ᠳ᠋ᠸᠩᠺᠸᠤ ᠰᠢᠶᠠᠨ ᠠᠷᠠᠳ ᠪᠠᠶᠢᠴᠠᠭᠠᠬᠤ ᠬᠤᠷᠢᠶ᠎ᠠ ᠠᠴᠠ ᠵᠠᠰᠠᠭ ᠵᠠᠬᠢᠷᠭᠠᠨ ᠬᠠᠤᠯᠢ ᠬᠡᠷᠡᠭᠵᠢᠭᠦᠯᠬᠦ ᠪᠠ ᠡᠷᠡᠭᠦᠦ ᠬᠡᠷᠡᠭ ᠬᠠᠤᠯᠢ ᠪᠠᠷᠢᠯᠲᠠ ᠵᠦᠪ ᠴᠢᠭᠯᠡᠯ ᠵᠣᠯᠭᠠᠯᠳᠣᠭᠣᠯᠬᠣ ᠬᠠᠮᠲᠤᠷᠠᠭᠰᠠᠨ ᠬᠤᠷᠠᠯ ᠬᠤᠷᠠᠯᠳᠤᠭᠤᠯᠪᠠ
2025-04-25 16:56:08
ᠵᠠᠰᠠᠭ ᠵᠠᠬᠢᠷᠭᠠᠨ ᠬᠠᠤᠯᠢ ᠬᠡᠷᠡᠭᠵᠢᠭᠦᠯᠦᠯᠲᠡ ᠪᠠ ᠡᠷᠡᠭᠦᠦ ᠶ᠋ᠢᠨ ᠬᠡᠷᠡᠭ ᠬᠠᠤᠯᠢ ᠪᠠᠷᠢᠯᠲᠠ ᠶ᠋ᠢ ᠵᠣᠯᠭᠠᠯᠳᠣᠭᠣᠯᠬᠣ ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ ᠶ᠋ᠢᠨ ᠲᠥᠯᠥᠭᠡ ᠂ 2015 ᠣᠨ 4 ᠰᠠᠷ᠎ᠠ ᠶ᠋ᠢᠨ 3 ᠡᠳᠦᠷ ᠂ ᠳ᠋ᠧᠩᠺᠧᠤ ᠰᠢᠶᠠᠨ ᠠᠷᠠᠳ ᠪᠠᠢᠴᠠᠭᠠᠬᠤ ᠬᠣᠷᠢᠶ᠎ᠠ ᠠᠴᠠ ᠵᠠᠰᠠᠭ ᠵᠠᠬᠢᠷᠭᠠᠨ ᠬᠠᠤᠯᠢ ᠬᠡᠷᠡᠭᠵᠢᠭᠦᠯᠦᠯᠲᠡ ᠪᠠ ᠡᠷᠡᠭᠦᠦ ᠶ᠋ᠢᠨ ᠬᠡᠷᠡᠭ ᠬᠠᠤᠯᠢ ᠪᠠᠷᠢᠯᠲᠠ ᠶ᠋ᠢ ᠵᠥᠪ ᠴᠢᠭᠯᠡᠯ ᠵᠣᠯᠭᠠᠯᠳᠣᠭᠣᠯᠬᠣ ᠬᠠᠮᠲᠤᠷᠠᠭᠰᠠᠨ ᠬᠤᠷᠠᠯ ᠢ ᠵᠣᠬᠢᠶᠠᠨ ᠪᠠᠢᠭᠤᠯᠤᠨ ᠬᠤᠷᠠᠯᠳᠤᠭᠤᠯᠪᠠ ᠃ ᠬᠤᠷᠠᠯ ᠠᠴᠠ ᠤᠯᠤᠰ ᠲᠥᠷᠥ ᠬᠠᠤᠯᠢ ᠴᠠᠭᠠᠵᠠ ᠵᠥᠪᠯᠡᠯ ᠬᠣᠯᠪᠣᠭᠳᠠᠯ ᠪᠦᠬᠦᠢ ᠰᠠᠯᠠᠭ᠎ᠠ ᠮᠥᠴᠢᠷ ᠬᠠᠷᠢᠭᠤᠴᠠᠯᠭᠠᠲᠠᠨ ᠂ ᠬᠠᠤᠯᠢ ᠴᠠᠭᠠᠵᠠ᠎ᠶ᠋ᠢᠨ ᠲᠣᠪᠴᠢᠶ᠎ᠠ ᠂ ᠭᠠᠢᠯᠢ ᠶ᠋ᠢᠨ ᠶᠠᠪᠤᠳᠠᠯ ᠲᠣᠪᠴᠢᠶ᠎ᠠ ᠂ ᠵᠠᠬ᠎ᠠ ᠳᠡᠯᠭᠡᠭᠦᠷ ᠬᠢᠨᠠᠨ ᠬᠠᠮᠢᠶᠠᠷᠤᠯᠲᠠ ᠶ᠋ᠢᠨ ᠲᠣᠪᠴᠢᠶᠠᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠂ ᠬᠠᠷᠢᠭᠤᠴᠠᠯᠭᠠᠲᠠᠨ ᠨᠠᠷ ᠢ ᠤᠷᠢᠨ ᠣᠷᠣᠯᠴᠠᠭᠤᠯᠪᠠ ᠃
ᠨᠢᠭᠡ ᠂ ᠠᠷᠠᠳ ᠳᠡᠭᠡᠳᠦ ᠪᠠᠢᠴᠠᠭᠠᠬᠤ ᠬᠣᠷᠢᠶ᠎ᠠ ᠲᠣᠭᠲᠠᠭᠠᠯ ᠢ ᠰᠤᠷᠤᠯᠴᠠᠵᠤ ᠂ ᠡᠷᠡᠭᠦᠦ ᠰᠢᠢᠳᠭᠡᠯ ᠤᠨᠤᠭᠳᠠᠭᠤᠯᠬᠤ ᠰᠢᠨ᠎ᠡ ᠴᠢᠭᠯᠡᠯ ᠢ ᠲᠣᠳᠣᠷᠬᠠᠢᠯᠠᠪᠠ
ᠬᠤᠷᠠᠯ ᠳᠡᠭᠡᠷ᠎ᠡ ᠠᠷᠠᠳ ᠳᠡᠭᠡᠳᠦ ᠪᠠᠢᠴᠠᠭᠠᠬᠤ ᠬᠣᠷᠢᠶᠠᠨ ᠳᠠᠷᠤᠮᠠᠯᠯᠠᠨ ᠲᠠᠷᠬᠠᠭᠠᠭᠰᠠᠨ 《 ᠵᠠᠰᠠᠭ ᠵᠠᠬᠢᠷᠭᠠᠨ ᠬᠠᠤᠯᠢ ᠬᠡᠷᠡᠭᠵᠢᠭᠦᠯᠦᠯᠲᠡ ᠪᠣᠯᠤᠨ ᠡᠷᠡᠭᠦᠦ ᠶ᠋ᠢᠨ ᠬᠡᠷᠡᠭ ᠬᠠᠤᠯᠢ ᠪᠠᠷᠢᠯᠲᠠ ᠶ᠋ᠢ ᠵᠣᠯᠭᠠᠯᠳᠣᠭᠣᠯᠬᠣ ᠠᠵᠢᠯ ᠢ ᠲᠦᠯᠬᠢᠨ ᠠᠬᠢᠭᠤᠯᠬᠤ ᠲᠤᠬᠠᠢ ᠲᠣᠭᠲᠠᠭᠠᠯ 》 ᠵᠢᠴᠢ 《 ᠵᠠᠰᠠᠭ ᠵᠠᠬᠢᠷᠭᠠᠨ ᠬᠠᠤᠯᠢ ᠬᠡᠷᠡᠭᠵᠢᠭᠦᠯᠦᠯᠲᠡ ᠪᠣᠯᠤᠨ ᠡᠷᠡᠭᠦᠦ ᠶ᠋ᠢᠨ ᠬᠡᠷᠡᠭ ᠬᠠᠤᠯᠢ ᠪᠠᠷᠢᠯᠲᠠ ᠶ᠋ᠢ ᠬᠣᠣᠰ ᠴᠢᠭᠯᠡᠯ ᠵᠣᠯᠭᠠᠯᠳᠣᠭᠣᠯᠬᠣ ᠪᠠ ᠵᠠᠰᠠᠭ ᠵᠠᠬᠢᠷᠭᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳ᠋ᠤ᠌ ᠬᠢᠨᠠᠯᠲᠠ ᠲᠠᠯᠪᠢᠬᠤ ᠶ᠋ᠢ ᠲᠦᠯᠬᠢᠨ ᠠᠬᠢᠭᠤᠯᠵᠤ ᠂ ᠪᠠᠢᠴᠠᠭᠠᠬᠤ ᠬᠢᠨᠠᠯᠲᠠ ᠪᠣᠯᠤᠨ ᠵᠠᠰᠠᠭ ᠵᠠᠬᠢᠷᠭᠠᠨ ᠬᠠᠤᠯᠢ ᠬᠡᠷᠡᠭᠵᠢᠭᠦᠯᠬᠦ ᠶ᠋ᠢ ᠵᠣᠯᠭᠠᠯᠳᠣᠭᠣᠯᠬᠣ ᠳᠦᠷᠢᠮ ᠢ ᠪᠠᠢᠭᠤᠯᠬᠤ ᠲᠤᠬᠠᠢ ᠰᠠᠨᠠᠯ 》 ᠢ ᠰᠤᠷᠤᠯᠴᠠᠵᠤ ᠂ ᠵᠠᠰᠠᠭ ᠵᠠᠬᠢᠷᠭᠠᠨ ᠬᠠᠤᠯᠢ ᠬᠡᠷᠡᠭᠵᠢᠭᠦᠯᠦᠯᠲᠡ ᠪᠠ ᠡᠷᠡᠭᠦᠦ ᠶ᠋ᠢᠨ ᠬᠡᠷᠡᠭ ᠬᠠᠤᠯᠢ ᠪᠠᠷᠢᠯᠲᠠ ᠶ᠋ᠢ ᠵᠣᠯᠭᠠᠯᠳᠣᠭᠣᠯᠬᠣ ᠴᠢᠬᠤᠯᠠ ᠴᠢᠨᠠᠷ ᠢ ᠴᠢᠬᠤᠯᠠᠴᠢᠯᠠᠨ ᠂ ᠦᠨᠳᠦᠰᠦᠨ ᠵᠠᠷᠴᠢᠮ ᠂ ᠠᠵᠢᠯ ᠶᠠᠪᠤᠴᠠ ᠵᠢᠴᠢ ᠡᠯ᠎ᠡ ᠲᠠᠯ᠎ᠠ ᠶ᠋ᠢᠨ ᠡᠭᠦᠷᠭᠡ ᠬᠠᠷᠢᠭᠤᠴᠠᠯᠭ᠎ᠠ ᠶ᠋ᠢ ᠲᠣᠳᠣᠷᠬᠠᠢᠯᠠᠪᠠ ᠃ ᠰᠤᠷᠤᠯᠴᠠᠯᠭ᠎ᠠ ᠪᠠᠷ ᠳᠠᠮᠵᠢᠨ ᠬᠤᠷᠠᠯ ᠳ᠋ᠤ᠌ ᠣᠷᠣᠯᠴᠠᠭᠰᠠᠳ ᠦᠵᠡᠯ ᠰᠠᠨᠠᠭ᠎ᠠ ᠪᠠᠨ ᠤᠯᠠᠮ ᠨᠢᠭᠡᠳᠬᠡᠵᠦ ᠂ ᠵᠠᠰᠠᠭ ᠵᠠᠬᠢᠷᠭᠠᠨ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠶ᠋ᠢᠨ ᠬᠠᠤᠯᠢ ᠪᠠᠷᠢᠯᠲᠠ ᠶ᠋ᠢ ᠵᠣᠯᠭᠠᠯᠳᠣᠭᠣᠯᠬᠣ ᠰᠢᠨ᠎ᠡ ᠴᠢᠭᠯᠡᠯ ᠂ ᠰᠢᠨ᠎ᠡ ᠱᠠᠭᠠᠷᠳᠠᠯᠭ᠎ᠠ ᠶ᠋ᠢ ᠲᠣᠳᠣᠷᠬᠠᠢᠯᠠᠵᠠᠢ ᠃
ᠬᠣᠶᠠᠷ ᠂ ᠬᠡᠷᠡᠭ ᠢ ᠰᠢᠯᠵᠢᠭᠦᠯᠬᠦ ᠪᠠᠷᠢᠮᠵᠢᠶ᠎ᠠ ᠰᠠᠭᠤᠨ ᠦᠭᠡᠢ ᠶᠠᠷᠢᠯᠴᠠᠵᠤ ᠂ ᠭᠡᠷᠡᠴᠢ ᠪᠠᠷᠢᠮᠲᠠ᠎ᠶ᠋ᠢ ᠲᠣᠭᠲᠠᠪᠤᠷᠢᠵᠢᠭᠤᠯᠬᠤ ᠱᠠᠭᠠᠷᠳᠠᠯᠭ᠎ᠠ ᠶ᠋ᠢ ᠵᠢᠷᠤᠮᠵᠢᠭᠦᠯᠪᠡ᠃
ᠬᠡᠷᠡᠭ ᠢ ᠰᠢᠯᠵᠢᠭᠦᠯᠦᠨ ᠬᠦᠷᠭᠡᠬᠦ ᠪᠠᠷᠢᠮᠵᠢᠶ᠎ᠠ ᠂ ᠭᠡᠷᠡᠴᠢ ᠪᠠᠷᠢᠮᠲᠠ᠎ᠶ᠋ᠢ ᠲᠣᠭᠲᠠᠪᠤᠷᠢᠵᠢᠭᠤᠯᠬᠤ ᠱᠠᠭᠠᠷᠳᠠᠯᠭ᠎ᠠ ᠪᠠ ᠬᠠᠮᠵᠢᠯᠴᠠᠬᠤ ᠶᠠᠪᠤᠴᠠ ᠵᠡᠷᠭᠡ ᠵᠠᠩᠭᠢᠯᠠᠭ᠎ᠠ ᠶ᠋ᠢᠨ ᠠᠰᠠᠭᠤᠳᠠᠯ ᠳ᠋ᠤ᠌ ᠴᠢᠭᠯᠡᠭᠦᠯᠦᠨ ᠂ ᠬᠤᠷᠠᠯ ᠳᠦ ᠭᠦᠨᠵᠡᠭᠡᠢ ᠶᠠᠷᠢᠯᠴᠠᠭ᠎ᠠ ᠬᠢᠪᠡ ᠃ ᠡᠯ᠎ᠡ ᠨᠢᠭᠡᠴᠡᠶ᠋ᠢᠨ ᠬᠤᠷᠠᠯ ᠳ᠋ᠤ᠌ ᠣᠷᠣᠯᠴᠠᠭᠰᠠᠳ ᠲᠤᠰ ᠪᠡᠶ᠎ᠡ ᠶ᠋ᠢᠨ ᠠᠵᠢᠯ ᠪᠣᠳᠠᠲᠠᠢ ᠲᠠᠢ ᠪᠠᠨ ᠤᠶᠠᠯᠳᠤᠭᠤᠯᠤᠨ ᠂ ᠢᠳᠡᠪᠬᠢᠲᠡᠢ ᠪᠡᠷ ᠶᠠᠷᠢᠶ᠎ᠠ ᠲᠠᠯᠪᠢᠵᠤ ᠂ ᠦᠢᠯᠡᠳᠦᠯᠭᠡ ᠶ᠋ᠢᠨ ᠲᠤᠷᠰᠢᠯᠭ᠎ᠠ ᠪᠠ ᠠᠷᠭ᠎ᠠ ᠪᠠᠷᠢᠯ ᠬᠤᠪᠢᠶᠠᠯᠴᠠᠭᠰᠠᠨ ᠪᠠᠢᠨ᠎ᠠ ᠃ ᠣᠯᠠᠨ ᠰᠠᠨᠠᠯ ᠨᠢᠭᠡᠲᠡᠢ ᠦᠵᠡᠭᠰᠡᠨ ᠨᠢ ᠬᠡᠷᠡᠭ ᠢ ᠰᠢᠯᠵᠢᠭᠦᠯᠦᠨ ᠬᠦᠷᠭᠡᠬᠦ ᠨᠢᠭᠡᠳᠦᠯᠲᠡᠢ ᠪᠠᠷᠢᠮᠵᠢᠶ᠎ᠠ ᠪᠠ ᠭᠡᠷᠡᠴᠢ ᠪᠠᠷᠢᠮᠲᠠ᠎ᠶ᠋ᠢ ᠲᠣᠭᠲᠠᠮᠠᠯ ᠪᠣᠯᠭᠠᠬᠤ ᠂ ᠵᠠᠰᠠᠭ ᠵᠠᠬᠢᠷᠭ᠎ᠠ ᠬᠠᠤᠯᠢ ᠬᠡᠷᠡᠭᠵᠢᠭᠦᠯᠬᠦ ᠪᠠᠢᠭᠤᠯᠭ᠎ᠠ ᠶ᠋ᠢᠨ ᠰᠢᠯᠵᠢᠭᠦᠯᠦᠨ ᠬᠦᠷᠭᠡᠬᠦ ᠬᠡᠷᠡᠭ ᠨᠢ ᠡᠷᠡᠭᠦᠦ ᠶ᠋ᠢᠨ ᠬᠡᠷᠡᠭ ᠬᠠᠤᠯᠢ ᠴᠠᠭᠠᠵᠠ᠎ᠶ᠋ᠢᠨ ᠱᠠᠭᠠᠷᠳᠠᠯᠭ᠎ᠠ ᠳ᠋ᠤ᠌ ᠨᠡᠢᠴᠡᠬᠦ ᠶ᠋ᠢ ᠪᠠᠲᠤᠯᠠᠬᠤ ᠬᠡᠷᠡᠭᠲᠡᠢ ᠃ ᠡᠭᠦᠨ ᠬᠠᠮᠲᠤ ᠂ ᠬᠠᠮᠵᠢᠯᠴᠠᠬᠤ ᠴᠤᠪᠤᠷᠠᠯ ᠬᠠᠮᠵᠢᠯᠴᠠᠭ᠎ᠠ ᠶ᠋ᠢ ᠴᠢᠩᠭᠠᠳᠬᠠᠵᠤ ᠂ ᠵᠠᠰᠠᠭ ᠵᠠᠬᠢᠷᠭᠠᠨ ᠬᠠᠤᠯᠢ ᠬᠡᠷᠡᠭᠵᠢᠭᠦᠯᠦᠯᠲᠡ ᠶ᠋ᠢ ᠡᠷᠡᠭᠦᠦ ᠶ᠋ᠢᠨ ᠬᠡᠷᠡᠭ ᠬᠠᠤᠯᠢ ᠪᠠᠷᠢᠯᠲᠠ ᠯᠤᠭ᠎ᠠ ᠵᠣᠯᠭᠠᠯᠳᠣᠭᠣᠯᠬᠣ ᠰᠠᠭᠠᠳ ᠥᠬᠡᠢ ᠨᠡᠪᠲᠡᠷᠡᠭᠦᠯᠬᠦ ᠪᠠᠲᠤᠯᠠᠬᠤ ᠬᠡᠷᠡᠭᠲᠡᠢ ᠃
ᠭᠤᠷᠪᠠ ᠂ ᠬᠠᠷᠢᠭᠤᠴᠠᠯᠭᠠᠲᠤ ᠰᠠᠯᠠᠭ᠎ᠠ ᠮᠥᠴᠢᠷ ᠵᠢᠴᠢ ᠲᠤᠰᠬᠠᠢ ᠬᠥᠮᠦᠨ ᠵᠣᠯᠭᠠᠭᠤᠯᠬᠤ ᠶ᠋ᠢ ᠲᠤᠳᠦᠷᠬᠠᠢᠯᠠᠵᠦ ᠂ ᠲᠣᠭ᠎ᠠ ᠪᠠᠷᠢᠮᠲᠠ ᠶ᠋ᠢ ᠮᠡᠳᠡᠭᠦᠯᠦᠨ ᠬᠦᠷᠭᠡᠬᠦ ᠶ᠋ᠢ ᠴᠢᠩᠭᠠᠷᠠᠭᠤᠯᠬᠤ ᠬᠡᠷᠡᠭᠲᠡᠢ
ᠮᠡᠳᠡᠭᠡ ᠵᠠᠩᠭᠢ ᠶ᠋ᠢ ᠴᠠᠭ ᠲᠤᠬᠠᠢ ᠳ᠋ᠤᠨᠢ ᠳᠠᠮᠵᠢᠭᠤᠯᠬᠤ ᠪᠠ ᠨᠡᠪᠲᠡᠷᠡᠯᠴᠡᠬᠦ ᠶ᠋ᠢᠨ ᠲᠥᠯᠥᠭᠡ ᠂ ᠬᠤᠷᠠᠯ ᠳ᠋ᠤ᠌ ᠣᠷᠣᠯᠴᠠᠭᠰᠠᠨ ᠡᠯ᠎ᠡ ᠨᠢᠭᠡᠴᠡ ᠲᠤᠰᠬᠠᠢ ᠠᠵᠢᠯᠲᠠᠨ ᠲᠣᠭᠲᠠᠭᠠᠵᠤ ᠡᠷᠡᠭᠦᠦ ᠰᠢᠢᠳᠭᠡᠯ ᠣᠨᠣᠭᠳᠠᠭᠤᠯᠬᠤ ᠶ᠋ᠢ ᠵᠣᠯᠭᠠᠯᠳᠣᠭᠣᠯᠬᠣ ᠠᠵᠢᠯ ᠢ ᠬᠠᠷᠢᠭᠤᠴᠠᠭᠤᠯᠬᠤ ᠶ᠋ᠢᠨ ᠬᠠᠮᠲᠤ ᠂ ᠬᠤᠷᠠᠯ ᠡᠴᠡ ᠪᠠᠰᠠ ᠲᠣᠭᠲᠠᠮᠠᠯ ᠬᠤᠭᠤᠴᠠᠭ᠎ᠠ ᠲᠠᠢ ᠪᠠᠷ ᠲᠣᠭ᠎ᠠ ᠪᠠᠷᠢᠮᠲᠠ ᠶ᠋ᠢ ᠮᠡᠳᠡᠭᠦᠯᠦᠨ ᠬᠦᠷᠭᠡᠬᠦ ᠶ᠋ᠢᠨ ᠴᠢᠬᠤᠯᠠ ᠴᠢᠨᠠᠷ ᠢ ᠴᠢᠬᠤᠯᠠᠴᠢᠯᠠᠵᠤ ᠂ ᠬᠤᠷᠠᠯ ᠳ᠋ᠤ᠌ ᠣᠷᠣᠯᠴᠠᠭᠰᠠᠨ ᠡᠯ᠎ᠡ ᠨᠢᠭᠡᠴᠡ ᠶ᠋ᠢ ᠬᠠᠮᠢᠶ᠎ᠠ ᠪᠦᠬᠦᠢ ᠲᠣᠭ᠎ᠠ ᠪᠠᠷᠢᠮᠲᠠ ᠪᠠᠨ ᠴᠠᠭ ᠲᠤᠬᠠᠢ ᠳ᠋ᠤᠨᠢ ᠮᠡᠳᠡᠭᠦᠯᠦᠨ ᠬᠦᠷᠭᠡᠬᠦ ᠶ᠋ᠢ ᠱᠠᠭᠠᠷᠳᠠᠵᠤ ᠂ ᠬᠡᠷᠡᠭ ᠲᠦ᠍ ᠬᠢᠨᠠᠯᠲᠠ ᠲᠠᠯᠪᠢᠬᠤ ᠠᠵᠢᠯ ᠳ᠋ᠤ᠌ ᠬᠦᠴᠦᠲᠡᠢ ᠳᠡᠮᠵᠢᠯᠭᠡ ᠬᠠᠩᠭᠠᠪᠠ ᠃
ᠡᠨᠡ ᠤᠳᠠᠭᠠᠨ ᠬᠠᠮᠲᠤᠷᠠᠭᠰᠠᠨ ᠬᠤᠷᠠᠯ ᠨᠢ ᠬᠤᠷᠠᠯ ᠳ᠋ᠤ᠌ ᠣᠷᠣᠯᠴᠠᠭᠰᠠᠨ ᠬᠥᠮᠦᠰ ᠡᠷᠡᠭᠦᠦ ᠰᠢᠳᠬᠡᠯ ᠭᠦᠢᠴᠡᠳᠬᠡᠬᠦ ᠠᠵᠢᠯ ᠢ ᠣᠢᠯᠠᠭᠠᠨ ᠂ ᠲᠠᠨᠢᠯᠲᠠᠶ᠋ᠢ ᠭᠦᠨᠵᠡᠭᠡᠢᠷᠡᠭᠦᠯᠦᠭᠰᠡᠨ ᠮᠥᠷᠲᠡᠭᠡᠨ ᠲᠣᠭᠲᠠᠴᠠᠶ᠋ᠢᠨ ᠪᠠᠢᠭᠤᠯᠤᠯᠲᠠ ᠂ ᠮᠡᠳᠡᠭᠡ ᠵᠠᠩᠭᠢ ᠶ᠋ᠢ ᠬᠠᠮᠲᠤ ᠪᠠᠷ ᠡᠳ᠋ᠯᠡᠬᠦ ᠂ ᠬᠠᠮᠵᠢᠯᠴᠠᠬᠤ ᠶᠠᠪᠤᠴᠠ ᠵᠡᠷᠭᠡ ᠲᠠᠯ᠎ᠠ ᠪᠠᠷ ᠬᠢ ᠡᠯ᠎ᠡ ᠲᠠᠯ᠎ᠠ ᠶ᠋ᠢᠨ ᠬᠠᠮᠵᠢᠯᠴᠠᠭ᠎ᠠ ᠪᠣᠯᠤᠨ ᠰᠣᠯᠢᠯᠴᠠᠭ᠎ᠠ ᠶ᠋ᠢ ᠴᠦ᠍ ᠠᠬᠢᠭᠤᠯᠤᠭᠰᠠᠨ ᠪᠠᠢᠨ᠎ᠠ ᠃ ᠳ᠋ᠧᠩᠺᠧᠤ ᠰᠢᠶᠠᠨ ᠠᠷᠠᠳ ᠪᠠᠢᠴᠠᠭᠠᠬᠤ ᠬᠣᠷᠢᠶ᠎ᠠ ᠲᠤᠰ ᠤᠳᠠᠭᠠᠨ ᠬᠤᠷᠠᠯ ᠠᠵᠠ ᠲᠣᠬᠢᠶᠠᠯ ᠪᠣᠯᠭᠠᠨ ᠂ ᠵᠠᠰᠠᠭ ᠵᠠᠬᠢᠷᠭᠠᠨ ᠬᠠᠤᠯᠢ ᠬᠡᠷᠡᠭᠵᠢᠭᠦᠯᠬᠦ ᠪᠠᠢᠭᠤᠯᠭ᠎ᠠ ᠂ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ ᠪᠠᠢᠭᠤᠯᠭ᠎ᠠ ᠯᠤᠭ᠎ᠠ ᠶ᠋ᠢᠨ ᠬᠠᠮᠵᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠢᠷᠡᠭᠦᠯᠵᠦ ᠂ ᠵᠠᠰᠠᠭ ᠵᠠᠬᠢᠷᠭᠠᠨ ᠬᠠᠤᠯᠢ ᠬᠡᠷᠡᠭᠵᠢᠭᠦᠯᠦᠯᠲᠡ ᠪᠣᠯᠤᠨ ᠡᠷᠡᠭᠦᠦ ᠶ᠋ᠢᠨ ᠬᠡᠷᠡᠭ ᠬᠠᠤᠯᠢ ᠪᠠᠷᠢᠯᠲᠠ ᠶ᠋ᠢ ᠵᠣᠯᠭᠠᠯᠳᠣᠭᠣᠯᠬᠣ ᠠᠵᠢᠯ ᠨᠠᠢᠳᠠᠪᠤᠷᠢᠵᠢᠭᠤᠯᠤᠯᠲᠠ ᠶ᠋ᠢᠨ ᠨᠠᠷᠢᠯᠢᠭ ᠪᠠᠢᠬᠤ ᠶ᠋ᠢ ᠬᠠᠮᠲᠤ ᠪᠠᠷ ᠲᠦᠯᠬᠢᠨ ᠠᠬᠢᠭᠤᠯᠤᠨ᠎ᠠ ᠃