ᠬᠦᠬᠡᠬᠤᠲᠠ ᠪᠠᠶᠢᠴᠠᠭᠠᠬᠤ ᠬᠤᠷᠢᠶ᠎ᠠ ᠳᠡᠳ᠋ ᠪᠠᠶᠢᠴᠠᠭᠠᠬᠤ ᠲᠠᠷᠤᠭ᠎ᠠ ᠯᠢᠦ ᠰᠢᠶᠤᠤ ᠹᠸᠩ ᠨᠠᠷ ᠰᠢᠨ᠎ᠡ ᠬᠤᠲᠠ ᠲᠤᠭᠤᠷᠢᠭ ᠪᠠᠶᠢᠴᠠᠭᠠᠬᠤ ᠬᠤᠷᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠲᠣᠭ᠎ᠠ ᠪᠠᠷᠢᠮᠲᠠ ᠪᠠᠶᠢᠴᠠᠭᠠᠬᠤ ᠠᠵᠢᠯ ᠢ ᠵᠢᠭᠠᠨ ᠵᠢᠯᠤᠭᠤᠳᠪᠠ
2025-08-29 17:10:08
ᠣᠶᠢᠷ᠎ᠠ ᠳᠤ᠂ ᠬᠥᠬᠡᠬᠤᠲᠠ ᠪᠠᠶᠢᠴᠠᠭᠠᠬᠤ ᠬᠤᠷᠢᠶ᠎ᠠ ᠳᠡᠳ᠋ ᠪᠠᠶᠢᠴᠠᠭᠠᠬᠤ ᠳᠠᠷᠤᠭ᠎ᠠ ᠯᠢᠦ ᠰᠢᠶᠣᠣ ᠹᠧᠩ ᠨᠠᠷ ᠰᠢᠨ᠎ᠡ ᠬᠤᠲᠠ ᠲᠣᠭᠤᠷᠢᠭ ᠪᠠᠶᠢᠴᠠᠭᠠᠬᠤ ᠬᠤᠷᠢᠶ᠎ᠠ ᠳᠤ ᠬᠦᠷᠴᠦ ᠲᠤᠭ᠎ᠠ ᠪᠠᠷᠢᠮᠲᠠ ᠪᠠᠶᠢᠴᠠᠭᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠴᠤ᠂ ᠰᠢᠨ᠎ᠡ ᠬᠤᠲᠠ ᠲᠣᠭᠤᠷᠢᠭ ᠪᠠᠶᠢᠴᠠᠭᠠᠬᠤ ᠬᠤᠷᠢᠶ᠎ᠠ ᠲᠣᠮᠣ ᠳ᠋ᠠᠶᠢᠲ᠋ᠠ ᠬᠠᠤᠯᠢ ᠴᠠᠭᠠᠵᠠ ᠬᠢᠨᠠᠯᠲᠠ ᠲᠠᠯᠪᠢᠬᠤ ᠠᠵᠢᠯ ᠳᠤᠮᠳᠠᠬᠢ ᠰᠦᠪᠡᠭᠴᠢᠯᠡᠯᠲᠡ ᠪᠠ ᠦᠢᠯᠡᠳᠦᠯᠭᠡ ᠪᠥᠬᠦ ᠲᠠᠯ᠎ᠠ ᠪᠠᠷ ᠣᠶᠢᠯᠠᠭᠠᠪᠠ᠃
ᠪᠠᠶᠢᠴᠠᠭᠠᠨ ᠰᠤᠳᠤᠯᠬᠤ ᠳᠤᠭᠤᠶᠢᠯᠠᠩ ᠬᠢᠨ ᠲᠤᠬᠠᠢ ᠭᠠᠵᠠᠷ ᠲᠤᠨᠢ ᠲᠣᠮᠣ ᠳ᠋ᠠᠶᠢᠲ᠋ᠠ ᠬᠠᠤᠯᠢ ᠴᠠᠭᠠᠵᠠ ᠬᠢᠨᠠᠯᠲᠠ ᠲᠠᠯᠪᠢᠬᠤ ᠲᠠᠪᠴᠠᠩ ᠠᠵᠢᠯᠯᠠᠭᠠᠨ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠰᠢᠨ᠎ᠡ ᠬᠤᠲᠠ ᠲᠣᠭᠤᠷᠢᠭ ᠪᠠᠶᠢᠴᠠᠭᠠᠬᠤ ᠬᠤᠷᠢᠶ᠎ᠠ ᠳᠡᠳ᠋ ᠪᠠᠶᠢᠴᠠᠭᠠᠬᠤ ᠳᠠᠷᠤᠭ᠎ᠠ ᠭᠤᠸ ᠷᠦᠢ ᠽᠧ ᠪᠠᠶᠢᠴᠠᠭᠠᠨ ᠰᠤᠳᠤᠯᠬᠤ ᠳᠤᠭᠤᠶᠢᠯᠠᠩ ᠳᠤ ᠲᠣᠮᠣ ᠳ᠋ᠠᠶᠢᠲ᠋ᠠ ᠬᠠᠤᠯᠢ ᠴᠠᠭᠠᠵᠠ ᠬᠢᠨᠠᠯᠲᠠ ᠲᠠᠯᠪᠢᠬᠤ ᠠᠵᠢᠯ ᠳᠤᠮᠳᠠᠬᠢ ᠭᠤᠣᠯ ᠠᠷᠭ᠎ᠠ ᠬᠢᠳᠡᠯ᠂ ᠣᠯᠣᠭᠰᠠᠨ ᠦᠷ᠎ᠡ ᠪᠦᠲᠦᠮᠵᠢ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠬᠠᠷᠢᠭᠤ ᠮᠡᠳᠡᠭᠦᠯᠪᠡ᠃ ᠪᠠᠶᠢᠴᠠᠭᠠᠨ ᠰᠤᠳᠤᠯᠬᠤ ᠳᠤᠭᠤᠶᠢᠯᠠᠩ ᠬᠢᠨ ᠰᠢᠨ᠎ᠡ ᠬᠤᠲᠠ ᠲᠣᠭᠤᠷᠢᠭ ᠪᠠᠶᠢᠴᠠᠭᠠᠬᠤ ᠬᠤᠷᠢᠶ᠎ᠠ ᠲᠣᠮᠣ ᠳ᠋ᠠᠶᠢᠲ᠋ᠠ ᠲᠠᠪᠴᠠᠩ ᠪᠠᠶᠢᠭᠤᠯᠤᠯᠲᠠ᠂ ᠲᠤᠭ᠎ᠠ ᠪᠠᠷᠢᠮᠲᠠ ᠴᠤᠭᠯᠠᠭᠤᠯᠬᠤ ᠪᠠ ᠵᠠᠳᠠᠯᠤᠯᠲᠠ ᠬᠢᠬᠦ᠂ ᠬᠢᠨᠠᠯᠲᠠ ᠲᠠᠯᠪᠢᠬᠤ ᠵᠠᠭᠪᠤᠷ ᠪᠠᠶᠢᠭᠤᠯᠤᠯᠲᠠ ᠵᠡᠷᠭᠡ ᠲᠠᠯ᠎ᠠ ᠠᠵᠢᠯ ᠪᠠᠶᠢᠳᠠᠯ ᠳᠤ ᠴᠢᠭᠯᠡᠭᠦᠯᠦᠨ ᠨᠠᠷᠢᠨ ᠣᠶᠢᠯᠠᠭᠠᠪᠠ᠃
ᠪᠠᠶᠢᠴᠠᠭᠠᠨ ᠰᠤᠳᠤᠯᠬᠤ ᠳᠤᠭᠤᠶᠢᠯᠠᠩ ᠬᠢᠨ ᠰᠢᠨ᠎ᠡ ᠬᠤᠲᠠ ᠲᠣᠭᠤᠷᠢᠭ ᠪᠠᠶᠢᠴᠠᠭᠠᠬᠤ ᠬᠤᠷᠢᠶ᠎ᠠ ᠲᠣᠮᠣ ᠳ᠋ᠠᠶᠢᠲ᠋ᠠ ᠬᠠᠤᠯᠢ ᠴᠠᠭᠠᠵᠠ ᠬᠢᠨᠠᠯᠲᠠ ᠲᠠᠯᠪᠢᠬᠤ ᠠᠵᠢᠯ ᠳᠤᠮᠳᠠᠬᠢ ᠢᠳᠡᠪᠬᠢᠲᠡᠢ ᠰᠦᠪᠡᠭᠴᠢᠯᠡᠯᠲᠡ ᠪᠠ ᠣᠯᠣᠭᠰᠠᠨ ᠦᠷ᠎ᠡ ᠪᠦᠲᠦᠮᠵᠢ ᠭᠦᠢᠴᠡᠳ ᠨᠤᠲᠠᠯᠠᠭᠰᠠᠨ ᠪᠣᠯᠪᠠᠴᠤ ᠮᠥᠨ ᠬᠦ ᠡᠳᠦᠢ ᠲᠡᠳᠦᠢ ᠠᠰᠠᠭᠤᠳᠠᠯ ᠪᠠ ᠥᠷᠢᠰᠦᠯᠳᠦᠭᠡᠨ ᠣᠷᠣᠰᠢᠵᠤ ᠪᠠᠶᠢᠨ᠎ᠠ ᠭᠡᠵᠦ ᠵᠢᠭᠠᠵᠤ ᠭᠠᠷᠭᠠᠪᠠ᠂ ᠵᠢᠱᠢᠶᠡᠯᠡᠪᠡᠯ ᠳ᠋ᠠᠶᠢᠲ᠋ᠠ ᠬᠠᠮᠲᠤ ᠪᠠᠷ ᠡᠳ᠋ᠯᠡᠬᠦ ᠲᠣᠭᠲᠠᠴᠠ ᠲᠡᠭᠦᠯᠳᠡᠷᠵᠢᠭᠡᠳᠦᠢ᠂ ᠮᠡᠷᠭᠡᠵᠢᠯ ᠲᠤᠯᠭᠠᠭᠤᠷᠢᠯᠠᠬᠤ ᠴᠢᠳᠠᠪᠤᠷᠢ ᠳᠡᠭᠡᠭᠰᠢᠯᠡᠭᠦᠯᠬᠦ ᠴᠢᠬᠤᠯᠠᠲᠠᠢ ᠪᠠᠶᠢᠬᠤ ᠵᠡᠷᠭᠡ ᠪᠣᠯᠣᠨ᠎ᠠ᠃ ᠡᠲᠡᠭᠡᠷ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠄ ᠨᠢᠭᠡ ᠳᠤ ᠲᠤᠭ᠎ᠠ ᠪᠠᠷᠢᠮᠲᠠ ᠬᠠᠮᠲᠤ ᠪᠠᠷ ᠡᠳ᠋ᠯᠡᠬᠦ ᠲᠣᠭᠲᠠᠴᠠ ᠲᠡᠭᠦᠯᠳᠡᠷᠵᠢᠭᠦᠯᠦᠨ᠎ᠡ᠃ ᠳᠣᠲᠣᠭᠠᠳᠤ ᠬᠠᠮᠠᠭᠠᠯᠠᠬᠤ ᠪᠠᠶᠢᠭᠤᠯᠭ᠎ᠠ᠂ ᠰᠢᠭᠦᠬᠦ ᠬᠤᠷᠢᠶ᠎ᠠ᠂ ᠵᠠᠰᠠᠭ ᠵᠠᠬᠢᠷᠭᠠᠨ ᠪᠠᠶᠢᠭᠤᠯᠭ᠎ᠠ ᠵᠡᠷᠭᠡ ᠰᠠᠯᠠᠭ᠎ᠠ ᠮᠥᠴᠢᠷ ᠯᠦᠭᠡ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠳ᠋ᠠᠶᠢᠲ᠋ᠠ ᠡᠬᠢ ᠪᠠᠶᠠᠯᠢᠭ ᠬᠤᠯᠪᠣᠯᠳᠤᠨ ᠨᠡᠪᠲᠡᠷᠡᠯᠴᠡᠬᠦ ᠠᠬᠢᠭᠤᠯᠵᠤ᠂ ᠲᠣᠮᠣ ᠳ᠋ᠠᠶᠢᠲ᠋ᠠ ᠬᠠᠤᠯᠢ ᠴᠠᠭᠠᠵᠠ ᠬᠢᠨᠠᠯᠲᠠ ᠲᠠᠯᠪᠢᠬᠤ ᠠᠵᠢᠯ ᠳᠤ ᠪᠠᠲᠤ ᠪᠠᠬᠢ ᠰᠠᠭᠤᠷᠢ ᠬᠠᠩᠭᠠᠨ᠎ᠠ᠃ ᠬᠤᠶᠠᠷ ᠲᠤ ᠮᠡᠷᠭᠡᠵᠢᠯ ᠲᠤᠯᠭᠠᠭᠤᠷᠢᠯᠠᠬᠤ ᠴᠢᠳᠠᠪᠤᠷᠢ ᠴᠢᠩᠭᠠᠳᠬᠠᠨ᠎ᠠ᠃ ᠳᠡᠭᠡᠳᠦ ᠱᠠᠲᠤᠨ ᠪᠠᠶᠢᠴᠠᠭᠠᠬᠤ ᠪᠠᠶᠢᠭᠤᠯᠭ᠎ᠠ ᠮᠡᠷᠭᠡᠵᠢᠯ ᠳᠡᠮᠵᠢᠯᠭᠡ ᠣᠯᠬᠤ ᠪᠠᠷ ᠢᠳᠡᠪᠬᠢᠲᠡᠢ ᠴᠢᠷᠮᠠᠶᠢᠵᠤ᠂ ᠲᠤᠰᠬᠠᠢ ᠪᠠᠶᠢᠭᠤᠯᠤᠮᠵᠢ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠣᠮᠣ ᠳ᠋ᠠᠶᠢᠲ᠋ᠠ ᠲᠠᠪᠴᠠᠩ ᠣᠶᠤᠨᠴᠢᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠤᠷᠪᠠ ᠳᠤ ᠬᠢᠨᠠᠯᠲᠠ ᠲᠠᠯᠪᠢᠬᠤ ᠵᠠᠭᠪᠤᠷ ᠬᠡᠷᠡᠭᠯᠡᠯᠲᠡ ᠭᠦᠨᠵᠡᠭᠡᠶᠢᠷᠡᠭᠦᠯᠦᠨ᠎ᠡ᠃ ᠪᠠᠶᠢᠴᠠᠭᠠᠬᠤ ᠠᠵᠢᠯ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠢᠨᠠᠯᠲᠠ ᠲᠠᠯᠪᠢᠬᠤ ᠵᠠᠭᠪᠤᠷ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠢᠨᠠᠯᠲᠠ ᠨᠠᠷᠢᠯᠢᠭ ᠣᠨᠣᠪᠴᠢᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ᠃ ᠳᠥᠷᠪᠡ ᠳᠤ ᠴᠢᠳᠠᠪᠤᠷᠢᠲᠠᠨ ᠢ ᠬᠥᠮᠥᠵᠢᠭᠦᠯᠬᠦ ᠴᠢᠬᠤᠯᠠᠴᠢᠯᠠᠨ᠎ᠠ᠃ ᠪᠠᠶᠢᠴᠠᠭᠠᠬᠤ ᠠᠵᠢᠯᠲᠠᠨ ᠲᠣᠮᠣ ᠳ᠋ᠠᠶᠢᠲ᠋ᠠ ᠮᠡᠳᠡᠯᠭᠡ ᠪᠣᠯᠪᠠᠰᠤᠷᠠᠭᠤᠯᠤᠯ ᠢ ᠴᠢᠩᠭᠠᠳᠬᠠᠵᠤ᠂ ᠬᠠᠤᠯᠢ ᠴᠠᠭᠠᠵᠠ ᠮᠡᠳᠡᠬᠦ ᠮᠥᠷᠲᠡᠭᠡᠨ ᠮᠡᠷᠭᠡᠵᠢᠯ ᠢ ᠴᠦ ᠮᠡᠳᠡᠳᠡᠭ ᠨᠢᠭᠡ ᠪᠦᠯᠦᠭ ᠶᠡᠷᠥᠩᠬᠡᠶᠢᠯᠡᠭᠰᠡᠨ ᠴᠢᠨᠠᠷ ᠲᠠᠢ ᠴᠢᠳᠠᠪᠤᠷᠢᠲᠠᠨ ᠢ ᠬᠥᠮᠥᠵᠢᠭᠦᠯᠦᠨ᠎ᠡ᠃
ᠰᠢᠨ᠎ᠡ ᠬᠤᠲᠠ ᠲᠣᠭᠤᠷᠢᠭ ᠪᠠᠶᠢᠴᠠᠭᠠᠬᠤ ᠬᠤᠷᠢᠶ᠎ᠠ ᠲᠣᠰ ᠤᠳᠠᠭᠠᠨ ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ ᠪᠣᠯᠭᠠᠵᠤ᠂ ᠪᠠᠶᠢᠴᠠᠭᠠᠨ ᠰᠤᠳᠤᠯᠬᠤ ᠳᠤᠭᠤᠶᠢᠯᠠᠩ ᠵᠢᠯᠤᠭᠤᠳᠬᠤ ᠰᠠᠨᠠᠯ ᠢ ᠬᠢᠨᠠᠮᠠᠭᠠᠢ ᠲᠤᠤᠱᠠᠯᠠᠭᠤᠯᠤᠨ ᠨᠠᠶᠢᠳᠠᠪᠤᠷᠢᠵᠢᠭᠤᠯᠵᠤ᠂ ᠲᠣᠮᠣ ᠳ᠋ᠠᠶᠢᠲ᠋ᠠ ᠬᠠᠤᠯᠢ ᠴᠠᠭᠠᠵᠠ ᠬᠢᠨᠠᠯᠲᠠ ᠲᠠᠯᠪᠢᠬᠤ ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠪᠠᠶᠢᠴᠠᠭᠠᠬᠤ ᠠᠵᠢᠯ ᠴᠢᠨᠠᠷ ᠰᠠᠶᠢᠲᠠᠢ ᠬᠥᠭᠵᠢᠯᠲᠡ ᠲᠦᠯᠬᠢᠨ ᠠᠬᠢᠭᠤᠯᠤᠨ᠎ᠠ᠃