ᠬᠦᠬᠡᠬᠣᠲᠠ ᠪᠠᠶᠢᠴᠠᠭᠠᠬᠤ ᠬᠤᠷᠢᠶ᠎ᠠ ᠭᠠᠳᠠᠭᠠᠳᠦ ᠲᠠᠢ ᠬᠣᠯᠪᠤᠭᠳᠠᠭᠰᠠᠨ ᠬᠠᠤᠯᠢ ᠪᠠᠷ ᠵᠠᠰᠠᠬᠤ ᠬᠠᠮᠵᠢᠯᠴᠠᠭ᠎ᠠ ᠭᠦᠨᠵᠡᠭᠡᠶᠢᠷᠡᠭᠦᠯᠵᠦ᠂ ᠪᠠᠶᠢᠴᠠᠭᠠᠬᠤ ᠲᠤᠰᠬᠠᠢ ᠮᠡᠷᠭᠡᠵᠢᠯ ᠮᠣᠩᠭᠣᠯ ᠤᠯᠤᠰ ᠬᠠᠤᠯᠢ ᠲᠤᠰᠢᠶᠠᠯᠲᠠᠨ ᠰᠣᠳᠤᠯᠤᠨ ᠰᠤᠷᠤᠯᠴᠠᠬᠤ ᠠᠩᠭᠢᠯᠠᠯ ᠬᠠᠤᠯᠢ ᠴᠠᠭᠠᠵᠠ ᠰᠣᠯᠢᠯᠴᠠᠭᠠᠨ ᠠᠵᠢᠯᠯᠠᠭ᠎ᠠ ᠲᠡᠭᠦᠰ ᠠᠮᠵᠢᠯᠲᠠ ᠲᠠᠢ ᠪᠡᠶᠡᠯᠡᠭᠳᠡᠬᠦ ᠪᠠᠲᠤᠯᠠᠪᠠ
2025-05-29 10:24:39
ᠣᠢᠷ᠎ᠠ ᠡᠳᠦᠷ᠂ ᠤᠯᠤᠰ ᠬᠠᠤᠯᠢ ᠲᠤᠰᠢᠶᠠᠯᠲᠠᠨ ᠳᠡᠭᠡᠳᠦ ᠰᠤᠷᠭᠠᠭᠤᠯᠢ ᠭᠤᠣᠯᠯᠠᠨ ᠡᠷᠬᠢᠯᠡᠵᠦ᠂ ᠤᠯᠤᠰ ᠬᠠᠤᠯᠢ ᠲᠤᠰᠢᠶᠠᠯᠲᠠᠨ ᠳᠡᠭᠡᠳᠦ ᠰᠤᠷᠭᠠᠭᠤᠯᠢ ᠥᠪᠥᠷ ᠮᠣᠩᠭᠤᠯ ᠬᠤᠪᠢᠶᠠᠷᠢ ᠳᠡᠭᠡᠳᠦ ᠰᠤᠷᠭᠠᠭᠤᠯᠢ ᠳᠠᠭᠠᠭᠠᠨ ᠡᠷᠬᠢᠯᠡᠭᠰᠡᠨ ᠠᠷᠪᠠᠨ ᠭᠤᠷᠪᠠᠳᠤᠭᠠᠷ ᠬᠤᠭᠤᠴᠠᠭᠠᠨ ᠮᠣᠩᠭᠤᠯ ᠤᠯᠤᠰ ᠬᠠᠤᠯᠢ ᠲᠤᠰᠢᠶᠠᠯᠲᠠᠨ ᠰᠤᠳᠤᠯᠤᠨ ᠰᠤᠷᠤᠯᠴᠠᠬᠤ ᠠᠩᠭᠢ ᠬᠥᠬᠡᠬᠤᠲᠠ ᠳᠤ ᠬᠦᠷᠴᠦ ᠬᠠᠤᠯᠢ ᠴᠠᠭᠠᠵᠠ ᠦᠢᠯᠡᠳᠦᠯᠭᠡ ᠰᠣᠯᠢᠯᠴᠠᠭᠠᠨ ᠠᠵᠢᠯᠯᠠᠭ᠎ᠠ ᠥᠷᠨᠢᠭᠦᠯᠵᠦ᠂ ᠬᠥᠬᠡᠬᠤᠲᠠ ᠪᠠᠢᠴᠠᠭᠠᠬᠤ ᠬᠤᠷᠢᠶ᠎ᠠ ᠬᠤᠣᠰ ᠬᠡᠯᠡᠨ ᠪᠠᠢᠴᠠᠭᠠᠬᠤ ᠪᠦᠯᠬᠦᠮ ᠲᠣᠮᠢᠯᠠᠵᠤ ᠪᠦᠬᠦ ᠶᠠᠪᠤᠴᠠ ᠳᠤ ᠬᠠᠮᠵᠢᠯᠴᠠᠵᠤ᠂ ᠮᠡᠬᠡᠯᠡᠭᠰᠡᠨ ᠬᠡᠷᠡᠭ ᠬᠥᠬᠡ ᠳᠡᠪᠲᠡᠷ ᠪᠣᠯᠭᠠᠭᠰᠠᠨ ᠮᠣᠩᠭᠤᠯ ᠬᠡᠯᠡᠨ ᠳᠠᠭᠤᠷᠢᠶᠠᠮᠠᠯ ᠰᠢᠭᠦᠭᠦ ᠲᠢᠩᠬᠢᠮ ᠪᠦᠬᠦ ᠶᠠᠪᠤᠴᠠ ᠪᠠᠲᠤᠯᠠᠬᠤ ᠠᠵᠢᠯ ᠢ ᠠᠮᠵᠢᠯᠲᠠ ᠲᠠᠢ ᠪᠡᠶᠡᠯᠡᠭᠦᠯᠵᠦ᠂ ᠭᠠᠳᠠᠭᠠᠳᠤ ᠳᠤ ᠬᠤᠯᠪᠣᠭᠳᠠᠬᠤ ᠬᠠᠤᠯᠢ ᠪᠠᠷ ᠵᠠᠰᠠᠬᠤ ᠰᠣᠯᠢᠯᠴᠠᠭ᠎ᠠ ᠤᠯᠠᠮ ᠨᠢᠭᠡ ᠠᠯᠬᠤᠮ ᠴᠢᠩᠭᠠᠳᠭᠠᠬᠤ ᠳᠤ ᠰᠠᠭᠤᠷᠢ ᠲᠠᠯᠪᠢᠪᠠ᠃
ᠳᠠᠭᠤᠷᠢᠶᠠᠮᠠᠯ ᠲᠢᠩᠬᠢᠮ ᠰᠢᠭᠦᠯᠲᠡ ᠤᠷᠤᠭᠰᠢᠲᠠᠢ ᠶᠠᠪᠤᠭᠳᠠᠬᠤ ᠪᠠᠲᠤᠯᠠᠬᠤ ᠲᠥᠯᠥᠭᠡ᠂ ᠬᠥᠬᠡᠬᠤᠲᠠ ᠪᠠᠢᠴᠠᠭᠠᠬᠤ ᠬᠤᠷᠢᠶ᠎ᠠ ᠨᠢ ᠬᠥᠬᠡᠬᠤᠲᠠ ᠠᠷᠠᠳ ᠳᠤᠮᠳᠠ ᠵᠡᠷᠭᠡ ᠰᠢᠭᠦᠭᠦ ᠬᠤᠷᠢᠶ᠎ᠠ ᠲᠠᠢ ᠬᠤᠶᠠᠷ ᠰᠠᠷ᠎ᠠ ᠤᠷᠢᠳᠴᠢᠯᠠᠨ ᠬᠤᠣᠰ ᠬᠡᠯᠡᠨ ᠰᠢᠭᠦᠨ ᠲᠠᠰᠤᠯᠬᠤ ᠠᠵᠢᠯᠲᠠᠨ᠂ ᠪᠠᠢᠴᠠᠭᠠᠬᠤ ᠠᠵᠢᠯᠲᠠᠨ ᠪᠠ ᠬᠠᠤᠯᠢᠴᠢ ᠪᠠᠷ ᠪᠦᠷᠢᠯᠳᠦᠭᠰᠡᠨ ᠲᠤᠰᠬᠠᠢ ᠮᠡᠷᠭᠡᠵᠢᠯ ᠪᠦᠯᠬᠦᠮ ᠢ ᠵᠣᠬᠢᠶᠠᠨ ᠪᠠᠢᠭᠤᠯᠵᠤ᠂ ᠬᠡᠷᠡᠭ ᠵᠢᠱᠢᠶ᠎ᠡ ᠰᠣᠩᠭᠤᠬᠤ ᠲᠠᠯ᠎ᠠ ᠪᠠᠷ ᠮᠣᠩᠭᠤᠯ ᠤᠯᠤᠰ ᠬᠠᠤᠯᠢ ᠴᠠᠭᠠᠵᠠ ᠲᠤᠰᠢᠶᠠᠯᠲᠠᠨ ᠨᠡᠯᠢᠶᠡᠳ ᠠᠩᠬᠠᠷᠴᠤ ᠪᠠᠢᠭ᠎ᠠ ᠪᠥᠭᠡᠳ ᠨᠡᠢᠲᠡᠯᠢᠭ ᠠᠴᠢ ᠬᠤᠯᠪᠣᠭᠳᠠᠯ ᠲᠠᠢ ᠮᠡᠬᠡᠯᠡᠯ ᠬᠡᠷᠡᠭ ᠢ ᠰᠣᠩᠭᠤᠵᠤ᠂ ︽ᠵᠠᠭᠠᠯᠳᠤᠬᠤ ᠪᠢᠴᠢᠭ︾᠂ ︽ᠡᠷᠡᠭᠦᠦ ᠰᠢᠢᠳᠭᠡᠯ ᠣᠨᠣᠭᠳᠠᠭᠤᠯᠬᠤ ᠰᠠᠨᠠᠭᠤᠯᠭ᠎ᠠ ᠪᠢᠴᠢᠭ︾ ᠵᠡᠷᠭᠡ ᠬᠠᠤᠯᠢ ᠴᠠᠭᠠᠵᠠ ᠪᠢᠴᠢᠭ ᠬᠠᠷ᠎ᠠ ᠬᠠᠷᠢᠴᠠᠭᠤᠯᠤᠨ ᠣᠷᠴᠢᠭᠤᠯᠬᠤ ᠤᠷᠢᠳᠴᠢᠯᠠᠨ ᠪᠡᠶᠡᠯᠡᠭᠦᠯᠵᠦ᠂ ᠣᠯᠠᠨ ᠤᠳᠠᠭ᠎ᠠ ᠳᠠᠭᠤᠷᠢᠶᠠᠮᠠᠯ ᠤᠷᠢᠳᠴᠢᠯᠠᠨ ᠲᠣᠭᠯᠠᠭᠴᠢ ᠵᠣᠬᠢᠶᠠᠨ ᠪᠠᠢᠭᠤᠯᠵᠤ᠂ ᠬᠤᠣᠰ ᠬᠡᠯᠡᠨ ᠣᠷᠴᠢᠭᠤᠯᠭ᠎ᠠ ᠣᠨᠣᠪᠴᠢ ᠨᠠᠷᠢᠯᠢᠭ ᠪᠠᠢᠳᠠᠯ ᠢ ᠰᠢᠯᠢᠳᠡᠭᠵᠢᠭᠦᠯᠵᠦ᠂ ᠵᠢᠷᠤᠮ ᠢ ᠵᠣᠯᠭᠠᠭᠤᠯᠬᠤ ᠨᠠᠷᠢᠨ ᠵᠦᠢᠯᠡᠰ ᠢ ᠲᠡᠭᠦᠯᠳᠡᠷᠵᠢᠭᠦᠯᠦᠨ᠎ᠡ᠃
ᠳᠠᠭᠤᠷᠢᠶᠠᠮᠠᠯ ᠲᠢᠩᠬᠢᠮ ᠰᠢᠭᠦᠯᠲᠡ ᠪᠥᠬᠦ ᠶᠠᠪᠤᠴᠠ ᠮᠣᠩᠭᠤᠯ ᠬᠡᠯᠡ ᠪᠠᠷ ᠪᠡᠶᠡᠯᠡᠭᠦᠯᠵᠦ᠂ ᠰᠢᠭᠦᠬᠦ ᠲᠢᠩᠬᠢᠮ ᠪᠠᠶᠢᠴᠠᠭᠠᠯᠲᠠ᠂ ᠭᠡᠷᠡᠴᠢ ᠭᠠᠷᠭᠠᠵᠤ ᠭᠡᠷᠡᠴᠢ ᠠᠪᠬᠤ᠂ ᠠᠯᠪᠠᠨ ᠵᠠᠭᠠᠯᠳᠤᠯᠭ᠎ᠠ ᠰᠠᠨᠠᠯ ᠢ ᠨᠡᠶᠢᠲᠡᠯᠡᠬᠦ ᠵᠡᠷᠭᠡ ᠤᠯᠠᠨ ᠭᠤᠭᠴᠤᠭ᠎ᠠ ᠬᠠᠮᠤᠷᠪᠠ᠃ ᠲᠢᠩᠬᠢᠮ ᠰᠢᠬᠦᠯᠳᠡ ᠶᠠᠪᠤᠴᠠ ᠳᠤ ︽ᠡᠷᠡᠭᠦᠦ ᠬᠠᠤᠯᠢ︾ 266 ᠳ᠋ᠤᠭᠠᠷ ᠵᠦᠢᠯ ᠵᠢᠴᠢ ︽ᠠᠷᠠᠳ ᠳᠡᠭᠡᠳᠦ ᠰᠢᠭᠦᠬᠦ ᠬᠤᠷᠢᠶ᠎ᠠ ᠠᠷᠠᠳ ᠬᠣᠭᠣᠷᠣᠨᠳᠣᠬᠢ ᠵᠢᠭᠡᠯᠡᠯᠭᠡ ᠬᠡᠷᠡᠭ ᠢ ᠰᠢᠭᠦᠬᠦ ᠳᠤ ᠬᠠᠤᠯᠢ ᠴᠠᠭᠠᠵᠠ ᠬᠡᠷᠡᠭᠯᠡᠬᠦ ᠠᠰᠠᠭᠤᠳᠠᠯᠳ ᠲᠤᠬᠠᠶ ᠲᠣᠭᠲᠠᠭᠠᠯ︾ ᠬᠡᠷᠡᠭᠯᠡᠯᠲᠡ ᠲᠥᠪᠯᠡᠷᠡᠭᠦᠯᠦᠨ᠂ ᠭᠡᠷᠡᠴᠢ ᠳᠤᠷᠠᠳᠴᠤ ᠭᠡᠷᠡᠴᠢ ᠳᠤᠷᠠᠳᠬᠤ ᠱᠠᠲᠤᠨ ᠠᠯᠪᠠᠨ ᠵᠠᠭᠠᠯᠳᠤᠭᠴᠢ ᠬᠤᠳᠠᠯ ᠬᠠᠭᠤᠷᠮᠠᠭ ᠬᠢᠭᠰᠡᠨ ᠲᠡᠮᠳᠡᠭᠯᠡᠯ᠂ ᠭᠡᠷᠡᠴᠢᠯᠡᠭᠴᠢ ᠭᠡᠷᠡᠴᠢ ᠦᠭᠡ ᠵᠢᠴᠢ ᠵᠠᠭᠠᠯᠳᠤᠭᠳᠠᠭᠴᠢ ᠡᠳ᠋ ᠬᠥᠷᠥᠩᠭᠡ ᠪᠠᠶᠢᠳᠠᠯ ᠬᠢᠨᠠᠨ ᠪᠤᠳᠤᠯᠳᠠ ᠮᠡᠳᠡᠭᠦᠯᠦᠯᠲᠡ ᠵᠡᠷᠭᠡ ᠭᠤᠣᠯᠳᠠᠯᠭ᠎ᠠ ᠲᠠᠢ ᠪᠠᠷ ᠳᠡᠯᠭᠡᠨ ᠦᠵᠡᠭᠦᠯᠵᠦ᠂ ᠰᠢᠭᠦᠬᠦ ᠲᠢᠩᠬᠢᠮ ᠮᠠᠷᠭᠤᠯᠳᠤᠭᠠᠨ ᠱᠠᠲᠤᠨ ᠳᠤ ᠴᠢᠭᠯᠡᠭᠦᠯᠵᠦ᠂ ᠦᠮᠦᠭᠯᠡᠬᠦ ᠲᠠᠯ᠎ᠠ ᠳᠤᠷᠠᠳᠤᠭᠰᠠᠨ ᠵᠠᠭᠠᠯᠳᠤᠭᠳᠠᠭᠴᠢ ᠪᠡᠶᠡᠴᠢ ᠲᠠᠯ᠎ᠠ ᠮᠡᠬᠡᠯᠡᠯ ᠵᠣᠷᠢᠭᠤᠳᠠ ᠥᠮᠥᠭᠯᠡᠬᠦ ᠰᠠᠨᠠᠯ ᠪᠠᠶᠢᠬᠤ ᠦᠭᠡᠢ᠂ ᠠᠯᠪᠠᠨ ᠵᠠᠭᠠᠯᠳᠤᠭᠴᠢ ᠵᠠᠭᠠᠯᠳᠤᠭᠳᠠᠭᠴᠢ ᠵᠣᠭᠤᠰ ᠵᠢᠭᠡᠯᠡᠬᠦ ᠦᠶ᠎ᠡ ᠠᠵᠤ ᠠᠬᠤᠢ ᠪᠠᠶᠢᠳᠠᠯ᠂ ᠵᠣᠭᠤᠰ ᠵᠢᠭᠡᠯᠡᠬᠦ ᠬᠠᠤᠯᠢ ᠪᠤᠰᠤ ᠵᠣᠷᠢᠯᠭ᠎ᠠ ᠳᠤ ᠬᠡᠷᠡᠭᠯᠡᠬᠦ᠂ ᠬᠤᠳᠠᠯ ᠣᠷᠣᠯᠠᠭᠴᠢ ᠥᠷᠢᠲᠦᠭᠰᠡᠨ ᠵᠣᠭᠤᠰ ᠢ ᠪᠤᠴᠠᠭᠠᠬᠤ ᠶᠠᠷᠢᠯᠴᠠᠭᠠᠨ ᠲᠡᠮᠳᠡᠭᠯᠡᠯ ᠵᠡᠷᠭᠡ ᠲᠠᠯ᠎ᠠ ᠠᠴᠠ ᠭᠠᠷᠳᠠᠵᠤ᠂ ᠮᠡᠬᠡᠯᠡᠯ ᠶᠠᠯ᠎ᠠ ᠬᠠᠤᠯᠢ ᠴᠠᠭᠠᠵᠠ ᠮᠠᠭᠠᠳᠯᠠᠨ ᠲᠣᠭᠲᠠᠭᠠᠬᠤ ᠪᠠᠷᠢᠮᠵᠢᠶ᠎ᠠ ᠨᠠᠷᠢᠨ ᠲᠣᠳᠣᠷᠬᠠᠶ ᠥᠭᠦᠯᠡᠪᠡ᠃ ᠳᠠᠭᠤᠷᠢᠶᠠᠮᠠᠯ ᠲᠢᠩᠬᠢᠮ ᠰᠢᠭᠦᠯᠲᠡ ᠠᠮᠢᠳᠤ ᠳᠦᠷᠰᠦᠯᠢᠭ᠂ ᠬᠠᠤᠯᠢ ᠴᠠᠭᠠᠵᠠ ᠨᠡᠷ᠎ᠡ ᠲᠣᠮᠢᠶ᠎ᠠ ᠥᠭᠦᠯᠡᠯ ᠨᠢ ᠣᠨᠣᠪᠴᠢᠲᠠᠶ ᠪᠥᠭᠡᠳ ᠣᠨᠣᠴᠠᠲᠠᠢ ᠪᠠᠶᠢᠵᠤ᠂ ᠲᠢᠩᠬᠢᠮ ᠰᠢᠭᠦᠯᠲᠡ ᠶᠠᠪᠤᠴᠠ ᠨᠢ ᠡᠮᠬᠢ ᠵᠢᠷᠤᠮ ᠲᠠᠢ᠂ ᠮᠣᠩᠭᠤᠯ ᠤᠯᠤᠰ ᠬᠠᠤᠯᠢ ᠴᠠᠭᠠᠵᠠ ᠲᠤᠰᠢᠶᠠᠯᠲᠠᠨ ᠳᠡᠭᠡᠳᠦ ᠬᠡᠮᠵᠢᠶᠡᠨ ᠦᠨᠡᠯᠡᠯᠲᠡ ᠣᠯᠤᠭᠰᠠᠨ ᠪᠠᠶᠢᠨ᠎ᠠ᠃