ᠥᠪᠡᠷᠲᠡᠭᠡᠨ ᠵᠠᠰᠠᠬᠤ ᠣᠷᠣᠨ ᠪᠠᠶᠢᠴᠠᠭᠠᠬᠤ ᠬᠤᠷᠢᠶ᠎ᠠ ᠨᠠᠮ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ ᠲᠥᠪ ᠤᠯᠤᠰ ᠲᠦᠷᠦ ᠬᠠᠤᠯᠢ ᠴᠠᠭᠠᠵᠠ ᠠᠵᠢᠯ ᠬᠤᠷᠠᠯ ᠪᠠ ᠪᠦᠬᠦ ᠤᠯᠤᠰ ᠪᠠᠶᠢᠴᠠᠭᠠᠬᠤ ᠳᠠᠷᠤᠭ᠎ᠠ ᠨᠠᠷ ᠬᠤᠷᠠᠯ ᠵᠣᠷᠢᠭ ᠰᠠᠨᠠᠭ᠎ᠠ ᠤᠯᠠᠮᠵᠢᠯᠠᠨ ᠰᠤᠷᠤᠯᠴᠠᠪᠠ
2025-02-14 16:47:45
1ᠰᠠᠷ᠎ᠠ 15 ᠡᠳᠦᠷ᠂ ᠥᠪᠡᠷᠲᠡᠭᠡᠨ ᠵᠠᠰᠠᠬᠤ ᠣᠷᠣᠨ ᠪᠠᠶᠢᠴᠠᠭᠠᠬᠤ ᠬᠤᠷᠢᠶ᠎ᠠ ᠨᠠᠮ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠲᠥᠪ ᠤᠯᠤᠰ ᠲᠦᠷᠦ ᠬᠠᠤᠯᠢ ᠴᠠᠭᠠᠵᠠ ᠠᠵᠢᠯ ᠬᠤᠷᠠᠯ ᠵᠢᠴᠢ ᠪᠦᠬᠦ ᠤᠯᠤᠰ ᠪᠠᠶᠢᠴᠠᠭᠠᠬᠤ ᠳᠠᠷᠤᠭ᠎ᠠ ᠨᠠᠷ ᠬᠤᠷᠠᠯ ᠵᠣᠷᠢᠭ ᠰᠠᠨᠠᠭ᠎ᠠ ᠤᠯᠠᠮᠵᠢᠯᠠᠨ ᠰᠤᠷᠤᠯᠴᠠᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠢᠲᠡᠭᠡᠯ ᠵᠣᠷᠢᠭ ᠪᠠᠲᠤᠳᠬᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠴᠤ᠂ ᠡᠯ᠎ᠡ ᠵᠦᠢᠯ ᠪᠠᠶᠢᠴᠠᠭᠠᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠠᠬᠢᠭᠤᠯᠪᠠ᠃ ᠨᠠᠮ ᠤᠳᠤᠷᠢᠳᠬᠤ ᠳᠤᠭᠤᠶᠢᠯᠠᠩ ᠱᠦᠵᠢ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃
ᠬᠤᠷᠠᠯ ᠠᠴᠠ᠂ ᠲᠥᠪ ᠤᠯᠤᠰ ᠲᠦᠷᠦ ᠬᠠᠤᠯᠢ ᠴᠠᠭᠠᠵᠠ ᠠᠵᠢᠯ ᠬᠤᠷᠠᠯ ᠠᠴᠠ 2025 ᠣᠨ ᠤᠯᠤᠰ ᠲᠦᠷᠦ ᠬᠠᠤᠯᠢ ᠴᠠᠭᠠᠵᠠ ᠠᠵᠢᠯ ︽ᠵᠠᠮ ᠱᠤᠭᠤᠮ ᠵᠢᠷᠤᠭ︾ ᠢ ᠲᠣᠳᠣᠷᠬᠠᠶᠢᠯᠠᠵᠤ᠂ ᠪᠦᠬᠦ ᠤᠯᠤᠰ ᠪᠠᠶᠢᠴᠠᠭᠠᠬᠤ ᠳᠠᠷᠤᠭ᠎ᠠ ᠬᠤᠷᠠᠯ ᠠᠴᠠ 2024 ᠣᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠳ᠋ᠦᠩᠨᠡᠵᠦ᠂ 2025ᠣᠨ ᠪᠠᠶᠢᠴᠠᠭᠠᠬᠤ ᠠᠵᠢᠯ ᠡᠭᠦᠷᠭᠡ ᠰᠢᠰᠲ᠋ᠧᠮ ᠲᠠᠢ ᠪᠠᠶᠢᠷᠢᠯᠠᠭᠤᠯᠵᠤ᠂ ᠬᠡᠷᠡᠭ ᠨᠢᠭᠡᠪᠦᠷᠢ ᠴᠢᠨᠠᠷ ᠰᠠᠶᠢᠲᠠᠢ ᠦᠷ᠎ᠡ ᠪᠦᠲᠦᠮᠵᠢ ᠪᠠᠷ ᠰᠢᠢᠳᠪᠦᠷᠢᠯᠡᠬᠦ ᠦᠷᠳᠡᠭ ᠬᠥᠭᠡᠭᠡᠴᠡᠯᠳᠦᠯ ᠢ ᠭᠦᠨᠵᠡᠭᠡᠢ ᠲᠣᠳᠣᠷᠬᠠᠶᠢᠯᠠᠨ ᠥᠭᠦᠯᠡᠪᠡ᠃ ᠪᠦᠬᠦ ᠣᠷᠣᠨ ᠪᠠᠶᠢᠴᠠᠭᠠᠬᠤ ᠪᠠᠶᠢᠭᠤᠯᠭ᠎ᠠ ᠬᠢᠨ ᠬᠤᠷᠠᠯ ᠵᠣᠷᠢᠭ ᠰᠠᠨᠠᠭ᠎ᠠ ᠭᠦᠨᠵᠡᠭᠡᠢ ᠰᠤᠷᠤᠯᠴᠠᠵᠤ᠂ ᠮᠥᠨ ᠴᠢᠨᠠᠷ ᠠᠭᠤᠯᠤᠭᠳᠠᠬᠤᠨ ᠢ ᠡᠵᠡᠮᠳᠡᠵᠦ᠂ ᠪᠠᠶᠢᠴᠠᠭᠠᠬᠤ ᠦᠢᠯᠡᠳᠦᠯᠭᠡ ᠳᠤᠮᠳᠠ ᠡᠯ᠎ᠡ ᠵᠦᠢᠯ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃
ᠬᠤᠷᠠᠯ ᠠᠴᠠ᠂ ᠪᠥᠬᠦ ᠣᠷᠣᠨ ᠪᠠᠶᠢᠴᠠᠭᠠᠬᠤ ᠪᠠᠶᠢᠭᠤᠯᠭ᠎ᠠ ᠰᠢ ᠫᠢᠩ ᠰᠢᠨ᠎ᠡ ᠴᠠᠭ ᠦᠶ᠎ᠡ ᠳᠤᠮᠳᠠᠳᠤ ᠤᠯᠤᠰ ᠣᠨᠴᠠᠯᠢᠭ ᠲᠠᠢ ᠨᠡᠶᠢᠭᠡᠮ ᠵᠢᠷᠤᠮ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠪᠠᠷᠢᠮᠲᠠᠯᠠᠵᠤ᠂ ︽ᠰᠢᠨ᠎ᠡ ᠴᠠᠭ ᠦᠶ᠎ᠡ ᠤᠯᠤᠰ ᠲᠥᠷᠥ ᠬᠠᠤᠯᠢ ᠴᠠᠭᠠᠵᠠ ᠠᠵᠢᠯ ᠢ ᠴᠢᠩᠭᠠᠳᠬᠠᠬᠤ ᠲᠤᠬᠠᠶ ᠳᠤᠮᠳᠠᠳᠤ ᠤᠯᠤᠰ ᠡᠪ ᠬᠠᠮᠲᠤ ᠨᠠᠮ ᠲᠥᠪ ᠬᠤᠷᠢᠶᠠᠨ ᠰᠠᠨᠠᠯ︾ ᠪᠣᠯᠤᠨ ᠥᠪᠡᠷᠲᠡᠭᠡᠨ ᠵᠠᠰᠠᠬᠤ ᠣᠷᠣᠨ ᠨᠠᠮ ᠬᠤᠷᠢᠶᠠᠨ ᠠᠷᠪᠠᠨ ᠨᠢᠭᠡᠳᠦᠭᠡᠷ ᠬᠤᠭᠤᠴᠠᠭᠠᠨ ᠶᠢᠰᠦᠳᠦᠭᠡᠷ ᠪᠥᠬᠦᠳᠡ ᠬᠤᠷᠠᠯ ᠵᠣᠷᠢᠭ ᠰᠠᠨᠠᠭ᠎ᠠ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠫᠢᠩ ᠥᠪᠥᠷ ᠮᠣᠩᠭᠤᠯ ᠲᠤᠬᠠᠶ ᠴᠢᠬᠤᠯᠠ ᠵᠢᠭᠠᠪᠤᠷᠢ ᠵᠣᠷᠢᠭ ᠰᠠᠨᠠᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠦᠨᠳᠦᠰᠦᠲᠡᠨ ᠬᠠᠮᠲᠤ ᠴᠣᠭᠴᠠ ᠤᠬᠠᠮᠰᠠᠷ ᠢ ᠪᠠᠲᠤ ᠴᠣᠭᠴᠠᠯᠠᠬᠤ ᠠᠵᠢᠯ ᠭᠤᠤᠯ ᠰᠢᠵᠢᠮ ᠢ ᠪᠥᠬᠦ ᠪᠠᠶᠢᠴᠠᠭᠠᠬᠤ ᠠᠵᠢᠯ ᠳᠤ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠲᠠᠢ ᠨᠢᠭᠲᠠ ᠤᠶᠠᠯᠳᠤᠭᠤᠯᠤᠨ᠂ ︽ᠵᠢᠷᠭᠤᠭᠠᠨ ᠠᠵᠢᠯᠯᠠᠭ᠎ᠠ︾ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠭᠦᠶᠴᠡᠳᠬᠡᠵᠦ᠂ ᠨᠠᠩ ᠥᠨᠳᠥᠷ ᠵᠣᠭᠰᠣᠴᠠ ᠪᠠᠷ ᠤᠯᠤᠰ ᠲᠥᠷᠥ ᠪᠠᠶᠢᠭᠤᠯᠤᠯᠲᠠ ᠴᠢᠩᠭᠠᠳᠬᠠᠵᠤ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠬᠥᠭᠵᠢᠯᠲᠡ ᠶᠡᠭᠡ ᠲᠠᠯ᠎ᠠ ᠳᠤ ᠦᠶᠯᠡᠴᠢᠯᠡᠵᠦ᠂ ᠨᠠᠩ ᠥᠨᠳᠥᠷ ᠡᠷᠴᠢᠮ ᠬᠢᠨᠠᠯᠲᠠ ᠲᠠᠯᠪᠢᠵᠤ ᠬᠡᠷᠡᠭ ᠰᠢᠶᠳᠪᠦᠷᠢᠯᠡᠬᠦ ᠪᠠᠨ ᠴᠢᠩᠭᠠᠳᠬᠠᠵᠤ᠂ ᠨᠠᠩ ᠶᠡᠭᠡ ᠡᠷᠴᠢᠮ ᠥᠭᠡᠷᠡᠴᠢᠯᠡᠯᠲᠡ ᠬᠢᠵᠦ ᠰᠢᠨ᠎ᠡ ᠡᠭᠦᠳᠬᠦ ᠭᠦᠨᠵᠡᠭᠡᠶᠢᠷᠡᠭᠦᠯᠵᠦ᠂ ᠨᠠᠩ ᠴᠢᠩᠭ᠎ᠠ ᠱᠠᠭᠠᠷᠳᠠᠯᠭ᠎ᠠ ᠪᠠᠷ ᠪᠠᠶᠢᠴᠠᠭᠠᠬᠤ ᠲᠡᠮᠦᠷ ᠴᠡᠷᠢᠭ ᠢ ᠴᠣᠭᠴᠠᠯᠠᠵᠤ᠂ ᠪᠠᠶᠢᠴᠠᠭᠠᠬᠤ ᠠᠵᠢᠯ ᠰᠢᠨ᠎ᠡ ᠵᠢᠳᠬᠦᠯ ᠴᠢᠷᠮᠠᠶᠢᠯᠭ᠎ᠠ ᠪᠠᠷ ᠥᠪᠡᠷᠲᠡᠭᠡᠨ ᠵᠠᠰᠠᠬᠤ ᠣᠷᠣᠨ ᠴᠢᠨᠠᠷ ᠰᠠᠶᠢᠲᠠᠶ ᠬᠥᠭᠵᠢᠯᠲᠡ ᠳᠤ ᠦᠶᠯᠡᠴᠢᠯᠡᠵᠦ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯ ᠠᠴᠠ᠂ ᠤᠯᠤᠰ ᠲᠦᠷᠦ ᠤᠬᠠᠮᠰᠠᠷ᠂ ᠬᠠᠥᠯᠢ ᠪᠠᠷ ᠵᠠᠰᠠᠬᠤ ᠵᠣᠷᠢᠭ ᠰᠠᠨᠠᠭ᠎ᠠ᠂ ᠠᠰᠠᠭᠤᠳᠠᠯ ᠤᠳᠤᠷᠢᠳᠤᠮᠵᠢ ᠪᠣᠯᠭᠠᠬᠤ ᠴᠢᠩᠭᠠᠳᠬᠠᠵᠤ᠂ ᠪᠦᠬᠦ ᠣᠷᠣᠨ ᠪᠠᠶᠢᠴᠠᠭᠠᠬᠤ ᠳᠠᠷᠤᠭ᠎ᠠ ᠬᠤᠷᠠᠯ ᠢ ᠰᠠᠶᠢᠲᠤᠷ ᠪᠡᠯᠡᠳᠬᠡᠵᠦ᠂ 2025 ᠣᠨ ᠡᠯ᠎ᠡ ᠵᠦᠢᠯ ᠬᠠᠷᠠᠯᠲᠠ ᠡᠭᠦᠷᠭᠡ ᠰᠠᠶᠢᠲᠤᠷ ᠲᠤᠬᠢᠷᠠᠭᠤᠯᠵᠤ᠂ ᠪᠦᠬᠦ ᠲᠠᠯ᠎ᠠ ᠳᠤ ᠨᠡᠩ ᠬᠦᠴᠦᠲᠡᠢ ᠦᠢᠯᠡᠴᠢᠯᠡᠵᠦ᠂ ᠠᠷᠠᠳ ᠲᠦᠮᠡᠨ ᠲᠥᠯᠥᠭᠡ ᠬᠠᠤᠯᠢ ᠪᠠᠷᠢᠵᠤ᠂ ᠬᠠᠥᠯᠢ ᠪᠠᠷ ᠵᠠᠰᠠᠬᠤ ᠲᠥᠯᠥᠭᠡ ᠨᠡᠩ ᠬᠦᠴᠦᠲᠡᠢ ᠡᠭᠦᠷᠭᠡᠯᠡᠬᠦ ᠬᠡᠷᠡᠭᠲᠡᠢ᠃