ᠰᠢᠨ᠎ᠡ ᠬᠣᠲᠠ ᠲᠤᠭᠤᠷᠢᠭ ᠠᠷᠠᠳ ᠪᠠᠶᠢᠴᠠᠭᠠᠬᠤ ᠬᠤᠷᠢᠶ᠎ᠠ ᠲᠤᠰᠬᠠᠢ ᠰᠤᠷᠭᠠᠭᠤᠯᠢ ᠰᠤᠷᠭᠠᠭᠤᠯᠢ ᠳᠤ ᠬᠦᠷᠭᠡᠵᠦ ᠰᠤᠷᠤᠯᠴᠠᠭᠤᠯᠬᠤ ᠠᠵᠢᠯ ᠢ ᠢᠳᠢᠪᠬᠢᠲᠠᠢ ᠪᠠᠷ ᠲᠦᠯᠬᠢᠨ ᠠᠬᠢᠭᠤᠯᠵᠦ᠂ ᠬᠡᠷᠡᠭ ᠲᠦ ᠬᠣᠯᠪᠤᠭᠳᠠᠭᠰᠠᠨ ᠨᠠᠰᠤᠨ ᠳᠤ ᠬᠦᠷᠦᠭᠰᠡᠳ ᠵᠦᠪ ᠵᠠᠮ ᠳᠤ ᠣᠷᠣᠬᠤ ᠠᠬᠢᠭᠤᠯᠤᠨ᠎ᠠ
2025-04-30 10:42:36
ᠬᠥᠬᠡᠬᠤᠲᠠ ᠲᠤᠰᠬᠠᠢ ᠰᠤᠷᠭᠠᠭᠤᠯᠢ ᠪᠦᠲᠦᠭᠡᠨ ᠪᠠᠶᠢᠭᠤᠯᠤᠯᠲᠠ ᠬᠡᠷᠡᠭᠵᠢᠭᠦᠯᠦᠭᠰᠡᠨ ᠠᠴᠠ ᠨᠠᠰᠢ᠂ ᠰᠢᠨ᠎ᠡ ᠬᠤᠲᠠ ᠲᠣᠭᠤᠷᠢᠭ ᠪᠠᠶᠢᠴᠠᠭᠠᠬᠤ ᠬᠤᠷᠢᠶ᠎ᠠ ᠲᠤᠰᠬᠠᠢ ᠰᠤᠷᠭᠠᠭᠤᠯᠢ ᠰᠤᠷᠭᠠᠭᠤᠯᠢ ᠳᠤ ᠰᠤᠷᠤᠯᠴᠠᠭᠤᠯᠬᠤ ᠪᠠᠷ ᠬᠦᠷᠭᠡᠬᠦ ᠠᠵᠢᠯ ᠢ ᠶᠡᠭᠡ ᠪᠠᠷ ᠲᠦᠯᠬᠢᠨ ᠠᠬᠢᠭᠤᠯᠵᠤ᠂ ᠬᠡᠷᠡᠭ ᠲᠤ ᠬᠤᠯᠪᠣᠭᠳᠠᠭᠰᠠᠨ ᠨᠠᠰᠤᠨ ᠳᠤ ᠥᠯᠥ ᠭᠦᠷᠦᠭᠰᠡᠳ ᠢ ᠰᠤᠷᠭᠠᠨ ᠬᠥᠮᠥᠵᠢᠭᠦᠯᠵᠦ ᠵᠠᠰᠠᠬᠤ ᠪᠠ ᠨᠡᠶᠢᠭᠡᠮ ᠳᠤ ᠪᠤᠴᠠᠭᠠᠬᠤ ᠳᠤ ᠬᠦᠰᠡᠯ ᠡᠷᠡᠮᠡᠯᠵᠡᠯ ᠵᠠᠮ ᠳᠡᠪᠢᠰᠴᠦ᠂ ᠣᠳᠣᠬᠠᠨ ᠳᠤ ᠨᠢᠭᠡᠨᠲᠡ ᠬᠡᠷᠡᠭ ᠲᠤ ᠬᠤᠯᠪᠣᠭᠳᠠᠭᠰᠠᠨ ᠬᠤᠶᠠᠷ ᠨᠠᠰᠤᠨ ᠳᠤ ᠥᠯᠥ ᠭᠦᠷᠦᠭᠰᠡᠳ ᠢ ᠠᠮᠵᠢᠯᠲᠠ ᠲᠠᠢ ᠪᠠᠷ ᠰᠤᠷᠭᠠᠭᠤᠯᠢ ᠳᠤ ᠬᠦᠷᠭᠡᠵᠦ ᠰᠤᠷᠤᠯᠴᠠᠭᠤᠯᠪᠠ᠃ ᠨᠢᠭᠡ ᠳᠤ ᠮᠡᠳᠡᠭᠡ ᠵᠠᠩᠭᠢ ᠬᠠᠮᠲᠤ ᠪᠠᠷ ᠡᠳ᠋ᠯᠡᠵᠦ᠂ ᠬᠦᠷᠭᠡᠨ ᠤᠩᠰᠢᠭᠤᠯᠬᠤ ᠡᠲᠡᠭᠡᠳ ᠢ ᠢᠳᠡᠪᠬᠢᠲᠡᠢ ᠪᠠᠷ ᠰᠢᠯᠢᠨ ᠰᠣᠩᠭᠤᠨ᠎ᠠ᠃ ᠳᠣᠲᠣᠭᠠᠳᠤ ᠬᠠᠮᠠᠭᠠᠯᠠᠬᠤ ᠪᠠᠶᠢᠭᠤᠯᠤᠯᠭ᠎ᠠ ᠮᠡᠳᠡᠭᠡ ᠵᠠᠩᠭᠢ ᠬᠠᠮᠲᠤᠪᠠᠷ ᠭᠥᠷᠳᠡᠵᠦ ᠵᠢᠭᠰᠠᠭᠠᠨ ᠪᠠᠶᠢᠴᠠᠭᠠᠬᠤ ᠳᠤ ᠣᠯᠠᠨ ᠤᠳᠠᠭ᠎ᠠ ᠵᠠᠰᠠᠭ ᠵᠠᠬᠢᠷᠭᠠᠨ ᠰᠢᠢᠳᠭᠡᠯ ᠲᠣᠷᠭᠠᠭᠤᠯᠢ ᠲᠡᠮᠳᠡᠭᠯᠡᠯ ᠲᠠᠢ ᠨᠠᠰᠤᠨ ᠳᠤ ᠥᠯᠥ ᠭᠦᠷᠦᠭᠰᠡᠳ ᠲᠠᠢ ᠢᠳᠡᠪᠬᠢᠲᠡᠢ ᠬᠠᠷᠢᠯᠴᠠᠵᠤ᠂ ᠬᠦᠷᠭᠡᠵᠦ ᠰᠤᠷᠤᠯᠴᠠᠭᠤᠯᠬᠤ ᠨᠥᠬᠦᠴᠡᠯ ᠳᠤ ᠨᠡᠶᠢᠴᠡᠬᠦ ᠬᠥᠮᠥᠰ ᠢ ᠰᠢᠭᠰᠢᠨ ᠪᠠᠶᠢᠴᠠᠭᠠᠨ᠎ᠠ᠃
ᠪᠠᠶᠢᠴᠠᠭᠠᠯᠲᠠ ᠪᠠᠷ ᠳᠠᠮᠵᠢᠭᠠᠳ ᠰᠢᠨ᠎ᠡ ᠬᠤᠲᠠ ᠲᠣᠭᠤᠷᠢᠭ ᠳᠣᠲᠣᠭᠠᠳᠤ ᠬᠠᠮᠠᠭᠠᠯᠠᠬᠤ ᠬᠤᠪᠢᠶᠠᠷᠢ ᠲᠣᠪᠴᠢᠶ᠎ᠠ ᠰᠢᠢᠳᠪᠦᠷᠢᠯᠡᠭᠰᠡᠨ ᠬᠤᠯᠠᠭᠠᠶᠢᠯᠠᠭᠰᠠᠨ ᠬᠡᠷᠡᠭ ᠳᠣᠲᠣᠷᠠᠬᠢ ᠡᠷᠡᠭᠦᠦ ᠬᠠᠷᠢᠭᠤᠴᠠᠯᠭ᠎ᠠ ᠡᠭᠦᠷᠭᠡᠯᠡᠬᠦ ᠨᠠᠰᠤᠨ ᠳᠤ ᠥᠯᠥ ᠬᠦᠷᠦᠭᠰᠡᠳ ᠯᠢ ᠣᠪᠣᠭᠲᠤ᠂ ᠵᠠᠩ ᠣᠪᠣᠭᠲᠤ ᠲᠤᠰᠬᠠᠢ ᠰᠤᠷᠭᠠᠭᠤᠯᠢ ᠳᠤ ᠬᠦᠷᠭᠡᠵᠦ ᠰᠤᠷᠤᠯᠴᠠᠭᠤᠯᠬᠤ ᠴᠢᠬᠤᠯᠠ ᠲᠠᠢ ᠭᠡᠳᠡᠭ ᠢ ᠣᠯᠵᠤ ᠮᠠᠲᠠᠵᠠᠢ᠃ ᠬᠤᠶᠠᠷ ᠲᠤ ᠶᠡᠷᠦᠩᠬᠡᠶᠢᠯᠡᠨ ᠦᠨᠡᠯᠡᠨ ᠵᠢᠱᠢᠵᠦ᠂ ᠬᠦᠷᠭᠡᠵᠦ ᠰᠤᠷᠤᠯᠴᠠᠭᠤᠯᠬᠤ ᠲᠥᠰᠥᠯ ᠢ ᠲᠣᠭᠲᠠᠭᠠᠨ᠎ᠠ᠃ ᠪᠠᠶᠢᠴᠠᠭᠠᠬᠤ ᠲᠤᠰᠢᠶᠠᠯᠲᠠᠨ ᠢ ᠵᠣᠬᠢᠶᠠᠨ ᠪᠠᠶᠢᠭᠤᠯᠤᠨ ᠰᠡᠳᠬᠢᠴᠡ ᠵᠥᠪᠯᠡᠯᠭᠡ ᠬᠠᠩᠭᠠᠨᠵᠦ᠂ ᠨᠡᠶᠢᠭᠡᠮ ᠠᠵᠢᠯᠲᠠᠨ ᠵᠡᠷᠭᠡ ᠲᠠᠢ ᠦᠨᠡᠯᠡᠨ ᠵᠢᠱᠢᠬᠦ ᠳᠤᠭᠤᠶᠢᠯᠠᠩ ᠪᠠᠶᠢᠭᠤᠯᠵᠤ᠂ ᠬᠡᠷᠡᠭ ᠲᠤ ᠬᠤᠯᠪᠣᠭᠳᠠᠭᠰᠠᠨ ᠨᠠᠰᠤᠨ ᠳᠤ ᠦᠯᠦ ᠬᠦᠷᠦᠭᠰᠡᠳ ᠲᠤ ᠥᠪᠡᠷᠮᠢᠴᠡ ᠦᠨᠡᠯᠡᠨ ᠵᠢᠱᠢᠯᠲᠡ ᠬᠢᠵᠦ᠂ ᠲᠡᠭᠦᠨ ᠬᠦᠷᠭᠡᠵᠦ ᠰᠤᠷᠤᠯᠴᠠᠭᠤᠯᠬᠤ ᠲᠤᠰᠬᠠᠢ ᠰᠤᠷᠭᠠᠭᠤᠯᠢ ᠵᠢᠴᠢ ᠵᠠᠯᠠᠷᠠᠭᠤᠯᠤᠨ ᠵᠠᠰᠠᠬᠤ ᠴᠢᠭᠯᠡᠯ ᠳᠤ ᠲᠣᠬᠢᠷᠠᠬᠤ ᠡᠰᠡᠬᠦ ᠶᠡᠷᠦᠩᠬᠡᠶᠢᠯᠡᠨ ᠮᠠᠭᠠᠳᠯᠠᠨ᠎ᠠ᠃ ᠦᠨᠡᠯᠡᠨ ᠵᠢᠱᠢᠬᠦ ᠪᠠᠷ ᠳᠡᠮᠵᠢᠨ᠂ ᠬᠡᠷᠡᠭ ᠲᠤ ᠬᠤᠯᠪᠣᠭᠳᠠᠭᠰᠠᠨ ᠬᠤᠶᠠᠷ ᠨᠠᠰᠤᠨ ᠳᠤ ᠥᠯᠥ ᠭᠦᠷᠦᠭᠰᠡᠳ ᠲᠤ ᠨᠡᠯᠢᠶᠡᠳ ᠬᠦᠨᠳᠦ ᠨᠣᠴᠢᠲᠠᠢ ᠦᠶᠯᠡ ᠠᠵᠢᠯᠯᠠᠭ᠎ᠠ ᠵᠥᠷᠢᠶ᠎ᠡ ᠣᠷᠣᠰᠢᠵᠤ ᠪᠠᠶᠢᠬᠤ ᠪᠥᠭᠡᠳ ᠵᠠᠯᠠᠷᠠᠭᠤᠯᠵᠤ ᠪᠣᠯᠬᠤ ᠴᠢᠨᠠᠷᠲᠠᠢ ᠪᠠᠶᠢᠨ᠎ᠠ᠃ ᠳᠠᠷᠠᠭ᠎ᠠ ᠨᠢ᠂ ᠰᠢᠨ᠎ᠡ ᠬᠤᠲᠠ ᠲᠣᠭᠤᠷᠢᠭ ᠳᠣᠲᠣᠭᠠᠳᠤ ᠬᠠᠮᠠᠭᠠᠯᠠᠬᠤ ᠬᠤᠪᠢᠶᠠᠷᠢ ᠲᠣᠪᠴᠢᠶ᠎ᠠ ᠳᠤᠷᠠᠳᠤᠯᠭ᠎ᠠ ᠪᠠᠷ᠂ ᠰᠢᠨ᠎ᠡ ᠬᠤᠲᠠ ᠲᠣᠭᠤᠷᠢᠭ ᠵᠠᠯᠠᠷᠠᠭᠤᠯᠤᠨ ᠵᠠᠰᠠᠬᠤ ᠲᠤᠰᠬᠠᠢ ᠰᠤᠷᠭᠠᠨ ᠬᠥᠮᠦᠵᠢᠯ ᠦᠨᠡᠯᠡᠨ ᠵᠢᠱᠢᠬᠦ ᠳᠤᠭᠤᠶᠢᠯᠠᠩ ᠬᠤᠷᠠᠯ ᠬᠢᠵᠦ ᠦᠨᠡᠯᠡᠨ ᠵᠢᠱᠢᠭᠡᠳ᠂ ᠬᠤᠶᠠᠭᠤᠯᠠ ᠬᠥᠬᠡᠬᠤᠲᠠ ᠲᠤᠰᠬᠠᠢ ᠰᠤᠷᠭᠠᠭᠤᠯᠢ ᠳᠤ ᠬᠦᠷᠭᠡᠵᠦ ᠰᠤᠷᠤᠯᠴᠠᠭᠤᠯᠬᠤ ᠪᠠᠷ 6 ᠰᠠᠷ᠎ᠠ ᠬᠤᠭᠤᠴᠠᠭ᠎ᠠ ᠲᠠᠢ ᠵᠠᠯᠠᠷᠠᠭᠤᠯᠤᠨ ᠵᠠᠰᠠᠬᠤ ᠰᠤᠷᠭᠠᠨ ᠬᠥᠮᠦᠵᠢᠯ ᠬᠦᠷᠲᠡᠭᠡᠬᠦ ᠵᠥᠪᠰᠢᠶᠡᠷᠡᠪᠡ᠃ ᠭᠤᠷᠪᠠ ᠳᠤ ᠮᠥᠷᠳᠡᠨ ᠰᠤᠷᠪᠤᠯᠵᠢᠯᠠᠵᠤ᠂ ᠬᠦᠷᠭᠡᠵᠦ ᠰᠤᠷᠤᠯᠴᠠᠭᠤᠯᠤᠭᠰᠠᠨ ᠦᠷ᠎ᠡ ᠪᠦᠲᠦᠭᠡᠯ ᠢ ᠪᠠᠲᠤᠳᠬᠠᠨ᠎ᠠ᠃ ᠬᠤᠶᠠᠷ ᠬᠥᠮᠥᠨ ᠢ ᠲᠤᠰᠬᠠᠢ ᠰᠤᠷᠭᠠᠭᠤᠯᠢ ᠳᠤ ᠬᠦᠷᠭᠡᠭᠰᠡᠨ ᠳᠠᠷᠠᠭ᠎ᠠ᠂ ᠪᠠᠶᠢᠴᠠᠭᠠᠬᠤ ᠲᠤᠰᠢᠶᠠᠯᠲᠠᠨ ᠴᠠᠭ ᠲᠤᠬᠠᠢ ᠳᠤᠨᠢ ᠲᠡᠭᠦᠨ ᠲᠠᠢ ᠰᠤᠷᠭᠠᠭᠤᠯᠢ ᠳᠤ ᠣᠷᠣᠵᠤ ᠶᠠᠷᠢᠯᠴᠠᠬᠤ ᠬᠠᠮᠲᠤ ᠲᠠᠷᠠᠭᠠᠴᠢ ᠠᠯᠬᠤᠮ ᠳᠤ ᠲᠤᠰᠬᠠᠢ ᠰᠤᠷᠭᠠᠭᠤᠯᠢ ᠬᠠᠪᠰᠤᠷᠤᠨ ᠮᠥᠷᠳᠡᠵᠦ ᠬᠠᠪᠰᠤᠷᠤᠨ ᠰᠤᠷᠭᠠᠬᠤ ᠪᠣᠳᠠᠲᠠᠢ ᠠᠷᠭ᠎ᠠ ᠬᠡᠮᠵᠢᠶ᠎ᠡ ᠳᠤᠷᠠᠳᠤᠨ ᠭᠠᠷᠭᠠᠪᠠ᠃ ᠬᠤᠶᠠᠷ ᠬᠥᠮᠥᠨ ᠰᠡᠳᠬᠢᠴᠡ ᠲᠠᠯ᠎ᠠ ᠪᠠᠷ ᠣᠷᠣᠰᠢᠵᠤ ᠪᠠᠶᠢᠭ᠎ᠠ ᠲᠥᠭᠡᠷᠢᠭᠳᠡᠯ ᠪᠠ ᠠᠰᠠᠭᠤᠳᠠᠯ ᠳᠤ ᠴᠢᠭᠯᠡᠭᠦᠯᠦᠨ᠂ ᠨᠡᠶᠢᠭᠡᠮ ᠠᠵᠢᠯ ᠪᠠᠶᠢᠭᠤᠯᠤᠮᠵᠢ ᠢᠳᠡᠪᠬᠢᠲᠡᠢ ᠪᠠᠷ ᠵᠣᠬᠢᠴᠠᠭᠤᠯᠤᠨ ᠲᠡᠳᠡᠨ ᠳᠤ ᠰᠡᠳᠬᠢᠴᠡ ᠲᠠᠯ᠎ᠠ ᠪᠠᠷ ᠬᠥᠲᠥᠯᠥᠨ ᠵᠢᠯᠤᠭᠤᠳᠬᠤ ᠵᠡᠷᠭᠡ ᠦᠢᠯᠡᠴᠢᠯᠡᠭᠡ ᠬᠠᠩᠭᠠᠬᠤ ᠬᠠᠮᠲᠤ ᠪᠣᠳᠠᠲᠤ ᠪᠠᠶᠢᠳᠠᠯ ᠢ ᠦᠨᠳᠦᠰᠦᠯᠡᠨ ᠰᠤᠷᠭᠠᠨ ᠬᠥᠮᠥᠵᠢᠭᠦᠯᠵᠦ ᠵᠠᠯᠠᠷᠠᠭᠤᠯᠤᠨ ᠵᠠᠰᠠᠬᠤ ᠲᠥᠰᠥᠯ ᠴᠠᠭ ᠲᠤᠬᠠᠢ ᠳᠤᠨᠢ ᠲᠣᠬᠢᠷᠠᠭᠤᠯᠤᠨ᠎ᠠ᠃ ᠣᠲᠣ ᠪᠣᠯᠲᠠᠯ᠎ᠠ᠂ ᠬᠡᠷᠡᠭ ᠲᠤ ᠬᠤᠯᠪᠣᠭᠳᠠᠭᠰᠠᠨ ᠬᠤᠶᠠᠷ ᠨᠠᠰᠤᠨ ᠳᠤ ᠥᠯᠥ ᠭᠦᠷᠦᠭᠰᠡᠳ ᠰᠤᠷᠭᠠᠭᠤᠯᠢ ᠠᠮᠢᠳᠤᠷᠠᠯ ᠳᠤ ᠠᠮᠵᠢᠯᠲᠠ ᠲᠠᠢ ᠪᠠᠷ ᠵᠣᠬᠢᠴᠠᠵᠤ᠂ ᠰᠤᠷᠭᠠᠨ ᠬᠥᠮᠦᠵᠢᠯ ᠢ ᠢᠳᠡᠪᠬᠢᠲᠡᠢ ᠪᠠᠷ ᠭᠥᠷᠳᠡᠵᠦ ᠪᠠᠶᠢᠨ᠎ᠠ᠂ ᠰᠢᠨ᠎ᠡ ᠬᠤᠲᠠ ᠲᠣᠭᠤᠷᠢᠭ ᠪᠠᠶᠢᠴᠠᠭᠠᠬᠤ ᠬᠤᠷᠢᠶ᠎ᠠ ᠰᠤᠷᠭᠠᠭᠤᠯᠢ ᠳᠤ ᠬᠦᠷᠭᠡᠵᠦ ᠰᠤᠷᠤᠯᠴᠠᠭᠤᠯᠬᠤ ᠠᠵᠢᠯ ᠲᠣᠭᠲᠠᠴᠠ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠨᠠᠩ ᠣᠯᠠᠨ ᠨᠠᠰᠤᠨ ᠳᠤ ᠥᠯᠥ ᠭᠦᠷᠦᠭᠰᠡᠳ ᠲᠤ ᠬᠦᠰᠡᠯ ᠡᠷᠡᠮᠡᠯᠵᠡᠯ ᠣᠯᠭᠤᠬᠤ ᠪᠣᠯᠣᠨ᠎ᠠ᠃