《 ᠭᠤᠷᠪᠠᠨ ᠵᠢᠯ ᠨᠢᠭᠡ ᠶᠡᠬᠡ ᠬᠣᠪᠢᠷᠠᠯᠲᠠ ᠭᠠᠷᠭᠠᠬᠤ ︾ ᠬᠠᠷᠠᠯᠲᠠ ᠵᠦᠭ ᠤᠷᠤᠭᠰᠢᠯᠠᠶ᠎ᠠ︕ ᠪᠦᠬᠦ ᠣᠷᠣᠨ ᠪᠠᠶᠢᠴᠠᠭᠠᠬᠤ ᠳᠠᠷᠤᠭ᠎ᠠ ᠨᠠᠷ ᠬᠤᠷᠠᠯ ᠬᠤᠷᠠᠯᠳᠤᠪᠠ
2025-02-14 17:30:28
ᠴᠠᠭᠠᠨ ᠰᠠᠷ᠎ᠠ ᠣᠶᠢᠷᠠᠳᠬᠤ ᠲᠤᠰᠤᠮ ᠡᠷᠡᠯᠬᠡᠭᠯᠡᠨ ᠤᠷᠤᠭᠰᠢᠯᠠᠬᠤ ᠬᠡᠩᠭᠡᠷᠭᠡ ᠤᠯᠠᠮ ᠨᠢᠵᠢᠭᠢᠨᠡᠪᠡ᠃ 1 ᠳ᠋ᠦ᠋ᠭᠡᠷ ᠰᠠᠷ᠎ᠠ 23 ᠡᠳᠦᠷ ᠦᠳᠡ ᠬᠤᠶᠢᠨ᠎ᠠ᠂ ᠪᠥᠬᠦ ᠣᠷᠣᠨ ᠪᠠᠶᠢᠴᠠᠭᠠᠬᠤ ᠳᠠᠷᠤᠭ᠎ᠠ ᠨᠠᠷ ᠬᠤᠷᠠᠯ ᠨᠠᠮ ᠲᠥᠪ ᠬᠤᠷᠢᠶ᠎ᠠ᠂ ᠬᠠᠮᠤᠭ ᠳᠡᠭᠡᠳᠦ ᠪᠠᠶᠢᠴᠠᠭᠠᠬᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠨᠠᠮ ᠬᠤᠷᠢᠶ᠎ᠠ ᠣᠨ ᠴᠢᠬᠤᠯᠠ ᠠᠵᠢᠯ ᠬᠤᠷᠠᠯ ᠠᠯᠬᠤᠮ ᠢ ᠳᠠᠭᠠᠨ ᠬᠤᠷᠠᠯᠳᠤᠵᠤ᠂ ᠶᠡᠷᠦᠩᠬᠡᠶ ᠱᠦᠵᠢ ᠰᠢ ᠫᠢᠩ ᠤᠯᠤᠰ ᠲᠥᠷᠥ ᠬᠠᠤᠯᠢ ᠴᠠᠭᠠᠵᠠ ᠠᠵᠢᠯ ᠲᠤᠬᠠᠶ ᠴᠢᠬᠤᠯᠠ ᠵᠢᠭᠠᠪᠤᠷᠢ ᠵᠣᠷᠢᠭ ᠰᠠᠨᠠᠭ᠎ᠠ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠤᠯᠤᠰ ᠲᠥᠷᠥ ᠬᠠᠤᠯᠢ ᠴᠠᠭᠠᠵᠠ ᠠᠵᠢᠯ ᠬᠤᠷᠠᠯ ᠪᠠ ᠪᠥᠬᠦ ᠤᠯᠤᠰ ᠪᠠᠶᠢᠴᠠᠭᠠᠬᠤ ᠳᠠᠷᠤᠭ᠎ᠠ ᠬᠤᠷᠠᠯ᠂ ᠥᠪᠡᠷᠲᠡᠭᠡᠨ ᠵᠠᠰᠠᠬᠤ ᠣᠷᠣᠨ ᠨᠠᠮ ᠬᠤᠷᠢᠶ᠎ᠠ ᠤᠯᠤᠰ ᠲᠥᠷᠥ ᠬᠠᠤᠯᠢ ᠴᠠᠭᠠᠵᠠ ᠠᠵᠢᠯ ᠬᠤᠷᠠᠯ ᠴᠢᠬᠤᠯᠠ ᠪᠠᠶᠢᠷᠢᠯᠠᠭᠤᠯᠤᠯᠲᠠ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠠᠷᠠᠳ ᠲᠥᠯᠥᠭᠡᠯᠡᠭᠴᠢᠳ ᠶᠡᠭᠡ ᠬᠤᠷᠠᠯ ᠭᠤᠷᠪᠠᠳᠤᠭᠠᠷ ᠬᠤᠷᠠᠯ ᠰᠢᠢᠳᠪᠦᠷᠢ ᠲᠤᠭᠤᠰᠢᠯᠠᠭᠤᠯᠵᠤ᠂ ᠪᠠᠶᠢᠳᠠᠯ ᠪᠠ ᠡᠭᠦᠷᠭᠡ ᠵᠠᠳᠠᠯᠵᠤ᠂ ᠡᠨᠡ ᠵᠢᠯ ᠪᠥᠬᠦ ᠣᠷᠣᠨ ᠪᠠᠶᠢᠴᠠᠭᠠᠬᠤ ᠠᠵᠢᠯ ᠢ ᠲᠣᠬᠢᠷᠠᠭᠤᠯᠪᠠ᠃
ᠥᠪᠡᠷᠲᠡᠭᠡᠨ ᠵᠠᠰᠠᠬᠤ ᠣᠷᠣᠨ ᠪᠠᠶᠢᠴᠠᠭᠠᠬᠤ ᠬᠤᠷᠢᠶᠠᠨ ᠨᠠᠮ ᠤᠳᠤᠷᠢᠳᠬᠤ ᠳᠤᠭᠤᠶᠢᠯᠠᠩ ᠱᠦᠵᠢ᠂ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠪᠠᠶᠢᠴᠠᠭᠠᠬᠤ ᠬᠤᠷᠢᠶ᠎ᠠ ᠵᠢᠴᠢ ᠪᠠᠶᠢᠴᠠᠭᠠᠬᠤ ᠬᠤᠷᠢᠶ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠪᠥᠬᠦ ᠠᠵᠢᠯᠲᠠᠨ᠂ ᠡᠯ᠎ᠡ ᠠᠶᠢᠮᠠᠭ ᠬᠤᠲᠠ ᠪᠠᠶᠢᠴᠠᠭᠠᠬᠤ ᠬᠤᠷᠢᠶᠠᠨ ᠪᠠᠶᠢᠴᠠᠭᠠᠬᠤ ᠳᠠᠷᠤᠭ᠎ᠠ᠂ ᠬᠥᠬᠡᠬᠤᠲᠠ ᠴᠡᠷᠢᠭ ᠪᠠᠶᠢᠴᠠᠭᠠᠬᠤ ᠬᠤᠷᠢᠶᠠᠨ ᠪᠠᠶᠢᠴᠠᠭᠠᠬᠤ ᠳᠠᠷᠤᠭ᠎ᠠ᠂ ᠤᠷᠢᠭᠳᠠᠭᠰᠠᠨ ᠥᠪᠡᠷᠲᠡᠭᠡᠨ ᠵᠠᠰᠠᠬᠤ ᠣᠷᠣᠨ ᠠᠷᠠᠳ ᠲᠥᠯᠥᠭᠡᠯᠡᠭᠴᠢᠳ ᠶᠡᠭᠡ ᠬᠤᠷᠠᠯ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠪᠠᠶᠢᠴᠠᠭᠠᠬᠤ ᠬᠤᠷᠢᠶᠠᠨ ᠭᠤᠤᠯ ᠬᠤᠷᠠᠯ ᠲᠠᠯᠠᠪᠠᠶ ᠳᠤ ᠬᠤᠷᠠᠯ ᠳᠤ ᠣᠷᠣᠯᠴᠠᠪᠠ᠃ ᠬᠤᠷᠠᠯ ᠢ ᠸᠢᠳᠢᠤ᠋ ᠬᠡᠯᠪᠡᠷᠢ ᠪᠠᠷ ᠠᠶᠢᠮᠠᠭ ᠬᠤᠲᠠ ᠭᠠᠵᠠᠷ ᠣᠷᠣᠨ ᠪᠠᠶᠢᠴᠠᠭᠠᠬᠤ ︵ᠬᠤᠪᠢᠶᠠᠷᠢ ᠬᠤᠷᠢᠶ᠎ᠠ︶ ᠬᠦᠷᠲᠡᠯ᠎ᠡ ᠬᠤᠷᠠᠯᠳᠤᠭᠤᠯᠵᠤ᠂ ᠪᠥᠬᠦ ᠤᠯᠤᠰ ᠠᠷᠠᠳ ᠲᠥᠯᠥᠭᠡᠯᠡᠭᠴᠢᠳ ᠶᠡᠭᠡ ᠬᠤᠷᠠᠯ ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠠᠷᠠᠳ ᠲᠥᠯᠥᠭᠡᠯᠡᠭᠴᠢᠳ ᠶᠡᠭᠡ ᠬᠤᠷᠠᠯ ᠲᠥᠯᠥᠭᠡᠯᠡᠭᠴᠢ ᠡᠯ᠎ᠡ ᠠᠶᠢᠮᠠᠭ ᠬᠤᠲᠠ ᠬᠤᠪᠢᠶᠠᠷᠢ ᠬᠤᠷᠠᠯ ᠲᠠᠯᠠᠪᠠᠶ ᠳᠤ ᠬᠤᠷᠠᠯ ᠳᠤ ᠣᠷᠣᠯᠴᠠᠪᠠ᠃
《 ᠭᠤᠷᠪᠠᠨ ᠵᠢᠯ ᠳᠤ ᠶᠡᠬᠡ ᠬᠤᠪᠢᠷᠠᠯᠲᠠ ᠭᠠᠷᠭᠠᠬᠤ》 ᠬᠠᠷᠠᠯᠲᠠ ᠲᠣᠳᠣᠷᠬᠠᠢ ᠪᠠᠢᠨ᠎ᠠ︕
《 ᠨᠢᠭᠡ ᠵᠢᠷᠤᠭ ᠲᠥᠯᠥᠪᠯᠡᠭᠡ ᠡᠴᠦᠰ ᠲᠤᠨᠢ ᠲᠤᠯᠲᠠᠯ᠎ᠠ ᠵᠢᠷᠤᠭᠯᠠᠬᠤ》 ᠪᠠᠢᠯᠳᠤᠬᠤ ᠪᠣᠳᠣᠯᠭ᠎ᠠ ᠶ᠋ᠢᠨ ᠲᠣᠭᠲᠠᠯ ᠬᠦᠴᠦᠨ ᠢ᠋ ᠢᠯᠡᠷᠡᠭᠦᠯᠪᠡ᠃ ᠥᠪᠡᠷᠲᠡᠭᠡᠨ ᠵᠠᠰᠠᠬᠤ ᠣᠷᠣᠨ ᠪᠠᠶᠢᠴᠠᠭᠠᠬᠤ ᠬᠤᠷᠢᠶᠠᠨ ᠨᠠᠮ ᠤᠳᠤᠷᠢᠳᠬᠤ ᠳᠤᠭᠤᠶᠢᠯᠠᠩ 2023 ᠣᠨ ᠡᠬᠢ ᠪᠠᠷ ᠪᠦᠬᠦ ᠣᠷᠣᠨ ᠪᠠᠶᠢᠴᠠᠭᠠᠬᠤ ᠠᠵᠢᠯ ᠳᠤ ︽ᠨᠢᠭᠡ ᠵᠢᠯ ᠨᠢᠭᠡ ᠪᠠᠭ᠎ᠠ ᠬᠤᠪᠢᠷᠠᠯᠲᠠ︾᠂ ︽ᠬᠤᠶᠠᠷ ᠵᠢᠯ ᠨᠢᠭᠡ ᠳᠤᠮᠳᠠ ᠵᠢᠨ ᠬᠤᠪᠢᠷᠠᠯᠲᠠ︾᠂ ︽ᠭᠤᠷᠪᠠᠨ ᠵᠢᠯ ᠨᠢᠭᠡ ᠶᠡᠭᠡ ᠬᠤᠪᠢᠷᠠᠯᠲᠠ︾ ᠪᠠᠶᠢᠯᠳᠤᠬᠤ ᠪᠤᠳᠤᠯᠭ᠎ᠠ ᠬᠥᠭᠵᠢᠯᠲᠡ ᠲᠥᠯᠥᠪᠵᠢᠭᠦᠯᠭᠡ ᠲᠣᠭᠲᠠᠭᠠᠵᠤ ᠥᠭᠴᠡᠢ᠂ ᠬᠡᠷᠪᠡ 2023 ᠪᠣᠯ ︽ᠡᠷᠡᠯᠬᠡᠭᠯᠡᠨ ᠤᠷᠤᠭᠰᠢᠯᠠᠬᠤ ᠣᠨ︾ ᠪᠣᠯ᠂ 2024 ᠪᠣᠯ ︽ᠭᠦᠨᠵᠡᠭᠡᠶᠢᠷᠡᠭᠦᠯᠬᠦ ᠣᠨ︾ ᠂ 2025 ᠪᠣᠯ ︽ᠲᠡᠰ ᠳᠡᠪᠰᠢᠬᠦ ᠣᠨ︾ ᠪᠣᠯᠤᠨ᠎ᠠ᠃
ᠬᠤᠷᠠᠯ ᠠᠴᠠ ᠳᠠᠷᠤᠮᠠᠯᠯᠠᠨ ᠲᠠᠷᠬᠠᠭᠠᠭᠰᠠᠨ ︽2024 ᠣᠨ ᠪᠥᠬᠦ ᠣᠷᠣᠨ ᠪᠠᠶᠢᠴᠠᠭᠠᠬᠤ ᠠᠵᠢᠯ ᠪᠠᠶᠢᠳᠠᠯ ᠮᠡᠳᠡᠭᠡᠯᠡᠯ︾ ᠢ ᠦᠨᠳᠦᠰᠦᠯᠡᠪᠡᠯ᠂ 2024 ᠣᠨ ᠳᠤ᠂ ᠪᠥᠬᠦ ᠣᠷᠣᠨ ᠪᠠᠶᠢᠴᠠᠭᠠᠬᠤ ᠪᠠᠶᠢᠭᠤᠯᠭ᠎ᠠ ᠣᠨ ᠬᠠᠷᠠᠯᠲᠠ ᠲᠣᠭᠤᠷᠢᠨ ᠳᠤ᠂ ᠴᠢᠨᠠᠷ ᠰᠠᠶᠢᠲᠠᠶ ᠦᠷ᠎ᠡ ᠪᠦᠲᠦᠮᠵᠢ ᠳᠤ ᠤᠯᠠᠮ ᠨᠢᠭᠡ ᠠᠯᠬᠤᠮ ᠠᠩᠬᠠᠷᠤᠯ ᠲᠥᠪᠯᠡᠷᠡᠭᠦᠯᠦᠨ ᠬᠡᠷᠡᠭ ᠨᠢᠭᠡᠪᠦᠷᠢ ᠰᠠᠶᠢᠲᠤᠷ ᠰᠢᠢᠳᠪᠦᠷᠢᠯᠡᠵᠦ᠂ ᠳᠤᠲᠠᠭᠤᠳᠠᠯ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠬᠦ᠂ ᠬᠢᠯᠠᠰ ᠴᠡᠭ ᠨᠡᠮᠡᠭᠳᠡᠭᠦᠯᠵᠦ᠂ ᠥᠪᠥᠷ ᠮᠣᠩᠭᠤᠯ ᠪᠠᠶᠢᠴᠠᠭᠠᠬᠤ ᠠᠵᠢᠯ ᠰᠢᠨ᠎ᠡ ᠯᠠᠪᠳᠠᠭᠤᠨ ᠪᠠᠲᠤᠲᠠᠶ ᠠᠯᠬᠤᠮ ᠢ ᠠᠯᠬᠤᠪᠠ᠄ ᠠᠵᠢᠯ ᠬᠥᠭᠵᠢᠯᠲᠡ ᠬᠠᠨᠳᠤᠰᠢ ᠨᠠᠩ ᠴᠢᠩᠭᠠᠷᠠᠵᠤ᠂ ᠶᠡᠭᠡ ᠲᠠᠯ᠎ᠠ ᠳᠤ ᠦᠢᠯᠡᠴᠢᠯᠡᠬᠦ ᠡᠷᠴᠢᠮ ᠨᠠᠩ ᠶᠡᠭᠡ ᠪᠣᠯᠵᠣ᠂ ᠬᠢᠨᠠᠯᠲᠠ ᠲᠠᠯᠪᠢᠵᠤ ᠬᠡᠷᠡᠭ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠨᠠᠩ ᠰᠠᠶᠢᠨ ᠪᠣᠯᠵᠣ᠂ ᠪᠠᠶᠢᠴᠠᠭᠠᠬᠤ ᠠᠵᠢᠯᠲᠠᠨ ᠡᠷᠴᠢ ᠵᠣᠷᠢᠭ ᠨᠠᠩ ᠰᠠᠶᠢᠨ ᠪᠣᠯᠵᠣ᠂ ᠪᠠᠶᠢᠴᠠᠭᠠᠬᠤ ᠡᠩᠨᠡᠭᠡ ᠬᠡᠪ ᠴᠢᠨᠠᠷ ᠨᠠᠩ ᠥᠨᠳᠥᠷ ᠪᠣᠯᠪᠠ᠃ ᠣᠳᠣᠬᠠᠨ ᠳᠤ᠂ ︽ᠪᠠᠭ᠎ᠠ ᠬᠤᠪᠢᠷᠠᠯᠲᠠ︾᠂ ︽ᠳᠤᠮᠳᠠ ᠬᠤᠪᠢᠷᠠᠯᠲᠠ︾ ᠴᠥᠮ ᠪᠡᠶᠡᠯᠡᠭᠦᠯᠵᠦ᠂ ︽ᠭᠤᠷᠪᠠᠨ ᠵᠢᠯ ᠨᠢᠭᠡ ᠶᠡᠭᠡ ᠬᠤᠪᠢᠷᠠᠯᠲᠠ︾ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠳᠠᠭᠠᠷᠢᠯᠲᠠ ᠪᠦᠷᠢᠶ᠎ᠡ ᠨᠢᠭᠡᠨᠲᠡ ᠬᠠᠩᠭᠢᠨᠠᠭᠤᠯᠪᠠ︕
ᠶᠠᠭᠤᠨ ᠳᠤ ᠶᠡᠬᠡ ᠬᠣᠪᠢᠷᠠᠯᠲᠠ ᠭᠠᠷᠭᠠᠬᠤ ᠪᠤᠢ︖ ᠬᠤᠷᠠᠯ ᠠᠴᠠ ᠵᠢᠭᠠᠵᠤ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠠᠵᠤ ᠠᠬᠤᠶ ᠨᠡᠶᠢᠭᠡᠮ ᠬᠥᠭᠵᠢᠯᠲᠡ ᠪᠠᠶᠢᠳᠠᠯ ᠨᠢ ᠪᠠᠶᠢᠴᠠᠭᠠᠬᠤ ᠠᠵᠢᠯ ᠳᠤ ᠰᠢᠨ᠎ᠡ ᠱᠠᠭᠠᠷᠳᠠᠯᠭ᠎ᠠ ᠳᠤᠷᠠᠳᠤᠭᠰᠠᠨ ᠂ ᠤᠰᠤ ᠥᠰᠴᠦ ᠣᠩᠭᠤᠴᠠ ᠥᠨᠳᠥᠷ ᠪᠣᠯᠳᠠᠭ ᠵᠢᠨ ᠶᠤᠰᠤᠨ ᠂ ᠪᠠᠶᠢᠴᠠᠭᠠᠬᠤ ᠠᠵᠢᠯ ᠨᠢ ᠥᠪᠡᠷᠲᠡᠭᠡᠨ ᠵᠠᠰᠠᠬᠤ ᠣᠷᠣᠨ ᠬᠥᠭᠵᠢᠯᠲᠡ ᠪᠠᠶᠢᠳᠠᠯ ᠳᠤ ᠵᠣᠬᠢᠴᠠᠵᠤ᠂ ᠬᠥᠭᠵᠢᠯᠲᠡ ᠳᠤ ᠦᠢᠯᠡᠴᠢᠯᠡᠬᠦ ᠠᠷᠭ᠎ᠠ ᠬᠡᠮᠵᠢᠶ᠎ᠡ ᠪᠠ ᠱᠠᠲᠤ ᠳᠠᠪᠬᠤᠷᠭ᠎ᠠ ᠨᠢ ᠴᠦ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠲᠤᠬᠠᠶᠢᠯᠠᠭᠰᠠᠨ ᠠᠵᠢᠯ ᠢᠯᠡᠳᠲᠡ ᠰᠢᠨ᠎ᠡ ᠳᠡᠭᠲᠡᠷ ᠲᠤ ᠭᠠᠷᠭᠠᠵᠤ᠂ ᠡᠩᠨᠡᠭᠡ ᠢᠯᠡᠳᠲᠡ ᠲᠡᠰ ᠳᠠᠪᠬᠤᠷᠭ᠎ᠠ ᠳᠤ ᠭᠠᠷᠭᠠᠵᠤ᠂ ᠰᠠᠭᠤᠷᠢ ᠢᠯᠡᠳᠲᠡ ᠳᠡᠭᠡᠭᠰᠢᠯᠡᠭᠦᠯᠬᠦ ᠬᠡᠷᠡᠭᠲᠡᠶ᠃ ᠪᠦᠬᠦ ᠣᠷᠣᠨ ᠪᠠᠶᠢᠴᠠᠭᠠᠬᠤ ᠪᠠᠶᠢᠭᠤᠯᠭ᠎ᠠ ᠰᠢ ᠫᠢᠩ ᠰᠢᠨ᠎ᠡ ᠴᠠᠭ ᠦᠶ᠎ᠡ ᠳᠤᠮᠳᠠᠳᠤ ᠤᠯᠤᠰ ᠣᠨᠴᠠᠯᠢᠭ ᠲᠠᠢ ᠨᠡᠶᠢᠭᠡᠮ ᠵᠢᠷᠤᠮ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠭᠤᠷᠪᠠᠳᠤᠭᠠᠷ ᠪᠦᠬᠦᠳᠡ ᠬᠤᠷᠠᠯ ᠵᠣᠷᠢᠭ ᠰᠠᠨᠠᠭ᠎ᠠ ᠪᠦᠬᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠨᠠᠮ ᠬᠤᠷᠢᠶ᠎ᠠ ᠠᠷᠪᠠᠨ ᠨᠢᠭᠡᠳᠦᠭᠡᠷ ᠬᠤᠭᠤᠴᠠᠭᠠᠨ ᠶᠢᠰᠦᠳᠦᠭᠡᠷ ᠪᠦᠬᠦᠳᠡ ᠬᠤᠷᠠᠯ ᠲᠤᠬᠢᠷᠠᠭᠤᠯᠤᠯᠳᠠ ᠪᠠᠶᠢᠷᠢᠯᠠᠭᠤᠯᠤᠯᠲᠠ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠢᠭᠡ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠳᠤ ᠤᠨᠢᠨ ᠳᠡᠭᠡᠷ᠎ᠡ ᠨᠢ ᠦᠢᠯᠡᠴᠢᠯᠡᠵᠦ᠂ ᠪᠠᠶᠢᠴᠠᠭᠠᠬᠤ ᠡᠭᠦᠷᠭᠡ ᠴᠢᠳᠠᠪᠬᠢ ᠪᠠᠨ ᠭᠦᠢᠴᠡᠳ ᠭᠦᠢᠴᠡᠳᠬᠡᠵᠦ᠂ ᠥᠪᠥᠷ ᠮᠣᠩᠭᠤᠯ ᠪᠠᠶᠢᠴᠠᠭᠠᠬᠤ ᠠᠵᠢᠯ ︽ᠭᠤᠷᠪᠠᠨ ᠵᠢᠯ ᠳᠤ ᠨᠢᠭᠡ ᠶᠡᠭᠡ ᠬᠤᠪᠢᠷᠠᠯᠲᠠ︾ ᠲᠡᠮᠡᠴᠡᠬᠦ ᠬᠠᠷᠠᠯᠲᠠ ᠪᠡᠶᠡᠯᠡᠭᠦᠯᠬᠦ ᠠᠬᠢᠭᠤᠯᠬᠤ ᠬᠡᠷᠡᠭᠲᠡᠢ᠃
ᠬᠦᠴᠦᠲᠡᠢ ᠰᠢᠪᠲᠤᠯᠤᠯᠲᠠ ᠭᠠᠷᠭᠠᠵᠤ ᠂ ᠠᠷᠠᠳ ᠲᠦᠮᠡᠨ ᠬᠠᠨᠤᠮᠵᠢᠲᠠᠢ ᠪᠠᠶᠢᠴᠠᠭᠠᠬᠤ ᠬᠠᠭᠤᠳᠠᠰᠤ ᠲᠤᠰᠢᠶᠠᠬᠤ ᠬᠡᠷᠡᠭᠲᠡᠢ︕
︽ᠡᠬᠡ ᠤᠯᠤᠰ ᠤᠮᠠᠷᠠᠲᠤ ᠬᠢᠯᠢ ᠠᠮᠤᠷ ᠲᠦᠪᠰᠢᠨ ᠲᠣᠭᠲᠠᠭᠤᠨ ᠬᠠᠯᠬᠠᠪᠴᠢ ᠪᠠᠶᠢᠭᠤᠯᠵᠤ᠂ ᠮᠠᠨ ᠣᠷᠣᠨ ᠬᠥᠭᠵᠢᠯᠲᠡ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠦᠨᠡᠨᠴᠢ ᠢᠲᠡᠭᠡᠮᠵᠢᠲᠡᠶ ᠨᠡᠶᠢᠭᠡᠮ ᠢ ᠪᠠᠶᠢᠭᠤᠯᠬᠤ ᠪᠣᠯ ᠪᠢᠳᠡᠨ ᠡᠷᠬᠡᠪᠰᠢ ᠡᠭᠦᠷᠭᠡᠯᠡᠵᠦ ᠳᠡᠶᠢᠯᠬᠦ ᠴᠢᠬᠤᠯᠠ ᠶᠡᠭᠡ ᠤᠯᠤᠰ ᠲᠥᠷᠥ ᠬᠠᠷᠢᠭᠤᠴᠠᠯᠭ᠎ᠠ ᠮᠥᠨ᠂ ᠪᠢᠳᠡᠨ ᠡᠷᠬᠡᠪᠰᠢ ᠰᠠᠶᠢᠲᠤᠷ ᠬᠠᠷᠢᠭᠤᠯᠬᠤ ᠠᠩᠬᠠᠨ ᠰᠢᠯᠭᠠᠯᠲᠠ ᠮᠥᠨ︾᠂ ᠬᠤᠷᠠᠯ ᠠᠴᠠ᠂ ᠬᠡᠬᠦᠳᠡᠭ ᠴᠡᠭᠡᠵᠢᠨ ᠳᠡᠭᠡᠨ ᠪᠦᠬᠦ ᠲᠠᠯ᠎ᠠ ᠪᠠᠭᠲᠠᠭᠠᠵᠤ᠂ ᠭᠤᠣᠯᠳᠠᠯᠭ᠎ᠠ ᠠᠳᠬᠤᠵᠤ᠂ ᠪᠦᠬᠦ ᠣᠷᠣᠨ ᠨᠡᠶᠢᠭᠡᠮ ᠠᠮᠤᠷ ᠲᠣᠭᠲᠠᠭᠤᠨ ᠪᠠ ᠴᠢᠨᠠᠷ ᠰᠠᠶᠢᠲᠠᠢ ᠬᠥᠭᠵᠢᠯᠲᠡ ᠴᠢᠷᠮᠠᠶᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃
ᠬᠤᠷᠠᠯ ᠠᠴᠠ᠂ ᠤᠮᠠᠷᠠᠲᠤ ᠬᠢᠯᠢ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠬᠠᠮᠠᠭᠠᠯᠠᠬᠤ ᠲᠠᠯ᠎ᠠ ᠪᠠᠷ ᠬᠤᠪᠢ ᠠᠯᠳᠠᠵᠤ ᠪᠣᠯᠬᠤ ᠦᠭᠡᠢ᠂ ᠤᠯᠤᠰ ᠲᠦᠷᠦ ᠠᠮᠤᠷ ᠲᠦᠪᠰᠢᠨ ᠢ ᠡᠷᠡᠰ ᠬᠠᠮᠠᠭᠠᠯᠠᠵᠤ᠂ ᠤᠯᠤᠰ ᠲᠦᠷᠦ ᠬᠠᠤᠯᠢ ᠴᠠᠭᠠᠵᠠ ᠬᠤᠷᠢᠶ᠎ᠠ ᠵᠣᠬᠢᠶᠠᠨ ᠪᠠᠶᠢᠭᠤᠯᠤᠯᠲᠠ ᠬᠠᠤᠯᠢ ᠶᠣᠰᠣᠭᠠᠷ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠳᠤ ᠢᠳᠡᠪᠬᠢᠲᠡᠢ ᠣᠷᠣᠯᠴᠠᠬᠤ ᠬᠡᠷᠡᠭᠲᠡᠢ᠃ ᠬᠤᠷᠠᠯ ᠠᠴᠠ ᠪᠠᠰᠠ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠬᠠᠤᠯᠢᠵᠢᠭᠤᠯᠬᠤ᠂ ᠵᠢᠷᠤᠮᠵᠢᠭᠤᠯᠬᠤ᠂ ᠲᠤᠰᠬᠠᠶᠢᠵᠢᠭᠤᠯᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠵᠢᠴᠢ ᠠᠮᠢᠨ ᠬᠡᠷᠡᠭ ᠳᠠᠷᠤᠭᠳᠠᠮᠠᠯ ᠬᠡᠷᠡᠭ ᠪᠣᠭᠤᠮᠲᠠ ᠰᠢᠪᠲᠤᠯᠬᠤ ᠲᠤᠰᠬᠠᠢ ᠠᠵᠢᠯᠯᠠᠭ᠎ᠠ ᠨᠠᠶᠢᠳᠠᠪᠤᠷᠢᠵᠢᠭᠤᠯᠬᠤ᠂ ᠴᠠᠬᠢᠯᠭᠠᠨ ᠬᠤᠯᠪᠣᠭ᠎ᠠ ᠰᠦᠯᠵᠢᠶᠡᠨ ᠮᠡᠬᠡᠯᠡᠯ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ᠂ ᠣᠷᠴᠢᠨ ᠲᠣᠭᠤᠷᠢᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ᠂ ᠫᠤᠤ ᠵᠡᠪᠰᠡᠭ ᠳᠡᠯᠪᠡᠷᠡᠬᠦ ᠪᠣᠳᠠᠰ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ᠂ ᠬᠥᠳᠡᠭᠡ ᠲᠣᠰᠬᠤᠨ ᠵᠣᠭᠤᠰ ᠨᠠᠭᠠᠳᠬᠤ᠂ ᠬᠤᠯᠠᠭᠠᠶᠢᠯᠠᠭᠰᠠᠨ ᠬᠡᠷᠡᠭ ᠵᠢᠴᠢ ᠳᠠᠷᠤᠭᠳᠠᠮᠠᠯ ᠬᠡᠷᠡᠭ ᠪᠣᠭᠤᠮᠲᠠ ᠰᠢᠪᠲᠤᠯᠬᠤ ᠵᠡᠷᠭᠡ ᠲᠤᠰᠬᠠᠢ ᠠᠵᠢᠯᠯᠠᠭ᠎ᠠ ᠵᠢᠴᠢ ︽ᠵᠥᠷᠢᠴᠡᠯ ᠠᠶᠤᠯ ᠲᠦᠭᠰᠢᠭᠦᠷᠢ ᠠᠷᠢᠯᠭᠠᠬᠤ᠂ ᠨᠡᠶᠢᠭᠡᠮ ᠲᠣᠭᠲᠠᠭᠤᠨ ᠢ ᠬᠠᠮᠠᠭᠠᠯᠠᠬᠤ︾ ᠲᠤᠰᠬᠠᠢ ᠵᠠᠰᠠᠯᠲᠠ ᠵᠡᠷᠭᠡ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃
ᠬᠤᠷᠠᠯ ᠠᠴᠠ᠂ ︽ᠵᠢᠷᠭᠤᠭᠠᠨ ᠢᠨᠵᠧᠨᠧᠷᠢᠩ︾ ᠳᠤ ᠦᠢᠯᠡᠴᠢᠯᠡᠵᠦ ᠪᠠᠲᠤᠯᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ︽ᠵᠢᠷᠭᠤᠭᠠᠨ ᠠᠵᠢᠯᠯᠠᠭ᠎ᠠ︾ ᠪᠠᠲᠤᠯᠠᠬᠤ ᠲᠠᠯ᠎ᠠ ᠪᠠᠷ ᠬᠦᠴᠦ ᠨᠡᠮᠡᠬᠦ ᠬᠡᠷᠡᠭᠲᠡᠢ᠃ ᠦᠨᠡᠨᠴᠢ ᠢᠲᠡᠭᠡᠮᠵᠢ ᠪᠠᠶᠢᠭᠤᠯᠤᠯᠲᠠ ᠢᠨᠵᠧᠨᠧᠷᠢᠩ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠵᠠᠰᠠᠬᠤ ᠢᠨᠵᠧᠨᠧᠷᠢᠩ᠂ ᠰᠢᠨᠵᠢᠯᠡᠬᠦ ᠤᠬᠠᠭᠠᠨ ᠮᠡᠷᠭᠡᠵᠢᠯ ︽ᠪᠦᠰᠡᠯᠡᠯᠲᠡ ᠰᠢᠪᠲᠤᠯᠬᠤ︾ ᠢᠨᠵᠧᠨᠧᠷᠢᠩ ᠵᠢᠴᠢ ᠲᠦᠷᠦ ᠪᠤᠳᠤᠯᠭ᠎ᠠ ᠨᠠᠶᠢᠳᠠᠪᠤᠷᠢᠵᠢᠭᠤᠯᠬᠤ ᠢᠨᠵᠧᠨᠧᠷᠢᠩ᠂ ᠬᠠᠯᠠᠭᠤᠨ ᠳᠤᠯᠠᠭᠠᠨ ᠢᠨᠵᠧᠨᠧᠷᠢᠩ ᠪᠣᠯᠤᠨ ᠴᠢᠯᠥᠭᠡᠲᠦ ᠠᠷᠠᠯᠵᠢᠶᠠᠨ ᠲᠣᠭᠤᠷᠢᠭ ᠢ ᠡᠭᠦᠳᠦᠨ ᠪᠠᠶᠢᠭᠤᠯᠬᠤ ᠢᠨᠵᠧᠨᠧᠷᠢᠩ ᠳᠤ ᠠᠩᠬᠠᠷᠤᠯ ᠲᠥᠪᠯᠡᠷᠡᠭᠦᠯᠵᠦ᠂ ᠪᠠᠶᠢᠴᠠᠭᠠᠬᠤ ᠡᠭᠦᠷᠭᠡ ᠴᠢᠳᠠᠪᠤᠷᠢ ᠲᠠᠢ ᠤᠶᠠᠯᠳᠤᠭᠤᠯᠤᠨ ᠢᠳᠡᠪᠬᠢᠲᠡᠢ ᠣᠷᠣᠯᠴᠠᠵᠤ᠂ ᠬᠠᠪᠰᠤᠷᠤᠨ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ᠂ ᠠᠵᠢᠯ ᠣᠯᠭᠤᠯᠲᠠ ᠠᠬᠢᠭᠤᠯᠬᠤ ᠠᠵᠢᠯᠯᠠᠭ᠎ᠠ᠂ ᠤᠰᠤ ᠠᠷᠪᠢᠯᠠᠬᠤ ᠠᠵᠢᠯᠯᠠᠭ᠎ᠠ᠂ ᠣᠷᠣᠨ ᠪᠦᠰᠡ ᠬᠠᠮᠲᠤᠷᠠᠯᠴᠠᠭ᠎ᠠ ᠭᠦᠨᠵᠡᠭᠡᠶᠢᠷᠡᠭᠦᠯᠬᠦ ᠠᠵᠢᠯᠯᠠᠭ᠎ᠠ᠂ ᠤᠮᠠᠷᠠᠲᠤ ᠬᠢᠯᠢ ᠰᠣᠶᠣᠯ ᠪᠠᠶᠢᠭᠤᠯᠤᠯᠲᠠ ᠳᠡᠭᠡᠭᠰᠢᠯᠡᠭᠦᠯᠬᠦ ᠠᠵᠢᠯᠯᠠᠭ᠎ᠠ᠂ ᠲᠥᠷᠥᠯ ᠵᠦᠢᠯ ᠲᠥᠯᠥᠪᠵᠢᠭᠦᠯᠭᠡ ᠠᠵᠢᠯᠯᠠᠭ᠎ᠠ ᠵᠡᠷᠭᠡ ᠪᠠᠷ ᠭᠠᠷᠳᠠᠴᠠ ᠪᠣᠯᠭᠠᠵᠤ᠂ ︽ᠲᠠᠪᠤᠨ ᠶᠡᠭᠡ ᠡᠭᠦᠷᠭᠡ︾ ᠰᠠᠶᠢᠲᠤᠷ ᠪᠡᠶᠡᠯᠡᠭᠦᠯᠦᠨ᠎ᠡ᠃
《 ᠬᠠᠤᠯᠢ ᠴᠠᠭᠠᠵᠠ ᠬᠢᠨᠠᠯᠲᠠ ᠪᠣᠯ ᠪᠠᠶᠢᠴᠠᠭᠠᠬᠤ ᠦᠨ᠎ᠡ ᠥᠷᠲᠡᠭ ᠬᠠᠮᠤᠭ ᠲᠥᠪᠯᠡᠷᠡᠩᠭᠦᠢ ᠢᠯᠡᠷᠡᠯ ᠮᠥᠨ ᠂ ᠪᠠᠶᠢᠴᠠᠭᠠᠬᠤ ᠠᠵᠢᠯ ᠠᠮᠵᠢᠯᠲᠠ ᠪᠦᠲᠦᠮᠵᠢ ᠬᠠᠮᠤᠭ ᠦᠨᠳᠦᠰᠦᠨ ᠪᠠᠷᠢᠮᠵᠢᠶ᠎ᠠ ᠮᠥᠨ ᠂ ᠪᠠᠶᠢᠴᠠᠭᠠᠬᠤ ᠪᠠᠶᠢᠭᠤᠯᠭ᠎ᠠ ᠣᠷᠣᠰᠢᠨ ᠲᠣᠭᠲᠠᠨᠢᠬᠤ ᠦᠨᠳᠦᠰᠦ ᠮᠥᠨ ᠂ ᠵᠥᠪᠬᠡᠨ ᠴᠢᠩᠭᠠᠳᠬᠠᠬᠤ ᠠᠴᠠ ᠪᠢᠰᠢ ᠰᠤᠯᠠᠷᠠᠭᠤᠯᠵᠤ ᠪᠣᠯᠬᠤ ᠦᠭᠡᠢ︾ ᠭᠡᠵᠡᠢ᠃ ᠬᠤᠷᠠᠯ ᠠᠴᠠ᠂ ᠡᠭᠦᠷᠭᠡ ᠲᠤᠰᠢᠶᠠᠯ ᠬᠢᠴᠢᠶᠡᠩᠭᠦ᠋ᠢᠯᠡᠨ ᠭᠦᠢᠴᠡᠳᠬᠡᠵᠦ᠂ ᠭᠤᠣᠯ ᠠᠵᠢᠯ ᠬᠦᠴᠦᠷᠬᠡᠭᠵᠢᠭᠦᠯᠵᠦ᠂ ᠬᠠᠤᠯᠢ ᠴᠠᠭᠠᠵᠠ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠡᠷᠡᠭᠦᠦ ᠬᠡᠷᠡᠭ ᠪᠠᠶᠢᠴᠠᠭᠠᠯᠲᠠ ᠳᠤ ᠭᠤᠣᠯᠳᠠᠯᠭ᠎ᠠ ᠲᠤᠪᠤᠶᠢᠯᠭᠠᠨ ᠲᠠᠬᠢᠨ ᠬᠦᠴᠦᠯᠡᠵᠦ᠂ ᠪᠠᠶᠢᠳᠠᠯ ᠢ ᠲᠣᠭᠲᠠᠪᠤᠷᠢᠵᠢᠭᠤᠯᠤᠨ᠂ ᠲᠦᠢᠯ ᠠᠴᠠ ᠰᠡᠷᠭᠡᠶᠢᠯᠡᠵᠦ᠂ ︽ ᠰᠠᠶᠢᠨ ᠲᠤᠬᠢᠶᠠᠯ︾ ᠢ ᠰᠠᠶᠢᠲᠤᠷ ᠠᠰᠢᠭᠯᠠᠵᠤ᠂ ᠪᠦᠬᠦ ᠶᠠᠪᠤᠴᠠ ᠳᠤ ᠬᠢᠨᠠᠯᠲᠠ ᠲᠠᠯᠪᠢᠬᠤ ᠬᠡᠷᠡᠭᠲᠡᠢ︔ ᠢᠷᠭᠡᠨ ᠬᠡᠷᠡᠭ ᠪᠠᠶᠢᠴᠠᠭᠠᠬᠤ ᠠᠵᠢᠯ ᠨᠢ ᠬᠡᠪᠴᠢᠶ᠎ᠡ ᠴᠢᠨᠠᠷ ᠴᠢᠨᠰᠠᠭ᠎ᠠ ᠦᠷ᠎ᠡ ᠪᠦᠲᠦᠮᠵᠢ ᠪᠠᠲᠤᠯᠠᠬᠤ ᠬᠡᠷᠡᠭᠲᠡᠶ︔ ᠵᠠᠰᠠᠭ ᠵᠠᠬᠢᠷᠭᠠᠨ ᠪᠠᠶᠢᠴᠠᠭᠠᠬᠤ ᠠᠵᠢᠯ ᠨᠢ ᠪᠠᠶᠢᠳᠠᠯ ᠪᠠᠬᠢᠵᠢᠭᠦᠯᠵᠦ ᠵᠠᠮ ᠨᠡᠭᠡᠭᠡᠬᠦ ᠪᠠᠷ ᠴᠢᠷᠮᠠᠶᠢᠬᠤ ᠬᠡᠷᠡᠭᠲᠡᠢ︔ ᠨᠡᠶᠢᠲᠡ ᠠᠰᠢᠭᠲᠤ ᠵᠠᠷᠭᠤ ᠪᠠᠶᠢᠴᠠᠭᠠᠬᠤ ᠠᠵᠢᠯ ᠨᠢ ᠶᠠᠰᠤ ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠦᠨ ᠨᠥᠯᠥᠭᠡ ᠥᠷᠭᠡᠳᠬᠡᠬᠦ ᠬᠡᠷᠡᠭᠲᠡᠶ︔ ᠪᠠᠶᠢᠴᠠᠭᠠᠬᠤ ᠵᠢᠨ ᠲᠤᠷᠰᠢᠨ ᠪᠠᠶᠢᠴᠠᠭᠠᠬᠤ ᠠᠵᠢᠯ ᠨᠢ ᠶᠠᠰᠤ ᠴᠢᠨᠠᠷ ᠲᠣᠭᠲᠠᠭᠤᠨ ᠬᠡᠪᠴᠢᠶ᠎ᠡ ᠪᠠᠲᠤᠯᠠᠬᠤ ᠬᠡᠷᠡᠭᠲᠡᠶ᠃
︽1+1︾>2︾ ᠰᠢᠯᠢᠳᠡᠭ ᠬᠠᠮᠢᠶᠠᠷᠤᠯᠲᠠ ᠪᠠᠷ ᠰᠢᠯᠭᠠᠷᠠᠭᠰᠠᠨ ᠡᠩᠨᠡᠭᠡ ᠳᠠᠭᠠᠭᠤᠯᠵᠤ ᠭᠠᠷᠭᠠᠨ᠎ᠠ
︽ᠬᠡᠷᠡᠭ ᠨᠢᠭᠡᠪᠦᠷᠢ ᠴᠢᠨᠠᠷ ᠰᠠᠶᠢᠲᠠᠢ ᠦᠷ᠎ᠡ ᠪᠦᠲᠦᠮᠵᠢ ᠲᠠᠢ ᠪᠠᠷ ᠰᠠᠶᠢᠲᠤᠷ ᠰᠢᠢᠳᠪᠦᠷᠢᠯᠡᠬᠦ ᠳᠦ ᠥᠷᠭᠡᠨ ᠬᠡᠪᠴᠢᠶ᠎ᠠ ᠪᠠ ᠨᠠᠷᠢᠯᠢᠭ ᠳᠤ ᠪᠦᠷ ᠠᠩᠬᠠᠷᠤᠯ ᠲᠦᠪᠯᠡᠷᠡᠭᠦᠯᠬᠦ ᠬᠡᠷᠡᠭᠲᠡᠢ︾᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠬᠡᠷᠡᠭ ᠨᠢᠭᠡᠪᠦᠷᠢ ᠴᠢᠨᠠᠷ ᠰᠠᠶᠢᠲᠠᠢ ᠦᠷ᠎ᠡ ᠪᠦᠲᠦᠮᠵᠢᠲᠡᠢ ᠪᠠᠷ ᠰᠠᠶᠢᠲᠤᠷ ᠰᠢᠢᠳᠪᠦᠷᠢᠯᠡᠬᠦ ᠨᠢ ᠭᠠᠭᠴᠠ ᠬᠦ ᠣᠨᠴᠠᠭᠠᠢ ᠬᠡᠷᠡᠭ ᠢ ᠰᠢᠢᠳᠪᠦᠷᠢᠯᠡᠬᠦ ᠠᠰᠠᠭᠤᠳᠠᠯ᠂ ᠡᠰᠡᠬᠦᠯ᠎ᠡ ᠬᠡᠷᠡᠭ ᠢ ᠶᠡᠷᠦᠩᠬᠡᠢ ᠬᠠᠮᠢᠶᠠᠷᠤᠯᠲᠠ ᠨᠢᠭᠡᠳᠦᠯᠲᠡᠢ ᠲᠥᠯᠥᠪᠵᠢᠭᠦᠯᠬᠦ ᠴᠢᠳᠠᠪᠤᠷᠢ ᠠᠰᠠᠭᠤᠳᠠᠯ ᠪᠢᠰᠢ ᠶᠤᠮ︔ ᠬᠡᠷᠡᠭ ᠳᠤᠮᠳᠠᠬᠢ ᠬᠠᠤᠯᠢ ᠴᠠᠭᠠᠵᠠ ᠬᠠᠷᠢᠴᠠᠭ᠎ᠠ ᠰᠢᠢᠳᠪᠦᠷᠢᠯᠡᠬᠦ ᠠᠰᠠᠭᠤᠳᠠᠯ ᠪᠠᠶᠢᠬᠤ ᠪᠠᠷ ᠪᠠᠷᠠᠬᠤ ᠦᠭᠡᠢ᠂ ᠬᠡᠷᠡᠭ ᠭᠠᠳᠠᠨᠠᠬᠢ ᠬᠦᠴᠦᠨ ᠵᠦᠢᠯ᠂ ᠨᠡᠶᠢᠭᠡᠮ ᠨᠥᠯᠥᠭᠡ ᠵᠡᠷᠭᠡ ᠮᠠᠰᠢ ᠤᠯᠠᠨ ᠡᠯᠧᠮᠧᠨ᠋ᠲ ᠪᠣᠳᠣᠯᠬᠢᠯᠠᠯ ᠨᠢ ᠶᠡᠭᠡ ᠲᠠᠯ᠎ᠠ ᠠᠴᠠ ᠪᠣᠳᠣᠯᠬᠢᠯᠠᠵᠤ᠂ ᠪᠠᠭ᠎ᠠ ᠲᠠᠯ᠎ᠠ ᠠᠴᠠ ᠭᠠᠷᠳᠠᠵᠤ᠂ ᠪᠠᠶᠢᠴᠠᠭᠠᠬᠤ ᠬᠠᠮᠢᠶᠠᠷᠤᠯᠲᠠ ᠬᠢᠷᠢ ᠲᠦᠪᠰᠢᠨ ᠢ ᠳᠡᠭᠡᠭᠰᠢᠯᠡᠭᠦᠯᠵᠦ᠂ ︽1+1>2︾ ᠦᠷ᠎ᠡ ᠪᠦᠲᠦᠮᠵᠢ ᠲᠡᠮᠡᠴᠡᠨ ᠣᠯᠬᠤ ᠬᠡᠷᠡᠭᠲᠡᠢ᠃
ᠬᠤᠷᠠᠯ ᠠᠴᠠ᠂ ︽ᠭᠤᠷᠪᠠᠨ ᠬᠠᠮᠢᠶᠠᠷᠤᠯᠲᠠ︾ ᠰᠠᠶᠢᠲᠤᠷ ᠬᠡᠷᠡᠭᠯᠡᠵᠦ᠂ ᠣᠨᠴᠠᠭᠠᠢ ᠬᠡᠷᠡᠭ ᠬᠠᠮᠢᠶᠠᠷᠤᠯᠲᠠ ᠪᠠᠷ ︽ᠴᠡᠭ︾ ᠪᠣᠯᠭᠠᠵᠤ᠂ ᠰᠢᠰᠲ᠋ᠧᠮ ᠬᠠᠮᠢᠶᠠᠷᠤᠯᠲᠠ ᠪᠠᠷ ︽ᠱᠤᠭᠤᠮ︾ ᠪᠣᠯᠭᠠᠵᠤ᠂ ᠬᠤᠷᠸ᠎ᠠ ᠬᠠᠮᠢᠶᠠᠷᠤᠯᠲᠠ ᠪᠠᠷ ︽ᠭᠠᠳᠠᠷ︾ ᠪᠣᠯᠭᠠᠨ᠎ᠠ᠃ ︽ᠭᠤᠷᠪᠠᠨ ᠴᠢᠳᠠᠮᠠᠭᠠᠢ︾ ᠨᠠᠶᠢᠳᠠᠪᠤᠷᠢᠵᠢᠭᠤᠯᠵᠤ᠂ ᠣᠨᠳᠣᠣ ᠭᠠᠵᠠᠷ ᠲᠤ ᠬᠡᠷᠡᠭ ᠰᠢᠢᠳᠪᠦᠷᠢᠯᠡᠬᠦ᠂ ᠶᠠᠷᠢᠶ᠎ᠠ ᠬᠡᠯᠡᠯᠴᠡᠭᠡᠨ ᠰᠤᠷᠲᠠᠯᠴᠢᠯᠠᠭ᠎ᠠ ᠬᠡᠷᠡᠭ ᠢ ᠲᠣᠬᠢᠲᠠᠢ ᠰᠢᠢᠳᠪᠦᠷᠢᠯᠡᠨ᠎ᠡ᠃ ᠭᠤᠷᠪᠠᠨ ᠱᠠᠲᠤᠨ ᠬᠦᠷᠢᠶᠡᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ ᠪᠠᠶᠢᠴᠠᠭᠠᠬᠤ ᠬᠤᠷᠢᠶᠠᠨ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠶᠯᠡᠳᠦᠯ ᠢ ᠰᠠᠶᠢᠲᠤᠷ ᠪᠠᠳᠠᠷᠠᠭᠤᠯᠵᠤ᠂ ᠤᠯᠤᠰ ᠲᠥᠷᠥ ᠲᠠᠯ᠎ᠠ ᠪᠠᠷ ᠪᠠᠲᠤ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ ᠪᠠᠲᠤ ᠴᠢᠩᠭ᠎ᠠ ᠪᠠᠶᠢᠬᠤ ᠬᠡᠷᠡᠭᠲᠡᠶ︔ ᠠᠶᠢᠮᠠᠭ ᠬᠤᠲᠠ ᠬᠣᠷᠢᠶ᠎ᠠ ᠤᠷᠢᠳᠤᠬᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠦᠶᠯᠡᠳᠦᠯ ᠢ ᠰᠠᠶᠢᠲᠤᠷ ᠪᠠᠳᠠᠷᠠᠭᠤᠯᠵᠤ᠂ ᠴᠢᠮᠡᠭᠡ ᠬᠣᠯᠪᠤᠭ᠎ᠠ ᠰᠠᠶᠢᠲᠤᠷ ᠬᠤᠯᠪᠣᠵᠤ᠂ ᠰᠠᠭᠤᠷᠢ ᠰᠠᠶᠢᠲᠤᠷ ᠳᠡᠪᠢᠰᠴᠦ᠂ ᠭᠠᠵᠠᠷ ᠣᠷᠣᠨ ᠪᠠᠶᠢᠳᠠᠯ ᠳᠤᠨᠢ ᠲᠣᠬᠢᠷᠠᠭᠤᠯᠬᠤ ᠬᠡᠷᠡᠭᠲᠡᠶ︔ ᠬᠤᠰᠢᠭᠤ ᠰᠢᠶᠠᠨ ᠬᠣᠷᠢᠶ᠎ᠠ ᠦᠨᠳᠦᠰᠦᠨ ᠱᠠᠲᠤᠨ ᠰᠠᠭᠤᠷᠢ ᠪᠣᠯᠬᠤ ᠲᠤᠯᠭᠠᠭᠤᠷᠢᠯᠠᠬᠤ ᠦᠶᠯᠡᠳᠦᠯ ᠢ ᠰᠠᠶᠢᠲᠤᠷ ᠪᠠᠳᠠᠷᠠᠭᠤᠯᠵᠤ᠂ ᠡᠯ᠎ᠡ ᠵᠦᠶᠯ ᠡᠬᠢ ᠪᠠᠶᠠᠯᠢᠭ ᠢ ᠦᠨᠳᠦᠰᠦᠨ ᠱᠠᠲᠤ ᠳᠠᠰᠢ ᠬᠡᠯᠪᠡᠶᠢᠯᠭᠡᠬᠦ ᠬᠡᠷᠡᠭᠲᠡᠶ᠃
︽ᠡᠩᠨᠡᠭᠡ ᠪᠣᠯ ᠰᠠᠭᠤᠷᠢ ᠮᠥᠨ᠂ ᠪᠠᠰᠠ ᠴᠤ ᠪᠠᠲᠤᠯᠠᠭ᠎ᠠ ᠮᠥᠨ᠂ ᠪᠠᠶᠢᠴᠠᠭᠠᠬᠤ ᠡᠩᠨᠡᠭᠡ ᠰᠠᠶᠢᠲᠤᠷ ᠪᠠᠶᠢᠭᠤᠯᠤᠨ ᠬᠦᠴᠦᠷᠬᠡᠭᠵᠢᠭᠦᠯᠬᠦ ᠪᠣᠯ ᠴᠠᠭ ᠦᠶ᠎ᠡ ᠤᠷᠢᠶᠠᠯᠠᠵᠤ ᠪᠠᠶᠢᠭ᠎ᠠ ᠶᠠᠪᠤᠳᠠᠯ ᠮᠥᠨ᠂ ᠪᠠᠰᠠ ᠴᠤ ᠴᠠᠭ ᠪᠠᠶᠢᠳᠠᠯ ᠢᠯᠡᠷᠢ ᠪᠤᠯᠵᠤ᠂ ᠠᠵᠢᠯ ᠦᠢᠯᠡᠰ ᠬᠡᠷᠡᠭᠴᠡᠭᠡ ᠮᠥᠨ︾ ᠭᠡᠵᠦ ᠬᠡᠯᠡᠪᠡ᠃ ᠬᠤᠷᠠᠯ ᠠᠴᠠ᠂ ᠰᠦᠭ ᠰᠦᠨᠡᠰᠦ ᠱᠤᠭᠤᠵᠤ ᠪᠡᠶ᠎ᠡ ᠮᠠᠬᠠᠪᠣᠳ ᠴᠢᠭᠢᠷᠠᠭᠵᠢᠭᠤᠯᠵᠤ᠂ ᠤᠳᠠᠭᠠᠨ ᠳᠠᠭᠠᠭᠠᠮᠠᠭᠠᠢ ᠠᠵᠢᠯᠯᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠤᠮᠠᠷᠠᠲᠤ ᠬᠢᠯᠢ ᠪᠠᠶᠢᠴᠠᠭᠠᠬᠤ ᠲᠡᠮᠦᠷ ᠴᠡᠷᠢᠭ ᠢ ᠦᠷᠭᠦᠯᠵᠢᠯᠡᠨ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠤᠯᠤᠰ ᠲᠦᠷᠦ ᠪᠠᠶᠢᠭᠤᠯᠤᠯᠲᠠ ︽ᠲᠡᠷᠢᠭᠦᠨ ᠴᠢᠬᠤᠯᠠ ᠡᠭᠦᠷᠭᠡ︾ ᠪᠣᠳᠠᠲᠠᠢ ᠠᠳᠬᠤᠵᠤ᠂ ᠪᠠᠶᠢᠴᠠᠭᠠᠬᠤ ᠴᠢᠳᠠᠪᠤᠷᠢᠲᠠᠨ ︽ᠨᠢᠭᠡᠳᠦᠭᠡᠷ ᠡᠬᠢ ᠪᠠᠶᠠᠯᠢᠭ︾ ᠢ ᠪᠣᠳᠠᠲᠠᠢ ᠠᠳᠬᠤᠵᠤ᠂ ᠴᠢᠳᠠᠪᠤᠷᠢ ᠬᠥᠮᠦᠵᠢᠭᠦᠯᠬᠦ ︽ᠰᠠᠭᠤᠷᠢ ᠢᠨᠵᠧᠨᠧᠷᠢᠩ︾ ᠢ ᠪᠣᠳᠠᠲᠠᠢ ᠠᠳᠬᠤᠵᠤ᠂ ᠴᠢᠩᠭ᠎ᠠ ᠬᠠᠮᠢᠶᠠᠷᠴᠤ ᠭᠦᠨ ᠬᠠᠶᠢᠷᠠᠯᠠᠬᠤ ᠪᠣᠳᠠᠲᠠᠢ ᠠᠳᠬᠤᠬᠤ ᠬᠡᠷᠡᠭᠲᠡᠢ ᠭᠡᠵᠡᠢ᠃
ᠰᠢᠨ᠎ᠡ ᠨᠢᠭᠡᠨ ᠣᠨ ᠳᠤ ᠪᠠᠨ᠂ ᠪᠦᠬᠦ ᠣᠷᠣᠨ ᠪᠠᠶᠢᠴᠠᠭᠠᠬᠤ ᠪᠠᠶᠢᠭᠤᠯᠭ᠎ᠠ᠂ ᠪᠦᠬᠦ ᠪᠠᠶᠢᠴᠠᠭᠠᠬᠤ ᠠᠵᠢᠯᠲᠠᠳ ᠮᠣᠩᠭᠤᠯ ᠮᠣᠷᠢᠨ ᠵᠣᠷᠢᠭ ᠰᠠᠨᠠᠭ᠎ᠠ ᠶᠡᠭᠡ ᠪᠠᠷ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠵᠣᠷᠢᠭᠲᠠᠢ ᠪᠠᠷ ᠴᠢᠳᠠᠮᠠᠭᠠᠢ ᠪᠠᠷ ᠠᠵᠢᠯᠯᠠᠵᠤ᠂ ︽ᠭᠤᠷᠪᠠᠨ ᠵᠢᠯ ᠨᠢᠭᠡ ᠶᠡᠭᠡ ᠬᠤᠪᠢᠷᠠᠯᠲᠠ︾ ᠠᠵᠢᠯ ᠬᠠᠷᠠᠯᠲᠠ ᠭᠠᠷᠮᠠᠭᠠᠢ ᠪᠡᠶᠡᠯᠡᠭᠦᠯᠬᠦ ᠨᠢ ᠭᠠᠷᠴᠠᠭ᠎ᠠ ᠦᠭᠡᠢ᠃