ᠬᠠᠭᠤᠷᠮᠠᠭ ᠭᠡᠷᠡᠴᠢ ᠲᠡᠮᠳᠡᠭ ᠵᠢᠭᠡᠯᠡᠯᠭᠡ ᠠᠪᠬᠤ ᠨᠢ ᠦᠨᠡᠨ ᠶᠠᠯ᠎ᠠ ᠬᠢᠬᠦ ᠵᠣᠪᠠᠯᠠᠩ ᠠᠮᠰᠠᠬᠤ ᠪᠣᠯᠤᠨ᠎ᠠ
2025-02-14 16:12:03
ᠵᠠᠩ ᠣᠪᠣᠭᠲᠤ ᠄ ᠰᠢᠶᠣᠤ ᠯᠢ ᠂ ᠡᠨᠡ ᠭᠡᠷ ᠣᠪᠣᠭ᠎ᠠ ᠵᠦᠭᠡᠷ ᠂ ᠭᠡᠪᠡᠴᠦ ᠨᠠᠳᠠ ᠳᠤ ᠲᠡᠢ᠌ᠮᠦ ᠠᠷᠪᠢᠨ ᠵᠣᠭᠣᠰ ᠪᠠᠶᠢᠬᠤ ᠦᠭᠡᠢ ᠂ ᠪᠢᠳᠡ ᠵᠢᠭᠡᠯᠡᠯᠭᠡ ᠠᠪᠴᠤ ᠭᠡᠷ ᠬᠤᠳᠠᠯᠳᠤᠨ ᠠᠪᠬᠤ ᠰᠠᠨᠠᠭ᠎ᠠ ᠲᠠᠶ ᠂ ᠭᠡᠪᠡᠴᠦ ᠮᠢᠨᠦ ᠨᠥᠬᠥᠷ ᠬᠣᠪᠢ ᠬᠦᠮᠦᠨ ᠢᠲᠡᠭᠡᠮᠵᠢ ᠮᠡᠳᠡᠭᠡ ᠵᠠᠩᠭᠢ ᠨᠢ ᠠᠰᠠᠭᠤᠳᠠᠯ ᠲᠠᠶ ᠂ ᠵᠢᠭᠡᠯᠡᠯᠭᠡ ᠠᠪᠴᠤ ᠳᠡᠢ᠌ᠯᠬᠦ ᠦᠭᠡᠢ ᠂ ᠣᠳᠣ ᠶᠠᠭᠠᠬᠢᠳᠠᠭ ᠪᠢᠯᠡ︖
ᠪᠣᠷᠣᠯᠠᠭᠤᠯᠤᠭᠴᠢ ᠰᠢᠶᠣᠤ ᠯᠢ ᠄ ᠡᠭᠦᠨ ᠢ ᠰᠢᠶᠳᠪᠦᠷᠢᠯᠡᠬᠦ ᠳᠤ ᠳᠥᠭᠦᠮ ᠂ ᠪᠢ ᠬᠠᠭᠤᠷᠮᠠᠭ ᠭᠡᠷᠡᠴᠢ ᠲᠡᠮᠳᠡᠭ ᠦᠢᠯᠡᠳᠬᠦ ᠲᠠᠨᠢᠯᠲᠠ ᠬᠥᠮᠦᠨ ᠲᠠᠢ᠂ ᠪᠢᠳᠠᠨ ᠨᠢᠭᠡ ᠤᠷᠤᠭ ᠰᠠᠯᠬᠤ ᠦᠨᠡᠮᠯᠡᠯ ᠣᠯᠴᠢᠬᠠᠪᠠᠯ ᠪᠣᠯᠴᠢᠬᠠᠬᠤ ᠪᠢᠰᠢ ᠦᠦ᠂ ᠲᠠ ᠬᠤᠪᠢ ᠨᠡᠷ᠎ᠡ ᠪᠡᠷ ᠵᠣᠭᠣᠰ ᠵᠢᠭᠡᠯᠡᠴᠢᠬᠡᠪᠡᠯ ᠂ ᠭᠡᠷ ᠬᠤᠳᠠᠯᠳᠤᠨ ᠠᠪᠬᠤ ᠨᠢ ᠰᠠᠭᠠᠲᠠᠭᠠᠬᠤ ᠦᠭᠡᠢ᠃
2023 ᠣᠨ ᠳᠤ᠂ ᠵᠠᠩ ᠣᠪᠣᠭᠲᠤ ᠡᠷ᠎ᠡ ᠡᠮ᠎ᠡ ᠬᠣᠶᠠᠭᠤᠯᠠ ᠨᠢᠭᠡᠨ ᠵᠢᠵᠢᠭ ᠲᠣᠭᠣᠷᠢᠭ ᠭᠡᠷ ᠬᠥᠷᠤᠨᠭᠭᠡ ᠬᠤᠳᠠᠯᠳᠤᠨ ᠠᠪᠬᠤ ᠦᠶ᠎ᠡ ᠳᠦ᠂ ᠵᠠᠩ ᠣᠪᠣᠭᠲᠤ ᠡᠷ᠎ᠡ ᠨᠥᠬᠥᠷ ᠬᠤᠪᠢ ᠬᠥᠮᠦᠨ ᠢᠲᠡᠭᠡᠮᠵᠢ ᠮᠡᠳᠡᠭᠡ ᠵᠠᠩᠭᠢ ᠨᠢ ᠠᠰᠠᠭᠤᠳᠠᠯ ᠣᠷᠣᠰᠢᠵᠤ ᠪᠠᠶᠢᠭᠰᠠᠨ ᠠᠴᠠ ᠬᠣᠶᠠᠭᠤᠯᠠ ᠪᠠᠩᠬᠢ ᠪᠠᠷᠢᠴᠠᠭᠠᠳᠦ ᠵᠢᠭᠡᠯᠡᠯᠭᠡ ᠭᠠᠷ ᠭᠦᠢᠴᠡᠳᠬᠡᠯ ᠢ ᠤᠷᠤᠭᠰᠢᠲᠠᠶ ᠬᠢᠵᠦ ᠳᠡᠢᠯᠦᠭᠰᠡᠨ ᠦᠭᠡᠢ ᠪᠠᠢᠪᠠ᠃ ᠵᠢᠭᠡᠯᠡᠯᠭᠡ ᠪᠡᠷ ᠭᠡᠷ ᠬᠤᠳᠠᠯᠳᠤᠨ ᠠᠪᠬᠤ ᠵᠣᠷᠢᠯᠭ᠎ᠠ ᠳᠠᠭᠠᠨ ᠬᠦᠷᠬᠦ ᠲᠥᠯᠥᠭᠡ ᠂ ᠬᠣᠶᠠᠭᠤᠯᠠ ᠭᠡᠷ ᠬᠥᠷᠥᠩᠭᠡ ᠵᠠᠭᠤᠴᠢ ᠯᠢ ᠣᠪᠣᠭᠲᠤ ᠰᠡᠮᠡᠭᠡᠷ ᠲᠣᠬᠢᠶᠠᠯᠠᠬᠣ ᠪᠠᠷ ᠳᠠᠮᠵᠢᠨ ︽ᠬᠠᠭᠤᠷᠮᠠᠭ ᠤᠷᠤᠭ ᠰᠠᠯᠬᠤ︾ ᠠᠷᠭ᠎ᠠ ᠪᠣᠳᠣᠵᠤ ᠣᠯᠤᠭᠠᠳ ᠂ ᠵᠠᠩ ᠣᠪᠣᠭᠲᠤ ᠠᠴᠠ 500 ᠲᠥᠭᠥᠷᠢᠭ ᠪᠡᠯᠡ ᠭᠠᠷᠭᠠᠨ ᠬᠤᠪᠢ ᠬᠥᠮᠦᠨ ᠮᠡᠳᠡᠭᠡ ᠵᠠᠩᠭᠢ ᠪᠡᠨ ᠬᠠᠩᠭᠠᠵᠣ᠂ ᠭᠡᠷ ᠬᠥᠷᠥᠩᠭᠡ ᠵᠠᠭᠤᠴᠢ ᠰᠢᠶᠣᠤ ᠯᠢ ᠪᠠᠷ ᠳᠠᠮᠵᠢᠭᠤᠯᠤᠨ ᠰᠦᠯᠵᠢᠶᠡᠨ ᠡᠴᠡ ᠬᠠᠭᠤᠷᠮᠠᠭ ︽ᠠᠷᠠᠳ ᠶᠠᠪᠤᠳᠠᠯ ᠲᠣᠪᠴᠢᠶᠠᠨ ᠤᠷᠤᠭ ᠪᠦᠷᠢᠳᠬᠡᠯ ᠲᠤᠰᠬᠠᠶ ᠲᠠᠮᠠᠭ᠎ᠠ ︾ ᠳᠠᠷᠤᠭᠰᠠᠨ ᠤᠷᠤᠭ ᠰᠠᠯᠬᠤ ᠦᠨᠡᠮᠯᠡᠯ ᠢ ᠬᠤᠳᠠᠯᠳᠤᠨ ᠠᠪᠴᠣ ᠂ ᠰᠡᠭᠦᠯᠡᠷ ᠨᠢ ᠡᠷ᠎ᠡ ᠡᠮ᠎ᠡ ᠬᠣᠶᠠᠭᠤᠯᠠ ᠵᠠᠩ ᠣᠪᠣᠭᠲᠤ ᠨᠡᠷ᠎ᠡ ᠪᠡᠷ ᠭᠡᠷ ᠬᠤᠳᠠᠯᠳᠤᠨ ᠠᠪᠬᠤ ᠪᠠᠩᠬᠢ ᠪᠠᠷᠢᠴᠠᠭᠠᠳᠦ ᠵᠢᠭᠡᠯᠡᠯᠭᠡ ᠤᠷᠤᠭᠰᠢᠲᠠᠶ ᠪᠠᠷ ᠭᠦᠢᠴᠡᠳᠬᠡᠵᠡᠢ᠃ ᠬᠡᠷᠡᠭ ᠡᠭᠦᠰᠦᠭᠰᠡᠨ ᠳᠠᠷᠠᠭ᠎ᠠ ᠯᠢ ᠣᠪᠣᠭᠲᠤ ᠳᠡᠭᠡᠷ᠎ᠡ ᠳᠤᠷᠠᠳᠤᠭᠰᠠᠨ ᠠᠷᠭ᠎ᠠ ᠪᠠᠷ ᠪᠤᠰᠤᠳ ᠢ ᠬᠠᠪᠰᠤᠷᠤᠨ ᠣᠯᠠᠨ ᠳᠡᠪᠲᠡᠷ ᠤᠷᠤᠭ ᠰᠠᠯᠤᠭᠰᠠᠨ ᠦᠨᠡᠮᠯᠡᠯ ᠢ ᠬᠤᠳᠠᠯᠳᠤᠨ ᠠᠪᠤᠭᠰᠠᠨ ᠢ ᠪᠠᠶᠢᠴᠠᠭᠠᠨ ᠳᠣᠲᠣᠯᠠᠵᠠᠶ ᠂ ᠲᠡᠭᠦᠨ ᠦᠢᠯᠡ ᠠᠵᠢᠯᠯᠠᠭ᠎ᠠ ᠨᠢ ᠲᠥᠷᠥ ᠪᠠᠶᠢᠭᠤᠯᠭ᠎ᠠ ᠦᠨᠡᠮᠯᠡᠯ ᠢ ᠠᠷᠠᠯᠵᠢᠶᠠᠯᠠᠭᠰᠠᠨ ᠶᠠᠯ᠎ᠠ ᠪᠣᠯᠵᠤ ᠪᠦᠷᠢᠯᠳᠦᠵᠡᠶ ᠃
ᠪᠠᠶᠢᠴᠠᠭᠠᠬᠤ ᠲᠤᠰᠢᠶᠠᠯᠲᠠᠨ ᠬᠠᠤᠯᠢ ᠴᠠᠭᠠᠵᠠ ᠲᠦᠭᠡᠮᠡᠯᠵᠢᠭᠦᠯᠬᠦ ᠨᠢ᠄ ︽ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠡᠷᠡᠭᠦᠦ ᠬᠠᠤᠯᠢ ︾ ᠬᠣᠶᠠᠷ ᠵᠠᠭᠤ ᠨᠠᠶᠠᠳᠤᠭᠠᠷ ᠵᠦᠢᠯ ᠨᠢᠭᠡᠳᠦᠭᠡᠷ ᠪᠠᠳᠠᠭ ᠲᠤ᠄ ︽ᠲᠤᠢᠷᠦ ᠪᠠᠶᠢᠭᠤᠯᠭ᠎ᠠ ᠠᠯᠪᠠᠨ ᠪᠢᠴᠢᠭ᠂ ᠭᠡᠷᠡᠴᠢ ᠲᠡᠮᠲᠡᠭ᠂ ᠲᠠᠮᠠᠭ᠎ᠠ ᠬᠠᠭᠤᠷᠮᠠᠭᠯᠠᠨ ᠵᠣᠬᠢᠶᠠᠭᠰᠠᠨ᠂ ᠬᠤᠪᠢᠷᠠᠭᠤᠯᠤᠨ ᠵᠣᠬᠢᠶᠠᠭᠰᠠᠨ᠂ ᠠᠷᠠᠯᠵᠢᠶᠠᠯᠠᠭᠰᠠᠨ ᠪᠤᠶᠤ ᠬᠤᠯᠠᠭᠠᠶᠢᠯᠠᠭᠰᠠᠨ᠂ ᠪᠤᠯᠢᠶᠠᠭᠰᠠᠨ᠂ ᠦᠭᠡᠢᠬᠢᠭᠰᠡᠨ ᠪᠠᠶᠢᠪᠠᠯ᠂ ᠭᠤᠷᠪᠠᠨ ᠵᠢᠯ ᠡᠴᠡ ᠳᠣᠭᠣᠭᠰᠢ ᠬᠤᠭᠤᠴᠠᠭ᠎ᠠ ᠲᠠᠶ ᠬᠣᠷᠢᠬᠤ᠂ ᠬᠣᠷᠢᠵᠤ ᠬᠥᠳᠡᠯᠮᠦᠷᠢᠯᠡᠭᠦᠯᠬᠦ᠂ ᠵᠠᠬᠢᠷᠤᠨ ᠬᠠᠮᠢᠶᠠᠷᠬᠤ ᠪᠤᠶᠤ ᠤᠯᠤᠰ ᠲᠤᠢᠷᠦ ᠡᠷᠬᠡ ᠨᠢ ᠬᠠᠰᠤᠬᠤ ᠪᠠᠷ ᠰᠢᠳᠬᠡᠵᠦ᠂ ᠵᠣᠭᠣᠰ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ᠃ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠭᠤᠷᠪᠠᠨ ᠵᠢᠯ ᠡᠴᠡ ᠳᠡᠭᠡᠭᠰᠢ ᠠᠷᠪᠠᠨ ᠵᠢᠯ ᠡᠴᠡ ᠳᠣᠭᠣᠭᠰᠢ ᠬᠤᠭᠤᠴᠠᠭ᠎ᠠ ᠲᠠᠶ ᠬᠣᠷᠢᠬᠤ ᠪᠠᠷ ᠰᠢᠳᠬᠡᠵᠦ᠂ ᠵᠣᠭᠣᠰ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ︾ ᠬᠡᠮᠡᠨ ᠳᠣᠭᠲᠠᠭᠠᠪᠠ᠃
ᠪᠠᠶᠢᠴᠠᠭᠠᠬᠤ ᠪᠠᠶᠢᠭᠤᠯᠭ᠎ᠠ ᠠᠴᠠ ᠠᠷᠠᠳ ᠣᠯᠠᠨ ᠳᠤ ᠰᠠᠨᠠᠭᠣᠯᠬᠣ ᠨᠢ᠄ ᠬᠠᠭᠤᠷᠮᠠᠭ ᠭᠡᠷᠡᠴᠢ ᠲᠡᠮᠳᠡᠭ ᠵᠢᠭᠡᠯᠡᠯᠭᠡ ᠠᠪᠬᠤ ᠨᠢ ᠥᠪᠡᠷ ᠪᠡᠶ᠎ᠡ ᠬᠢᠭᠡᠳ ᠬᠡᠷ ᠪᠦᠯᠢ ᠳᠡᠭᠡᠨ ᠡᠭᠡᠭᠦᠯᠵᠦ ᠳᠡᠶᠢᠯᠦᠰᠢ ᠥᠬᠡᠶ ᠬᠣᠣᠷ ᠬᠥᠨᠦᠭᠡᠯ ᠠᠪᠴᠢᠷᠠᠬᠤ ᠪᠠᠷ ᠪᠠᠷᠠᠬᠤ ᠥᠬᠡᠶ ᠪᠠᠰᠠ ᠵᠣᠬᠢᠴᠠᠩᠭᠤᠶ ᠬᠠᠸᠯᠢ ᠴᠠᠭᠠᠵᠠ ᠬᠠᠷᠢᠭᠤᠴᠠᠯᠭ᠎ᠠ ᠡᠭᠦᠷᠭᠡᠯᠡᠵᠦ ᠮᠡᠳᠡᠨ᠎ᠡ᠃ ᠡᠳᠦᠷ ᠲᠤᠲᠤᠮ ᠠᠮᠢᠳᠤᠷᠠᠯ ᠳᠤᠮᠳᠠ ᠂ ᠮᠠᠰᠢ ᠣᠯᠠᠨ ᠬᠥᠮᠦᠨ ᠬᠠᠸᠯᠢ ᠴᠠᠭᠠᠵᠠ ᠤᠬᠠᠮᠰᠠᠷ ᠨᠢ ᠪᠠᠭᠤᠷᠠᠶ ᠪᠠᠶᠢᠵᠤ ᠂ ᠴᠡᠷᠢᠭ ᠲᠦ ᠣᠷᠣᠬᠤ ᠂ ᠠᠵᠢᠯ ᠤᠯᠬᠤ ᠂ ᠲᠤᠰᠢᠶᠠᠯ ᠳᠡᠪᠰᠢᠬᠦ ᠵᠡᠷᠭᠡ ᠲᠠᠯ᠎ᠠ ᠬᠡᠷᠡᠭᠴᠡᠭᠡ ᠡᠴᠡ ᠪᠣᠯᠵᠣ ᠬᠠᠭᠤᠷᠮᠠᠭ ᠭᠡᠷᠡᠴᠢ ᠲᠡᠮᠳᠡᠭ ᠢ ᠬᠠᠭᠤᠷᠮᠠᠭᠯᠠᠨ ᠵᠣᠬᠢᠶᠠᠵᠣ᠂ ᠥᠭᠡᠷᠡᠲᠦᠭᠦᠯᠦᠨ ᠵᠣᠬᠢᠶᠠᠵᠣ ᠂ ᠮᠠᠢᠮᠠᠢᠯᠠᠵᠣ᠂ ᠡᠨᠡ ᠨᠢ ᠬᠠᠸᠯᠢ ᠵᠥᠷᠢᠴᠡᠭᠰᠡᠨ ᠶᠠᠯᠠᠲᠤ ᠠᠵᠢᠯᠯᠠᠭ᠎ᠠ ᠮᠥᠨ ᠭᠡᠳᠡᠭ ᠢ ᠮᠡᠳᠡᠬᠦ ᠥᠬᠡᠶ ᠪᠠᠢᠪᠠ ᠃ ᠥᠷᠭᠡᠨ ᠤᠯᠠᠨ ᠠᠷᠠᠳ ᠲᠦᠮᠡᠨ ᠡᠷᠬᠡᠪᠰᠢ ᠬᠠᠤᠯᠢ ᠴᠠᠭᠠᠵᠠ ᠤᠯᠠᠭᠠᠨ ᠱᠤᠭᠤᠮ ᠢ ᠴᠢᠩᠭ᠎ᠠ ᠰᠠᠬᠢᠵᠤ᠂ ᠲᠦᠷᠦ ᠪᠠᠶᠢᠭᠤᠯᠭ᠎ᠠ ᠠᠯᠪᠠᠨ ᠪᠢᠴᠢᠭ ᠭᠡᠷᠡᠴᠢ ᠦᠨᠡᠮᠯᠡᠯ ᠢ ᠬᠠᠭᠤᠷᠮᠠᠭᠯᠠᠨ ᠵᠣᠬᠢᠶᠠᠵᠤ᠂ ᠬᠤᠳᠠᠯᠳᠤᠭᠠᠯᠠᠵᠤ ᠶᠠᠭᠠᠬᠢᠭᠰᠠᠨ ᠴᠤ ᠪᠣᠯᠬᠤ ᠦᠭᠡᠢ᠂ ᠡᠰᠡ ᠲᠡᠭᠡᠪᠡᠯ ᠬᠠᠤᠯᠢ ᠴᠠᠭᠠᠵᠠ ᠴᠢᠩᠭ᠎ᠠ ᠰᠢᠳᠬᠡᠯ ᠳᠦ ᠲᠤᠯᠭᠠᠷᠠᠬᠤ ᠪᠣᠯᠤᠨ᠎ᠠ᠃