ᠬᠠᠭᠤᠷᠮᠠᠭ ᠭᠡᠷᠡᠴᠢ ᠲᠡᠮᠳᠡᠭ ᠵᠢᠭᠡᠯᠡᠯᠭᠡ ᠠᠪᠬᠤ ᠨᠢ ᠦᠨᠡᠨ ᠶᠠᠯ᠎ᠠ ᠬᠢᠬᠦ ᠵᠣᠪᠠᠯᠠᠩ ᠠᠮᠰᠠᠬᠤ ᠪᠣᠯᠤᠨ᠎ᠠ
2024-11-29 16:10:07
ᠵᠠᠩ ᠣᠪᠣᠭᠲᠤ᠄ ᠰᠢᠶᠣᠤ ᠯᠢ᠂ ᠡᠨᠡ ᠭᠡᠷ ᠣᠪᠣᠭ᠎ᠠ ᠵᠦᠭᠡᠷ᠂ ᠭᠡᠪᠡᠴᠦ ᠨᠠᠳᠠ ᠳᠤ ᠲᠡᠢᠮᠦ ᠠᠷᠪᠢᠨ ᠵᠣᠭᠤᠰ ᠪᠠᠶᠢᠬᠤ ᠦᠭᠡᠢ᠂ ᠪᠢᠳᠡ ᠵᠢᠭᠡᠯᠡᠯᠭᠡ ᠠᠪᠴᠤ ᠭᠡᠷ ᠬᠤᠳᠠᠯᠳᠤᠨ ᠠᠪᠬᠤ ᠰᠠᠨᠠᠭ᠎ᠠ ᠲᠠᠢ᠂ ᠭᠡᠪᠡᠴᠦ ᠮᠢᠨᠦ ᠨᠥᠬᠦᠷ ᠬᠤᠪᠢ ᠬᠦᠮᠦᠨ ᠢᠲᠡᠭᠡᠮᠵᠢ ᠮᠡᠳᠡᠭᠡ ᠵᠠᠩᠭᠢ ᠨᠢ ᠠᠰᠠᠭᠤᠳᠠᠯ ᠲᠠᠢ᠂ ᠵᠢᠭᠡᠯᠡᠯᠭᠡ ᠠᠪᠴᠤ ᠳᠡᠢᠯᠬᠦ ᠦᠭᠡᠢ᠂ ᠣᠳᠣ ᠶᠠᠭᠠᠬᠢᠳᠠᠭ ᠪᠢᠯᠡ︖
ᠪᠣᠷᠣᠯᠠᠭᠤᠯᠤᠭᠴᠢ ᠰᠢᠶᠣᠤ ᠯᠢ᠄ ᠡᠭᠦᠨ ᠢ ᠰᠢᠢᠳᠪᠦᠷᠢᠡᠯᠬᠦ ᠳᠦ ᠳᠥᠭᠦᠮ᠂ ᠪᠢ ᠬᠠᠭᠤᠷᠮᠠᠭ ᠭᠡᠷᠡᠴᠢ ᠲᠡᠮᠳᠡᠭ ᠦᠢᠯᠡᠳᠳᠡᠭ ᠬᠦᠮᠦᠨ ᠲᠠᠨᠢᠨ᠎ᠠ᠂ ᠪᠢᠳᠠᠨ ᠨᠢᠭᠡ ᠤᠷᠤᠭ ᠰᠠᠯᠬᠤ ᠦᠨᠡᠮᠯᠡᠯ ᠣᠯᠴᠢᠬᠠᠪᠠᠯ ᠪᠣᠯᠴᠢᠬᠠᠬᠤ ᠪᠢᠰᠢ ᠦᠦ᠂ ᠲᠠ ᠬᠤᠪᠢ ᠨᠡᠷ᠎ᠡ ᠪᠠᠷ ᠵᠣᠭᠤᠰ ᠵᠢᠭᠡᠯᠡᠴᠢᠬᠡᠪᠡᠯ᠂ ᠭᠡᠷ ᠬᠤᠳᠠᠯᠳᠤᠨ ᠠᠪᠬᠤ ᠨᠢ ᠰᠠᠭᠠᠲᠠᠭᠠᠬᠤ ᠦᠭᠡᠢ᠃
2023 ᠣᠨ ᠳᠤ᠂ ᠵᠠᠩ ᠣᠪᠣᠭᠲᠤ ᠡᠷ᠎ᠡ ᠡᠮ᠎ᠡ ᠬᠤᠶᠠᠭᠤᠯᠠ ᠨᠢᠭᠡᠨ ᠵᠢᠵᠢᠭ ᠲᠣᠭᠤᠷᠢᠭ ᠭᠡᠷ ᠬᠥᠷᠤᠩᠭᠡ ᠬᠤᠳᠠᠯᠳᠤᠨ ᠠᠪᠬᠤ ᠦᠶ᠎ᠡ ᠳᠤ᠂ ᠵᠠᠩ ᠣᠪᠣᠭᠲᠤ ᠡᠷ᠎ᠡ ᠨᠥᠬᠦᠷ ᠬᠤᠪᠢ ᠬᠥᠮᠦᠨ ᠢᠲᠡᠭᠡᠮᠵᠢ ᠮᠡᠳᠡᠭᠡ ᠵᠠᠩᠭᠢ ᠨᠢ ᠠᠰᠠᠭᠤᠳᠠᠯ ᠣᠷᠣᠰᠢᠵᠤ ᠪᠠᠶᠢᠭᠰᠠᠨ ᠠᠴᠠ ᠬᠤᠶᠠᠭᠤᠯᠠ ᠪᠠᠩᠬᠢ ᠪᠠᠷᠢᠴᠠᠭᠠᠳᠦ ᠵᠢᠭᠡᠯᠡᠯᠭᠡ ᠭᠠᠷ ᠭᠦᠢᠴᠡᠳᠬᠡᠯ ᠢ ᠤᠷᠤᠭᠰᠢᠲᠠᠶ ᠬᠢᠵᠦ ᠳᠡᠢᠯᠦᠭᠰᠡᠨ ᠦᠭᠡᠢ ᠪᠠᠢᠪᠠ᠃ ᠵᠢᠭᠡᠯᠡᠯᠭᠡ ᠪᠠᠷ ᠭᠡᠷ ᠬᠤᠳᠠᠯᠳᠤᠨ ᠠᠪᠬᠤ ᠵᠣᠷᠢᠯᠭ᠎ᠠ ᠳᠠᠭᠠᠨ ᠬᠦᠷᠬᠦ ᠲᠥᠯᠥᠭᠡ᠂ ᠬᠤᠶᠠᠭᠤᠯᠠ ᠭᠡᠷ ᠬᠥᠷᠥᠩᠭᠡ ᠵᠠᠭᠤᠴᠢ ᠯᠢ ᠣᠪᠣᠭᠲᠤ ᠰᠡᠮᠡᠬᠡᠨ ᠲᠤᠬᠢᠯᠲᠠ ᠲᠤᠤᠷ᠎ᠠ︽ᠬᠠᠭᠤᠷᠮᠠᠭ ᠤᠷᠤᠭ ᠰᠠᠯᠬᠤ︾ ᠠᠷᠭ᠎ᠠ ᠪᠣᠳᠣᠵᠤ ᠣᠯᠤᠭᠠᠳ᠂ ᠵᠠᠩ ᠣᠪᠣᠭᠲᠤ 500 ᠲᠥᠭᠦᠷᠢᠭ ᠪᠡᠯᠡ ᠭᠠᠷᠭᠠᠨ ᠬᠤᠪᠢ ᠬᠥᠮᠦᠨ ᠮᠡᠳᠡᠭᠡ ᠵᠠᠩᠭᠢ ᠪᠠᠨ ᠬᠠᠩᠭᠠᠵᠣ᠂ ᠭᠡᠷ ᠬᠥᠷᠥᠩᠭᠡ ᠵᠠᠭᠤᠴᠢ ᠰᠢᠶᠣᠤ ᠯᠢ ᠪᠠᠷ ᠳᠠᠮᠵᠢᠭᠤᠯᠤᠨ ᠰᠦᠯᠵᠢᠶᠡᠨ ᠠᠴᠠ ᠬᠠᠭᠤᠷᠮᠠᠭ ︽ᠠᠷᠠᠳ ᠶᠠᠪᠤᠳᠠᠯ ᠲᠣᠪᠴᠢᠶᠠᠨ ᠤᠷᠤᠭ ᠪᠦᠷᠢᠳᠬᠡᠯ ᠲᠤᠰᠬᠠᠶ ᠲᠠᠮᠠᠭ᠎ᠠ︾ ᠳᠠᠷᠤᠭᠰᠠᠨ ᠤᠷᠤᠭ ᠰᠠᠯᠬᠤ ᠦᠨᠡᠮᠯᠡᠯ ᠢ ᠬᠤᠳᠠᠯᠳᠤᠨ ᠠᠪᠴᠣ᠂ ᠰᠡᠭᠦᠯᠡᠷ ᠨᠢ ᠡᠷ᠎ᠡ ᠡᠮ᠎ᠡ ᠬᠤᠶᠠᠭᠤᠯᠠ ᠵᠠᠩ ᠣᠪᠣᠭᠲᠤ ᠨᠡᠷ᠎ᠡ ᠪᠠᠷ ᠭᠡᠷ ᠬᠤᠳᠠᠯᠳᠤᠨ ᠠᠪᠬᠤ ᠪᠠᠩᠬᠢ ᠪᠠᠷᠢᠴᠠᠭᠠᠳᠦ ᠵᠢᠭᠡᠯᠡᠯᠭᠡ ᠤᠷᠤᠭᠰᠢᠲᠠᠶ ᠪᠠᠷ ᠭᠦᠢᠴᠡᠳᠬᠡᠵᠡᠢ᠃ ᠬᠡᠷᠡᠭ ᠡᠭᠦᠰᠦᠭᠰᠡᠨ ᠳᠠᠷᠠᠭ᠎ᠠ ᠯᠢ ᠣᠪᠣᠭᠲᠤ ᠳᠡᠭᠡᠷ᠎ᠡ ᠳᠤᠷᠠᠳᠤᠭᠰᠠᠨ ᠠᠷᠭ᠎ᠠ ᠪᠠᠷ ᠪᠤᠰᠤᠳ ᠢ ᠬᠠᠪᠰᠤᠷᠤᠨ ᠣᠯᠠᠨ ᠤᠳᠠᠭ᠎ᠠ ᠤᠷᠤᠭ ᠰᠠᠯᠤᠭᠰᠠᠨ ᠦᠨᠡᠮᠯᠡᠯ ᠢ ᠬᠤᠳᠠᠯᠳᠤᠨ ᠠᠪᠤᠭᠰᠠᠨ ᠢ ᠪᠠᠶᠢᠴᠠᠭᠠᠨ ᠳᠣᠲᠣᠯᠠᠵᠠᠶ᠂ ᠲᠡᠭᠦᠨ ᠦᠢᠯᠡ ᠠᠵᠢᠯᠯᠠᠭ᠎ᠠ ᠨᠢ ᠲᠥᠷᠥ ᠪᠠᠶᠢᠭᠤᠯᠭ᠎ᠠ ᠦᠨᠡᠮᠯᠡᠯ ᠢ ᠠᠷᠠᠯᠵᠢᠶᠠᠯᠠᠭᠰᠠᠨ ᠶᠠᠯ᠎ᠠ ᠪᠣᠯᠵᠤ ᠪᠦᠷᠢᠯᠳᠦᠵᠡᠶ᠃
ᠪᠠᠶᠢᠴᠠᠭᠠᠬᠤ ᠲᠤᠰᠢᠶᠠᠯᠲᠠᠨ ᠬᠠᠤᠯᠢ ᠴᠠᠭᠠᠵᠠ ᠲᠦᠭᠡᠮᠡᠯᠵᠢᠭᠦᠯᠬᠦ ᠨᠢ᠄
︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠡᠷᠡᠭᠦᠦ ᠬᠠᠤᠯᠢ︾ ᠬᠤᠶᠠᠷ ᠵᠠᠭᠤ ᠨᠠᠶᠠᠳᠤᠭᠠᠷ ᠵᠦᠢᠯ ᠨᠢᠭᠡᠳᠦᠭᠡᠷ ᠪᠠᠳᠠᠭ ᠲᠤ᠄ ︽ᠲᠦᠷᠦ ᠪᠠᠶᠢᠭᠤᠯᠭ᠎ᠠ ᠠᠯᠪᠠᠨ ᠪᠢᠴᠢᠭ᠂ ᠭᠡᠷᠡᠴᠢ ᠲᠡᠮᠲᠡᠭ᠂ ᠲᠠᠮᠠᠭ᠎ᠠ ᠬᠠᠭᠤᠷᠮᠠᠭᠯᠠᠨ ᠵᠣᠬᠢᠶᠠᠭᠰᠠᠨ᠂ ᠬᠤᠪᠢᠷᠠᠭᠤᠯᠤᠨ ᠵᠣᠬᠢᠶᠠᠭᠰᠠᠨ᠂ ᠠᠷᠠᠯᠵᠢᠶᠠᠯᠠᠭᠰᠠᠨ ᠪᠤᠶᠤ ᠬᠤᠯᠠᠭᠠᠶᠢᠯᠠᠭᠰᠠᠨ᠂ ᠪᠤᠯᠢᠶᠠᠭᠰᠠᠨ᠂ ᠦᠭᠡᠢᠬᠢᠭᠰᠡᠨ ᠪᠠᠶᠢᠪᠠᠯ᠂ ᠭᠤᠷᠪᠠᠨ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ᠂ ᠬᠤᠷᠢᠵᠤ ᠬᠥᠳᠡᠯᠮᠦᠷᠢᠯᠡᠭᠦᠯᠬᠦ᠂ ᠵᠠᠬᠢᠷᠤᠨ ᠬᠠᠮᠢᠶᠠᠷᠬᠤ ᠪᠤᠶᠤ ᠤᠯᠤᠰ ᠲᠦᠷᠦ ᠡᠷᠬᠡ ᠨᠢ ᠬᠠᠰᠤᠬᠤ ᠪᠠᠷ ᠰᠢᠳᠬᠡᠵᠦ᠂ ᠵᠣᠭᠤᠰ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ᠃ ᠤᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠭᠤᠷᠪᠠᠨ ᠵᠢᠯ ᠠᠴᠠ ᠳᠡᠭᠡᠭᠰᠢ ᠠᠷᠪᠠᠨ ᠵᠢᠯ ᠠᠴᠠ ᠳᠣᠭᠤᠭᠰᠢ ᠬᠤᠭᠤᠴᠠᠭ᠎ᠠ ᠲᠠᠢ ᠬᠤᠷᠢᠬᠤ ᠪᠠᠷ ᠰᠢᠳᠬᠡᠵᠦ᠂ ᠵᠣᠭᠤᠰ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ︾ ᠬᠡᠮᠡᠨ ᠳᠣᠭᠲᠠᠭᠠᠪᠠ᠃
ᠪᠠᠶᠢᠴᠠᠭᠠᠬᠤ ᠪᠠᠶᠢᠭᠤᠯᠭ᠎ᠠ ᠠᠴᠠ ᠠᠷᠠᠳ ᠣᠯᠠᠨ ᠳᠤ ᠰᠠᠨᠠᠭᠤᠯᠬᠤ ᠨᠢ᠄ ᠬᠠᠭᠤᠷᠮᠠᠭ ᠭᠡᠷᠡᠴᠢ ᠲᠡᠮᠳᠡᠭ ᠵᠢᠭᠡᠯᠡᠯᠭᠡ ᠠᠪᠬᠤ ᠨᠢ ᠥᠪᠡᠷ ᠪᠡᠶ᠎ᠡ ᠬᠢᠭᠡᠳ ᠬᠡᠷ ᠪᠦᠯᠢ ᠳᠡᠭᠡᠨ ᠡᠭᠡᠭᠦᠯᠵᠦ ᠳᠡᠶᠢᠯᠦᠰᠢ ᠥᠬᠡᠶ ᠬᠤᠣᠷ ᠬᠥᠨᠦᠭᠡᠯ ᠠᠪᠴᠢᠷᠠᠬᠤ ᠪᠠᠷ ᠪᠠᠷᠠᠬᠤ ᠥᠬᠡᠶ ᠪᠠᠰᠠ ᠵᠣᠬᠢᠴᠠᠩᠭᠤᠶ ᠬᠠᠤᠯᠢ ᠴᠠᠭᠠᠵᠠ ᠬᠠᠷᠢᠭᠤᠴᠠᠯᠭ᠎ᠠ ᠡᠭᠦᠷᠭᠡᠯᠡᠵᠦ ᠮᠡᠳᠡᠨ᠎ᠡ᠃ ᠡᠳᠦᠷ ᠲᠤᠲᠤᠮ ᠠᠮᠢᠳᠤᠷᠠᠯ ᠳᠤᠮᠳᠠ᠂ ᠮᠠᠰᠢ ᠣᠯᠠᠨ ᠬᠥᠮᠦᠨ ᠬᠠᠤᠯᠢ ᠴᠠᠭᠠᠵᠠ ᠤᠬᠠᠮᠰᠠᠷ ᠨᠢ ᠪᠠᠭᠤᠷᠠᠶ ᠪᠠᠶᠢᠵᠤ᠂ ᠴᠡᠷᠢᠭ ᠲᠤ ᠣᠷᠣᠬᠤ᠂ ᠠᠵᠢᠯ ᠤᠯᠬᠤ᠂ ᠲᠤᠰᠢᠶᠠᠯ ᠳᠡᠪᠰᠢᠬᠦ ᠵᠡᠷᠭᠡ ᠲᠠᠯ᠎ᠠ ᠬᠡᠷᠡᠭᠴᠡᠭᠡ ᠠᠴᠠ ᠪᠣᠯᠵᠣ ᠬᠠᠭᠤᠷᠮᠠᠭ ᠭᠡᠷᠡᠴᠢ ᠲᠡᠮᠳᠡᠭ ᠢ ᠬᠠᠭᠤᠷᠮᠠᠭᠯᠠᠨ ᠵᠣᠬᠢᠶᠠᠵᠣ᠂ ᠥᠭᠡᠷᠡᠲᠦᠭᠦᠯᠦᠨ ᠵᠣᠬᠢᠶᠠᠵᠣ᠂ ᠮᠠᠶᠢᠮᠠᠶᠢᠯᠠᠬᠤ ᠨᠢ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠮᠥᠨ ᠭᠡᠳᠡᠭ ᠢ ᠮᠡᠳᠡᠬᠦ ᠥᠬᠡᠶ ᠪᠠᠢᠪᠠ᠃ ᠥᠷᠭᠡᠨ ᠤᠯᠠᠨ ᠠᠷᠠᠳ ᠲᠦᠮᠡᠨ ᠡᠷᠬᠡᠪᠰᠢ ᠬᠠᠤᠯᠢ ᠴᠠᠭᠠᠵᠠ ᠤᠯᠠᠭᠠᠨ ᠱᠤᠭᠤᠮ ᠢ ᠴᠢᠩᠭ᠎ᠠ ᠰᠠᠬᠢᠵᠤ᠂ ᠲᠦᠷᠦ ᠪᠠᠶᠢᠭᠤᠯᠭ᠎ᠠ ᠠᠯᠪᠠᠨ ᠪᠢᠴᠢᠭ ᠭᠡᠷᠡᠴᠢ ᠦᠨᠡᠮᠯᠡᠯ ᠢ ᠬᠠᠭᠤᠷᠮᠠᠭᠯᠠᠨ ᠵᠣᠬᠢᠶᠠᠵᠤ᠂ ᠬᠤᠳᠠᠯᠳᠤᠭᠠᠯᠠᠵᠤ ᠶᠠᠭᠠᠬᠢᠭᠰᠠᠨ ᠴᠤ ᠪᠣᠯᠬᠤ ᠦᠭᠡᠢ᠂ ᠡᠰᠡ ᠲᠡᠭᠡᠪᠡᠯ ᠬᠠᠤᠯᠢ ᠴᠠᠭᠠᠵᠠ ᠴᠢᠩᠭ᠎ᠠ ᠰᠢᠳᠬᠡᠯ ᠳᠤ ᠲᠤᠯᠭᠠᠷᠠᠬᠤ ᠪᠣᠯᠤᠨ᠎ᠠ᠃