ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠴᠠᠬᠢᠯᠭᠠᠨ ᠰᠣᠯᠢᠬᠤ ᠬᠤᠷᠭᠤ ᠨᠠᠩ ᠠᠮᠤᠷ ᠲᠦᠪᠰᠢᠨ ᠪᠤᠯᠵᠠᠢ︕
2024-11-29 16:06:20
︽ᠴᠡᠭᠴᠡᠯᠡᠨ ᠰᠠᠶᠢᠵᠢᠷᠠᠭᠤᠯᠤᠭᠰᠠᠨ ᠳᠠᠷᠠᠭ᠎ᠠ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠴᠠᠬᠢᠯᠭᠠᠨ ᠰᠣᠯᠢᠬᠤ ᠬᠤᠷᠭᠤ ᠨᠠᠩ ᠠᠮᠤᠷ ᠲᠦᠪᠰᠢᠨ ᠪᠤᠯᠵᠠᠢ︕︾ ᠬᠥᠬᠡᠬᠤᠲᠠ ᠰᠢᠨ᠎ᠡ ᠬᠤᠲᠠ ᠲᠣᠭᠤᠷᠢᠭ ᠠᠷᠠᠳ ᠪᠠᠢᠴᠠᠭᠠᠬᠤ ᠬᠤᠷᠢᠶᠠᠨ ᠪᠠᠢᠴᠠᠭᠠᠬᠤ ᠲᠤᠰᠢᠶᠠᠯᠲᠠᠨ ᠬᠠᠷᠢᠶᠠᠲᠤ ᠣᠷᠣᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠴᠠᠬᠢᠯᠭᠠᠨ ᠰᠣᠯᠢᠬᠤ ᠬᠤᠷᠭᠤ ᠴᠡᠭᠴᠡᠯᠡᠨ ᠵᠠᠰᠠᠭᠰᠠᠨ ᠪᠠᠢᠳᠠᠯ ᠳᠤ ︽ᠲᠠᠬᠢᠨ ᠪᠠᠶᠢᠴᠠᠭᠠᠬᠤ︾ ᠠᠵᠢᠯᠯᠠᠭ᠎ᠠ ᠥᠷᠨᠢᠭᠦᠯᠬᠦ ᠣᠢᠶ᠎ᠠ ᠳᠤ᠂ ᠪᠠᠷᠠᠭ᠎ᠠ ᠬᠦᠷᠭᠡᠬᠦ ᠬᠥᠯᠥᠰᠥᠨ ᠠᠵᠢᠯᠴᠢᠨ ᠰᠢᠶᠠᠥ ᠵᠠᠩ ᠢᠩᠬᠢᠵᠤ ᠬᠡᠯᠡᠪᠡ᠃
ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠲᠤᠭ᠎ᠠ ᠬᠡᠮᠵᠢᠶ᠎ᠡ ᠦᠷᠭᠦᠯᠵᠢᠯᠡᠨ ᠨᠡᠮᠡᠭᠳᠡᠬᠦ ᠳᠠᠭᠠᠯᠳᠤᠨ᠂ ᠭᠠᠳᠠᠭᠰᠢ ᠬᠤᠳᠠᠯᠳᠤᠬᠤ᠂ ᠲᠦᠷᠭᠡᠨ ᠬᠦᠷᠭᠡᠬᠦ ᠵᠡᠷᠭᠡ ᠠᠵᠢᠯ ᠲᠥᠷᠥᠯ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠴᠠᠬᠢᠯᠭᠠᠨ ᠬᠤᠷᠢᠶᠠᠭᠤᠷ ᠰᠣᠯᠢᠬᠤ ᠬᠡᠷᠡᠭᠴᠡᠭᠡ ᠦᠷᠭᠦᠯᠵᠢᠯᠡᠨ ᠨᠡᠮᠡᠭᠳᠡᠪᠡ᠃ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠴᠠᠬᠢᠯᠭᠠᠨ ᠰᠣᠯᠢᠬᠤ ᠬᠤᠷᠭᠤ ᠨᠢ ᠴᠡᠨᠡᠭᠯᠡᠬᠦ ᠠᠷᠭ᠎ᠠ ᠮᠠᠶ᠋ᠢᠭ ᠠᠴᠠ ᠰᠣᠯᠢᠬᠤ ᠠᠷᠭ᠎ᠠ ᠮᠠᠶ᠋ᠢᠭ ᠪᠤᠯᠵᠤ ᠬᠤᠪᠢᠷᠠᠭᠰᠠᠨ ᠬᠤᠪᠢᠷᠠᠯᠲᠠ ᠨᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠭᠤᠤᠯᠳᠠᠯᠭ᠎ᠠ ᠲᠠᠢ ᠬᠡᠷᠡᠭᠯᠡᠭᠴᠢ ᠲᠠᠭᠠᠰᠢᠶᠠᠯ ᠢ ᠤᠯᠤᠭᠰᠠᠨ ᠪᠠᠶᠢᠨ᠎ᠠ᠂ ᠭᠡᠪᠡᠴᠦ᠂ ᠴᠠᠬᠢᠯᠭᠠᠨ ᠰᠣᠯᠢᠬᠤ ᠬᠤᠷᠭᠤ ᠦᠳᠲᠡᠷ ᠲᠦᠷᠭᠡᠨ ᠬᠦᠭᠵᠢᠬᠦ ᠳᠠᠭᠠᠯᠳᠤᠨ᠂ ᠠᠮᠤᠷ ᠲᠦᠪᠰᠢᠨ ᠳᠠᠯᠳᠠ ᠬᠡᠮ ᠠᠰᠠᠭᠤᠳᠠᠯ ᠪᠠᠶᠢᠨ ᠳᠠᠬᠢᠨ ᠭᠠᠷᠬᠤ ᠪᠤᠯᠤᠭᠰᠠᠨ ᠪᠠᠶᠢᠨ᠎ᠠ᠃
ᠡᠨᠡ ᠵᠢᠯ 1 ᠰᠠᠷ᠎ᠠ ᠳᠤ᠂ ᠰᠢᠨ᠎ᠡ ᠬᠤᠲᠠ ᠲᠣᠭᠤᠷᠢᠭ ᠠᠷᠠᠳ ᠪᠠᠢᠴᠠᠭᠠᠬᠤ ᠬᠤᠷᠢᠶᠠᠨ ᠪᠠᠢᠴᠠᠭᠠᠬᠤ ᠲᠤᠰᠢᠶᠠᠯᠲᠠᠨ ᠬᠠᠷᠢᠶᠠᠲᠤ ᠲᠣᠭᠤᠷᠢᠭ ᠬᠡᠪᠴᠢᠶᠡᠨ ᠳᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠴᠠᠬᠢᠯᠭᠠᠨ ᠰᠣᠯᠢᠬᠤ ᠬᠤᠷᠭᠤ ᠵᠢᠨ ᠭᠠᠯ ᠤᠨᠲᠠᠷᠠᠭᠠᠬᠤ ᠠᠮᠤᠷ ᠲᠦᠪᠰᠢᠨ ᠳᠠᠯᠳᠠ ᠭᠡᠮ ᠠᠰᠠᠭᠤᠳᠠᠯ ᠲᠤᠬᠠᠢ ᠪᠠᠶᠢᠴᠠᠭᠠᠬᠤ ᠦᠶ᠎ᠡ ᠳᠤ᠂ ᠰᠢᠨ᠎ᠡ ᠬᠤᠲᠠ ᠲᠣᠭᠤᠷᠢᠭ ᠣᠯᠠᠨ ᠭᠠᠵᠠᠷ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠴᠠᠬᠢᠯᠭᠠᠨ ᠰᠣᠯᠢᠬᠤ ᠬᠤᠷᠭᠤ ᠨᠢ ᠭᠠᠯ ᠤᠨᠲᠠᠷᠠᠭᠠᠬᠤ ᠠᠮᠤᠷ ᠲᠦᠪᠰᠢᠨ ᠳᠠᠯᠳᠠ ᠭᠡᠮ ᠤᠷᠤᠰᠢᠵᠤ ᠪᠠᠶᠢᠬᠤ ᠪᠠᠶᠢᠳᠠᠯ ᠢ ᠤᠯᠵᠤ ᠮᠡᠳᠡᠭᠰᠡᠨ ᠲᠠᠷᠠᠭ᠎ᠠ ᠬᠡᠷᠡᠭ ᠰᠢᠢᠳᠪᠦᠷᠢᠯᠡᠬᠦ ᠪᠠᠢᠴᠠᠭᠠᠭᠴᠢ ᠲᠤᠰᠢᠶᠠᠯᠲᠠᠨ ᠲᠡᠷᠡ ᠳᠠᠷᠤᠢ ᠳᠤᠨᠢ ᠪᠠᠢᠴᠠᠭᠠᠯᠲᠠ ᠬᠢᠪᠡ᠃ ᠪᠠᠶᠢᠴᠠᠭᠠᠬᠤ ᠲᠤᠰᠢᠶᠠᠯᠲᠠᠨ ᠲᠤᠬᠠᠶ ᠭᠠᠵᠠᠷ ᠲᠤᠨᠢ ᠰᠤᠷᠪᠤᠯᠵᠢᠯᠠᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠳᠠᠮᠵᠢᠭᠤᠯᠤᠨ᠂ ᠴᠠᠬᠢᠯᠭᠠᠨ ᠰᠣᠯᠢᠬᠤ ᠬᠤᠷᠭᠤ ᠵᠢᠨ ᠰᠣᠩᠭᠤᠭᠰᠠᠨ ᠭᠠᠵᠠᠷ ᠨᠢ ᠵᠢᠷᠤᠮᠵᠢᠯ ᠳᠤ ᠨᠡᠶᠢᠴᠡᠬᠦ ᠥᠬᠡᠶ᠂ ᠬᠢᠨᠠᠨ ᠡᠵᠡᠮᠳᠡᠬᠦ ᠲᠥᠬᠦᠭᠡᠷᠦᠮᠵᠢ ᠥᠬᠡᠶ᠂ ᠭᠠᠯ ᠤᠨᠲᠠᠷᠠᠭᠠᠬᠤ ᠲᠥᠬᠦᠭᠡᠷᠦᠮᠵᠢ ᠳᠣᠭᠢᠷᠠᠭᠤᠯᠤᠭᠰᠠᠨ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠬᠤ ᠣᠯᠵᠤ ᠮᠡᠳᠡᠭᠰᠡᠨ ᠲᠠᠷᠠᠭ᠎ᠠ᠂ ᠲᠣᠰ ᠬᠤᠷᠢᠶ᠎ᠠ ᠬᠠᠤᠯᠢ ᠶᠣᠰᠣᠭᠠᠷ ᠵᠠᠰᠠᠭ ᠵᠠᠬᠢᠷᠭᠠᠨ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ 3 ᠬᠤᠪᠢ ᠪᠠᠶᠢᠴᠠᠭᠠᠬᠤ ᠰᠠᠨᠠᠭᠤᠯᠭ᠎ᠠ ᠭᠠᠷᠭᠠᠵᠤ᠂ ᠠᠶᠤᠯᠭᠦᠶ ᠦᠢᠯᠡᠳᠪᠦᠷᠢᠯᠡᠯ ᠬᠢᠨᠠᠨ ᠬᠠᠮᠢᠶᠠᠷᠴᠤ ᠵᠠᠰᠠᠬᠤ ᠵᠠᠭᠪᠤᠷ ᠢ ᠬᠡᠷᠡᠭ ᠡᠮᠦᠨ᠎ᠡ ᠤᠷᠢᠳᠴᠢᠯᠠᠨ ᠰᠡᠷᠭᠡᠶᠢᠯᠡᠬᠦ ᠳᠠᠰᠢ ᠬᠤᠪᠢᠷᠠᠭᠤᠯᠬᠤ ᠦᠨᠡᠨ ᠬᠦ ᠳᠥᠯᠭᠢᠨ ᠠᠬᠢᠭᠤᠯᠵᠤ᠂ ᠵᠠᠰᠠᠭ ᠵᠠᠬᠢᠷᠭᠠᠨ ᠪᠠᠶᠢᠭᠤᠯᠭ᠎ᠠ ᠰᠢᠮᠳᠠᠭᠤᠯᠵᠤ ᠪᠠᠶᠢᠭᠠᠳ ᠡᠭᠦᠷᠭᠡ ᠬᠠᠷᠢᠭᠤᠴᠠᠯᠭ᠎ᠠ ᠠᠵᠢᠯ ᠬᠤᠪᠢᠶᠠᠷᠢᠯᠠᠯ ᠢ ᠦᠨᠳᠦᠰᠦᠯᠡᠨ᠂ ᠲᠣᠰ ᠲᠣᠰ ᠡᠭᠦᠷᠭᠡ ᠲᠤᠰᠢᠶᠠᠯ ᠭᠦᠢᠴᠡᠳᠭᠡᠵᠦ᠂ ᠬᠠᠮᠵᠢᠯᠴᠠᠨ ᠵᠠᠰᠠᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠴᠠᠬᠢᠯᠭᠠᠨ ᠰᠣᠯᠢᠬᠤ ᠬᠤᠷᠭᠤ ᠠᠮᠤᠷ ᠲᠦᠪᠰᠢᠨ ᠳᠠᠯᠳᠠ ᠬᠡᠮ ᠠᠰᠠᠭᠤᠳᠠᠯ ᠢ ᠰᠢᠢᠳᠪᠦᠷᠢᠯᠡᠪᠡ᠃
ᠪᠠᠶᠢᠴᠠᠭᠠᠬᠤ ᠰᠠᠨᠠᠭᠤᠯᠭ᠎ᠠ ᠦᠨᠡᠨ ᠬᠦ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠲᠥᠯᠥᠭᠡ᠂ ᠲᠣᠰ ᠬᠤᠷᠢᠶ᠎ᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠴᠠᠬᠢᠯᠭᠠᠨ ᠰᠣᠯᠢᠬᠤ ᠬᠤᠷᠭᠤ ᠭᠠᠯ ᠤᠨᠲᠠᠷᠠᠭᠠᠬᠤ ᠠᠮᠤᠷ ᠲᠦᠪᠰᠢᠨ ᠬᠡᠮ ᠰᠣᠭᠤᠭ ᠢ ᠴᠡᠭᠴᠡᠯᠡᠨ ᠵᠠᠰᠠᠬᠤ ᠠᠬᠢᠭᠤᠯᠬᠤ ᠬᠤᠷᠠᠯ ᠬᠤᠷᠠᠯᠳᠤᠭᠤᠯᠵᠤ᠂ ᠡᠷᠬᠡ ᠬᠠᠷᠢᠭᠤᠴᠠᠯᠭ᠎ᠠ ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠰᠢᠢᠳᠪᠦᠷᠢᠯᠡᠬᠦ ᠲᠥᠰᠦᠯ ᠢ ᠵᠥᠪᠳᠡᠯᠴᠡᠨ ᠲᠣᠭᠲᠠᠭᠠᠪᠠ᠃ ᠬᠠᠮᠢᠶ᠎ᠠ ᠪᠥᠬᠦᠶ ᠵᠠᠰᠠᠭ ᠵᠠᠬᠢᠷᠭᠠᠨ ᠪᠠᠶᠢᠭᠤᠯᠭ᠎ᠠ ᠲᠡᠷᠡ ᠳᠠᠷᠤᠶ ᠳᠤᠨᠢ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠴᠠᠬᠢᠯᠭᠠᠨ ᠰᠣᠯᠢᠬᠤ ᠪᠡᠯᠡᠳᠬᠡᠮᠵᠢ ᠵᠢᠴᠢ ᠴᠠᠬᠢᠯᠭᠠᠨ ᠰᠣᠯᠢᠬᠤ ᠭᠠᠵᠠᠷ ᠲᠠᠯᠠᠪᠤᠷ ᠭᠠᠯ ᠤᠨᠲᠠᠷᠠᠭᠠᠬᠤ ᠳᠠᠯᠳᠠ ᠬᠡᠮ ᠢ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠠᠷᠢᠶ᠎ᠠ ᠣᠷᠣᠨ 61ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠴᠠᠬᠢᠯᠭᠠᠨ ᠰᠣᠯᠢᠬᠤ ᠬᠤᠷᠭᠤ ᠡᠵᠡᠩᠨᠡᠯᠲᠡ ᠲᠠᠯᠠᠪᠤᠷ ᠭᠠᠵᠠᠷ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ 5 ᠴᠠᠬᠢᠯᠭᠠᠨ ᠰᠣᠯᠢᠬᠤ ᠬᠤᠷᠭᠤ ᠭᠡᠷ ᠲᠤᠲᠤᠷ᠎ᠠ ᠠᠴᠠ ᠭᠡᠷ ᠭᠠᠳᠠᠨ᠎ᠠ ᠰᠢᠯᠵᠢᠭᠦᠯᠬᠦ ᠰᠢᠪᠠᠳᠠᠨ ᠴᠡᠭᠴᠡᠯᠡᠵᠦ᠂ 4 ᠬᠢᠷᠢ ᠲᠡᠩᠴᠡᠬᠦ ᠥᠬᠡᠶ ᠴᠠᠬᠢᠯᠭᠠᠨ ᠰᠣᠯᠢᠬᠤ ᠬᠤᠷᠭᠤ ᠨᠤᠷᠭᠠᠭᠠᠨ ᠴᠡᠭᠴᠡᠯᠡᠵᠦ᠂ 3 ᠰᠠᠤᠷᠢ ᠴᠠᠬᠢᠯᠭᠠᠨ ᠰᠣᠯᠢᠬᠤ ᠬᠤᠷᠭᠤ ᠴᠠᠬᠢᠯᠭᠠᠨ ᠲᠠᠰᠤᠯᠠᠬᠤ ᠠᠷᠭ᠎ᠠ ᠪᠠᠷ ᠰᠢᠢᠳᠪᠦᠷᠢᠯᠡᠪᠡ᠃ ᠡᠭᠦᠨ ᠬᠠᠮᠲᠤ᠂ ᠪᠠᠶᠢᠴᠠᠭᠠᠯᠲᠠ ᠳᠤᠮᠳᠠ ᠤᠯᠵᠤ ᠮᠡᠳᠡᠭᠰᠡᠨ ᠨᠢ᠂ ᠴᠠᠬᠢᠯᠭᠠᠨ ᠬᠤᠷᠢᠶᠠᠭᠤᠷ ᠰᠡᠷᠡᠮᠵᠢ ᠦᠭᠡ ᠲᠡᠮᠳᠡᠭ ᠪᠠᠯᠠᠷᠬᠠᠶ ᠪᠠᠶᠢᠬᠤ ᠠᠰᠠᠭᠤᠳᠠᠯ ᠳᠤ ᠴᠢᠭᠯᠡᠭᠦᠯᠦᠨ 4 ᠠᠵᠤ ᠠᠬᠤᠶᠢᠯᠠᠯ ᠲᠠᠢ ᠪᠣᠯᠵᠣᠨ ᠶᠠᠷᠢᠯᠴᠠᠭᠰᠠᠨ ᠪᠥᠭᠡᠳ ᠦᠢᠯᠡᠳᠪᠦᠷᠢ ᠬᠠᠷᠢᠭᠤᠴᠠᠯᠭᠠᠲᠠᠨ᠂ ᠡᠷᠭᠢᠨ ᠲᠣᠭᠤᠷᠢᠨ ᠬᠤᠳᠠᠯᠳᠤᠭᠠᠨ ᠭᠡᠷ ᠦᠷᠦᠭᠡ ᠡᠵᠡᠩᠨᠡᠭᠴᠢ ᠳᠤ ᠠᠮᠤᠷ ᠲᠦᠪᠰᠢᠨ ᠤᠬᠠᠭᠤᠯᠭ᠎ᠠ ᠵᠢᠴᠢ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ ᠪᠣᠯᠪᠠᠰᠤᠷᠠᠯ ᠥᠷᠨᠢᠭᠦᠯᠵᠦ᠂ ᠠᠮᠤᠷ ᠲᠦᠪᠰᠢᠨ ᠤᠬᠠᠮᠰᠠᠷ ᠳᠡᠭᠡᠭᠰᠢᠯᠡᠭᠦᠯᠪᠡ᠃
ᠣᠶᠢᠷ᠎ᠠ ᠳᠤ᠂ ᠰᠢᠨ᠎ᠡ ᠬᠤᠲᠠ ᠲᠣᠭᠤᠷᠢᠭ ᠤᠯᠤᠰ ᠲᠥᠷᠥ ᠵᠥᠪᠯᠡᠯᠭᠡᠨ ᠰᠢᠨ᠎ᠡ ᠬᠤᠲᠠ ᠲᠣᠭᠤᠷᠢᠭ ᠠᠷᠠᠳ ᠪᠠᠶᠢᠴᠠᠭᠠᠬᠤ ᠬᠤᠷᠢᠶᠠᠨ ᠪᠠᠶᠢᠴᠠᠭᠠᠨ ᠰᠤᠳᠤᠯᠤᠯᠲᠠ ᠮᠡᠳᠡᠭᠦᠯᠦᠯᠲᠡ᠂ ᠪᠠᠶᠢᠴᠠᠭᠠᠬᠤ ᠰᠠᠨᠠᠭᠤᠯᠭ᠎ᠠ ᠵᠡᠷᠭᠡ ᠠᠭᠤᠯᠭ᠎ᠠ ᠦᠨᠳᠦᠰᠦᠯᠡᠨ ᠪᠣᠶ ᠪᠣᠯᠤᠭᠰᠠᠨ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠴᠠᠬᠢᠯᠭᠠᠨ ᠰᠣᠯᠢᠬᠤ ᠦᠢᠯᠡᠰ ᠵᠢᠷᠤᠮᠵᠢᠯ ᠲᠠᠢ ᠡᠮᠬᠢ ᠵᠢᠷᠤᠮ ᠲᠠᠢ ᠬᠥᠭᠵᠢᠯᠲᠡ ᠠᠬᠢᠭᠤᠯᠬᠤ︾ ᠭᠡᠬᠦ ᠰᠠᠨᠠᠭᠤᠯᠭ᠎ᠠ ᠨᠢ ᠥᠪᠡᠷᠲᠡᠭᠡᠨ ᠵᠠᠰᠠᠬᠤ ᠣᠷᠣᠨ ᠤᠯᠤᠰ ᠲᠥᠷᠥ ᠵᠥᠪᠯᠡᠯᠭᠡᠨ ᠳᠤ ᠭᠥᠯᠢᠶᠡᠨ ᠠᠪᠴᠤ ᠬᠡᠷᠡᠭᠯᠡᠬᠦ ᠬᠠᠮᠲᠤ ᠪᠥᠬᠦ ᠤᠯᠤᠰ ᠤᠯᠤᠰ ᠲᠥᠷᠥ ᠵᠥᠪᠯᠡᠯᠭᠡᠨ ᠳᠤ ᠮᠡᠳᠡᠭᠦᠯᠦᠨ ᠬᠦᠷᠭᠡᠵᠡᠶ᠃ ᠡᠭᠦᠨ ᠵᠣᠷᠢᠯᠭ᠎ᠠ ᠨᠢ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠤᠯᠠᠮ ᠨᠢᠭᠡ ᠠᠯᠬᠤᠮ ᠨᠢᠭᠲᠠᠷᠠᠭᠤᠯᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠴᠠᠬᠢᠯᠭᠠᠨ ᠰᠣᠯᠢᠬᠤ ᠬᠤᠷᠭᠤ ᠠᠮᠤᠷ ᠲᠦᠪᠰᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠳᠤ ᠬᠦᠴᠦᠨ ᠨᠡᠮᠡᠷᠢᠯᠡᠬᠦ ᠲᠥᠯᠥᠭᠡ ᠶᠤᠮ᠃ ᠲᠣᠰ ᠬᠤᠷᠢᠶ᠎ᠠ ᠨᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠴᠠᠬᠢᠯᠭᠠᠨ ᠰᠣᠯᠢᠬᠤ ᠠᠪᠳᠠᠷ᠎ᠠ ᠵᠢᠷᠤᠮᠵᠢᠭᠤᠯᠤᠨ ᠬᠥᠭᠵᠢᠭᠦᠯᠬᠦ ᠦᠷᠭᠦᠯᠵᠢᠯᠡᠨ ᠲᠠᠭᠠᠨ ᠤᠶᠢᠯᠠᠭᠠᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠴᠠᠬᠢᠯᠭᠠᠨ ᠰᠣᠯᠢᠬᠤ ᠬᠤᠷᠭᠤ ᠳᠤ ᠬᠢᠨᠠᠯᠲᠠ ᠲᠠᠯᠪᠢᠬᠤ ᠡᠷᠴᠢᠮ ᠴᠢᠩᠭᠠᠷᠠᠭᠤᠯᠵᠤ᠂ ᠲᠡᠭᠦᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠦᠨᠡᠨ ᠬᠦ ᠪᠠᠲᠤᠯᠠᠪᠠ᠃