ᠯᠢ ᠶᠦᠩ ᠵᠢᠶᠦ᠋ᠨ ᠬᠥᠬᠡᠬᠤᠲᠠ ᠦᠨᠳᠦᠰᠦᠨ ᠱᠠᠲᠤᠨ ᠪᠠᠶᠢᠴᠠᠭᠠᠬᠤ ᠬᠤᠷᠢᠶᠠᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠪᠠᠶᠢᠴᠠᠭᠠᠬᠤ ᠲᠤᠬᠠᠶᠢᠯᠠᠭᠰᠠᠨ ᠠᠵᠢᠯ ᠢ ᠬᠢᠨᠠᠨ ᠰᠢᠯᠭᠠᠵᠤ ᠦᠨᠡᠯᠡᠬᠦ ᠲᠣᠭᠲᠠᠴᠠ ᠰᠢᠯᠢᠳᠡᠭᠵᠢᠭᠦᠯᠦᠨ ᠲᠣᠬᠢᠷᠠᠭᠤᠯᠬᠤ ᠪᠠᠷ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠥᠪᠥᠷ ᠮᠣᠩᠭᠤᠯ ᠪᠠᠶᠢᠴᠠᠭᠠᠬᠤ ᠠᠵᠢᠯ ᠴᠢᠨᠠᠷ ᠰᠠᠶᠢᠲᠠᠢ ᠬᠥᠭᠵᠢᠯᠲᠡ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ
2024-11-29 17:15:03
11 ᠰᠠᠷ᠎ᠠ 6 ᠡᠳᠦᠷ᠂ ᠥᠪᠡᠷᠲᠡᠭᠡᠨ ᠵᠠᠰᠠᠬᠤ ᠣᠷᠣᠨ ᠪᠠᠶᠢᠴᠠᠭᠠᠬᠤ ᠬᠤᠷᠢᠶᠠᠨ ᠨᠠᠮ ᠤᠳᠤᠷᠢᠳᠬᠤ ᠳᠤᠭᠤᠶᠢᠯᠠᠩ ᠱᠦᠵᠢ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠲᠦᠮᠡᠳ ᠵᠡᠭᠦᠨ ᠬᠤᠰᠢᠭᠤᠨ ᠪᠠᠶᠢᠴᠠᠭᠠᠬᠤ ᠬᠤᠷᠢᠶᠠᠨ ᠳᠤ ᠬᠦᠷᠴᠦ᠂ ᠠᠷᠠᠳ ᠳᠡᠭᠡᠳᠦ ᠪᠠᠶᠢᠴᠠᠭᠠᠬᠤ ᠬᠤᠷᠢᠶᠠᠨ ᠪᠠᠶᠢᠴᠠᠭᠠᠬᠤ ᠲᠤᠬᠠᠶᠢᠯᠠᠭᠰᠠᠨ ᠠᠵᠢᠯ ᠬᠢᠨᠠᠨ ᠰᠢᠯᠭᠠᠬᠤ ᠲᠣᠭᠲᠠᠴᠠ ᠲᠣᠬᠢᠷᠠᠭᠤᠯᠤᠨ ᠰᠢᠯᠢᠳᠡᠭᠵᠢᠭᠦᠯᠬᠦ ᠲᠤᠬᠠᠶ ᠠᠵᠢᠯ ᠪᠠᠶᠢᠷᠢᠯᠠᠭᠤᠯᠤᠯᠲᠠ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠵᠦ᠂ ︽ᠨᠢᠭᠡ ᠬᠦᠴᠦᠨ ᠥᠬᠡᠶ ᠪᠣᠯᠭᠠᠵᠤ ᠭᠤᠷᠪᠠ ᠳᠠᠬᠢᠨ ᠦᠯᠦ ᠬᠡᠷᠡᠭᠵᠢᠭᠦᠯᠬᠦ ︾ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠨᠠᠩ ᠢᠯᠡᠬᠦᠦ ᠰᠢᠨᠵᠢᠯᠡᠬᠦ ᠤᠬᠠᠭᠠᠨᠴᠢ ᠬᠢᠨᠠᠨ ᠰᠢᠯᠭᠠᠬᠤ ᠰᠢᠰᠲ᠋ᠧᠮ ᠢ ᠬᠡᠷᠬᠢᠨ ᠪᠠᠶᠢᠭᠤᠯᠵᠤ᠂ ᠲᠤᠬᠠᠶᠢᠯᠠᠭᠰᠠᠨ ᠠᠵᠢᠯ ᠶᠠᠰᠤ ᠴᠢᠨᠠᠷ ᠦᠷ᠎ᠡ ᠪᠦᠲᠦᠮᠵᠢ ᠨᠠᠩ ᠣᠨᠣᠪᠴᠢᠲᠠᠶ ᠦᠨᠡᠯᠡᠵᠦ᠂ ︽ᠭᠤᠷᠪᠠᠨ ᠬᠠᠮᠢᠶᠠᠷᠤᠯᠲᠠ︾ ᠨᠢᠭᠡ ᠴᠣᠭᠴᠠᠵᠢᠭᠤᠯᠤᠨ ᠴᠢᠩᠭᠠᠳᠬᠠᠬᠤ ᠲᠤᠬᠠᠢ ᠦᠨᠳᠦᠰᠦᠨ ᠱᠠᠲᠤᠨ ᠪᠠᠶᠢᠴᠠᠭᠠᠬᠤ ᠳᠠᠷᠤᠭ᠎ᠠ ᠲᠠᠢ ᠶᠠᠷᠢᠯᠴᠠᠵᠤ ᠰᠠᠨᠠᠯ ᠰᠣᠯᠢᠯᠴᠠᠪᠠ᠃
ᠬᠥᠬᠡᠬᠤᠲᠠ ᠪᠠᠶᠢᠴᠠᠭᠠᠬᠤ ᠬᠤᠷᠢᠶ᠎ᠠ ᠪᠣᠯᠤᠨ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠬᠤᠷᠢᠨᠭᠡᠷ ᠰᠢᠶᠠᠨ᠂ ᠦᠴᠤᠸᠠᠨ ᠰᠢᠶᠠᠨ ᠪᠠᠶᠢᠴᠠᠭᠠᠬᠤ ᠬᠤᠷᠢᠶᠠᠨ ᠪᠠᠶᠢᠴᠠᠭᠠᠬᠤ ᠳᠠᠷᠤᠭ᠎ᠠ ᠶᠠᠷᠢᠶ᠎ᠠ ᠰᠣᠨᠣᠰᠤᠭᠰᠠᠨ ᠳᠠᠷᠠᠭ᠎ᠠ᠂ ᠯᠢ ᠶᠦᠩ ᠵᠢᠶᠦ᠋ᠨ ᠴᠢᠬᠤᠯᠠᠴᠢᠯᠠᠭᠰᠠᠨ ᠨᠢ᠂ ᠠᠷᠠᠳ ᠳᠡᠭᠡᠳᠦ ᠪᠠᠶᠢᠴᠠᠭᠠᠬᠤ ᠬᠤᠷᠢᠶᠠᠨ ᠨᠠᠮ ᠤᠳᠤᠷᠢᠳᠬᠤ ᠳᠤᠭᠤᠶᠢᠯᠠᠩ ᠡᠯ᠎ᠡ ᠱᠠᠲᠤᠨ ᠪᠠᠶᠢᠴᠠᠭᠠᠬᠤ ᠪᠠᠶᠢᠭᠤᠯᠭ᠎ᠠ ᠳᠤ ᠥᠭᠬᠦ ᠴᠢᠬᠤᠯᠠ ᠦᠭᠡᠢ᠂ ᠲᠣᠬᠢᠷᠠᠮᠵᠢ ᠦᠭᠡᠢ᠂ ᠵᠦᠢ ᠵᠣᠬᠢᠰ ᠦᠭᠡᠢ ᠬᠢᠨᠠᠨ ᠰᠢᠯᠭᠠᠯᠲᠠ ᠳᠠᠬᠢᠨ ᠬᠡᠷᠡᠭᠵᠢᠭᠦᠯᠬᠦ ᠦᠭᠡᠢ᠂ ᠪᠠᠶᠢᠴᠠᠭᠠᠬᠤ ᠲᠤᠬᠠᠶᠢᠯᠠᠭᠰᠠᠨ ᠠᠵᠢᠯ ᠦᠨᠡᠯᠡᠯᠲᠡ ᠭᠦᠢᠴᠡᠳᠬᠡᠯ ᠲᠤᠭ᠎ᠠ ᠰᠢᠰᠲ᠋ᠧᠮ ᠢ ᠲᠠᠬᠢᠨ ᠬᠡᠷᠡᠭᠵᠢᠭᠦᠯᠬᠦ ᠦᠭᠡᠢ᠂ ᠡᠯ᠎ᠡ ᠲᠦᠷᠦᠯ ᠮᠡᠳᠡᠭᠳᠡᠬᠦ ᠬᠡᠮᠵᠢᠭᠳᠡᠯ ᠵᠡᠷᠭᠡ ᠦᠨᠡᠯᠡᠯᠲᠡ ᠭᠦᠢᠴᠡᠳᠬᠡᠯ ᠲᠤᠭ᠎ᠠ ᠲᠠᠬᠢᠨ ᠲᠣᠬᠢᠷᠠᠭᠤᠯᠬᠤ ᠦᠭᠡᠢ᠂ ᠡᠯ᠎ᠡ ᠭᠠᠵᠠᠷ ᠲᠤᠬᠠᠶᠢᠯᠠᠭᠰᠠᠨ ᠠᠵᠢᠯ ᠲᠤᠭ᠎ᠠ ᠪᠠᠷᠢᠮᠲᠠ ᠳᠦ ᠨᠡᠷᠡᠰ ᠵᠢᠭᠰᠠᠭᠠᠯᠲᠠ ᠬᠢᠬᠦ ᠦᠭᠡᠢ᠂ ᠡᠨᠡ ᠪᠣᠯ ᠨᠢᠭᠡ ᠤᠳᠠᠭ᠎ᠠ ᠭᠦᠨ ᠭᠦᠨᠵᠡᠭᠡᠢ ᠬᠠᠮᠢᠶᠠᠷᠤᠯᠲᠠ ᠠᠷᠭ᠎ᠠ ᠬᠡᠯᠪᠡᠷᠢ ᠬᠤᠪᠢᠰᠬᠠᠯ ᠮᠥᠨ᠂ ᠮᠠᠨ ᠤᠯᠠᠨ ᠵᠢᠯ ᠲᠤᠷᠰᠢᠬᠢ ᠤᠯᠠᠮᠵᠢᠯᠠᠯᠲᠤ ᠬᠠᠮᠢᠶᠠᠷᠤᠯᠲᠠ ᠠᠷᠭ᠎ᠠ ᠬᠡᠯᠪᠡᠷᠢ ᠳᠦ ᠬᠢᠭᠰᠡᠨ ᠨᠢᠭᠡᠨ ᠤᠳᠠᠭᠠᠨ ᠲᠠᠬᠢᠨ ᠴᠣᠭᠴᠠᠯᠠᠬᠤ ᠬᠡᠯᠪᠡᠷᠢ ᠬᠤᠪᠢᠷᠠᠯᠲᠠ ᠮᠥᠨ᠃ ᠪᠦᠬᠦ ᠣᠷᠣᠨ ᠪᠠᠶᠢᠴᠠᠭᠠᠬᠤ ᠪᠠᠶᠢᠭᠤᠯᠭ᠎ᠠ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠪᠠᠶᠢᠴᠠᠭᠠᠬᠤ ᠲᠤᠬᠠᠶᠢᠯᠠᠭᠰᠠᠨ ᠠᠵᠢᠯ ᠢ ᠬᠢᠨᠠᠨ ᠰᠢᠯᠭᠠᠵᠤ ᠦᠨᠡᠯᠡᠬᠦ ᠲᠣᠭᠲᠠᠴᠠ ᠰᠢᠯᠢᠳᠡᠭᠵᠢᠭᠦᠯᠦᠨ ᠲᠤᠬᠢᠷᠠᠭᠤᠯᠬᠤ ᠪᠠᠷ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠵᠤ᠂ ᠬᠡᠷᠡᠭ ᠨᠢᠭᠡᠪᠦᠷᠢ ᠴᠢᠨᠠᠷ ᠰᠠᠶᠢᠲᠠᠢ ᠦᠷ᠎ᠡ ᠪᠦᠲᠦᠮᠵᠢ ᠲᠠᠢ ᠪᠠᠷ ᠰᠠᠶᠢᠲᠤᠷ ᠰᠢᠢᠳᠪᠦᠷᠢᠯᠡᠵᠦ᠂ ᠥᠪᠥᠷ ᠮᠣᠩᠭᠤᠯ ᠪᠠᠶᠢᠴᠠᠭᠠᠬᠤ ᠠᠵᠢᠯ ᠴᠢᠨᠠᠷ ᠰᠠᠶᠢᠲᠠᠢ ᠦᠷ᠎ᠡ ᠪᠦᠲᠦᠮᠵᠢ ᠲᠠᠢ ᠬᠥᠭᠵᠢᠯᠲᠡ ᠠᠬᠢᠭᠤᠯᠵᠤ᠂ ᠠᠷᠠᠳ ᠤᠯᠠᠨ ᠳᠤ ᠬᠠᠤᠯᠢ ᠴᠠᠭᠠᠵᠠ ᠬᠡᠷᠡᠭ ᠨᠢᠭᠡᠪᠦᠷᠢ ᠳᠤᠮᠳᠠ ᠠᠴᠠ ᠲᠥᠪ ᠭᠤᠣᠯᠴᠢ ᠰᠢᠳᠤᠷᠭᠤ ᠶᠣᠰᠣ ᠮᠡᠳᠡᠷᠡᠭᠦᠯᠬᠦ ᠪᠠᠷ ᠴᠢᠷᠮᠠᠶᠢᠬᠤ ᠬᠡᠷᠡᠭᠲᠡᠢ᠃
ᠨᠢᠭᠡ ᠳᠤ᠂ ᠵᠥᠪ ᠲᠠᠨᠢᠵᠤ᠂ ᠣᠨᠣᠪᠴᠢᠲᠠᠢ ᠡᠵᠡᠮᠳᠡᠬᠦ ᠬᠡᠷᠡᠭᠲᠡᠢ᠃
ᠪᠠᠶᠢᠴᠠᠭᠠᠬᠤ ᠠᠵᠢᠯ ᠬᠢᠨᠠᠨ ᠰᠢᠯᠭᠠᠬᠤ ᠲᠣᠭᠲᠠᠴᠠ ᠳᠤ ᠲᠣᠬᠢᠷᠠᠭᠤᠯᠤᠯᠲᠠ ᠬᠢᠭᠰᠡᠨ ᠳᠠᠷᠠᠭ᠎ᠠ᠂ ᠠᠶᠤᠵᠤ ᠰᠠᠨᠳᠤᠷᠴᠤ ᠠᠷᠭ᠎ᠠ ᠬᠡᠮᠵᠢᠶ᠎ᠡ ᠠᠪᠴᠤ᠂ ᠲᠥᠭᠡᠷᠢᠭᠳᠡᠵᠦ ᠪᠣᠯᠬᠤ ᠦᠭᠡᠢ ᠮᠥᠷᠲᠡᠭᠡᠨ ᠪᠠᠰᠠ ᠬᠦᠨᠳᠦ ᠡᠭᠦᠷᠭᠡ ᠦᠭᠡᠢ ᠪᠤᠯᠤᠭᠰᠠᠨ ᠮᠡᠲᠦ ᠪᠠᠶᠢᠵᠤ ᠪᠣᠯᠬᠤ ᠦᠭᠡᠢ᠃ ︽ᠨᠢᠭᠡ ᠬᠦᠴᠦᠨ ᠦᠭᠡᠢ ᠪᠣᠯᠭᠠᠵᠤ ᠭᠤᠷᠪᠠ ᠲᠠᠬᠢᠨ ᠦᠯᠦ ᠬᠡᠷᠡᠭᠵᠢᠭᠦᠯᠬᠦ︾ ᠵᠢᠨ ᠭᠦᠨᠵᠡᠭᠡᠢ ᠠᠭᠤᠯᠤᠭᠳᠠᠬᠤᠨ ᠪᠠ ᠵᠠᠷᠴᠢᠮ ᠱᠠᠭᠠᠷᠳᠠᠯᠭ᠎ᠠ ᠣᠨᠣᠪᠴᠢᠲᠠᠢ ᠡᠵᠡᠮᠳᠡᠬᠦ ᠬᠡᠷᠡᠭᠲᠡᠢ᠂ ᠪᠤᠷᠤᠭᠤ ᠲᠠᠶᠢᠯᠪᠤᠷᠢᠯᠠᠵᠤ ᠪᠣᠯᠬᠤ ᠦᠭᠡᠢ᠃ ᠲᠣᠭ᠎ᠠ ᠪᠠᠷᠢᠮᠲᠠ ᠠᠪᠬᠤ ᠦᠭᠡᠢ ᠪᠢᠰᠢ ᠂ ᠵᠥᠪᠬᠡᠨ ᠲᠣᠭ᠎ᠠ ᠪᠠᠷᠢᠮᠲᠠ ᠶ᠋ᠢ ᠳᠠᠬᠢᠨ ᠵᠢᠭᠰᠠᠭᠠᠵᠤ ᠨᠡᠢᠲᠡᠯᠡᠬᠦ ᠳ᠋ᠦ᠍ ᠬᠡᠷᠡᠭᠯᠡᠬᠦ ᠦᠭᠡᠢ ᠂ ᠬᠠᠷᠢᠨ ᠵᠠᠳᠠᠯᠤᠨ ᠰᠤᠳᠤᠯᠵᠤ ᠮᠠᠭᠠᠳᠯᠠᠬᠤ ᠳ᠋ᠤ᠌ ᠬᠡᠷᠡᠭᠯᠡᠨ᠎ᠡ ᠃ ᠲᠣᠬᠢᠷᠠᠭᠤᠯᠤᠯᠲᠠ ᠪᠠ ᠬᠤᠪᠢᠷᠠᠯᠲᠠ ᠨᠢ ᠲᠤᠭ᠎ᠠ ᠪᠠᠷᠢᠮᠲᠠ ᠬᠡᠷᠡᠭᠯᠡᠯᠲᠡ ᠴᠢᠳᠠᠮᠵᠢ ᠪᠣᠯᠤᠨ᠎ᠠ᠂ ᠲᠤᠭ᠎ᠠ ᠪᠠᠷᠢᠮᠲᠠ ᠵᠠᠳᠠᠯᠤᠨ ᠰᠤᠳᠤᠯᠵᠤ ᠮᠠᠭᠠᠳᠯᠠᠬᠤ ᠪᠠᠷ ᠳᠠᠮᠵᠢᠭᠤᠯᠤᠨ᠂ ᠪᠠᠶᠢᠴᠠᠭᠠᠬᠤ ᠲᠤᠬᠠᠶᠢᠯᠠᠭᠰᠠᠨ ᠠᠵᠢᠯ ᠪᠠᠶᠢᠳᠠᠯ᠂ ᠬᠡᠮ ᠰᠣᠭᠤᠭ᠂ ᠳᠤᠲᠠᠭᠤᠳᠠᠯ ᠪᠠ ᠬᠥᠭᠵᠢᠯᠲᠡ ᠦᠵᠡᠵᠦ᠂ ᠬᠡᠮᠵᠢᠶ᠎ᠡ ᠲᠣᠭᠲᠠᠭᠠᠨ ᠵᠠᠳᠠᠯᠬᠤ ᠠᠴᠠ ᠡᠭᠦᠰᠦᠭᠰᠡᠨ ᠴᠢᠨᠠᠷ ᠢ ᠦᠨᠡᠯᠡᠬᠦ ᠬᠡᠷᠡᠭᠲᠡᠢ᠃ ᠬᠠᠮᠢᠶᠠᠷᠬᠤ ᠦᠭᠡᠢ ᠪᠢᠰᠢ ᠂ ᠬᠠᠷᠢᠨ ᠳᠠᠩ ᠭᠠᠭᠴᠠ ᠲᠣᠭ᠎ᠠ ᠪᠠᠷᠢᠮᠲᠠ ᠶ᠋ᠢᠨ ᠭᠦᠢᠴᠡᠳᠭᠡᠬᠦ ᠲᠣᠭ᠎ᠠ ᠶ᠋ᠢᠨ ᠬᠠᠮᠢᠶᠠᠷᠤᠯᠲᠠ ᠠ᠋ᠴᠠ ᠨᠡᠩ ᠨᠢᠭᠲᠠ《 ᠭᠤᠷᠪᠠᠨ ᠬᠠᠮᠢᠶᠠᠷᠤᠯᠲᠠ》 ᠪᠣᠯᠵᠤ ᠰᠢᠯᠵᠢᠵᠡᠢ ᠃ ᠳᠠᠩ ᠭᠠᠭᠴᠠ ᠬᠠᠮᠢᠶᠠᠷᠤᠯᠲᠠ ᠲᠠᠢ ᠪᠠᠶᠢᠭᠰᠠᠨ ᠢ ᠨᠡᠶᠢᠯᠡᠮᠡᠯ ᠬᠠᠮᠢᠶᠠᠷᠤᠯᠲᠠ ᠪᠣᠯᠭᠠᠨ ᠬᠤᠪᠢᠷᠠᠭᠤᠯᠵᠤ᠂ ᠭᠦᠶᠦᠭᠡᠨ ᠳᠠᠪᠬᠤᠷᠭ᠎ᠠ ᠬᠠᠮᠢᠶᠠᠷᠤᠯᠲᠠ ᠠᠴᠠ ᠭᠦᠨ ᠳᠠᠪᠬᠤᠷᠭ᠎ᠠ ᠬᠠᠮᠢᠶᠠᠷᠤᠯᠲᠠ ᠪᠣᠯᠭᠠᠨ ᠬᠤᠪᠢᠷᠠᠭᠤᠯᠵᠤ᠂ ᠲᠤᠭ᠎ᠠ ᠪᠠᠷᠢᠮᠲᠠ ᠬᠠᠮᠢᠶᠠᠷᠤᠯᠲᠠ ᠪᠠᠶᠢᠭᠰᠠᠨ ᠠᠴᠠ ᠪᠠᠨ ᠶᠠᠰᠤ ᠴᠢᠨᠠᠷ ᠦᠷ᠎ᠡ ᠠᠰᠢᠭ ᠬᠠᠮᠢᠶᠠᠷᠤᠯᠲᠠ ᠪᠣᠯᠭᠠᠨ ᠬᠤᠪᠢᠷᠠᠭᠤᠯᠵᠤ᠂ ᠬᠠᠮᠢᠶᠠᠷᠤᠯᠲᠠ ᠠᠷᠭ᠎ᠠ ᠮᠠᠶ᠋ᠢᠭ ᠨᠢ ᠳᠡᠰ ᠳᠡᠪᠰᠢᠵᠦ᠂ ᠪᠠᠶᠢᠴᠠᠭᠠᠬᠤ ᠠᠵᠢᠯ ᠵᠢᠮ᠎ᠡ ᠶᠣᠰᠣ ᠲᠠᠢ ᠨᠠᠩ ᠣᠶᠢᠷᠠᠲᠤᠭᠰᠠᠨ ᠪᠠᠶᠢᠨ᠎ᠠ᠃ ᠰᠢᠯᠭᠠᠨ ᠦᠨᠡᠯᠡᠬᠦ ᠦᠭᠡᠢ ᠪᠢᠰᠢ ᠂ ᠵᠥᠪᠬᠡᠨ ᠴᠢᠬᠤᠯᠠ ᠦᠭᠡᠢ ᠂ ᠲᠣᠬᠢᠷᠠᠮᠵᠢ ᠦᠭᠡᠢ ᠂ ᠵᠦᠢ ᠵᠣᠬᠢᠰ ᠦᠭᠡᠢ ᠬᠢᠨᠠᠨ ᠰᠢᠯᠭᠠᠯᠲᠠ ᠦᠭᠡᠶᠢᠰᠭᠡᠨ᠎ᠡ ᠃ ᠬᠡᠷᠡᠭ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠴᠢᠬᠤᠯᠠᠴᠢᠯᠠᠬᠤ ᠴᠢᠬᠤᠯᠠᠲᠠᠢ ᠂ ᠵᠦᠢ ᠵᠣᠬᠢᠰᠲᠠᠢ ᠬᠢᠨᠠᠨ ᠰᠢᠯᠭᠠᠯᠲᠠ ᠮᠥᠨ ᠬᠦ ᠦᠯᠡᠳᠡᠭᠡᠬᠦ ᠴᠢᠬᠤᠯᠠᠲᠠᠢ ᠪᠦᠭᠡᠳ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠴᠢᠩᠭᠠᠳᠬᠠᠬᠤ ᠬᠡᠷᠡᠭᠲᠡᠢ᠃ ᠴᠢᠷᠮᠠᠶᠢᠬᠤ ᠴᠢᠬᠤᠯᠠ ᠦᠭᠡᠢ ᠪᠢᠰᠢ ᠂ ᠬᠠᠷᠢᠨ ᠠᠩᠬᠠᠷᠬᠤ ᠴᠡᠭ ᠢ᠋ᠶ᠋ᠡᠨ ᠲᠣᠭ᠎ᠠ ᠪᠠᠷᠢᠮᠲᠠ ᠶ᠋ᠢᠨ ᠴᠢᠨᠠᠷ ᠴᠢᠨᠰᠠᠭ᠎ᠠ ᠦᠷ᠎ᠡ ᠠᠰᠢᠭ ᠳᠡᠭᠡᠷ᠎ᠡ ᠰᠢᠯᠵᠢᠭᠦᠯᠬᠦ ᠬᠡᠷᠡᠭᠲᠡᠢ ᠃ ᠳᠠᠷᠤᠭᠠᠰᠤ ᠬᠥᠩᠭᠡᠷᠡᠭᠦᠯᠬᠦ ᠳᠤ ᠬᠠᠷᠢᠭᠤᠴᠠᠯᠭ᠎ᠠ ᠬᠠᠰᠤᠭᠰᠠᠨ ᠦᠭᠡᠢ᠂ ᠠᠵᠢᠯ ᠱᠠᠭᠠᠷᠳᠠᠯᠭ᠎ᠠ ᠨᠡᠩ ᠥᠨᠳᠥᠷ ᠪᠤᠯᠵᠤ᠂ ᠠᠵᠢᠯ ᠬᠦᠴᠢᠷᠳᠡᠯ ᠨᠡᠩ ᠶᠡᠭᠡ ᠪᠤᠯᠵᠤ᠂ ︽ ᠬᠡᠪᠲᠡᠵᠦ︾ ᠪᠣᠯᠬᠤ ᠦᠭᠡᠢ ᠂ ︽ᠰᠤᠯᠠ ᠰᠠᠭᠤᠵᠤ︾ ᠪᠣᠯᠬᠤ ᠦᠭᠡᠢ᠂ ︽ᠭᠦᠶᠦᠬᠦ︾ ᠶᠤᠰᠤᠲᠠᠢ
ᠬᠤᠶᠠᠷ ᠲᠤ᠂ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠬᠠᠭᠤᠴᠢᠨ ᠢ ᠡᠪᠳᠡᠵᠦ ᠰᠢᠨ᠎ᠡ ᠪᠠᠶᠢᠭᠤᠯᠬᠤ ᠬᠡᠷᠡᠭᠲᠡᠶ᠃
︽ᠬᠠᠭᠤᠴᠢᠨ ᠪᠠᠭᠠᠵᠢ ᠬᠠᠶᠢᠷᠴᠠᠭ︾ ᠢ ᠬᠡᠷᠡᠭᠯᠡᠵᠦ ᠪᠣᠯᠬᠤ ᠥᠬᠡᠶ ᠪᠣᠯᠵᠠᠢ᠂ ︽ᠰᠢᠨ᠎ᠡ ᠪᠠᠭᠠᠵᠢ ᠬᠠᠶᠢᠷᠴᠠᠭ︾ ᠢ ᠱᠠᠯᠠᠪᠳᠠᠨ ᠰᠤᠳᠤᠯᠤᠨ ᠦᠢᠯᠡᠳᠬᠦ ᠬᠡᠷᠡᠭᠲᠡᠶ᠂ ᠨᠠᠵᠠᠭᠠᠢ ᠪᠠᠷ ᠬᠦᠯᠢᠶᠡᠵᠦ ᠪᠣᠯᠬᠤ ᠥᠬᠡᠶ᠃ ᠠᠷᠠᠳ ᠳᠡᠭᠡᠳᠦ ᠪᠠᠶᠢᠴᠠᠭᠠᠬᠤ ᠬᠣᠷᠢᠶᠠᠨ ᠵᠠᠷᠴᠢᠮ ᠱᠠᠭᠠᠷᠳᠠᠯᠭ᠎ᠠ ᠶᠣᠰᠣᠭᠠᠷ ᠂ ᠲᠤᠰ ᠭᠠᠵᠠᠷ ᠪᠣᠳᠠᠲᠤ ᠪᠠᠶᠢᠳᠠᠯ ᠳᠠᠭᠠᠨ ᠰᠠᠭᠤᠷᠢᠯᠠᠨ ᠤᠷᠢᠳᠠᠪᠠᠷ ᠬᠠᠶᠢᠨ ᠰᠦᠪᠡᠭᠴᠢᠯᠡᠬᠦ ᠬᠡᠷᠡᠭᠲᠡᠶ ᠃ ᠡᠯ᠎ᠡ ᠱᠠᠲᠤᠨ ᠬᠣᠷᠢᠶ᠎ᠠ ᠨᠤᠭᠤᠳ ᠰᠣᠳᠤᠯᠭᠠᠨ ᠲᠤᠭᠤᠶᠢᠯᠠᠩ ᠪᠠᠶᠢᠭᠤᠯᠵᠤ ᠂ ᠲᠣᠬᠠᠶᠢᠯᠠᠭᠰᠠᠨ ᠠᠵᠢᠯ ᠳᠣᠲᠤᠭᠠᠳᠤ ᠪᠠ ᠲᠣᠷᠰᠢᠯᠭ᠎ᠠ ᠪᠠᠶᠠᠯᠢᠭ ᠂ ᠵᠣᠭᠢᠬᠤ ᠣᠨᠤᠯ ᠬᠢᠷᠢ ᠬᠡᠮᠵᠢᠶ᠎ᠡ ᠲᠠᠢ ᠪᠠᠶᠢᠴᠠᠭᠠᠬᠤ ᠠᠵᠢᠯᠲᠠᠨ ᠢ ᠵᠣᠬᠢᠶᠠᠨ ᠪᠠᠶᠢᠭᠤᠯᠵᠤ ᠂ ᠲᠤᠰ ᠭᠠᠵᠠᠷ ᠣᠷᠤᠨ ᠂ ᠲᠤᠰ ᠬᠣᠷᠢᠶ᠎ᠠ ᠨᠤᠭᠤᠳ ᠬᠠᠮᠢᠶᠠᠷᠤᠯᠲᠠ ᠪᠠ ᠬᠢᠨᠠᠨ ᠰᠢᠯᠭᠠᠬᠤ ᠰᠢᠰᠲᠧᠮ ᠢ ᠨᠠᠷᠢᠨ ᠬᠢᠨᠠᠮᠠᠭᠠᠢ ᠰᠣᠳᠤᠯᠤᠨ᠎ᠠ ᠃ ᠥᠪᠡᠷᠲᠡᠭᠡᠨ ᠵᠠᠰᠠᠬᠤ ᠣᠷᠣᠨ ᠪᠠᠶᠢᠴᠠᠭᠠᠬᠤ ᠬᠣᠷᠢᠶ᠎ᠠ ᠨᠢ ᠪᠦᠬᠦ ᠣᠷᠣᠨ ᠢ ᠭᠣᠤᠯᠳᠠᠯᠭ᠎ᠠ ᠲᠠᠶ ᠰᠤᠳᠤᠯᠵᠤ᠂ ᠠᠶᠢᠮᠠᠭ ᠬᠣᠲᠠ ᠬᠢᠨ ᠲᠤᠰ ᠠᠶᠢᠮᠠᠭ ᠬᠣᠲᠠ ᠭᠣᠤᠯᠳᠠᠯᠭ᠎ᠠ ᠲᠠᠶ ᠰᠤᠳᠤᠯᠵᠤ᠂ ᠬᠣᠰᠢᠭᠤ ᠰᠢᠶᠠᠨ ᠬᠣᠷᠢᠶ᠎ᠠ ᠴᠤ ᠲᠤᠰ ᠬᠣᠷᠢᠶᠠᠨ ᠪᠠᠨ ᠬᠠᠮᠢᠶᠠᠷᠬᠤ ᠪᠠ ᠬᠢᠨᠠᠨ ᠰᠢᠯᠭᠠᠬᠤ ᠠᠰᠠᠭᠤᠳᠠᠯ ᠢ ᠰᠤᠳᠤᠯᠬᠤ ᠬᠡᠷᠡᠭᠲᠡᠶ᠃ ︽ᠭᠤᠷᠪᠠ ᠬᠠᠮᠢᠶᠠᠷᠬᠤ︾ ᠱᠠᠭᠠᠷᠳᠠᠯᠭ᠎ᠠ ᠲᠠᠢ ᠬᠠᠷᠢᠴᠠᠭᠤᠯᠪᠠᠯ᠂ ᠥᠩᠭᠡᠷᠡᠭᠰᠡᠨ ᠬᠠᠮᠢᠶᠠᠷᠤᠯᠲᠠ ᠨᠢ ᠶᠠᠭᠤ ᠦᠯᠡᠳᠡᠭᠡᠵᠦ᠂ ᠶᠠᠭᠤ ᠰᠢᠨᠡᠳᠬᠡᠬᠦ᠂ ᠶᠠᠭᠤ ᠬᠦᠴᠦᠨ ᠥᠬᠡᠶ ᠪᠣᠯᠭᠠᠬᠤ ᠴᠢᠬᠤᠯᠠᠲᠠᠶ ᠪᠣᠶ︖ ᠰᠢᠯᠢᠳᠡᠭᠵᠢᠭᠦᠯᠦᠨ ᠬᠢᠨᠠᠨ ᠰᠢᠯᠭᠠᠬᠤ ᠱᠠᠭᠠᠷᠳᠠᠯᠭ᠎ᠠ ᠲᠠᠢ ᠬᠠᠷᠭᠤᠭᠤᠯᠵᠤ᠂ ᠬᠡᠷᠬᠢᠨ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ᠂ ᠬᠡᠷᠬᠢᠨ ᠵᠦᠶ ᠵᠣᠬᠢᠰᠲᠠᠶ ᠬᠣᠪᠢᠶᠠᠷᠢᠯᠠᠬᠤ᠂ ᠠᠵᠢᠯ ᠲᠠᠰ ᠳᠠᠷᠠᠭᠠᠯᠠᠯ ᠢ ᠬᠡᠷᠬᠢᠨ ᠲᠦᠭᠦᠮᠴᠢᠯᠡᠬᠦ᠂ ᠡᠳᠡᠭᠡᠷ ᠢ ᠴᠥᠮ ᠰᠣᠳᠤᠯᠤᠨ᠎ᠠ᠂ ᠴᠥᠮ ᠰᠤᠳᠤᠯᠵᠤ ᠪᠣᠯᠤᠨ᠎ᠠ᠃ ᠰᠣᠳᠣᠯᠣᠯ ᠬᠢᠬᠦ ᠨᠢ ᠬᠡᠷᠡᠭ ᠦᠭᠡᠢ ᠪᠢᠰᠢ᠂ ᠣᠳᠣ ᠰᠤᠳᠤᠯᠭ᠎ᠠ ᠪᠣᠯ ᠳᠡᠭᠡᠳᠦ ᠱᠠᠲᠤᠨ ᠵᠣᠷᠢᠭ ᠰᠠᠨᠠᠭᠠᠨ ᠲᠤᠬᠠᠢ ᠣᠶᠢᠯᠠᠭᠠᠯᠲᠠ ᠪᠠᠨ ᠭᠦᠨᠵᠡᠭᠡᠶᠢᠷᠡᠭᠦᠯᠬᠦ ᠪᠠᠷ ᠪᠠᠷᠠᠬᠤ ᠦᠭᠡᠢ᠂ ᠪᠠᠰᠠ ᠴᠤ ᠬᠤᠵᠢᠮ ᠰᠢᠨ᠎ᠡ ᠳᠦᠷᠢᠮ ᠢ ᠵᠠᠯᠭᠠᠨ ᠠᠪᠬᠤ ᠪᠠ ᠡᠭᠦᠳᠦᠨ ᠪᠠᠶᠢᠭᠤᠯᠬᠤ ᠴᠢᠬᠤᠯᠠ ᠪᠦᠬᠦᠢ ᠳᠡᠪᠢᠰᠬᠡᠷ ᠪᠣᠯᠬᠤ ᠶᠤᠮ᠃
ᠭᠤᠷᠪᠠ ᠳᠤ᠂ ᠦᠢᠯᠡᠳᠪᠦᠷᠢᠯᠡᠯ ᠰᠤᠳᠤᠯᠭᠠᠨ ᠢ ᠵᠡᠷᠭᠡ ᠪᠠᠷ ᠴᠢᠬᠤᠯᠠᠴᠢᠯᠠᠵᠤ᠂ ᠣᠳᠣᠬᠠᠨ ᠠᠵᠢᠯ ᠰᠠᠶᠢᠲᠤᠷ ᠬᠢᠬᠦ ᠬᠡᠷᠡᠭᠲᠡᠢ᠃
ᠨᠢᠭᠡ ᠲᠠᠯ᠎ᠠ ᠪᠠᠷ ᠲᠣᠭᠲᠠᠴᠠ ᠬᠠᠶᠢᠨ ᠰᠦᠪᠡᠭᠴᠢᠯᠡᠯᠲᠡ ᠠᠳᠬᠤᠵᠤ᠂ ᠨᠢᠭᠡ ᠲᠠᠯ᠎ᠠ ᠪᠠᠷ ᠣᠳᠣᠬᠠᠨ ᠠᠵᠢᠯ ᠰᠠᠶᠢᠲᠤᠷ ᠠᠳᠬᠤᠵᠤ᠂ ᠡᠭᠦᠨ ᠢ ᠬᠠᠶᠢᠬᠤᠷᠤᠨ ᠲᠡᠭᠦᠨ ᠢ ᠠᠯᠳᠠᠵᠤ ᠪᠣᠯᠬᠤ ᠦᠭᠡᠢ᠃ ᠦᠵᠡᠯ ᠰᠠᠨᠠᠭ᠎ᠠ ᠴᠠᠯᠠᠭᠠᠶᠢᠷᠠᠬᠤ ᠰᠡᠷᠭᠡᠶᠢᠯᠡᠬᠦ ᠬᠡᠷᠡᠭᠲᠡᠢ᠃ ᠵᠢᠯ ᠡᠴᠦᠰ ᠪᠣᠯᠬᠤ ᠳᠤ᠂ ᠰᠢᠪᠲᠤᠯᠤᠯᠲᠠ ᠰᠡᠭᠦᠯ ᠬᠤᠷᠢᠶᠠᠬᠤ ᠠᠵᠢᠯ ᠢ ᠰᠠᠶᠢᠲᠤᠷ ᠠᠳᠬᠤᠵᠤ᠂ ᠵᠢᠯ ᠡᠬᠢᠨ ᠳᠤ ᠲᠣᠭᠲᠠᠭᠠᠭᠰᠠᠨ ᠭᠤᠤᠯᠳᠠᠯᠭ᠎ᠠ ᠲᠠᠢ ᠠᠵᠢᠯ ᠢ ᠤᠭ ᠰᠠᠨᠠᠭ᠎ᠠ ᠪᠠᠨ ᠬᠤᠪᠢᠷᠠᠭᠤᠯᠬᠤ ᠥᠬᠡᠶ ᠪᠠᠷ ᠪᠡᠶᠡᠯᠡᠭᠦᠯᠵᠦ᠂ ᠨᠠᠮ ᠬᠤᠷᠢᠶ᠎ᠠ ᠵᠠᠰᠠᠭ ᠣᠷᠳᠣᠨ ᠪᠣᠯᠤᠨ ᠠᠷᠠᠳ ᠣᠯᠠᠨ ᠳᠤ ᠬᠢᠷᠢ ᠲᠡᠩᠴᠡᠭᠰᠡᠨ ᠬᠠᠷᠢᠭᠤᠯᠲᠠ ᠬᠠᠭᠤᠳᠠᠰᠤ ᠲᠤᠰᠢᠶᠠᠬᠤ ᠬᠡᠷᠡᠭᠲᠡᠶ᠃ ᠠᠵᠢᠯ ᠨᠢ ᠤᠷᠤᠭᠤᠳᠠᠬᠤ ᠠᠴᠠ ᠰᠡᠷᠭᠡᠶᠢᠯᠡᠬᠦ ᠬᠡᠷᠡᠭᠲᠡᠢ᠃ ᠤᠯᠠᠮᠵᠢᠯᠠᠯᠲᠤ ᠬᠠᠮᠢᠶᠠᠷᠤᠯᠲᠠ ᠠᠷᠭ᠎ᠠ ᠬᠡᠯᠪᠡᠷᠢ ᠪᠠ ᠬᠢᠨᠠᠨ ᠰᠢᠯᠭᠠᠬᠤ ᠠᠷᠭ᠎ᠠ ᠨᠢ ᠪᠢᠳᠡᠨ ᠢᠠᠷᠭᠠ ᠵᠠᠮ ᠳᠤ ᠶᠡᠬᠡᠪᠡᠷ ᠪᠣᠯᠭᠠᠵᠠᠢ᠂ ᠵᠠᠮ ᠢ ᠨᠢ ᠬᠤᠪᠢᠷᠠᠭᠤᠯᠤᠭᠰᠠᠨ ᠨᠢ ᠬᠤᠷᠳᠤᠴᠠ ᠪᠠᠨ ᠤᠳᠠᠭᠠᠰᠢᠷᠠᠭᠤᠯᠵᠤ ᠮᠡᠳᠡᠨ᠎ᠡ ᠂ ᠭᠡᠪᠡᠴᠦ ᠳᠡᠩᠳᠡᠭᠦᠦ ᠶᠡᠭᠡ ᠬᠡᠯᠪᠡᠯᠵᠡᠯ ᠭᠠᠷᠭᠠᠵᠤ ᠪᠣᠯᠬᠤ ᠥᠬᠡᠶ᠂ ᠨᠠᠩ ᠴᠤ ᠵᠣᠭᠰᠣᠭᠠᠵᠤ ᠪᠣᠯᠬᠤ ᠥᠬᠡᠶ᠃ ᠠᠰᠠᠭᠤᠳᠠᠯ ᠳᠠᠬᠢᠨ ᠡᠭᠦᠰᠬᠦ ᠰᠡᠷᠭᠡᠶᠢᠯᠡᠨ᠎ᠡ᠃ ᠬᠡᠷᠡᠭ ᠴᠢᠨᠠᠷ ᠴᠢᠨᠰᠠᠭ᠎ᠠ ᠦᠷ᠎ᠡ ᠠᠰᠢᠭ ᠢ ᠪᠣᠯ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠤᠮᠳᠠ ᠳᠡᠭᠡᠭᠰᠢᠯᠡᠭᠦᠯᠳᠡᠭ ᠶᠤᠮ᠂ ᠡᠷᠬᠡᠪᠰᠢ ︽ᠭᠤᠷᠪᠠᠨ ᠥᠨᠳᠥᠷ ᠬᠤᠶᠠᠷ ᠳᠣᠣᠷ᠎ᠠ︾᠂ ︽ᠭᠤᠷᠪᠠᠨ ᠳᠣᠣᠷ᠎ᠠ ᠬᠤᠶᠠᠷ ᠴᠥᠭᠡᠨ︾ ᠵᠡᠷᠭᠡ ᠬᠢᠯᠪᠠᠷ ᠪᠤᠰᠤ ᠪᠠᠷ ᠣᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠵᠠᠰᠠᠬᠤ ᠬᠡᠷᠡᠭᠲᠡᠢ᠃ ᠲᠡᠳᠡ ᠥᠩᠭᠡᠷᠡᠭᠰᠡᠨ ᠳᠤ ᠠᠰᠠᠭᠤᠳᠠᠯ ᠪᠠᠶᠢᠵᠠᠢ᠂ ᠢᠷᠡᠭᠡᠳᠦᠢ ᠳᠤ ᠴᠦ ᠠᠰᠠᠭᠤᠳᠠᠯ ᠪᠣᠯᠤᠨ᠎ᠠ᠂ ᠮᠦᠷᠲᠡᠭᠡᠨᠮᠥᠨ ᠬᠦ ᠳᠡᠭᠡᠳᠦ ᠵᠡᠷᠭᠡ ᠰᠢᠯᠭᠠᠨ ᠪᠠᠶᠢᠴᠠᠭᠠᠯᠲᠠ ᠳᠤ ᠲᠣᠳᠣᠷᠬᠠᠶᠢᠯᠠᠭᠰᠠᠨ ᠦᠨᠡᠯᠡᠨ ᠪᠠᠶᠢᠴᠠᠭᠠᠬᠤ ᠭᠤᠣᠯᠳᠠᠯᠭ᠎ᠠ ᠪᠣᠯᠤᠨ᠎ᠠ᠂ ᠶᠠᠭᠠᠬᠢᠭᠰᠠᠨ ᠴᠤ ᠲᠡᠭᠦᠨ ᠢ ᠳᠠᠬᠢᠨ ᠰᠡᠷᠭᠦᠭᠡᠵᠦ ᠪᠣᠯᠬᠤ ᠦᠭᠡᠢ᠃
ᠯᠢ ᠶᠦᠩ ᠵᠢᠶᠦ᠋ᠨ ᠪᠠᠰᠠ ᠬᠥᠬᠡᠬᠤᠲᠠ ᠲᠤᠰᠬᠠᠶ ᠰᠤᠷᠭᠠᠭᠤᠯᠢ ᠪᠥᠲᠥᠭᠡᠨ ᠪᠠᠶᠢᠭᠤᠯᠤᠯᠲᠠ ᠪᠠᠷᠢᠯᠭ᠎ᠠ ᠭᠠᠵᠠᠷ ᠢ ᠲᠤᠬᠠᠶ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠲᠦᠮᠡᠳ ᠵᠡᠭᠦᠨ ᠬᠤᠰᠢᠭᠤᠨ ᠳ᠋ᠠ ᠯᠢ ᠪᠣᠣ ︵ ᠶᠡᠬᠡ ᠯᠢᠪᠡᠦ︶ ᠪᠠᠷᠢᠯᠭ᠎ᠠ ᠬᠤᠭ ᠨᠣᠪᠰᠢ ᠬᠠᠶᠠᠬᠤ ᠲᠠᠯᠠᠪᠤᠷ ᠣᠷᠴᠢᠨ ᠲᠣᠭᠤᠷᠢᠨ ᠬᠠᠮᠢᠶᠠᠷᠤᠨ ᠡᠵᠡᠮᠳᠡᠵᠦ ᠵᠠᠰᠠᠬᠤ ᠢᠨᠵᠧᠨᠧᠷᠢᠩ ᠲᠥᠷᠥᠯ ᠵᠦᠢᠯ ᠢ ᠣᠶᠢᠯᠠᠭᠠᠪᠠ᠃
ᠬᠥᠬᠡᠬᠤᠲᠠ ᠪᠠᠶᠢᠴᠠᠭᠠᠬᠤ ᠬᠤᠷᠢᠶᠠᠨ ᠨᠠᠮ ᠤᠳᠤᠷᠢᠳᠬᠤ ᠳᠤᠭᠤᠶᠢᠯᠠᠩ ᠱᠦᠵᠢ᠂ ᠪᠠᠶᠢᠴᠠᠭᠠᠬᠤ ᠳᠠᠷᠤᠭ᠎ᠠ ᠵᠠᠩ ᠰᠢᠶᠤᠤ ᠬᠤᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃