ᠲᠤᠭᠲᠠᠭᠠᠯ ᠳᠤ ᠦᠯᠦ ᠨᠡᠶᠢᠴᠡᠬᠦ ᠰᠤᠷᠭᠠᠭᠤᠯᠢ ᠲᠡᠷᠭᠡ ᠬᠠᠮᠲᠤᠷᠠᠨ ᠴᠡᠭᠴᠡᠯᠡᠨ ᠵᠠᠰᠠᠬᠤ ᠠᠬᠢᠭᠤᠯᠵᠤ ︽ᠰᠤᠷᠭᠠᠭᠤᠯᠢ ᠳᠤ ᠣᠴᠢᠬᠤ ᠵᠠᠮ︾ ᠢ ᠨᠡᠩ ᠢᠯᠡᠭᠦᠸ ᠪᠠᠲᠤᠯᠠᠭ᠎ᠠ ᠲᠠᠶ ᠪᠣᠯᠭᠠᠨ᠎ᠠ
2024-12-18 15:08:37
ᠬᠣᠰᠢᠭᠤᠨ ᠬᠠᠷᠢᠶᠠᠨ ᠳᠡᠬᠢ ᠰᠤᠷᠤᠭᠴᠢᠳ ᠡᠳᠦᠷ ᠲᠤᠲᠤᠮ ᠰᠤᠷᠭᠠᠭᠤᠯᠢ ᠳᠤ ᠣᠴᠢᠬᠣ ᠪᠠ ᠰᠤᠷᠭᠠᠭᠤᠯᠢ ᠠᠴᠠ ᠰᠠᠯᠬᠤ ᠠᠮᠤᠷ ᠲᠦᠪᠰᠢᠨ ᠢ ᠤᠯᠠᠮ ᠨᠢᠭᠡ ᠠᠯᠬᠤᠮ ᠪᠠᠲᠤᠯᠠᠵᠤ ᠂ ᠰᠤᠷᠭᠠᠭᠤᠯᠢ ᠬᠦᠷᠢᠶᠡᠨ ᠡᠷᠬᠢᠨ ᠲᠣᠭᠣᠷᠢᠨ ᠲᠤᠭᠲᠠᠭᠠᠯ ᠳᠤ ᠦᠯᠦ ᠨᠡᠶᠢᠴᠡᠬᠦ ᠰᠤᠷᠭᠠᠭᠤᠯᠢ ᠲᠡᠷᠭᠡ ᠬᠠᠸᠯᠢ ᠪᠤᠰᠤ ᠪᠠᠷ ᠠᠰᠢᠭ ᠤᠯᠬᠤ ᠂ ᠲᠣᠭᠲᠠᠭᠠᠯ ᠠᠴᠠ ᠵᠥᠷᠢᠴᠡᠨ ᠳᠠᠭᠠᠭᠠᠴᠠ ᠠᠴᠠ ᠬᠡᠲᠦᠷᠡᠭᠦᠯᠬᠦ ᠵᠡᠷᠭᠡ ᠪᠠᠶᠢᠳᠠᠯ ᠢ ᠪᠦᠲᠦᠮᠵᠢᠲᠡᠶ ᠰᠡᠷᠭᠡᠶᠢᠯᠡᠬᠦ ᠲᠥᠯᠥᠭᠡ ᠂ ᠣᠶᠢᠷ᠎ᠠ ᠳᠤ ᠳᠠᠯᠠᠳ ᠬᠣᠰᠢᠭᠤᠨ ᠨᠠᠮ ᠬᠣᠷᠢᠶᠠᠨ ᠤᠯᠤᠰ ᠲᠥᠷᠥ ᠬᠠᠸᠯᠢ ᠴᠠᠭᠠᠵᠠ ᠬᠣᠷᠢᠶ᠎ᠠ ᠪᠠᠷ ᠲᠦᠷᠦᠭᠦᠯᠡᠭᠦᠯᠦᠨ ᠂ ᠳᠠᠯᠠᠳ ᠬᠣᠰᠢᠭᠤᠨ ᠠᠷᠠᠳ ᠪᠠᠶᠢᠴᠠᠭᠠᠬᠤ ᠬᠣᠷᠢᠶ᠎ᠠ ᠠᠴᠠ ᠳᠠᠯᠠᠳ ᠬᠣᠰᠢᠭᠤᠨ ᠰᠤᠷᠭᠠᠨ ᠬᠥᠮᠦᠵᠢᠯ ᠪᠡᠶ᠎ᠡ ᠲᠠᠮᠢᠷ ᠲᠣᠪᠴᠢᠶ᠎ᠠ ᠂ ᠵᠠᠮ ᠬᠠᠷᠢᠯᠴᠠᠭᠠᠨ ᠬᠠᠮᠢᠶᠠᠷᠤᠯᠲᠠ ᠶᠡᠬᠡ ᠠᠩᠭᠢ ᠵᠢᠴᠢ ᠵᠠᠮ ᠲᠡᠭᠡᠭᠡᠪᠦᠷᠢ ᠶᠡᠷᠦᠩᠬᠡᠶᠢᠯᠡᠭᠰᠡᠨ ᠬᠠᠸᠯᠢ ᠬᠡᠷᠡᠭᠵᠢᠭᠦᠯᠬᠦ ᠶᠡᠬᠡ ᠠᠩᠭᠢ ᠵᠡᠷᠭᠡ ᠨᠢᠭᠡᠴᠡ ᠲᠡᠶ ᠬᠠᠮᠲᠤᠷᠠᠨ ︽ᠰᠤᠷᠭᠠᠭᠤᠯᠢ ᠲᠡᠷᠭᠡ ᠠᠵᠢᠯᠯᠠᠭᠠᠨ ᠢ ᠴᠡᠭᠴᠡᠯᠡᠨ ᠵᠠᠰᠠᠬᠤ ᠬᠣᠯᠪᠣᠭᠳᠠᠯ ᠪᠥᠬᠥᠶ ᠤᠴᠢᠷ ᠶᠠᠪᠤᠳᠠᠯ ᠢ ᠵᠥᠪᠳᠡᠯᠴᠡᠬᠦ︾ ᠲᠤᠬᠠᠶ ᠶᠠᠷᠢᠯᠴᠠᠬᠤ ᠬᠤᠷᠠᠯ ᠬᠣᠷᠠᠯᠳᠣᠵᠣ ᠂ ᠬᠠᠮᠲᠤᠷᠠᠭᠰᠠᠨ ᠶᠠᠷᠢᠯᠴᠠᠬᠤ ᠬᠤᠷᠠᠯ ᠥᠷᠨᠢᠭᠦᠯᠬᠦ ᠪᠡᠷ ᠳᠠᠮᠵᠢᠭᠤᠯᠤᠨ ᠂ ᠬᠤᠶᠢᠰᠢᠳᠠ ᠵᠢᠨ ᠲᠤᠭᠲᠠᠭᠠᠯ ᠳᠤ ᠦᠯᠦ ᠨᠡᠶᠢᠴᠡᠬᠦ ᠰᠤᠷᠭᠠᠭᠤᠯᠢ ᠲᠡᠷᠭᠡ ᠴᠡᠭᠴᠡᠯᠡᠨ ᠵᠠᠰᠠᠬᠤ ᠠᠵᠢᠯᠯᠠᠭᠠᠨ ᠠᠷᠭ᠎ᠠ ᠬᠡᠮᠵᠢᠶ᠎ᠡ ᠬᠠᠮᠲᠤ ᠪᠠᠷ ᠵᠥᠪᠳᠡᠯᠴᠡᠪᠡ ᠃
ᠶᠠᠷᠢᠯᠴᠠᠬᠤ ᠬᠤᠷᠠᠯ ᠳᠦ᠂ ᠰᠤᠷᠭᠠᠨ ᠬᠥᠮᠦᠵᠢᠯ ᠪᠡᠶ᠎ᠡ ᠲᠠᠮᠢᠷ ᠲᠣᠪᠴᠢᠶ᠎ᠠ ᠬᠠᠷᠢᠭᠤᠴᠠᠯᠭᠠᠲᠠᠨ ᠠᠴᠠ ᠲᠤᠰ ᠬᠣᠰᠢᠭᠤᠨ ᠣᠲᠤ ᠪᠠᠶᠢᠭ᠎ᠠ ᠬᠢᠷᠢ ᠲᠡᠩᠴᠡᠭᠰᠡᠨ ᠰᠤᠷᠭᠠᠭᠤᠯᠢ ᠲᠡᠷᠭᠡ ᠲᠣᠭ᠎ᠠ ᠬᠡᠮᠵᠢᠶ᠎ᠡ ᠵᠢᠴᠢ ᠳᠠᠷᠠᠭᠠᠯᠠᠨ ᠪᠠᠶᠢᠴᠠᠭᠠᠭᠰᠠᠨ ᠲᠠᠷᠠᠭ᠎ᠠ ᠣᠷᠣᠰᠢᠵᠤ ᠪᠠᠶᠢᠭ᠎ᠠ ᠲᠤᠭᠲᠠᠭᠠᠯ ᠳᠤ ᠦᠯᠦ ᠨᠡᠶᠢᠴᠡᠬᠦ ᠰᠤᠷᠭᠠᠭᠤᠯᠢ ᠲᠡᠷᠭᠡ ᠲᠣᠭ᠎ᠠ ᠤᠯᠠᠨ ᠳᠤ ᠳᠣᠲᠣᠷᠬᠠᠢᠯᠠᠬᠣ ᠬᠠᠮᠲᠤ᠂ ᠡᠨᠡᠬᠦ ᠨᠡᠶᠢᠭᠡᠮ ᠦᠵᠡᠭᠳᠡᠯ ᠣᠷᠣᠰᠢᠵᠤ ᠪᠠᠶᠢᠭ᠎ᠠ ᠰᠢᠯᠲᠠᠭᠠᠨ ᠢ ᠵᠠᠳᠠᠯᠤᠭᠰᠠᠨ ᠪᠠᠶᠢᠨ᠎ᠠ᠃ ᠳᠠᠷᠠᠭ᠎ᠠ ᠨᠢ ᠣᠯᠠᠨ ︽ ᠲᠤᠭᠲᠠᠭᠠᠯ ᠳᠤ ᠦᠯᠦ ᠨᠡᠶᠢᠴᠡᠬᠦ ᠰᠤᠷᠭᠠᠭᠤᠯᠢ ᠲᠡᠷᠭᠡ ᠨᠢ ᠳᠦᠷᠢᠮ ᠳᠣᠭᠲᠠᠭᠠᠯ ᠳᠤ ᠨᠡᠢᠴᠡᠭᠰᠡᠨ ᠰᠤᠷᠭᠠᠭᠤᠯᠢ ᠲᠡᠷᠭᠡ ᠪᠣᠯᠵᠤ ᠴᠢᠳᠠᠬᠤ ᠡᠰᠡᠬᠦ︾ ᠵᠢᠴᠢ ︽ᠰᠤᠷᠭᠠᠭᠤᠯᠢ ᠬᠦᠷᠢᠶᠡᠨ ᠡᠷᠭᠢᠨ ᠲᠣᠭᠣᠷᠢᠨ ᠲᠤᠭᠲᠠᠭᠠᠯ ᠳᠤ ᠦᠯᠦ ᠨᠡᠶᠢᠴᠡᠬᠦ ᠰᠤᠷᠭᠠᠭᠤᠯᠢ ᠲᠡᠷᠭᠡ ᠪᠤᠶ ᠪᠣᠯᠬᠤ ᠬᠡᠷᠬᠢᠨ ᠲᠤᠶᠢᠯᠪᠤᠷᠢᠲᠠᠶ ᠬᠣᠷᠢᠭᠯᠠᠬᠤ︾ ᠭᠡᠬᠦ ᠬᠣᠶᠠᠷ ᠠᠰᠠᠭᠤᠳᠠᠯ ᠲᠣᠭᠣᠷᠢᠨ ᠳᠤ ᠭᠦᠨᠵᠡᠭᠡᠶ ᠵᠠᠳᠠᠯᠤᠯᠲᠠ ᠬᠢᠵᠦ ᠰᠤᠳᠤᠯᠤᠨ ᠶᠠᠷᠢᠯᠴᠠᠪᠠ ᠃ ᠬᠤᠷᠠᠯ ᠳᠦ᠂ ᠲᠠᠯᠠᠳ ᠬᠣᠰᠢᠭᠤᠨ ᠠᠷᠠᠳ ᠪᠠᠶᠢᠴᠠᠭᠠᠬᠤ ᠬᠣᠷᠢᠶᠠᠨ ᠨᠠᠰᠣᠨ ᠳᠤ ᠥᠯᠥ ᠬᠦᠷᠦᠭᠰᠡᠳ ᠪᠠᠢᠴᠠᠭᠠᠬᠣ ᠠᠵᠢᠯ ᠬᠠᠷᠢᠭᠤᠴᠠᠯᠭᠠᠲᠠᠨ ᠲᠤᠭᠲᠠᠭᠠᠯ ᠳᠤ ᠦᠯᠦ ᠨᠡᠶᠢᠴᠡᠬᠦ ᠰᠤᠷᠭᠠᠭᠤᠯᠢ ᠲᠡᠷᠭᠡ ᠠᠮᠤᠷ ᠲᠦᠪᠰᠢᠨ ᠬᠡᠮ ᠰᠣᠭᠣᠭ ᠢ ᠴᠡᠭᠴᠡᠯᠡᠨ ᠵᠠᠰᠠᠬᠤ ᠠᠵᠢᠯ ᠢ ᠬᠡᠷᠬᠢᠨ ᠰᠠᠶᠢᠲᠤᠷ ᠬᠢᠬᠦ ᠲᠤᠬᠠᠶ ᠳᠣᠸᠷᠠᠬᠢ ᠮᠡᠲᠦ ᠰᠠᠨᠠᠭᠤᠯᠭ᠎ᠠ ᠳᠤᠷᠠᠳᠪᠠ ᠄
ᠨᠢᠭᠡ ᠳᠦ ᠤᠬᠠᠭᠤᠯᠭ᠎ᠠ ᠤᠷᠢᠳᠠᠪᠠᠷ ᠬᠢᠬᠦ
ᠣᠯᠠᠨ ᠠᠷᠭ᠎ᠠ ᠵᠠᠮ ᠂ ᠣᠯᠠᠨ ᠪᠡᠶᠡᠴᠢ ᠴᠣᠭᠴᠠ ᠳᠤ ᠴᠢᠭᠯᠡᠭᠦᠯᠦᠨ ᠬᠠᠨᠳᠣᠯᠭᠠᠲᠣ ᠴᠢᠨᠠᠷᠲᠠᠶ ᠰᠤᠷᠭᠠᠭᠤᠯᠢ ᠲᠡᠷᠭᠡ ᠠᠮᠤᠷ ᠲᠦᠪᠰᠢᠨ ᠤᠬᠠᠭᠤᠯᠭ᠎ᠠ ᠠᠵᠢᠯ ᠢ ᠥᠷᠨᠢᠭᠦᠯᠵᠦ ᠂ ᠬᠠᠵᠠᠭᠤ ᠳᠠᠬᠢ ᠲᠣᠭᠲᠠᠭᠠᠯ ᠠᠴᠠ ᠵᠥᠷᠢᠴᠡᠨ ᠲᠤᠭᠲᠠᠭᠠᠯ ᠳᠤ ᠦᠯᠦ ᠨᠡᠶᠢᠴᠡᠬᠦ ᠰᠤᠷᠭᠠᠭᠤᠯᠢ ᠲᠡᠷᠭᠡᠨ ᠳᠦ ᠰᠠᠭᠤᠭᠰᠠᠨ ᠠᠴᠠ ᠪᠣᠯᠵᠣ ᠬᠥᠮᠦᠨ ᠪᠡᠶ᠎ᠡ ᠠᠮᠤᠷ ᠲᠦᠪᠰᠢᠨ ᠬᠣᠬᠢᠷᠠᠯ ᠳᠤ ᠣᠨᠴᠠᠷᠠᠭᠰᠠᠨ ᠵᠢᠱᠢᠶ᠎ᠡ ᠲᠡᠶ ᠤᠶᠠᠯᠳᠤᠭᠤᠯᠤᠨ ᠂ ᠰᠤᠷᠤᠭᠴᠢᠳ ᠶᠠᠪᠤᠵᠤ ᠰᠠᠭᠤᠬᠤ ᠠᠮᠤᠷ ᠲᠦᠪᠰᠢᠨ ᠢ ᠴᠢᠬᠤᠯᠠᠴᠢᠯᠠᠵᠤ ᠂ ᠨᠢᠭᠤᠴᠠ ᠪᠠᠷ ᠲᠤᠭᠲᠠᠭᠠᠯ ᠳᠤ ᠦᠯᠦ ᠨᠡᠶᠢᠴᠡᠬᠦ ᠰᠤᠷᠭᠠᠭᠤᠯᠢ ᠲᠡᠷᠭᠡ ᠲᠡᠶ ᠬᠣᠯᠪᠣᠭᠠᠯᠠᠬᠤ ᠲᠡᠪᠴᠢᠬᠦ ᠣᠯᠠᠨ ᠣᠷᠢᠶᠠᠯᠠᠨ᠎ᠠ᠃
ᠬᠣᠶᠠᠷ ᠲᠤ ᠨᠡᠪᠲᠡᠷᠡᠭᠦᠯᠬᠦ ᠪᠠ ᠪᠥᠭᠯᠡᠬᠦ ᠤᠶᠠᠯᠳᠤᠭᠤᠯᠬᠤ
ᠤᠬᠠᠭᠤᠯᠭ᠎ᠠ ᠬᠥᠮᠦᠵᠢᠯ ᠬᠢᠬᠦ ᠬᠠᠮᠲᠤ ᠂ ᠵᠠᠮ ᠬᠠᠷᠢᠯᠴᠠᠭᠠᠨ ᠭᠣᠸᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠭᠡᠳ ᠰᠤᠷᠭᠠᠭᠤᠯᠢ ᠲᠠᠯ᠎ᠠ ᠰᠣᠷᠣᠭᠴᠢ ᠲᠡᠭᠡᠭᠡᠪᠦᠷᠢ ᠬᠠᠮᠲᠤᠷᠠᠨ ᠬᠥᠳᠡᠯᠦᠯᠴᠡᠬᠦ ᠲᠣᠭᠲᠠᠴᠠ ᠪᠠᠶᠢᠭᠤᠯᠵᠤ ᠂ ᠣᠲᠣ ᠪᠠᠶᠢᠭ᠎ᠠ ᠲᠣᠭᠲᠠᠭᠠᠯ ᠳᠤ ᠨᠡᠶᠢᠴᠡᠭᠰᠡᠨ ᠰᠤᠷᠭᠠᠭᠤᠯᠢ ᠲᠡᠷᠭᠡ ᠵᠠᠮ ᠱᠤᠭᠤᠮ ᠂ ᠴᠠᠭ ᠬᠤᠭᠤᠴᠠᠭ᠎ᠠ ᠂ ᠲᠡᠷᠭᠡ ᠬᠥᠰᠬᠡ ᠠᠮᠤᠷ ᠲᠦᠪᠰᠢᠨ ᠵᠡᠷᠭᠡ ᠠᠰᠠᠭᠤᠳᠠᠯ ᠢ ᠴᠠᠭ ᠢᠮᠠᠭᠲᠠ ᠠᠩᠬᠠᠷᠠᠵᠣ ᠂ ᠵᠢᠯᠣᠭᠣᠴᠢ ᠠᠴᠠ ᠲᠡᠷᠭᠡ ᠬᠥᠰᠬᠡ ᠬᠦᠷᠲᠡᠯᠡᠬᠢ ᠪᠥᠬᠥ ᠲᠠᠯ᠎ᠠ ᠪᠡᠶ᠎ᠡ ᠪᠠᠶᠢᠴᠠᠭᠠᠯᠲᠠ ᠲᠣᠭᠲᠠᠮᠠᠯ ᠬᠤᠭᠤᠴᠠᠭ᠎ᠠ ᠲᠠᠶ ᠪᠠᠷ ᠵᠣᠬᠢᠶᠠᠨ ᠪᠠᠶᠢᠭᠤᠯᠵᠤ ᠂ ᠣᠲᠣ ᠪᠠᠶᠢᠭ᠎ᠠ ᠰᠤᠷᠭᠠᠭᠤᠯᠢ ᠲᠡᠷᠭᠡ ᠬᠠᠮᠢᠶᠠᠷᠤᠯᠲᠠ ᠵᠢᠷᠤᠮᠵᠢᠭᠤᠯᠤᠯᠲᠠ ᠂ ᠪᠠᠷᠢᠮᠵᠢᠶᠠᠵᠢᠭᠤᠯᠤᠯᠲᠠ ᠪᠡᠶᠡᠯᠡᠭᠦᠯᠦᠨ᠎ᠡ ᠃
ᠭᠤᠷᠪᠠ ᠳᠤ ᠨᠠᠶᠢᠳᠠᠪᠤᠷᠢᠵᠢᠭᠤᠯᠤᠯᠲᠠ ᠴᠢᠩᠭ᠎ᠠ ᠠᠳᠬᠤᠬᠤ
ᠬᠠᠮᠲᠤᠷᠠᠨ ᠬᠠᠸᠯᠢ ᠬᠡᠷᠡᠭᠵᠢᠭᠦᠯᠬᠦ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠪᠠᠶᠢᠩᠭᠤᠵᠢᠭᠤᠯᠤᠨ ᠥᠷᠨᠢᠭᠦᠯᠵᠦ ᠂ ᠲᠤᠭᠲᠠᠭᠠᠯ ᠳᠤ ᠦᠯᠦ ᠨᠡᠶᠢᠴᠡᠬᠦ ᠰᠤᠷᠭᠠᠭᠤᠯᠢ ᠲᠡᠷᠭᠡ ᠰᠦᠪᠡᠭᠴᠢ ᠮᠡᠳᠡᠭᠡ ᠵᠠᠩᠭᠢ ᠵᠢᠭᠰᠠᠭᠠᠨ ᠪᠠᠶᠢᠴᠠᠭᠠᠬᠤ ᠴᠢᠩᠭᠠᠳᠬᠠᠨ ᠂ ᠡᠳᠦᠷ ᠲᠤᠲᠤᠮ ᠬᠢᠨᠠᠯᠲᠠ ᠲᠠᠯᠪᠢᠬᠤ ᠂ ᠠᠵᠢᠯ ᠲᠥᠷᠥᠯ ᠥᠪᠡᠷ ᠢ ᠪᠡᠨ ᠱᠠᠭᠠᠷᠳᠠᠬᠤ ᠂ ᠵᠠᠰᠠᠬ ᠵᠠᠬᠢᠷᠭᠠᠨ ᠰᠢᠳᠭᠡᠯ ᠲᠤᠷᠭᠠᠭᠤᠯᠢ ᠬᠠᠷᠢᠯᠴᠠᠨ ᠤᠶᠠᠯᠳᠤᠭᠤᠯᠤᠭᠰᠠᠨ ᠪᠥᠬᠥ ᠲᠠᠯ᠎ᠠ ᠬᠢᠨᠠᠯᠲᠠ ᠬᠠᠮᠢᠶᠠᠷᠤᠯᠲᠠ ᠰᠢᠰᠲ᠋ᠧᠮᠵᠢ ᠲᠡᠭᠦᠯᠳᠡᠷᠵᠢᠭᠦᠯᠵᠦ ᠂ ᠬᠢᠨᠠᠯᠲᠠ ᠬᠠᠮᠢᠶᠠᠷᠤᠯᠲᠠ ᠪᠣᠳᠠᠲᠤ ᠦᠷ᠎ᠡ ᠪᠦᠲᠦᠮᠵᠢ ᠨᠡᠮᠡᠭᠳᠡᠭᠦᠯᠦᠨ᠎ᠡ ᠃
ᠰᠤᠷᠭᠠᠭᠤᠯᠢ ᠲᠡᠷᠭᠡ ᠠᠮᠤᠷ ᠲᠦᠪᠰᠢᠨ ᠠᠰᠠᠭᠤᠳᠠᠯ ᠨᠢ ᠬᠡᠸᠬᠡᠳ ᠠᠮᠤᠷ ᠲᠦᠪᠰᠢᠨ ᠡᠷᠡᠭᠦᠯ ᠮᠡᠨᠳᠦ ᠵᠢᠴᠢ ᠬᠡᠷ ᠪᠦᠯᠢ ᠨᠢᠭᠡᠪᠦᠷᠢ ᠵᠣᠯ ᠵᠢᠷᠭᠠᠯ ᠪᠠ ᠬᠦᠰᠡᠯ ᠡᠷᠡᠮᠡᠯᠵᠡᠯ ᠲᠡᠶ ᠬᠣᠯᠪᠣᠭᠳᠠᠨ᠎ᠠ ᠂ ᠲᠠᠯᠠᠳ ᠬᠣᠰᠢᠭᠤᠨ ᠠᠷᠠᠳ ᠪᠠᠶᠢᠴᠠᠭᠠᠬᠤ ᠬᠣᠷᠢᠶ᠎ᠠ ᠪᠠᠶᠢᠴᠠᠭᠠᠬᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠤᠯᠠᠮ ᠨᠢᠭᠡ ᠠᠯᠬᠤᠮ ᠭᠦᠶᠴᠡᠳᠬᠡᠵᠦ ᠂ ᠡᠯ᠎ᠡ ᠰᠠᠯᠠᠭ᠎ᠠ ᠮᠥᠴᠢᠷ ᠵᠡᠷᠭᠡᠪᠡᠷ ᠠᠳᠬᠤᠨ ᠬᠠᠮᠲᠤ ᠪᠠᠷ ᠬᠠᠮᠢᠶᠠᠷᠬᠤ ᠪᠠᠶᠢᠷᠢᠰᠢᠯ ᠢ ᠪᠣᠶ ᠪᠣᠯᠭᠠᠬᠤ ᠳᠥᠯᠭᠢᠨ ᠠᠬᠢᠭᠤᠯᠵᠤ ᠂ ᠰᠤᠷᠭᠠᠭᠤᠯᠢ ᠲᠡᠷᠭᠡ ᠡᠵᠡᠩᠨᠡᠯᠲᠡ ︽ᠠᠮᠤᠷ ᠲᠦᠪᠰᠢᠨ ᠨᠡᠭᠡᠯᠡᠬᠡᠶ︾ ᠴᠢᠩᠭ᠎ᠠ ᠮᠤᠰᠬᠢᠵᠦ ᠂ ᠰᠤᠷᠤᠭᠴᠢᠳ ᠰᠤᠷᠭᠠᠭᠤᠯᠢ ᠳᠤ ᠣᠴᠢᠬᠣ ᠪᠠ ᠰᠤᠷᠭᠠᠭᠤᠯᠢ ᠠᠴᠠ ᠰᠠᠯᠬᠤ ᠠᠮᠤᠷ ᠲᠦᠪᠰᠢᠨ ᠢ ᠬᠠᠮᠠᠭᠠᠯᠠᠨ᠎ᠠ ᠃