ᠠᠶᠢᠯ ᠭᠡᠷ ᠲᠦ ᠪᠡᠨ ᠬᠠᠲᠤᠨ ᠤᠬᠠᠭᠠᠨ ᠡᠷᠬᠥᠵᠥ ᠪᠠᠶᠢᠭ᠎ᠠ ᠡᠮᠡᠭᠲᠡᠶᠢᠴᠦᠳ ᠬᠠᠤᠯᠢ ᠶᠣᠰᠣᠨ ᠡᠷᠬᠡ ᠠᠰᠢᠭ ᠢ ᠬᠠᠮᠲᠤ ᠪᠠᠷ ᠴᠢᠷᠮᠠᠶᠢᠨ ᠬᠠᠮᠠᠭᠠᠯᠠᠬᠤ ᠪᠠᠷ ᠪᠠᠶᠢᠴᠠᠭᠠᠬᠤ ᠪᠠᠶᠢᠭᠤᠯᠭ᠎ᠠ ᠬᠢᠨ ᠰᠤᠷᠲᠠᠯᠴᠠᠵᠥ ᠪᠤᠢ
2024-12-18 15:25:57
ᠤᠶᠢᠷ᠎ᠠ ᠳᠤ᠂ ᠳᠠᠷᠬᠠᠨ ᠮᠤᠤᠮᠢᠩᠭᠠᠨ ᠬᠣᠯᠪᠤᠭᠠᠲᠤ ᠬᠤᠰᠢᠭᠤᠨ ᠠᠷᠠᠳ ᠪᠠᠶᠢᠴᠠᠭᠠᠬᠤ ᠬᠤᠷᠢᠶ᠎ᠠ ᠨᠢ ︽ ᠬᠠᠥᠯᠢᠵᠢᠯ ᠡᠮᠡᠭᠲᠡᠶᠢᠴᠦᠳ ᠡᠷᠬᠡ ᠠᠰᠢᠭ ᠢ ᠰᠠᠬᠢᠨ ᠬᠠᠮᠠᠭᠠᠯᠠᠵᠤ᠂ ᠭᠠᠷ ᠬᠤᠯᠪᠣᠨ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ︾ ᠭᠡᠬᠦ ᠭᠤᠤᠯ ᠰᠡᠳᠦᠪ ᠪᠠᠶᠢᠴᠠᠭᠠᠬᠤ ᠠᠵᠢᠯ ᠨᠡᠭᠡᠭᠡᠯᠲᠡᠲᠦ ᠡᠳᠦᠷ ᠬᠥᠳᠡᠯᠭᠡᠭᠡᠨ ᠢ ᠥᠷᠨᠢᠭᠦᠯᠵᠦ᠂ ᠬᠤᠰᠢᠭᠤᠨ ᠡᠮᠡᠭᠲᠡᠶᠢᠴᠦᠳ ᠬᠤᠯᠪᠤᠭᠠᠲᠤ ᠬᠤᠷᠠᠯ᠂ ᠬᠤᠰᠢᠭᠤᠨ ᠡᠪᠯᠡᠯ ᠬᠤᠷᠢᠶ᠎ᠠ᠂ ᠠᠷᠠᠳ ᠲᠥᠯᠥᠭᠡᠯᠡᠭᠴᠢᠳ ᠶᠡᠭᠡ ᠬᠤᠷᠠᠯ ᠲᠥᠯᠥᠭᠡᠯᠡᠭᠴᠢ᠂ ᠤᠯᠤᠰ ᠲᠥᠷᠥ ᠵᠥᠪᠯᠡᠯᠭᠡᠨ ᠭᠡᠰᠢᠭᠦᠨ᠂ ᠠᠷᠠᠳ ᠬᠢᠨᠠᠯᠲᠠ ᠲᠠᠯᠪᠢᠭᠴᠢ ᠤᠷᠢᠵᠤ᠂ ᠡᠮᠡᠭᠲᠡᠶᠢᠴᠦᠳ ᠬᠠᠤᠯᠢ ᠶᠣᠰᠣᠨ ᠡᠷᠬᠡ ᠠᠰᠢᠭ ᠢ ᠬᠠᠮᠠᠭᠠᠯᠠᠬᠤ ᠪᠠᠶᠢᠴᠠᠭᠠᠬᠤ ᠠᠵᠢᠯ ᠦᠢᠯᠡᠳᠦᠯᠭᠡ ᠳᠤ ᠣᠷᠣᠯᠴᠠᠭᠤᠯᠪᠠ᠃
ᠠᠶᠢᠯ ᠭᠡᠷ ᠲᠤ ᠪᠠᠨ ᠬᠠᠲᠤᠨ ᠤᠬᠠᠭᠠᠨ ᠡᠷᠬᠥᠵᠥ ᠶᠠᠪᠤᠭ᠎ᠠ ᠪᠥᠰᠡᠬᠥᠶᠢᠴᠥᠳ ᠬᠠᠯᠠᠮᠵᠢᠯᠠᠨ ᠬᠠᠮᠠᠭᠠᠯᠠᠶ᠎ᠠ᠃ ᠪᠠᠶᠢᠴᠠᠭᠠᠬᠤ ᠠᠵᠢᠯ ᠨᠡᠭᠡᠭᠡᠯᠳᠡᠲᠤ ᠡᠳᠤᠷ ᠬᠥᠳᠡᠯᠭᠡᠭᠡᠨ ᠳᠦ ᠤᠷᠢᠭᠳᠠᠭᠰᠠᠨ ᠬᠥᠮᠦᠰ ᠳᠠᠷᠬᠠᠨ ᠮᠤᠤᠮᠢᠩᠭᠠᠨ ᠬᠣᠯᠪᠤᠭᠠᠲᠤ ᠬᠤᠰᠢᠭᠤᠨ ᠠᠷᠠᠳ ᠪᠠᠶᠢᠴᠠᠭᠠᠬᠤ ᠬᠤᠷᠢᠶ᠎ᠠ ᠪᠣᠯᠤᠨ ᠬᠤᠰᠢᠭᠤᠨ ᠡᠮᠡᠭᠲᠡᠶᠢᠴᠦᠳ ᠬᠤᠯᠪᠣᠭᠠᠲᠤ ᠬᠤᠷᠠᠯ ᠵᠡᠷᠭᠡ ᠳᠥᠷᠪᠡᠨ ᠪᠠᠶᠢᠭᠤᠯᠭ᠎ᠠ ᠠᠴᠠ ᠬᠠᠮᠲᠤ ᠪᠠᠷ ᠪᠠᠶᠢᠭᠤᠯᠤᠭᠰᠠᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠠᠷᠠᠳ ᠪᠠᠶᠢᠴᠠᠭᠠᠬᠤ ᠬᠤᠷᠢᠶᠠᠨ︽ᠬᠠᠯᠠᠮᠵᠢ︾ᠨᠠᠰᠤᠨ ᠳᠤ ᠥᠯᠥ ᠬᠥᠷᠥᠭᠰᠡᠳ ᠪᠠᠶᠢᠴᠠᠭᠠᠬᠤ ᠠᠵᠢᠯ ᠲᠠᠰᠤᠭ ᠢ ᠲᠣᠭᠤᠷᠢᠨ ᠦᠵᠡᠵᠦ᠂ ᠨᠠᠰᠤᠨ ᠳᠤ ᠥᠯᠥ ᠬᠥᠷᠥᠭᠰᠡᠳ ᠢ ᠬᠠᠮᠠᠭᠠᠯᠠᠬᠤ ᠡᠬᠥᠳᠤᠨ ᠠᠴᠠ ᠪᠠᠶᠢᠭᠤᠯᠤᠭᠰᠠᠨ ᠡᠯ᠎ᠡ ᠴᠢᠳᠠᠮᠵᠢᠲᠤ ᠲᠠᠰᠤᠭ ᠦᠢᠯᠡᠳᠦᠯ ᠵᠢᠴᠢ ᠬᠡᠷᠡᠭᠯᠡᠯᠲᠡ ᠪᠠᠶᠢᠳᠠᠯ ᠢ ᠨᠠᠷᠢᠨ ᠲᠠᠨᠢᠯᠴᠠᠭᠤᠯᠪᠠ᠃ ᠳᠠᠷᠬᠠᠨ ᠮᠤᠤᠮᠢᠩᠭᠠᠨ ᠬᠣᠯᠪᠤᠭᠠᠲᠤ ᠬᠤᠰᠢᠭᠤᠨ ᠠᠷᠠᠳ ᠪᠠᠶᠢᠴᠠᠭᠠᠬᠤ ᠬᠤᠷᠢᠶ᠎ᠠ ᠪᠤᠯᠤᠨ ᠲᠤᠰ ᠬᠤᠰᠢᠭᠤᠨ ᠳᠣᠲᠣᠭᠠᠳᠤ ᠬᠠᠮᠠᠭᠠᠯᠠᠬᠤ ᠲᠣᠪᠴᠢᠶ᠎ᠠ ᠵᠢᠨ ᠬᠠᠮᠲᠤᠷᠠᠨ ᠪᠠᠶᠢᠭᠤᠯᠤᠭᠰᠠᠨ ᠨᠠᠰᠤᠨ ᠳᠤ ᠥᠯᠥ ᠭᠦᠷᠦᠭᠰᠡᠳ ︽ᠨᠢᠭᠡ ᠥᠷᠲᠡᠭᠡᠨ ᠮᠠᠶ᠋ᠢᠭ︾ ᠬᠡᠷᠡᠭ ᠰᠢᠶᠳᠪᠦᠷᠢᠯᠡᠬᠦ ᠲᠠᠰᠤᠭ ᠨᠠᠰᠤᠨ ᠳᠤ ᠥᠯᠥ ᠭᠦᠷᠦᠭᠰᠡᠳ ᠲᠤ ᠬᠤᠶᠠᠳᠠᠬᠢ ᠤᠲᠠᠭᠠᠨ ᠯᠠᠪᠯᠠᠨ ᠠᠰᠠᠭᠤᠬᠤ ᠠᠴᠠ ᠪᠤᠯᠵᠥ ᠥᠵᠡᠯ ᠰᠠᠨᠠᠭᠠᠨ ᠳ᠋ᠤᠨᠢ ᠳᠠᠬᠢᠨ ᠭᠡᠮᠳᠤᠯ ᠪᠣᠯᠬᠤ ᠠᠴᠠ ᠰᠡᠷᠭᠡᠶᠢᠯᠡᠭᠰᠡᠨ ᠬᠤᠶᠠᠷ ᠪᠠᠶᠢᠭᠤᠯᠭ᠎ᠠ ᠬᠠᠮᠳᠤ ᠪᠠᠷ ᠨᠢᠭᠡᠯᠡ ᠤᠳᠠᠭ᠎ᠠ ᠯᠠᠪᠯᠠᠨ ᠠᠰᠠᠭᠤᠬᠤ ᠠᠷᠭ᠎ᠠ ᠪᠠᠷᠢᠯ ᠪᠠ ᠬᠤᠰᠢᠭᠤᠨ ᠡᠮᠡᠭᠲᠡᠶᠢᠴᠦᠳ ᠬᠤᠯᠪᠤᠭᠠᠲᠤ ᠬᠤᠷᠠᠯ ᠲᠠᠢ ᠬᠠᠮᠲᠤ ᠪᠠᠷ ᠪᠥᠲᠥᠭᠡᠨ ᠪᠠᠶᠢᠭᠤᠯᠤᠭᠰᠠᠨ︽ᠬᠣᠴᠤᠷᠴᠤ ᠥᠯᠡᠳᠡᠭᠰᠡᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠲᠥᠪ︾ ᠬᠦᠴᠢᠷᠳᠡᠯ ᠳᠤ ᠲᠤᠯᠭᠠᠷᠠᠭᠰᠠᠨ ᠬᠡᠤᠬᠡᠳ ᠰᠡᠳᠬᠢᠴᠡ ᠬᠥᠲᠥᠯᠥᠨ ᠵᠢᠯᠣᠭᠤᠳᠬᠤ ᠠᠵᠢᠯ ᠢ ᠭᠤᠤᠯᠳᠠᠯᠭ᠎ᠠ ᠲᠠᠢ ᠬᠢᠬᠥ᠂ ᠪᠠᠰᠠ ᠬᠤᠰᠢᠭᠤᠨ ᠠᠷᠠᠳ ᠶᠠᠪᠤᠳᠠᠯ ᠲᠣᠪᠴᠢᠶ᠎ᠠ ᠲᠠᠢ ᠬᠠᠮᠲᠤ ᠪᠠᠷ ︽ᠨᠠᠰᠤᠨ ᠳᠤ ᠥᠯᠥ ᠭᠦᠷᠦᠭᠰᠡᠳ ᠢ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠰᠠᠭᠤᠷᠢᠨ ᠭᠠᠵᠠᠷ︾ ᠡᠷᠬᠢᠨ ᠦᠵᠡᠵᠦ ᠲᠣᠬᠤᠨᠢᠭᠤᠯᠬᠤ᠂ ᠦᠰᠦᠨ ᠪᠤᠶᠢᠵᠢᠬᠤ ᠳ᠋ᠤᠨᠢ ᠬᠠᠪᠰᠤᠷᠤᠨ ᠲᠡᠳᠬᠦᠬᠦ ᠠᠵᠢᠯ᠂ ᠬᠤᠰᠢᠭᠤᠨ ᠰᠤᠷᠭᠠᠨ ᠬᠥᠮᠦᠵᠢᠯ ᠲᠣᠪᠴᠢᠶ᠎ᠠ ᠲᠠᠢ ᠬᠠᠮᠲᠤ ᠪᠠᠷ ᠨᠠᠰᠤᠨ ᠳᠤ ᠥᠯᠥ ᠭᠦᠷᠦᠭᠰᠡᠳ ︽ᠬᠠᠤᠯᠢ ᠪᠠᠷ ᠵᠠᠰᠠᠬᠤ ᠬᠤᠶᠠᠳᠤᠭᠠᠷ ᠬᠢᠴᠢᠶᠡᠯ ᠲᠠᠩᠬᠢᠮ︾ ᠬᠠᠤᠯᠢ ᠬᠡᠷᠡᠭᠵᠢᠬᠥᠯᠬᠥ ᠳᠡᠳ᠋ ᠵᠠᠬᠢᠷᠤᠯ ᠰᠤᠷᠭᠠᠭᠤᠯᠢ ᠬᠦᠷᠢᠶᠡᠨ ᠳᠤ ᠬᠠᠤᠯᠢ ᠤᠬᠠᠭᠤᠯᠬᠤ ᠵᠡᠷᠭᠡ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠨᠠᠰᠤᠨ ᠳᠤ ᠥᠯᠥ ᠭᠦᠷᠦᠭᠰᠡᠳ ᠡᠷᠡᠭᠦᠯ ᠦᠰᠦᠨ ᠪᠤᠶᠢᠵᠢᠬᠤ ᠬᠠᠮᠲᠤ ᠪᠠᠷ ᠬᠠᠮᠠᠭᠠᠯᠠᠬᠤ ᠠᠵᠢᠯ ᠠᠷᠭ᠎ᠠ ᠬᠡᠮᠵᠢᠶ᠎ᠡ ᠪᠣᠶ ᠪᠣᠯᠭᠠᠪᠠ᠃
ᠬᠦᠴᠢᠷᠳᠡᠯ ᠳᠤ ᠤᠴᠠᠷᠠᠭᠰᠠᠨ ᠡᠮᠡᠭᠲᠡᠶᠢᠴᠦᠳ ᠢ᠋ ᠭᠠᠷ ᠬᠣᠯᠪᠣᠨ ᠬᠠᠯᠠᠮᠵᠢᠯᠠᠶ᠎ᠠ᠃ ᠶᠠᠷᠢᠯᠴᠠᠬᠤ ᠬᠤᠷᠠᠯ ᠳᠡᠭᠡᠷ᠎ᠡ ᠪᠠᠶᠢᠴᠠᠭᠠᠬᠤ ᠬᠣᠷᠢᠶᠠᠨ ᠤᠳᠤᠷᠢᠳᠤᠯᠭ᠎ᠠ ᠠᠴᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠠᠷᠠᠳ ᠪᠠᠶᠢᠴᠠᠭᠠᠬᠤ ᠬᠤᠷᠢᠶᠠᠨ ︽1+1+N︾ ᠬᠠᠤᠯᠢ ᠴᠠᠭᠠᠵᠠ ᠠᠪᠤᠷᠠᠨ ᠲᠤᠰᠠᠯᠠᠬᠤ ᠠᠵᠢᠯ ᠵᠠᠭᠪᠤᠷ ᠵᠢᠴᠢ ᠬᠤᠰᠢᠭᠤᠨ ᠡᠮᠡᠭᠲᠡᠶᠢᠴᠦᠳ ᠬᠤᠯᠪᠤᠭᠠᠲᠤ ᠬᠤᠷᠠᠯ ᠯᠤᠭ᠎ᠠ ᠥᠷᠨᠢᠭᠦᠯᠦᠭᠰᠡᠨ ︽ᠬᠦᠴᠢᠷᠳᠡᠯᠲᠡᠶ ᠡᠮᠡᠭᠲᠡᠶᠢᠴᠦᠳ ᠢ ᠠᠩᠬᠠᠷᠴᠤ᠂ ᠲᠤᠰᠬᠠᠶ ᠬᠠᠤᠯᠢ ᠴᠠᠭᠠᠵᠠ ᠠᠪᠤᠷᠠᠨ ᠲᠤᠰᠠᠯᠠᠯᠲᠠ ᠴᠢᠩᠭᠠᠳᠬᠠᠬᠤ︾ᠲᠤᠰᠬᠠᠶ ᠠᠵᠢᠯᠯᠠᠭ᠎ᠠ ᠲᠠᠨᠢᠯᠴᠠᠭᠤᠯᠪᠠ᠃ ᠪᠠᠶᠢᠴᠠᠭᠠᠬᠤ ᠪᠠᠶᠢᠭᠤᠯᠭ᠎ᠠ ᠪᠣᠯᠤᠨ ᠡᠮᠡᠭᠲᠡᠶᠢᠴᠦᠳ ᠬᠤᠯᠪᠤᠭᠠᠲᠤ ᠬᠤᠷᠠᠯ ᠲᠠᠢ ᠠᠪᠤᠷᠠᠨ ᠲᠤᠰᠠᠯᠠᠬᠤ ᠠᠵᠢᠯ ᠭᠤᠣᠯᠳᠠᠯᠭ᠎ᠠ ᠲᠤᠪᠤᠶᠢᠯᠭᠠᠵᠤ᠂ ᠬᠠᠤᠯᠢ ᠴᠠᠭᠠᠵᠠ ᠠᠪᠤᠷᠠᠨ ᠲᠤᠰᠠᠯᠠᠬᠤ ᠬᠡᠷᠡᠭ ᠳᠤᠮᠳᠠ ᠰᠦᠪᠡᠭᠴᠢ ᠰᠢᠯᠵᠢᠭᠦᠯᠦᠨ ᠬᠥᠷᠭᠡᠬᠥ᠂ ᠮᠡᠳᠡᠭᠡ ᠵᠠᠩᠭᠢ ᠬᠠᠮᠲᠤ ᠪᠠᠷ ᠡᠵᠡᠮᠰᠢᠬᠥ᠂ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠠᠵᠢᠯ ᠢ ᠬᠠᠮᠵᠢᠯᠴᠠᠨ ᠥᠷᠨᠢᠬᠥᠯᠬᠥ᠂ ᠬᠦᠴᠢᠷᠳᠡᠯᠲᠡᠢ ᠡᠮᠡᠭᠲᠡᠶᠢᠴᠦᠳ ᠢ ᠬᠠᠪᠰᠤᠷᠤᠨ ᠠᠮᠢᠳᠤᠷᠠᠯ ᠬᠦᠴᠢᠷᠳᠡᠯ ᠠᠴᠠ ᠠᠯᠢ ᠲᠦᠷᠭᠡᠨ ᠠᠩᠭᠢᠵᠢᠷᠠᠭᠤᠯᠵᠤ᠂ ᠬᠦᠴᠢᠷᠳᠡᠯ ᠲᠤᠯᠭᠠᠷᠠᠭᠰᠠᠨ ᠡᠮᠡᠭᠲᠡᠶᠢᠴᠦᠳ ᠲᠦ ᠬᠦᠰᠡᠯ ᠡᠷᠡᠮᠡᠯᠵᠡᠯ ᠬᠥᠴᠦᠨ ᠥᠭᠴᠦ ᠤᠷᠮᠠᠰᠢᠭᠤᠯᠤᠨ᠂ ᠬᠠᠤᠯᠢ ᠴᠠᠭᠠᠵᠠ ᠬᠠᠯᠠᠮᠵᠢᠯᠠᠯ ᠢ ᠮᠡᠳᠡᠷᠬᠥᠯᠵᠠᠢ᠃
ᠬᠠᠮᠲᠤ ᠪᠠᠷ ᠨᠠᠰᠤᠨ ᠳᠤ ᠥᠯᠥ ᠬᠥᠷᠥᠭᠰᠡᠳ ᠬᠠᠪᠰᠤᠷᠤᠨ ᠬᠥᠮᠥᠵᠢᠬᠥᠯᠬᠥ ᠠᠵᠢᠯ ᠢ ᠭᠠᠷᠳᠠᠵᠥ ᠬᠢᠶ᠎ᠡ᠃ ᠨᠡᠭᠡᠭᠡᠯᠲᠡᠲᠦ ᠡᠳᠦᠷ ᠲᠤ ᠣᠷᠣᠯᠴᠠᠭᠰᠠᠨ ᠲᠥᠯᠥᠭᠡᠯᠡᠭᠴᠢ ᠪᠠ ᠭᠡᠰᠢᠬᠥᠳ ᠡᠴᠡ ᠥᠪᠡᠷ ᠠᠵᠢᠯ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠤᠳᠤᠭᠰᠠᠨ ᠠᠭᠤᠵᠢᠷᠠᠲᠠᠯ᠎ᠠ ᠶᠠᠷᠢᠵᠤ᠂ ᠲᠤᠷᠰᠢᠯᠭ᠎ᠠ ᠪᠠᠨ ᠰᠣᠯᠢᠯᠴᠠᠨ ᠬᠤᠪᠢᠶᠠᠯᠴᠠᠭᠰᠠᠨ ᠪᠠᠷᠠᠬᠤ ᠦᠭᠡᠢ ᠣᠯᠠᠨ ᠰᠠᠨᠠᠭᠤᠯᠭ᠎ᠠ ᠪᠠᠷ ᠬᠠᠮᠳᠤᠷᠠᠵᠥ ᠬᠠᠪᠰᠤᠷᠤᠨ ᠰᠤᠷᠭᠠᠬᠤ ᠪᠠᠷ ᠭᠠᠷᠳᠠᠴᠠ ᠪᠣᠯᠭᠠᠬᠤ ᠰᠦᠪᠡᠭᠴᠢᠯᠡᠵᠦ᠂ ᠪᠠᠶᠢᠴᠠᠭᠠᠬᠤ ᠠᠵᠢᠯ ᠳᠤᠮᠳᠠ ᠬᠤᠰᠢᠭᠤᠨ ᠡᠪᠯᠡᠯ ᠬᠤᠷᠢᠶ᠎ᠠ ᠲᠠᠢ ᠨᠠᠰᠤᠨ ᠳᠤ ᠥᠯᠥ ᠭᠦᠷᠦᠭᠰᠡᠳ ᠢ ᠬᠠᠷᠠᠵᠤ ᠬᠠᠮᠠᠭᠠᠯᠠᠵᠤ ᠬᠠᠪᠰᠤᠷᠤᠨ ᠰᠤᠷᠭᠠᠬᠤ ᠰᠠᠭᠤᠷᠢᠨ ᠭᠠᠵᠠᠷ ᠢ ᠬᠠᠮᠲᠤ ᠪᠠᠷ ᠪᠠᠶᠢᠭᠤᠯᠵᠤ᠂︽ᠰᠤᠷᠭᠠᠨ ᠬᠥᠮᠦᠵᠢᠭᠦᠯᠬᠦ᠂ ᠤᠶᠠᠷᠠᠭᠤᠯᠬᠤ᠂ ᠠᠪᠤᠷᠠᠬᠤ︾ᠴᠢᠭᠯᠡᠯᠲᠡ ᠨᠠᠶᠢᠳᠠᠪᠤᠷᠢᠵᠢᠭᠤᠯᠤᠨ᠂ ᠶᠠᠯ᠎ᠠ ᠳᠤ ᠬᠤᠯᠪᠣᠭᠳᠠᠭᠰᠠᠨ ᠨᠠᠰᠤᠨ ᠳᠤ ᠥᠯᠥ ᠭᠦᠷᠦᠭᠰᠡᠳ ᠬᠠᠪᠰᠤᠷᠤᠨ ᠰᠤᠷᠭᠠᠵᠤ ᠤᠷᠢᠳᠴᠢᠯᠠᠨ ᠰᠡᠷᠭᠡᠶᠢᠯᠡᠬᠦ ᠠᠵᠢᠯ ᠢ ᠦᠢᠯᠡᠴᠢᠯᠡᠭᠡᠨ ᠲᠥᠷᠥᠯ ᠵᠦᠢᠯ ᠳᠤ ᠪᠠᠨ ᠣᠷᠣᠭᠤᠯᠵᠤ᠂ ᠬᠡᠷᠡᠭ ᠲᠤ ᠬᠤᠯᠪᠣᠭᠳᠠᠭᠰᠠᠨ ᠨᠠᠰᠤᠨ ᠳᠤ ᠥᠯᠥ ᠭᠦᠷᠦᠭᠰᠡᠳ ᠢ ᠬᠠᠷᠠᠵᠤ ᠬᠠᠮᠠᠭᠠᠯᠠᠵᠤ ᠬᠠᠪᠰᠤᠷᠤᠨ ᠰᠤᠷᠭᠠᠬᠤ ᠪᠣᠳᠠᠲᠠᠶ ᠠᠷᠭ᠎ᠠ ᠬᠡᠮᠵᠢᠶ᠎ᠡ ᠬᠡᠷᠡᠭᠵᠢᠭᠦᠯᠬᠦ ᠪᠠᠷ ᠰᠠᠨᠠᠭᠠᠴᠢᠯᠠᠵᠠᠢ᠃
ᠳᠠᠷᠠᠭᠠᠴᠢ ᠠᠯᠬᠤᠮ ᠳᠤ᠂ ᠬᠠᠯᠠᠮᠵᠢ ᠨᠠᠰᠤᠨ ᠳᠤ ᠥᠯᠥ ᠬᠥᠷᠤᠭ᠍ᠰᠡᠳ ᠪᠠᠶᠢᠴᠠᠭᠠᠬᠤ ᠠᠵᠢᠯ ᠲᠠᠰᠤᠭ ᠨᠢ ᠲᠥᠯᠥᠭᠡᠯᠡᠭᠴᠢ᠂ ᠭᠡᠰᠢᠭᠦᠳ ᠰᠠᠨᠠᠭᠤᠯᠭ᠎ᠠ ᠨᠠᠷᠢᠨ ᠬᠢᠨᠠᠮᠠᠭᠠᠶ ᠡᠮᠬᠢᠯᠡᠵᠦ᠂ ᠪᠣᠳᠠᠲᠤ ᠪᠠᠶᠢᠳᠠᠯ ᠳᠤ ᠰᠠᠭᠤᠷᠢᠯᠠᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠢ ᠰᠠᠶᠢᠳᠤᠷ ᠬᠢᠵᠥ᠂ ᠶᠠᠯ᠎ᠠ ᠳᠤ ᠬᠤᠯᠪᠣᠭᠳᠠᠭᠰᠠᠨ ᠨᠠᠰᠤᠨ ᠳᠤ ᠥᠯᠥ ᠭᠦᠷᠦᠭᠰᠡᠳ ᠢ ᠦᠨᠡᠨ ᠬᠦ ᠬᠠᠪᠰᠤᠷᠤᠨ ᠨᠡᠶᠢᠭᠡᠮ ᠳᠤ ᠲᠤᠰᠠᠲᠠᠢ ᠬᠥᠮᠦᠨ ᠪᠣᠯᠭᠠᠬᠤ᠂ ᠬᠠᠥᠯᠢᠵᠢᠯ ᠬᠥᠴᠥᠨ ᠲᠠᠯ᠎ᠠ ᠨᠣᠳᠤᠭ ᠨᠠᠬᠢᠶ᠎ᠠ ᠬᠠᠮᠠᠭᠠᠯᠠᠬᠤ ᠳᠤ ᠪᠠᠶᠢᠴᠠᠭᠠᠬᠤ ᠪᠠᠶᠢᠭᠤᠯᠭ᠎ᠠ ᠬᠥᠴᠥᠨ ᠴᠢᠳᠠᠯ ᠨᠡᠮᠡᠷᠢᠯᠡᠨ᠎ᠡ᠃