠶᠢᠴᠠᠭᠠᠨ ᠯᠠᠪᠯᠠᠬᠤ ᠦᠶᠯᠡᠴᠢᠯᠡᠭᠡ ᠪᠠᠶᠢᠭᠤᠯᠵᠤ ᠂ ᠪᠠᠶᠢᠴᠠᠭᠠᠬᠤ ᠡᠭᠦᠷᠭᠡ ᠴᠢᠳᠠᠪᠤᠷᠢ ᠳᠠᠭᠠᠨ ᠰᠠᠭᠤᠷᠢᠯᠠᠨ ᠂ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ ᠢ ᠰᠢᠯᠢᠳᠡᠭᠵᠢᠭᠦᠯᠬᠦ ᠳᠦ ᠬᠦᠴᠦᠨ ᠨᠡᠮᠡᠷᠢᠯᠡᠵᠦ ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠴᠢᠨᠡᠭᠡᠯᠢᠭ ᠬᠥᠭᠵᠢᠯᠲᠡ ᠳᠤ ᠦᠶᠯᠡᠴᠢᠯᠡᠭᠡ ᠪᠠᠲᠤᠯᠠᠭ᠎ᠠ ᠬᠠᠩᠭᠠᠵᠣ ᠪᠠᠢᠨ᠎ᠠ᠃
3.ᠬᠡᠷᠡᠭ ᠬᠠᠮᠢᠶᠠᠷᠤᠯᠲᠠ ︽ ᠨᠢᠭᠡ ᠦᠷᠲᠡᠭᠡᠴᠢᠯᠡᠭᠰᠡᠨ ᠮᠠᠶ᠋ᠢᠭ ︾ ᠭᠥᠯᠢᠶᠡᠨ ᠠᠪᠬᠤ ᠴᠣᠩᠬᠣ᠄
ᠭᠥᠯᠢᠶᠡᠨ ᠠᠪᠬᠤ ᠴᠣᠩᠬᠣ ᠂ ᠳ᠋ᠢᠶᠠᠩᠬᠤᠸᠠ ᠂ 12309 ᠰᠦᠯᠵᠢᠶ᠎ᠡ ᠪᠡᠷ ᠳᠠᠮᠵᠢᠨ ᠠᠷᠠᠳ ᠲᠤ ᠲᠥᠬᠥᠮ ᠦᠵᠡᠭᠦᠯᠬᠦ ᠣᠯᠠᠨ ᠡᠰᠢᠵᠢᠭᠰᠡᠨ ᠦᠶᠯᠡᠴᠢᠯᠡᠭᠡ ᠬᠠᠩᠭᠠᠵᠤ ᠂ ᠲᠤᠰᠬᠠᠶ ᠬᠥᠮᠦᠨ ᠲᠤᠰᠬᠠᠶ ᠠᠵᠢᠯ ᠪᠠᠶᠢᠷᠢ ᠲᠣᠬᠢᠷᠠᠭᠤᠯᠤᠨ᠂ ᠮᠠᠲ᠋ᠧᠷᠢᠶᠠᠯ ᠢ ᠬᠢᠨᠠᠨ ᠬᠠᠷᠭᠤᠭᠤᠯᠬᠤ ᠂ ᠡᠬᠡ ᠲᠠᠩᠰᠠ ᠲᠡᠮᠳᠡᠭᠯᠡᠬᠦ ᠠᠵᠢᠯ ᠢ ᠰᠠᠶᠢᠲᠤᠷ ᠬᠢᠵᠦ ᠂ ᠬᠡᠷᠡᠭ ᠲᠣᠬᠠᠢ ᠬᠥᠮᠦᠨ ᠳ᠋ᠤ᠌ ᠬᠠᠤᠯᠢ ᠲᠣᠭᠲᠠᠭᠠᠯ ᠶᠣᠰᠣᠭᠠᠷ ᠳᠥᠭᠥᠮ ᠳᠥᠲᠡ ᠦᠶᠯᠡᠴᠢᠯᠡᠭᠡ ᠬᠠᠩᠭᠠᠪᠠ᠃ ᠭᠠᠳᠠᠭᠠᠳᠤ ᠳ᠋ᠤ᠌ ᠵᠣᠷᠢᠭᠤᠯᠤᠭᠰᠠᠨ ᠬᠠᠤᠯᠢ ᠴᠠᠭᠠᠵᠠ ᠪᠢᠴᠢᠭ ᠬᠠᠷ᠎ᠠ ᠬᠦᠯᠢᠶᠠᠨ ᠠᠪᠴᠤ ᠡᠷᠭᠢᠯᠲᠡ ᠳ᠋ᠤ᠌ ᠣᠷᠣᠭᠤᠯᠬᠤ ᠲᠣᠭᠲᠠᠮᠠᠯ ᠴᠣᠩᠬᠣ ᠲᠣᠬᠢᠷᠠᠭᠣᠯᠣᠨ᠂ ᠰᠢᠭᠦᠬᠦ ᠬᠣᠷᠢᠢ᠎ᠠ ᠂ ᠳᠣᠲᠣᠭᠠᠳᠤ ᠬᠠᠮᠠᠭᠠᠯᠠᠬᠤ ᠪᠠᠶᠢᠭᠤᠯᠭ᠎ᠠ ᠪᠣᠯᠤᠨ ᠪᠠᠶᠢᠴᠠᠭᠠᠬᠤ ᠪᠠᠶᠢᠭᠤᠯᠭ᠎ᠠ ᠡᠯ᠎ᠡ ᠲᠤᠬᠠᠶᠢᠯᠠᠭᠰᠠᠨ ᠠᠵᠢᠯ ᠰᠠᠯᠠᠭ᠎ᠠ ᠮᠥᠴᠢᠷ ᠬᠣᠭᠣᠷᠣᠨᠳᠣᠬᠢ ᠨᠡᠪᠲᠡᠷᠡᠯᠴᠡᠭᠡ ᠳᠤ ︽ ᠬᠥᠭᠥᠷᠭᠡ ︾ ᠲᠠᠯᠪᠢᠵᠤ ᠂ ᠪᠢᠴᠢᠭ ᠬᠠᠷ᠎ᠠ ᠮᠠᠲ᠋ᠧᠷᠢᠶᠠᠯ ᠡᠷᠭᠢᠯᠲᠡ ᠵᠢᠷᠤᠮᠵᠢᠭᠤᠨ ᠪᠥᠭᠡᠳ ᠲᠦᠷᠭᠡᠨ ᠪᠠᠶᠢᠬᠤ ᠦᠨᠡᠨ ᠬᠦ ᠪᠠᠲᠤᠯᠠᠪᠠ᠃
4.ᠬᠠᠤᠯᠢᠴᠢ ᠶ᠋ᠢ ᠬᠦᠯᠢᠶᠡᠨ ᠠᠪᠬᠤ ︽ ᠨᠢᠭᠡ ᠦᠷᠲᠡᠭᠡᠴᠢᠯᠡᠭᠰᠡᠨ ᠮᠠᠶ᠋ᠢᠭ ︾ ᠴᠣᠩᠬᠣ᠄
︽ᠠᠬᠠᠳᠠᠬᠤ ᠳᠠᠭᠠᠨ ᠨᠢᠭᠡ ᠯᠡ ᠤᠳᠠᠭ᠎ᠠ ᠭᠦᠶᠦᠯᠭᠡᠬᠦ ︾ ᠠᠵᠢᠯ ᠵᠠᠷᠴᠢᠮ ᠢ ᠪᠠᠷᠢᠮᠲᠠᠯᠠᠵᠤ ᠂ ᠬᠠᠤᠯᠢᠴᠢ ᠳ᠋ᠤ᠌ ᠤᠯᠠᠨ ᠬᠡᠯᠪᠡᠷᠢ ᠡᠪᠬᠡᠮᠡᠯ ᠦᠵᠡᠬᠦ ᠦᠢᠯᠡᠴᠢᠯᠡᠭᠡ ᠬᠠᠩᠭᠠᠵᠤ ᠂ ᠤᠳᠤ ᠨᠢᠭᠡᠨᠲᠡ ᠤᠤᠯ ᠤᠯᠠᠮᠵᠢᠯᠠᠯᠲᠤ ᠡᠪᠬᠡᠮᠡᠯ ᠦᠵᠡᠬᠦ ᠰᠠᠭᠤᠷᠢᠨ ᠳᠡᠭᠡᠷ᠎ᠡ ︽ ᠰᠦᠯᠵᠢᠶ᠎ᠡ ᠪᠡᠷ ᠡᠪᠬᠡᠮᠡᠯ ᠦᠵᠡᠬᠦ ︾ ᠪᠡᠷ ᠭᠣᠣᠯ ᠪᠣᠯᠭᠠᠭᠰᠠᠨ ᠂ ︽ᠠᠦ᠋ᠲ᠋ᠣ᠋ ᠦᠢᠯᠡᠴᠢᠯᠡᠭᠡᠨ ᠮᠠᠰᠢᠨ ︾ ᠬᠠᠪᠰᠤᠷᠤᠮᠵᠢ ᠪᠣᠯᠭᠠᠭᠰᠠᠨ ᠭᠠᠳᠡᠷ ᠭᠠᠵᠠᠷ ᠠᠴᠠ ᠡᠪᠬᠡᠮᠡᠯ ᠦᠵᠡᠬᠦ ᠰᠢᠰᠲ᠋ᠧᠮ ᠢ ᠪᠦᠷᠢᠯᠳᠦᠭᠦᠯᠵᠦ ᠂ ᠬᠡᠷᠡᠭ ᠵᠠᠷᠭᠤ ᠡᠯ᠎ᠡ ᠲᠠᠯ᠎ᠠ ᠲᠤᠬᠠᠢ ᠬᠥᠮᠦᠨ ᠬᠠᠤᠯᠢ ᠶᠣᠰᠣᠨ ᠡᠷᠬᠡ ᠠᠰᠢᠭ ᠢ ᠭᠦᠢᠴᠡᠳ ᠪᠠᠲᠤᠯᠠᠵᠤ ᠂ ᠪᠠᠶᠢᠴᠠᠭᠠᠬᠤ ᠪᠠᠶᠢᠭᠤᠯᠭ᠎ᠠ ᠰᠠᠨᠠᠭᠠᠴᠢᠯᠠᠭ᠎ᠠ ᠡᠴᠡ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠂ ᠬᠠᠤᠯᠢ ᠶᠣᠰᠣᠭᠠᠷ ᠰᠠᠨᠠᠭᠠᠴᠢᠯᠠᠭ᠎ᠠ ᠡᠴᠡ ᠪᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠭᠦᠢᠴᠡᠳ ᠢᠯᠡᠷᠡᠭᠦᠯᠪᠡ᠃ ᠡᠨᠡ ᠵᠢᠯ ᠡᠴᠡ ᠨᠠᠰᠢ ᠂ ᠲᠤᠰ ᠬᠣᠷᠢᠢ᠎ᠠ ᠠᠴᠠ ᠬᠠᠤᠯᠢᠴᠢ ᠳᠤ ᠨᠡᠢᠢᠳᠡ 300 ᠭᠠᠷᠤᠢ ᠬᠤᠪᠢ ᠡᠪᠬᠡᠮᠡᠯ ᠦᠵᠡᠭᠦᠯᠬᠦ ᠦᠢᠯᠡᠴᠢᠯᠡᠭᠡ ᠬᠠᠩᠭᠠᠪᠡ᠃
ᠲᠦᠩᠯᠢᠶᠣᠣ ᠬᠣᠲᠠ᠎ᠶ᠋ᠢᠨ ᠬᠣᠷᠴᠢᠨ ᠲᠣᠭᠣᠷᠢᠭ ᠠᠷᠠᠳ ᠪᠠᠶᠢᠴᠠᠭᠠᠬᠤ ᠬᠣᠷᠢᠶ᠎ᠠ ᠨᠢ ︽ ᠬᠡᠷᠡᠭ ᠨᠢᠭᠡᠪᠦᠷᠢ ᠴᠢᠨᠠᠷ ᠰᠠᠶᠢᠲᠠᠶ ᠪᠥᠭᠡᠳ ᠥᠨᠳᠥᠷ ᠪᠦᠲᠦᠮᠵᠢᠲᠡᠶ ᠰᠠᠶᠢᠲᠤᠷ ᠰᠢᠶᠳᠪᠦᠷᠢᠯᠡᠬᠦ ︾ ᠱᠠᠭᠠᠷᠳᠠᠯᠭ᠎ᠠ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ︽ ᠠᠷᠠᠳ ᠲᠦᠮᠡᠨ ᠢ ᠲᠡᠷᠢᠭᠦᠨ ᠳᠦ ᠲᠠᠯᠪᠢᠬᠤ ︾ ᠬᠠᠶᠢᠷ᠎ᠠ ᠰᠡᠳᠬᠢᠯᠭᠡ ᠪᠠᠲᠤ ᠰᠠᠬᠢᠵᠤ ᠂ ︽ ᠠᠷᠠᠳ ᠲᠦᠮᠡᠨ ᠳᠦ ᠦᠶᠯᠡᠴᠢᠯᠡᠬᠦ ︾ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ ᠂ ︽ ᠦᠪᠡᠷ ᠵᠠᠭᠠᠯᠳᠤᠯᠭ᠎ᠠ ᠬᠢᠵᠦ ᠦᠪᠡᠷ ᠰᠤᠯᠪᠤᠯᠵᠢᠯᠠᠯ ᠬᠢᠵᠦ ᠪᠠᠢᠬᠤ ︾ ᠣᠪᠣᠷ ᠠᠷᠠᠳ ᠲᠥᠯᠥᠭᠡ ᠪᠣᠳᠠᠲᠤ ᠶᠠᠪᠤᠳᠠᠯ ᠬᠢᠬᠦ ᠂ ᠠᠵᠤ ᠠᠬᠤᠶᠢᠯᠠᠯ ᠵᠣᠪᠠᠨᠢᠯ ᠢ ᠲᠠᠶᠢᠯᠬᠤ ᠦᠨᠡᠨ ᠬᠦ ᠪᠡᠶᠡᠯᠡᠭᠦᠯᠵᠦ ᠂ ᠨᠠᠩ ᠵᠢᠷᠤᠮᠵᠢᠭᠤᠯᠤᠭᠰᠠᠨ ᠂ ᠨᠠᠷᠢᠯᠢᠬᠵᠢᠭᠤᠯᠤᠭᠰᠠᠨ ᠦᠶᠯᠡᠴᠢᠯᠡᠭᠡ ᠪᠡᠷ ᠬᠡᠷᠡᠭ ᠨᠢᠭᠡᠪᠦᠷᠢ ᠪᠠᠷ ᠠᠷᠠᠳ ᠣᠯᠠᠨ ᠳᠦ ᠲᠥᠪ ᠭᠤᠤᠯᠴᠢ ᠰᠢᠳᠤᠷᠭᠤ ᠶᠣᠰᠣ ᠮᠡᠳᠡᠷᠡᠭᠦᠯᠵᠤ ᠪᠠᠢᠨ᠎ᠠ᠃
ᠵᠤᠬᠢᠶᠠᠭᠴᠢ ᠄ ᠯᠢᠶᠠᠩ ᠯᠢ ᠶᠠᠨ
ᠤᠷᠴᠢᠭᠤᠯᠤᠭᠴᠢ᠄ ᠯᠢᠦ ᠰᠢᠶᠤᠤ ᠴᠢᠩ