ᠮᠡᠬᠡᠯᠡᠯ ᠮᠡᠬᠡ ᠰᠡᠷᠭᠡᠶᠢᠯᠡᠵᠦ ᠡᠶ᠎ᠡ ᠵᠣᠬᠢᠴᠢᠩᠭᠤᠢ ᠴᠡᠷᠢᠭ ᠬᠦᠷᠢᠶ᠎ᠡ ᠰᠠᠬᠢᠨ ᠬᠠᠮᠠᠭᠠᠯᠠᠰᠤᠭᠤᠢ︱ ᠰᠠᠶᠢᠬᠠᠨ ᠲᠤᠭᠤᠷᠢᠭ ᠠᠷᠠᠳ ᠪᠠᠶᠢᠴᠠᠭᠠᠬᠤ ᠬᠤᠷᠢᠶ᠎ᠠ ᠮᠡᠬᠡᠯᠡᠯ ᠢ ᠡᠰᠡᠷᠭᠦᠴᠡᠬᠦ ᠭᠣᠣᠯ ᠰᠡᠳᠦᠪᠲᠦ ᠤᠬᠠᠭᠤᠯᠤᠨ ᠲᠠᠶᠢᠯᠪᠦᠷᠢᠯᠠᠯᠲᠠ ᠦᠷᠨᠢᠭᠦᠯᠵᠡᠢ
2025-04-11 15:17:59
ᠴᠡᠷᠢᠭ ᠠᠩᠭᠢ ᠪᠠ ᠣᠷᠣᠨ ᠨᠤᠲᠤᠭ ᠬᠠᠮᠵᠢᠯᠴᠠᠭ᠎ᠠ ᠭᠦᠨᠵᠡᠭᠡᠶᠢᠷᠡᠭᠦᠯᠵᠦ᠂ ᠪᠠᠶᠢᠴᠠᠭᠠᠬᠤ ᠠᠵᠢᠯ ᠡᠭᠦᠷᠭᠡ ᠲᠤᠰᠢᠶᠠᠯ ᠭᠦᠢᠴᠡᠳᠬᠡᠬᠦ ᠪᠡᠷ ᠤᠯᠤᠰ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠣᠳᠣᠬᠢᠴᠢᠯᠠᠯᠲᠠ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠴᠡᠷᠢᠭ ᠬᠥᠮᠦᠨ᠂ ᠴᠡᠷᠢᠭ ᠭᠡᠷ ᠪᠦᠯᠢ ᠬᠢᠨ ᠬᠠᠤᠯᠢ ᠶᠣᠰᠣᠨ ᠡᠷᠬᠡ ᠠᠰᠢᠭ ᠢ ᠦᠨᠡᠨᠬᠦ ᠬᠠᠮᠠᠭᠠᠯᠠᠬᠤ ᠲᠥᠯᠥᠭᠡ᠂ 3 ᠰᠠᠷ᠎ᠠ 25 ᠡᠳᠦᠷ ᠰᠠᠶᠢᠬᠠᠨ ᠲᠣᠭᠣᠷᠢᠭ ᠠᠷᠠᠳ ᠪᠠᠶᠢᠴᠠᠭᠠᠬᠤ ᠬᠣᠷᠢᠶᠠᠨ ᠠᠵᠢᠯᠲᠠᠳ ᠰᠠᠶᠢᠬᠠᠨ ᠲᠣᠭᠣᠷᠢᠭ ᠲᠤ ᠰᠠᠭᠤᠭ᠎ᠠ ᠨᠢᠭᠡᠨ ᠴᠡᠷᠢᠭ ᠠᠩᠭᠢ ᠳᠤ ᠬᠦᠷᠴᠦ᠂ ︽ᠴᠡᠷᠢᠭ ᠬᠥᠮᠦᠨ ᠵᠠᠯᠢ ᠮᠡᠬᠡ ᠡᠰᠡᠷᠭᠦᠴᠡᠬᠦ ᠳᠦ ᠵᠠᠪᠠᠯ ᠰᠤᠷᠬᠤ ᠬᠢᠴᠢᠶᠡᠯ᠄ ᠬᠤᠪᠢ ᠬᠥᠮᠦᠨ ᠮᠡᠳᠡᠭᠡ ᠵᠠᠩᠭᠢ ᠬᠠᠮᠠᠭᠠᠯᠠᠬᠤ ᠪᠣᠯ ᠳᠠᠷᠤᠢ ᠤᠯᠤᠰ ᠠᠮᠤᠷ ᠲᠦᠪᠰᠢᠨ ᠢ ᠬᠠᠮᠠᠭᠠᠯᠠᠬᠤ ᠶᠠᠪᠤᠳᠠᠯ ᠮᠥᠨ︾ᠭᠡᠬᠦ ᠭᠣᠣᠯ ᠰᠡᠳᠦᠪᠲᠦ ᠵᠠᠯᠢ ᠮᠡᠬᠡ ᠡᠰᠡᠷᠭᠦᠴᠡᠬᠦ ᠤᠬᠠᠭᠤᠯᠭ᠎ᠠ ᠬᠥᠮᠦᠵᠢᠯ ᠬᠢᠴᠢᠶᠡᠯ ᠥᠷᠨᠢᠭᠦᠯᠪᠡ᠃
ᠪᠠᠶᠢᠴᠠᠭᠠᠬᠤ ᠠᠵᠢᠯᠳᠠᠨ ᠵᠢᠭᠡᠯᠡᠯᠭᠡ ᠲᠦᠷᠦᠯ᠂ ᠬᠠᠶᠢᠷ᠎ᠠ ᠰᠡᠳᠬᠢᠯᠭᠡ ᠪᠡᠯᠡ ᠣᠷᠣᠭᠤᠯᠤᠯᠲᠠ ᠲᠦᠷᠦᠯ᠂ ᠲᠤᠰᠢᠶᠠᠯ ᠬᠠᠪᠰᠤᠷᠭᠠᠵᠤ ᠲᠠᠩᠰᠠ ᠲᠦᠷᠦᠯ ᠢ ᠬᠡᠷᠡᠭᠯᠡᠬᠦ᠂ ᠬᠠᠤᠯᠢ ᠪᠠᠷᠢᠬᠤ ᠪᠠᠶᠢᠭᠤᠯᠭ᠎ᠠ ᠲᠦᠷᠦᠯ ᠣᠪᠯᠠᠬᠤ᠂ ᠵᠣᠴᠢᠨ ᠦᠢᠯᠡᠴᠢᠯᠡᠭᠡᠨ ᠲᠦᠷᠦᠯ ᠣᠪᠯᠠᠬᠤ ᠵᠡᠷᠭᠡ ᠦᠷᠭᠦᠯᠵᠢ ᠲᠣᠬᠢᠶᠠᠯᠳᠤᠳᠠᠭ ᠲᠠᠪᠤᠨ ᠵᠦᠢᠯ ᠮᠡᠬᠡᠯᠡᠯ ᠲᠦᠷᠦᠯ ᠡᠴᠡ ᠭᠠᠷᠳᠠᠵᠤ᠂ ᠮᠡᠬᠡᠯᠡᠯ ᠡᠲᠡᠭᠡᠳ ᠬᠡᠷᠬᠢᠨ ᠨᠠᠷᠢᠨ ᠨᠢᠮᠪᠠᠢ ᠪᠠᠶᠢᠷᠢᠰᠢᠭᠤᠯᠵᠤ ᠬᠥᠮᠦᠨ ᠳᠤᠷ᠎ᠠ ᠲᠠᠲᠠᠬᠤ᠂ ᠬᠡᠷᠬᠢᠨ ᠡᠯᠳᠡᠪ ᠨᠡᠷ᠎ᠡ ᠪᠡᠷ ᠵᠣᠭᠣᠰ ᠮᠥᠩᠭᠥ ᠮᠡᠬᠡᠯᠡᠨ ᠠᠪᠬᠤ ᠭᠦᠨᠵᠡᠭᠡᠢ ᠵᠠᠳᠠᠯᠵᠤ᠂ ᠳᠠᠷᠤᠭ᠎ᠠ ᠪᠠᠶᠢᠯᠳᠤᠭᠴᠢᠳ ᠮᠡᠬᠡᠯᠡᠯ ᠲᠦᠷᠦᠯ ᠶᠠᠯᠠᠲᠤ ᠠᠵᠢᠯᠯᠠᠭ᠎ᠠ ᠦᠨᠡᠨ ᠳᠦᠷᠢ ᠢᠯᠡᠷᠡᠭᠦᠯᠪᠡ᠃ ᠴᠡᠷᠢᠭ ᠠᠨᠭᠬᠢ ᠪᠣᠳᠠᠲᠤ ᠪᠠᠶᠢᠳᠠᠯ ᠲᠠᠶ ᠤᠶᠠᠯᠳᠤᠭᠤᠯᠤᠨ᠂ ᠪᠠᠶᠢᠴᠠᠭᠠᠬᠤ ᠠᠵᠢᠯᠳᠠᠨ ᠬᠠᠷᠠᠭᠠᠨ ᠳᠠᠪᠲᠠᠮᠵᠢ ᠪᠠᠷ ᠣᠷᠣᠭᠤᠯᠬᠤ᠂ ᠬᠡᠷᠡᠭ ᠵᠢᠱᠢᠶ᠎ᠡ ᠪᠡᠷ ᠬᠠᠤᠯᠢ ᠲᠠᠶᠢᠯᠪᠤᠷᠢᠯᠠᠬᠤ᠂ ᠤᠷᠠᠨ ᠳᠡᠮᠲᠡᠶ ᠠᠷᠭ᠎ᠠ ᠬᠡᠮᠵᠢᠶ᠎ᠡ ᠠᠪᠬᠤ ᠵᠡᠷᠭᠡ ᠠᠷᠭ᠎ᠠ ᠮᠠᠶ᠋ᠢᠭ ᠳᠠᠮᠵᠢᠭᠤᠯᠤᠨ᠂ ᠴᠡᠷᠢᠭ ᠠᠨᠭᠬᠢ ᠳᠠᠷᠤᠭ᠎ᠠ ᠪᠠᠶᠢᠯᠳᠤᠭᠴᠢᠳ ᠲᠤ ᠨᠢᠭᠡᠨ ᠢᠵᠢ 《ᠴᠡᠷᠢᠭ ᠠᠨᠭᠬᠢ ᠬᠡᠪᠯᠡᠯ》 ᠮᠡᠬᠡᠯᠡᠯ ᠢ ᠰᠡᠷᠭᠡᠶᠢᠯᠡᠬᠦ ᠵᠦᠭᠯᠡᠭᠦᠷ ᠬᠠᠩᠭᠠᠵᠤ᠂ ᠳᠠᠷᠤᠭ᠎ᠠ ᠪᠠᠶᠢᠯᠳᠤᠭᠴᠢᠳ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠣᠯᠠᠨ ᠢᠳᠡᠪᠬᠢᠲᠡᠶ ᠬᠥᠳᠡᠯᠦᠯᠴᠡᠵᠦ ᠂ ᠬᠢᠴᠢᠶᠡᠯ ᠲᠠᠩᠬᠢᠮ ᠠᠭᠤᠷ ᠠᠮᠢᠰᠬᠤᠯ ᠬᠥᠭᠵᠢᠶᠡᠨᠲᠡᠶ ᠪᠠᠶᠢᠯ᠎ᠠ ᠃
ᠳᠠᠷᠤᠭ᠎ᠠ ᠪᠠᠶᠢᠯᠳᠤᠭᠴᠢᠳ ᠢᠯᠡᠷᠬᠡᠶᠢᠯᠡᠬᠦ ᠳᠡᠭᠡᠨ ᠂ ᠲᠣᠰ ᠤᠳᠠᠭᠠᠨ ᠮᠡᠬᠡᠯᠡᠯ ᠢ ᠡᠰᠡᠷᠭᠦᠴᠡᠬᠦ ᠰᠤᠷᠭᠠᠨ ᠬᠥᠮᠦᠵᠢᠯ ᠬᠢᠴᠢᠶᠡᠯ ᠶᠡᠬᠡ ᠣᠯᠤᠯᠲᠠ ᠲᠠᠶ ᠂ ᠣᠯᠠᠨ ᠮᠡᠬᠡᠯᠡᠯ ᠶᠠᠯᠠᠲᠤ ᠠᠵᠢᠯᠯᠠᠭ᠎ᠠ ᠲᠤᠬᠠᠶ ᠰᠢᠨ᠎ᠡ ᠲᠠᠨᠢᠯᠲᠠ ᠲᠠᠶ ᠪᠣᠯᠵᠣ ᠂ ᠲᠣᠰ ᠤᠳᠠᠭᠠᠨ ᠰᠣᠷᠣᠭᠰᠠᠨ ᠮᠡᠬᠡᠯᠡᠯ ᠢ ᠰᠡᠷᠭᠡᠶᠢᠯᠡᠬᠦ ᠤᠷ᠎ᠠ ᠮᠡᠷᠭᠡᠵᠢᠯ ᠢ ᠳᠠᠶᠢᠴᠢᠨ ᠬᠠᠨᠢ ᠪᠣᠯᠤᠨ ᠬᠡᠷ ᠬᠥᠮᠦᠰ ᠲᠡᠬᠡᠨ ᠢᠳᠡᠪᠬᠢᠲᠡᠶ ᠪᠡᠷ ᠬᠤᠪᠢᠶᠠᠨ ᠡᠳ᠋ᠯᠡᠭᠦᠯᠬᠦ ᠪᠣᠯᠤᠨ᠎ᠠ ᠭᠡᠵᠡᠶ ᠃
ᠲᠣᠰ ᠤᠳᠠᠭᠠᠨ ᠤᠬᠠᠭᠤᠯᠤᠨ ᠲᠠᠶᠢᠯᠪᠤᠷᠢᠯᠠᠬᠤ ᠬᠥᠮᠦᠵᠢᠯ ᠠᠵᠢᠯᠯᠠᠭ᠎ᠠ ᠨᠢ ᠴᠡᠷᠢᠭ ᠠᠩᠭᠢ ᠳᠠᠷᠤᠭ᠎ᠠ ᠪᠠᠶᠢᠯᠳᠤᠭᠴᠢᠳ ᠲᠤ ᠮᠡᠬᠡᠯᠡᠯ ᠢ ᠡᠰᠡᠷᠭᠦᠴᠡᠬᠦ ᠶᠡᠷᠦ ᠮᠡᠳᠡᠯᠭᠡ ᠲᠦᠭᠡᠮᠡᠯᠵᠢᠭᠦᠯᠵᠦ ᠂ ᠬᠠᠸᠯᠢ ᠴᠠᠭᠠᠵᠠ ᠤᠬᠠᠮᠰᠠᠷ ᠢ ᠳᠡᠭᠡᠭᠰᠢᠯᠡᠭᠦᠯᠦᠨ ᠂ ᠴᠡᠷᠢᠭ ᠠᠩᠭᠢ ᠪᠠ ᠣᠷᠣᠨ ᠨᠤᠲᠤᠭ ᠬᠣᠶᠠᠷ ᠲᠠᠯ᠎ᠠ ᠣᠶᠢᠯᠠᠭᠠᠯᠴᠠᠭ᠎ᠠ ᠨᠡᠮᠡᠭᠳᠡᠭᠦᠯᠵᠦ ᠂ ᠴᠡᠷᠢᠭ ᠠᠩᠭᠢ ᠪᠠ ᠣᠷᠣᠨ ᠨᠤᠲᠤᠭ ᠬᠠᠮᠵᠢᠯᠴᠠᠭ᠎ᠠ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠂ ᠴᠡᠷᠢᠭ ᠠᠩᠭᠢ ᠪᠠ ᠣᠷᠣᠨ ᠨᠤᠲᠤᠭ ᠬᠠᠮᠵᠢᠯᠴᠠᠭ᠎ᠠ ᠰᠢᠨ᠎ᠡ ᠪᠠᠶᠢᠷᠢᠰᠢᠯ ᠢ ᠪᠠᠶᠢᠭᠤᠯᠬᠤ ᠳᠤ ᠬᠦᠴᠦᠨ ᠨᠡᠮᠡᠷᠢᠯᠡᠪᠡ ᠃
(ᠵᠤᠬᠢᠶᠠᠭᠴᠢ ᠄ ᠯᠢ ᠫᠧᠩ ᠢ
ᠣᠷᠴᠢᠭᠤᠯᠤᠭᠴᠢ᠄ ᠰᠠᠷᠠᠭᠤᠯ)