ᠬᠤᠰᠢᠭᠤᠨ ᠠᠷᠠᠳ ᠲᠦᠯᠦᠭᠡᠯᠡᠭᠴᠢᠳ ᠬᠤᠷᠠᠯ ᠪᠠᠶᠢᠩᠭᠤ ᠬᠤᠷᠢᠶ᠎ᠠ ᠪᠠᠶᠢᠴᠠᠭᠠᠨ ᠰᠣᠳᠣᠯᠬᠤ ᠲᠤᠭᠤᠶᠢᠯᠠᠩ ᠡᠵᠡᠨ ᠬᠤᠷᠤᠭ᠎ᠠ ᠬᠤᠰᠢᠭᠤᠨ ᠠᠷᠠᠳ ᠪᠠᠶᠢᠴᠠᠭᠠᠬᠤ ᠬᠤᠷᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠤᠭᠤᠳᠪᠠ
2025-08-22 17:14:30
8 ᠰᠠᠷ᠎ᠠ 19 ᠡᠳᠦᠷ᠂ ᠬᠤᠰᠢᠭᠤᠨ ᠠᠷᠠᠳ ᠲᠥᠯᠥᠭᠡᠯᠡᠭᠴᠢᠳ ᠶᠡᠭᠡ ᠬᠤᠷᠠᠯ ᠪᠠᠶᠢᠩᠭᠤ ᠬᠤᠷᠢᠶ᠎ᠠ ᠳᠡᠳ᠋ ᠡᠷᠬᠢᠯᠡᠭᠴᠢ ᠶᠠᠩ ᠲᠡᠯᠡᠶ ᠬᠡᠰᠡᠭ ᠠᠷᠠᠳ ᠲᠥᠯᠥᠭᠡᠯᠡᠭᠴᠢᠳ ᠢ ᠳᠠᠭᠠᠭᠤᠯᠤᠨ ᠡᠵᠡᠨ ᠬᠤᠷᠤᠭ᠎ᠠ ᠬᠤᠰᠢᠭᠤᠨ ᠠᠷᠠᠳ ᠪᠠᠶᠢᠴᠠᠭᠠᠬᠤ ᠬᠤᠷᠢᠶ᠎ᠠ ᠳᠤ ᠬᠦᠷᠴᠦ ᠳᠤᠮᠳᠠᠳᠤ ᠦᠨᠳᠦᠰᠦᠲᠡᠨ ᠬᠠᠮᠲᠤ ᠴᠣᠭᠴᠠ ᠤᠬᠠᠮᠰᠠᠷ ᠢ ᠪᠠᠲᠤ ᠪᠠᠬᠢ ᠪᠣᠶ ᠪᠣᠯᠭᠠᠬᠤ᠂ ᠦᠨᠳᠦᠰᠦᠲᠡᠨ ᠪᠦᠯᠬᠦᠮᠳᠡᠯ ᠳᠠᠪᠰᠢᠯᠲᠠ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠨᠠᠮ ᠤᠳᠤᠷᠢᠳᠬᠤ ᠳᠤᠭᠤᠶᠢᠯᠠᠩ ᠱᠦᠵᠢ᠂ ᠪᠠᠶᠢᠴᠠᠭᠠᠬᠤ ᠳᠠᠷᠤᠭ᠎ᠠ ᠶᠤᠸᠠᠢ ᠽᠦ ᠺᠦᠨ ᠪᠠᠷ᠎ᠠ ᠪᠤᠯᠵᠦ ᠪᠠᠶᠢᠴᠠᠭᠠᠨ ᠰᠤᠳᠤᠯᠤᠯᠲᠠ ᠬᠢᠵᠡᠢ᠃
ᠪᠠᠶᠢᠴᠠᠭᠠᠨ ᠰᠤᠳᠤᠯᠬᠤ ᠳᠤᠭᠤᠶᠢᠯᠠᠩ ᠬᠢᠨ 12309 ᠪᠠᠶᠢᠴᠠᠭᠠᠬᠤ ᠠᠵᠢᠯ ᠦᠢᠯᠡᠴᠢᠯᠡᠭᠡ ᠲᠥᠪ᠂ ᠨᠠᠮ ᠪᠠᠶᠢᠭᠤᠯᠤᠯᠲᠠ ᠠᠭᠤᠰᠤᠯᠴᠠᠭᠤᠯᠬᠤ ᠲᠤᠬᠠᠶᠢᠯᠠᠭᠰᠠᠨ ᠠᠵᠢᠯ ᠤᠬᠠᠭᠤᠯᠭ᠎ᠠ ᠬᠥᠮᠦᠵᠢᠯ ᠪᠣᠯᠪᠠᠰᠤᠷᠠᠯ ᠵᠢᠭᠰᠠᠭᠠᠯ ᠭᠠᠵᠠᠷ᠂ ︽ᠨᠢᠭᠡᠳᠦᠮᠡᠯ ᠹᠷᠣᠨᠲ ᠬᠡᠷ︾᠂ ᠳᠤᠮᠳᠠᠳᠤ ᠦᠨᠳᠦᠰᠦᠲᠡᠨ ᠬᠠᠮᠲᠤ ᠴᠣᠭᠴᠠ ᠤᠬᠠᠮᠰᠠᠷ ᠤᠶᠢᠯᠡᠳᠤᠯᠭᠡ ᠬᠥᠮᠦᠵᠢᠯ ᠦᠵᠡᠭᠦᠯᠦᠯᠭᠡ ᠲᠣᠭᠤᠷᠢᠭ ᠵᠡᠷᠭᠡ ᠴᠢᠳᠠᠮᠵᠢᠳᠤ ᠣᠷᠣᠨ ᠢ ᠲᠣᠭᠤᠷᠢᠨ ᠦᠵᠡᠵᠦ᠂ ᠡᠵᠡᠨ ᠬᠤᠷᠤᠭ᠎ᠠ ᠬᠤᠰᠢᠭᠤᠨ ᠠᠷᠠᠳ ᠪᠠᠶᠢᠴᠠᠭᠠᠬᠤ ᠬᠤᠷᠢᠶᠠᠨ ᠦᠨᠳᠦᠰᠦᠲᠡᠨ ᠪᠦᠯᠬᠦᠮᠳᠡᠯ ᠳᠠᠪᠰᠢᠯᠲᠠ ᠠᠵᠢᠯ ᠲᠤᠰᠬᠠᠶ ᠰᠡᠳᠦᠪᠲᠦ ᠹᠢᠯᠢᠮ ᠢ ᠦᠵᠡᠪᠡ᠃ ᠲᠤᠰ ᠬᠦᠷᠢᠶᠡᠯᠡᠩ ᠳᠤᠮᠳᠠᠳᠤ ᠦᠨᠳᠦᠰᠦᠲᠡᠨ ᠬᠠᠮᠲᠤ ᠴᠣᠭᠴᠠ ᠴᠣᠭᠴᠠᠯᠠᠨ ᠪᠠᠶᠢᠭᠤᠯᠬᠤ ᠤᠬᠠᠮᠰᠠᠷ ᠢ ᠨᠠᠶᠢᠳᠠᠪᠤᠷᠢᠵᠢᠭᠤᠯᠤᠭᠰᠠᠨ᠂ ᠦᠨᠳᠦᠰᠦᠲᠡᠨ ᠪᠦᠯᠬᠦᠮᠳᠡᠯ ᠲᠠᠪᠰᠢᠯᠳᠠ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠬᠤᠯᠪᠣᠭᠳᠠᠯ ᠪᠦᠬᠦᠢ ᠪᠠᠶᠢᠳᠠᠯ ᠲᠤᠬᠠᠢ ᠲᠠᠨᠢᠯᠴᠠᠭᠤᠯᠭ᠎ᠠ ᠰᠣᠨᠣᠰᠤᠭᠰᠠᠨ ᠪᠥᠭᠡᠳ ᠲᠤᠰ ᠬᠤᠷᠢᠶ᠎ᠠ ᠳᠤᠮᠳᠠᠳᠤ ᠦᠨᠳᠦᠰᠦᠲᠡᠨ ᠬᠠᠮᠲᠤ ᠴᠣᠭᠴᠠ ᠴᠣᠭᠴᠠᠯᠠᠨ ᠪᠠᠶᠢᠭᠤᠯᠬᠤ ᠤᠬᠠᠮᠰᠠᠷ᠂ ᠦᠨᠳᠦᠰᠦᠲᠡᠨ ᠪᠦᠯᠬᠦᠮᠳᠡᠯ ᠲᠠᠪᠰᠢᠯᠳᠠ ᠡᠭᠦᠳᠦᠨ ᠪᠠᠶᠢᠭᠤᠯᠬᠤ ᠠᠵᠢᠯ ᠢ ᠭᠦᠢᠴᠡᠳ ᠨᠤᠲᠠᠯᠠᠪᠠ᠃
ᠤᠶᠢᠷ᠎ᠠ ᠵᠢᠯ ᠠᠴᠠ ᠨᠠᠰᠢ᠂ ᠡᠵᠡᠨ ᠬᠤᠷᠤᠭ᠎ᠠ ᠬᠤᠰᠢᠭᠤᠨ ᠠᠷᠠᠳ ᠪᠠᠶᠢᠴᠠᠭᠠᠬᠤ ᠬᠤᠷᠢᠶ᠎ᠠ ᠰᠢ ᠫᠢᠩ ᠰᠢᠨ᠎ᠡ ᠴᠠᠭ ᠦᠶ᠎ᠡ ᠳᠤᠮᠳᠠᠳᠤ ᠤᠯᠤᠰ ᠤᠨᠴᠠᠯᠢᠭ ᠲᠠᠢ ᠨᠠᠶᠢᠬᠡᠮ ᠵᠢᠷᠤᠮ ᠦᠵᠡᠯ ᠰᠠᠨᠠᠭ᠎ᠠ ᠪᠦᠬᠦ ᠲᠠᠯ᠎ᠠ ᠪᠠᠷ ᠲᠤᠤᠱᠠᠯᠠᠭᠤᠯᠵᠦ᠂ ᠳᠤᠮᠳᠠᠳᠤ ᠦᠨᠳᠦᠰᠦᠲᠡᠨ ᠬᠠᠮᠲᠤ ᠴᠣᠭᠴᠠ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠬᠤᠶᠠᠷ ᠶᠡᠭᠡ ᠶᠠᠪᠤᠳᠠᠯ︾ ᠢ ᠨᠠᠶᠢᠳᠠᠪᠤᠷᠢᠵᠢᠭᠤᠯᠬᠤ ᠪᠠᠷ ᠭᠤᠣᠯ ᠰᠡᠳᠦᠪ ᠪᠣᠯᠭᠠᠵᠤ᠂ ︽ᠬᠠᠤᠯᠢ ᠴᠠᠭᠠᠵᠠ ᠬᠡᠷᠡᠭ ᠪᠣᠯᠭᠠᠨ ᠠᠴᠠ ᠠᠷᠠᠳ ᠣᠯᠠᠨ ᠳᠤ ᠲᠥᠪ ᠭᠤᠣᠯᠴᠢ ᠰᠢᠳᠤᠷᠭᠤ ᠶᠣᠰᠣ ᠮᠡᠳᠡᠷᠡᠭᠦᠯᠬᠦ︾ ᠱᠠᠭᠠᠷᠳᠠᠯᠭ᠎ᠠ ᠦᠢᠯᠡᠳᠦᠯᠭᠡᠵᠢᠭᠦᠯᠵᠦ᠂ ᠳᠤᠮᠳᠠᠳᠤ ᠦᠨᠳᠦᠰᠦᠲᠡᠨ ᠬᠠᠮᠲᠤ ᠴᠣᠭᠴᠠ ᠤᠬᠠᠮᠰᠠᠷ᠂ ᠦᠨᠳᠦᠰᠦᠲᠡᠨ ᠪᠦᠯᠬᠦᠮᠳᠡᠯ ᠳᠠᠪᠰᠢᠯᠲᠠ ᠴᠣᠭᠴᠠᠯᠠᠨ ᠪᠠᠶᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠲᠥᠪ ᠬᠤᠷᠢᠶ᠎ᠠ᠂ ᠡᠯ᠎ᠡ ᠱᠠᠲᠤᠨ ᠨᠠᠮ ᠬᠤᠷᠢᠶ᠎ᠠ ᠳᠤᠮᠳᠠᠳᠤ ᠦᠨᠳᠦᠰᠦᠲᠡᠨ ᠬᠠᠮᠲᠤ ᠴᠣᠭᠴᠠ ᠴᠣᠭᠴᠠᠯᠠᠨ ᠪᠠᠶᠢᠭᠤᠯᠬᠤ ᠤᠬᠠᠮᠰᠠᠷ᠂ ᠦᠨᠳᠦᠰᠦᠲᠡᠨ ᠪᠦᠯᠬᠦᠮᠳᠡᠯ ᠳᠠᠪᠰᠢᠯᠲᠠ ᠴᠣᠭᠴᠠᠯᠠᠨ ᠪᠠᠶᠢᠭᠤᠯᠬᠤ ᠠᠵᠢᠯ ᠲᠤᠬᠠᠶ ᠴᠢᠬᠤᠯᠠ ᠰᠢᠢᠳᠪᠤᠷᠢᠲᠤ ᠪᠣᠳᠣᠯᠭ᠎ᠠ ᠪᠠᠶᠢᠷᠢᠯᠠᠭᠤᠯᠤᠯᠲᠠ ᠪᠠ ᠠᠵᠢᠯ ᠱᠠᠭᠠᠷᠳᠠᠯᠭ᠎ᠠ ᠬᠢᠨᠠᠮᠠᠭᠠᠶ ᠲᠤᠤᠱᠠᠯᠠᠭᠤᠯᠤᠨ ᠨᠠᠶᠢᠳᠠᠪᠤᠷᠢᠵᠢᠭᠤᠯᠵᠤ᠂ ᠪᠠᠶᠢᠴᠠᠭᠠᠬᠤ ᠠᠵᠢᠯ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠤᠯᠠᠨ ᠵᠦᠢᠯ ᠠᠷᠭ᠎ᠠ ᠬᠡᠮᠵᠢᠶ᠎ᠡ ᠵᠡᠷᠭᠡᠪᠡᠷ ᠬᠡᠷᠡᠭᠯᠡᠵᠦ᠂ ᠪᠠᠶᠢᠴᠠᠭᠠᠬᠤ ᠭᠤᠭᠴᠤᠭ᠎ᠠ ᠳᠤ ᠳᠤᠮᠳᠠᠳᠤ ᠦᠨᠳᠦᠰᠦᠲᠡᠨ ᠬᠠᠮᠲᠤ ᠴᠣᠭᠴᠠ ᠤᠬᠠᠮᠰᠠᠷ᠂ ᠦᠨᠳᠦᠰᠦᠲᠡᠨ ᠪᠦᠯᠬᠦᠮᠳᠡᠯ ᠲᠠᠪᠰᠢᠯᠳᠠ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠪᠦᠬᠦ ᠣᠷᠣᠨ ᠦᠨᠳᠦᠰᠦᠲᠡᠨ ᠪᠦᠯᠬᠦᠮᠳᠡᠯ ᠲᠠᠪᠰᠢᠯᠳᠠ ᠵᠢᠱᠢᠶ᠎ᠡ ᠦᠵᠡᠭᠦᠯᠬᠦ ᠨᠢᠭᠡᠴᠡ︾ ᠢᠷᠠᠭᠤ ᠠᠯᠳᠠᠷ ᠴᠣᠯᠠ ᠬᠦᠷᠳᠡᠪᠠ᠃
ᠲᠠᠷᠠᠭᠠᠴᠢ ᠠᠯᠬᠤᠮ ᠳᠤ᠂ ᠡᠵᠡᠨ ᠬᠤᠷᠤᠭ᠎ᠠ ᠬᠤᠰᠢᠭᠤᠨ ᠠᠷᠠᠳ ᠪᠠᠶᠢᠴᠠᠭᠠᠬᠤ ᠬᠤᠷᠢᠶ᠎ᠠ ᠳᠤᠮᠳᠠᠳᠤ ᠦᠨᠳᠦᠰᠦᠲᠡᠨ ᠬᠠᠮᠲᠤ ᠴᠣᠭᠴᠠ ᠤᠬᠠᠮᠰᠠᠷ ᠢ ᠪᠣᠶ ᠪᠣᠯᠭᠠᠬᠤ ᠭᠤᠤᠯ ᠰᠢᠵᠢᠮ ᠲᠣᠭᠤᠷᠢᠨ ᠳᠤ᠂ ᠦᠨᠳᠦᠰᠦᠲᠡᠨ ᠨᠦᠭᠦᠳ ︽ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ︾ ᠦᠨᠳᠦᠰᠦᠲᠡᠨ ᠠᠵᠢᠯ ᠭᠤᠤᠯ ᠰᠡᠳᠦᠪ ᠢ ᠪᠠᠲᠤ ᠡᠵᠡᠮᠳᠡᠵᠤ᠂ ᠢᠮᠠᠭᠲᠠ ᠤᠬᠠᠮᠰᠠᠷ ᠠᠴᠠ ᠪᠠᠨ ᠦᠨᠳᠦᠰᠦᠲᠡᠨ ᠪᠦᠯᠬᠦᠮᠳᠡᠯ ᠲᠠᠪᠰᠢᠯᠳᠠ ᠠᠵᠢᠯ ᠢ ᠪᠠᠶᠢᠴᠠᠭᠠᠬᠤ ᠠᠵᠢᠯ ᠳᠤ ᠭᠦᠨ ᠦᠨᠳᠦᠰᠦᠯᠡᠭᠦᠯᠵᠦ᠂ ᠬᠠᠤᠯᠢᠵᠢᠯ ᠬᠦᠴᠦᠨ ᠦᠨᠳᠦᠰᠦᠲᠡᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠠᠬᠢᠭᠤᠯᠵᠤ᠂ ᠰᠢᠨ᠎ᠡ ᠴᠠᠭ ᠦᠶ᠎ᠡ ᠨᠠᠮ ᠦᠨᠳᠦᠰᠦᠲᠡᠨ ᠠᠵᠢᠯ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃