ᠡᠵᠡᠨ ᠬᠤᠷᠤᠭ᠎ᠠ ᠬᠤᠰᠢᠭᠤᠨ ᠪᠠᠶᠢᠴᠠᠭᠠᠬᠤ ᠬᠤᠷᠢᠶ᠎ᠠ ᠬᠠᠤᠯᠢ ᠴᠠᠭᠠᠵᠠ ᠣᠨᠢᠨ ᠳᠡᠭᠡᠷ᠎ᠡ ᠨᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ ᠨᠠᠰᠤᠨ ᠳᠤ ᠬᠦᠷᠦᠭᠰᠡᠳ ᠠᠪᠤᠷᠠᠨ ᠲᠤᠰᠠᠯᠠᠬᠤ ᠰᠢᠨ᠎ᠡ ᠵᠠᠭᠪᠣᠷ ᠢ ᠪᠣᠢ ᠪᠣᠯᠭᠠᠪᠠ
2025-10-30 16:29:22
ᠡᠵᠡᠨ ᠬᠤᠷᠤᠭ᠎ᠠ ᠬᠤᠰᠢᠭᠤᠨ ᠠᠷᠠᠳ ᠪᠠᠶᠢᠴᠠᠭᠠᠬᠤ ᠬᠤᠷᠢᠶ᠎ᠠ ᠨᠠᠰᠤᠨ ᠳᠤ ᠥᠯᠥ ᠭᠦᠷᠦᠭᠰᠡᠳ ᠲᠤ ᠬᠤᠯᠪᠣᠭᠳᠠᠭᠰᠠᠨ ᠬᠡᠷᠡᠭ ᠢ ᠰᠢᠢᠳᠪᠤᠷᠢᠯᠡᠬᠦ ᠦᠶ᠎ᠡ ᠳᠤ᠂ ᠬᠤᠤᠷᠯᠠᠭᠳᠠᠭᠴᠢ ᠰᠢᠶᠤᠤ ᠹᠠᠩ ︵ᠪᠤᠷᠤᠭᠤᠯᠠᠭᠰᠠᠨ ᠨᠡᠷ᠎ᠡ︶ ᠲᠥᠷᠥᠭᠰᠡᠨ ᠡᠬᠡ ᠨᠢ ᠭᠢᠨᠳᠠᠨ ᠳᠤ ᠤᠷᠤᠭᠰᠠᠨ ᠠᠴᠠ ᠪᠣᠯᠵᠣ᠂ ᠴᠣᠷ ᠭᠠᠭᠴᠠ ᠠᠮᠢᠳᠤᠷᠠᠯ ᠢᠷᠡᠯᠲᠡ ᠪᠠᠨ ᠠᠯᠳᠠᠵᠤ᠂ ᠨᠢᠯᠬ᠎ᠠ ᠪᠠᠭ᠎ᠠ ᠳᠡᠭᠦᠤ ᠲᠠᠢ ᠪᠠᠨ ᠠᠷᠭ᠎ᠠ ᠪᠤᠰᠤ ᠨᠠᠰᠤ ᠠᠬᠢᠭᠰᠠᠨ ᠡᠪᠦᠭᠡ ᠠᠪᠤ ᠪᠠᠨ ᠳᠠᠭᠠᠵᠤ ᠠᠮᠢᠳᠤᠷᠠᠵᠤ᠂ ᠲᠦᠢᠯ ᠬᠦᠴᠢᠷᠳᠡᠯ ᠳᠤ ᠲᠤᠯᠭᠠᠷᠠᠭᠰᠠᠨ ᠢ ᠣᠯᠵᠤ ᠮᠡᠳᠡᠵᠡᠶ᠂ ᠲᠣᠰ ᠬᠤᠷᠢᠶ᠎ᠠ ᠳᠠᠷᠤᠶ ᠲᠦᠷᠭᠡᠨ ᠣᠷᠣᠯᠴᠠᠵᠤ᠂ ᠠᠪᠤᠷᠠᠨ ᠲᠤᠰᠠᠯᠠᠬᠤ ᠮᠥᠩᠭᠦ ᠲᠠᠷᠬᠠᠭᠠᠵᠤ᠂ ᠲᠡᠳᠡᠨ ᠦᠨᠳᠦᠰᠦᠨ ᠠᠮᠢᠳᠤᠷᠠᠯ ᠪᠠ ᠰᠤᠷᠭᠠᠨ ᠬᠥᠮᠦᠵᠢᠯ ᠬᠡᠷᠡᠭᠴᠡᠭᠡ ᠪᠠᠲᠤᠯᠠᠪᠠ᠃ ᠠᠪᠤᠷᠠᠨ ᠲᠤᠰᠠᠯᠠᠬᠤ ᠮᠥᠩᠭᠦ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠬᠦ ᠪᠠᠲᠤᠯᠠᠬᠤ ᠲᠥᠯᠥᠭᠡ᠂ ᠳᠠᠭᠠᠭᠠᠨ ᠠᠪᠴᠤ ᠰᠢᠢᠳᠪᠤᠷᠢᠯᠡᠬᠦ ᠪᠠᠶᠢᠴᠠᠭᠠᠬᠤ ᠲᠤᠰᠢᠶᠠᠯᠲᠠᠨ ᠰᠤᠷᠭᠠᠨ ᠬᠥᠮᠦᠵᠢᠯ ᠰᠠᠯᠠᠭ᠎ᠠ ᠮᠥᠴᠢᠷ ᠢ ᠵᠣᠬᠢᠴᠠᠭᠤᠯᠵᠤ᠂ ᠰᠢᠶᠤᠤ ᠹᠠᠩ ᠠᠩᠬᠢ ᠡᠷᠬᠢᠯᠡᠭᠴᠢ ᠵᠢᠭᠠᠨ ᠲᠣᠭᠲᠠᠭᠠᠵᠤ ᠠᠪᠤᠷᠠᠨ ᠲᠤᠰᠠᠯᠠᠬᠤ ᠮᠥᠩᠭᠦ ᠬᠡᠷᠡᠭᠯᠡᠯᠲᠡ ᠬᠢᠨᠠᠨ ᠬᠠᠮᠢᠶᠠᠷᠤᠭᠴᠢ ᠪᠠᠷ ᠲᠣᠮᠢᠯᠠᠬᠤ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠰᠤᠷᠪᠤᠯᠵᠢᠯᠠᠬᠤ ᠲᠣᠭᠲᠠᠴᠠ ᠪᠠᠶᠢᠭᠤᠯᠪᠠ᠃ ᠭᠡᠲᠡᠯ᠎ᠡ᠂ ᠨᠢᠭᠡ ᠤᠳᠠᠭ᠎ᠠ ᠬᠠᠷᠢᠭᠤ ᠰᠤᠷᠪᠤᠯᠵᠢᠯᠠᠭ᠎ᠠ ᠳᠤᠮᠳᠠ᠂ ᠳᠠᠭᠠᠭᠠᠨ ᠰᠢᠢᠳᠪᠤᠷᠢᠯᠡᠬᠦ ᠪᠠᠶᠢᠴᠠᠭᠠᠬᠤ ᠲᠤᠰᠢᠶᠠᠯᠲᠠᠨ ᠰᠢᠶᠤᠤ ᠹᠠᠩ ᠴᠠᠭᠠᠨ ᠰᠠᠷ᠎ᠠ ᠪᠠᠷᠠᠭ᠎ᠠ ᠬᠤᠳᠠᠯᠳᠤᠨ ᠠᠪᠤᠨ᠎ᠠ ᠭᠡᠵᠦ ᠬᠤᠳᠠᠯ ᠬᠡᠯᠡᠭᠡᠳ ᠠᠩᠭᠢ ᠡᠷᠬᠢᠯᠡᠭᠴᠢ ᠠᠴᠠ 5000 ᠲᠥᠭᠦᠷᠢᠭ ᠭᠠᠷᠭᠠᠨ ᠠᠪᠴᠤ᠂ ᠰᠦᠯᠵᠢᠶᠡᠨ ᠲᠣᠭᠯᠠᠭᠠᠮ ᠳᠤ ᠪᠦᠬᠦᠨ ᠢ ᠦᠷᠡᠵᠦ ᠪᠠᠶᠢᠬᠤ ᠣᠯᠵᠤ ᠮᠡᠳᠡᠵᠡᠶ᠂ ᠡᠨᠡ ᠬᠦ ᠦᠵᠡᠭᠳᠡᠯ ᠳᠤ ᠴᠢᠭᠯᠡᠭᠦᠯᠦᠨ᠂ ᠲᠣᠰ ᠬᠤᠷᠢᠶ᠎ᠠ ᠳᠠᠷᠤᠶ ᠲᠦᠷᠭᠡᠨ ᠰᠢᠷᠢᠰ ᠠᠷᠭ᠎ᠠ ᠬᠡᠮᠵᠢᠶ᠎ᠡ ᠠᠪᠴᠤ᠂ ︽ᠬᠤᠬᠢᠷᠠᠯ ᠢ ᠪᠠᠭᠠᠰᠬᠠᠬᠤ + ᠬᠢᠨᠠᠨ ᠬᠠᠮᠢᠶᠠᠷᠬᠤ + ᠴᠢᠳᠠᠪᠤᠷᠢ ᠣᠯᠭᠤᠬᠤ︾ ᠪᠥᠬᠦ ᠬᠡᠯᠬᠢᠶ᠎ᠡ ᠪᠣᠶ ᠪᠣᠯᠭᠠᠵᠤ᠂ ᠬᠠᠤᠯᠢ ᠴᠠᠭᠠᠵᠠ ᠠᠪᠤᠷᠠᠨ ᠲᠤᠰᠠᠯᠠᠬᠤ ᠣᠷᠳᠣ ᠬᠤᠭᠤᠴᠠᠭᠠᠨ ᠪᠦᠲᠦᠮᠵᠢᠲᠡᠶ ᠰᠢᠨ᠎ᠡ ᠵᠠᠭᠪᠤᠷ ᠢ ᠪᠣᠶ ᠪᠣᠯᠭᠠᠵᠤ᠂ ᠠᠪᠤᠷᠠᠨ ᠲᠤᠰᠠᠯᠠᠬᠤ ᠮᠥᠩᠭᠦ ᠦᠨᠡᠨ ᠬᠦ ᠵᠠᠩᠭᠢᠯᠠᠭ᠎ᠠ ᠭᠠᠵᠠᠷ ᠲᠤ ᠬᠡᠷᠡᠭᠯᠡᠬᠦ ᠪᠠᠲᠤᠯᠠᠵᠤ᠂ ᠨᠠᠰᠤᠨ ᠳᠤ ᠥᠯᠥ ᠭᠦᠷᠦᠭᠰᠡᠳ ᠡᠷᠡᠭᠦᠯ ᠦᠰᠦᠨ ᠪᠤᠶᠢᠵᠢᠬᠤ ᠬᠠᠮᠠᠭᠠᠯᠠᠪᠠ᠃
ᠨᠢᠭᠡ᠂ ᠬᠤᠬᠢᠷᠠᠯ ᠢ ᠲᠦᠷᠭᠡᠨ ᠵᠣᠭᠰᠣᠭᠠᠬᠤ ᠡᠷᠬᠡ ᠠᠰᠢᠭ᠄ ᠣᠷᠣᠨ ᠪᠦᠰᠡ ᠠᠯᠤᠰᠯᠠᠨ ᠬᠠᠮᠵᠢᠯᠴᠠᠵᠤ ᠪᠠᠶᠢᠭᠠᠳ ᠠᠯᠳᠠᠭᠳᠠᠯ ᠢ ᠠᠪᠤᠷᠠᠨ ᠲᠤᠰᠠᠯᠠᠬᠤ ᠪᠠᠯᠠ ᠮᠥᠩᠭᠦ ᠨᠡᠬᠡᠮᠵᠢᠯᠡᠨ ᠠᠪᠴᠢᠷᠠᠨ᠎ᠠ᠃
ᠰᠢᠶᠤᠤ ᠹᠠᠩ ᠠᠪᠤᠷᠠᠨ ᠲᠤᠰᠠᠯᠠᠬᠤ ᠮᠥᠩᠭᠦ ᠰᠦᠯᠵᠢᠶᠡᠨ ᠲᠣᠭᠯᠠᠭᠠᠮ ᠳᠤ ᠵᠣᠭᠤᠰ ᠨᠡᠮᠡᠬᠦ ᠳᠤ ᠬᠡᠷᠡᠭᠯᠡᠭᠰᠡᠨ ᠢ ᠣᠯᠵᠤ ᠮᠡᠳᠡᠭᠰᠡᠨ ᠳᠠᠷᠠᠭ᠎ᠠ᠂ ᠳᠠᠭᠠᠭᠠᠨ ᠰᠢᠢᠳᠪᠤᠷᠢᠯᠡᠬᠦ ᠪᠠᠶᠢᠴᠠᠭᠠᠬᠤ ᠲᠤᠰᠢᠶᠠᠯᠲᠠᠨ ᠲᠡᠭᠦᠨ ᠡᠷᠬᠡ ᠠᠰᠢᠭ ᠢ ᠬᠠᠮᠤᠭ ᠶᠡᠭᠡ ᠬᠡᠮᠵᠢᠶ᠎ᠡ ᠪᠠᠷ ᠪᠠᠲᠤᠯᠠᠵᠤ᠂ ᠲᠡᠭᠦᠨ ᠡᠷᠬᠡ ᠪᠠᠨ ᠬᠠᠮᠠᠭᠠᠯᠠᠬᠤ ᠬᠦᠴᠢᠷᠳᠡᠯ ᠳᠤ ᠤᠴᠠᠷᠠᠬᠤ ᠠᠴᠠ ᠵᠠᠶᠢᠯᠠᠰᠬᠢᠬᠦ ᠲᠥᠯᠥᠭᠡ᠂ ᠬᠠᠤᠯᠢ ᠪᠠᠷᠢᠬᠤ ᠡᠬᠢ ᠪᠠᠶᠠᠯᠢᠭ ᠳᠠᠪᠠᠭᠤᠯᠢᠭ ᠰᠠᠨᠠᠭᠠᠴᠢᠯᠠᠭ᠎ᠠ ᠠᠴᠠ ᠪᠠᠨ ᠪᠠᠳᠠᠷᠠᠭᠤᠯᠵᠤ᠂ ᠰᠦᠯᠵᠢᠶᠡᠨ ᠬᠡᠷᠡᠭᠯᠡᠭᠡᠨ ᠡᠷᠬᠡ ᠪᠠᠨ ᠬᠠᠮᠠᠭᠠᠯᠠᠬᠤ ᠰᠦᠯᠵᠢᠶᠡᠨ ᠨᠡᠶᠢᠲᠡ ᠠᠰᠠᠷᠠᠮᠵᠢ ᠬᠠᠤᠯᠢᠴᠢ ᠲᠠᠢ ᠦᠳᠲᠡᠷ ᠲᠦᠷᠭᠡᠨ ᠬᠠᠷᠢᠯᠴᠠᠭᠰᠠᠨ ᠪᠥᠭᠡᠳ ᠬᠠᠤᠯᠢᠴᠢ ᠬᠠᠮᠵᠢᠨ ᠨᠠᠰᠤᠨ ᠳᠤ ᠥᠯᠥ ᠭᠦᠷᠦᠭᠰᠡᠳ ᠪᠡᠶ᠎ᠡ ᠦᠨᠡᠮᠯᠡᠯ᠂ ᠬᠢᠨᠠᠨ ᠬᠠᠮᠠᠭᠠᠯᠠᠭᠴᠢ ᠬᠠᠷᠢᠴᠠᠭᠠᠨ ᠦᠨᠡᠮᠯᠡᠯ᠂ ᠵᠣᠭᠤᠰ ᠨᠡᠮᠡᠭᠰᠡᠨ ᠲᠡᠮᠳᠡᠭᠯᠡᠯ ᠵᠢᠷᠤᠭ ᠵᠢᠴᠢ ᠲᠣᠰ ᠬᠤᠷᠢᠶᠠᠨ ᠭᠠᠷᠭᠠᠭᠰᠠᠨ ᠬᠠᠤᠯᠢ ᠪᠠᠷᠢᠬᠤ ᠠᠪᠤᠷᠠᠨ ᠲᠤᠰᠠᠯᠠᠯᠲᠠ ᠪᠠᠶᠢᠳᠠᠯ ᠲᠣᠳᠣᠷᠬᠠᠶᠢᠯᠠᠯᠲᠠ ᠵᠡᠷᠭᠡ ᠵᠠᠩᠭᠢᠯᠠᠭ᠎ᠠ ᠭᠡᠷᠡᠴᠢ ᠪᠠᠷᠢᠮᠲᠠ ᠮᠠᠲ᠋ᠧᠷᠢᠶᠠᠯ ᠢ ᠡᠮᠬᠢᠯᠡᠵᠦ ᠲᠤᠰᠢᠶᠠᠭᠰᠠᠨ ᠪᠠᠶᠢᠨ᠎ᠠ᠃ ᠬᠡᠷᠡᠭ ᠲᠤ ᠬᠤᠯᠪᠣᠭᠳᠠᠭᠰᠠᠨ ᠲᠣᠭᠯᠠᠭᠠᠮ ᠺᠣᠮᠫᠠᠨᠢ ᠪᠡᠭᠡᠵᠢᠩ ᠬᠤᠲᠠ ᠨᠢᠭᠡᠨ ᠲᠣᠭᠤᠷᠢᠭ ᠰᠢᠭᠦᠬᠦ ᠬᠤᠷᠢᠶᠠᠨ ᠳᠤ ᠵᠠᠭᠠᠯᠳᠤᠵᠤ᠂ ᠰᠢᠭᠦᠬᠦ ᠬᠤᠷᠢᠶᠠᠨ ᠡᠶᠡᠳᠡᠭᠦᠯᠭᠡ ᠳᠣᠣᠷ᠎ᠠ᠂ ᠪᠠᠶᠢᠴᠠᠭᠠᠬᠤ ᠲᠤᠰᠢᠶᠠᠯᠲᠠᠨ᠂ ᠬᠠᠤᠯᠢᠴᠢ ᠪᠣᠯᠤᠨ ᠬᠡᠷᠡᠭ ᠲᠤ ᠬᠤᠯᠪᠣᠭᠳᠠᠭᠰᠠᠨ ᠲᠣᠭᠯᠠᠭᠠᠮ ᠺᠣᠮᠫᠠᠨᠢ ᠬᠠᠤᠯᠢ ᠶᠠᠪᠤᠳᠠᠯ ᠰᠠᠯᠠᠭ᠎ᠠ ᠮᠥᠴᠢᠷ ᠣᠯᠠᠨ ᠤᠳᠠᠭ᠎ᠠ ᠨᠡᠪᠲᠡᠷᠡᠯᠴᠡᠨ ᠵᠥᠪᠳᠡᠯᠴᠡᠵᠦ᠂ ᠪᠠᠶᠢᠴᠠᠭᠠᠬᠤ ᠲᠤᠰᠢᠶᠠᠯᠲᠠᠨ ᠵᠣᠭᠤᠰ ᠨᠡᠮᠡᠬᠦ ᠪᠡᠶᠡᠴᠢ ᠴᠣᠭᠴᠠ ᠪᠣᠯ ᠬᠠᠯᠳᠠᠯᠭ᠎ᠠ ᠳᠤ ᠤᠴᠠᠷᠠᠭᠰᠠᠨ ᠨᠠᠰᠤᠨ ᠳᠤ ᠥᠯᠥ ᠬᠦᠷᠦᠭᠰᠡᠳ ᠢ ᠬᠠᠤᠯᠢ ᠴᠠᠭᠠᠵᠠ ᠪᠠᠷ ᠠᠪᠤᠷᠠᠨ ᠲᠤᠰᠠᠯᠠᠬᠤ ᠶᠠᠪᠤᠳᠠᠯ ᠮᠥᠨ᠂ ᠪᠡᠯᠡ ᠮᠥᠩᠭᠦᠨ ᠢᠷᠡᠯᠲᠡ ᠪᠣᠯ ᠣᠨᠴᠠ ᠲᠣᠭᠲᠠᠭᠠᠭᠰᠠᠨ ᠠᠪᠤᠷᠠᠨ ᠲᠤᠰᠠᠯᠠᠬᠤ ᠮᠥᠩᠭᠦ ᠮᠥᠨ ᠭᠡᠵᠦ ᠭᠤᠣᠯᠳᠠᠯᠭ᠎ᠠ ᠲᠠᠢ ᠪᠠᠷ ᠲᠣᠳᠣᠷᠬᠠᠶᠢᠯᠠᠨ ᠥᠭᠦᠯᠡᠵᠦ᠂ ᠨᠠᠰᠤᠨ ᠳᠤ ᠥᠯᠥ ᠬᠦᠷᠦᠭᠰᠡᠳ ᠡᠷᠬᠡ ᠠᠰᠢᠭ ᠢ ᠬᠠᠮᠠᠭᠠᠯᠠᠬᠤ ᠪᠠ ᠠᠪᠤᠷᠠᠨ ᠲᠤᠰᠠᠯᠠᠬᠤ ᠮᠥᠩᠭᠦ ᠲᠤᠰᠬᠠᠶ ᠵᠣᠭᠤᠰ ᠢ ᠲᠤᠰᠬᠠᠶ ᠬᠡᠷᠡᠭᠯᠡᠬᠦ ᠣᠨᠴᠠᠭᠠᠶ ᠴᠢᠨᠠᠷ ᠢ ᠴᠢᠬᠤᠯᠠᠴᠢᠯᠠᠵᠤ᠂ ᠴᠥᠬᠦᠷᠡᠰᠢ ᠦᠭᠡᠶ ᠴᠢᠷᠮᠠᠶᠢᠯᠭ᠎ᠠ ᠪᠠᠷ ᠳᠡᠮᠵᠢᠨ ᠠᠪᠤᠷᠠᠨ ᠲᠤᠰᠠᠯᠠᠬᠤ ᠮᠥᠩᠭᠦ ᠠᠮᠵᠢᠯᠲᠠ ᠲᠠᠢ ᠪᠠᠷ ᠨᠡᠬᠡᠵᠦ ᠠᠪᠴᠢᠷᠠᠭᠰᠠᠨ ᠪᠠᠶᠢᠨ᠎ᠠ᠃
ᠬᠤᠶᠠᠷ᠂ ᠴᠢᠩᠭ᠎ᠠ ᠱᠠᠯᠠᠪᠳᠠᠭᠤᠯᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠬᠢᠭᠤᠯᠤᠨ᠎ᠠ᠄ ᠱᠠᠯᠠᠪᠳᠠᠭᠤᠯᠬᠤ ᠵᠠᠷᠯᠢᠭ ᠪᠠᠭᠤᠯᠭᠠᠵᠤ ᠬᠢᠨᠠᠨ ᠬᠠᠮᠠᠭᠠᠯᠠᠬᠤ ᠬᠢᠨᠠᠨ ᠬᠠᠮᠢᠶᠠᠷᠬᠤ ᠬᠠᠷᠢᠭᠤᠴᠠᠯᠭ᠎ᠠ ᠪᠣᠳᠠᠲᠠᠶᠢᠵᠢᠭᠤᠯᠤᠨ᠎ᠠ᠃
ᠠᠪᠤᠷᠠᠨ ᠲᠤᠰᠠᠯᠠᠬᠤ ᠮᠥᠩᠭᠦ ᠦᠷᠭᠦᠯᠵᠢᠯᠡᠨ ᠠᠮᠤᠷ ᠲᠦᠪᠰᠢᠨ᠂ ᠵᠢᠷᠤᠮᠵᠢᠭᠤᠯᠤᠨ ᠬᠡᠷᠡᠭᠯᠡᠬᠦ ᠪᠠᠲᠤᠯᠠᠬᠤ ᠬᠠᠮᠲᠤ ᠰᠢᠶᠤᠤ ᠹᠠᠩ ᠡᠳᠦᠷ ᠲᠤᠲᠤᠮ ᠬᠢᠨᠠᠨ ᠬᠠᠮᠠᠭᠠᠯᠠᠯᠲᠠ ᠪᠠ ᠤᠶᠢᠯᠡ ᠠᠵᠢᠯᠯᠠᠭ᠎ᠠ ᠬᠥᠲᠥᠯᠦᠨ ᠵᠢᠯᠣᠭᠤᠳᠬᠤ ᠦᠨᠳᠦᠰᠦᠨ ᠠᠴᠠ ᠨᠢ ᠴᠢᠩᠭᠠᠳᠬᠠᠬᠤ ᠲᠥᠯᠥᠭᠡ᠂ ᠲᠣᠰ ᠬᠤᠷᠢᠶ᠎ᠠ ᠪᠠᠶᠢᠴᠠᠭᠠᠬᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠡᠷᠡᠰ ᠰᠢᠭᠤᠷᠬᠠᠶ ᠪᠠᠷ ᠬᠡᠷᠡᠭᠯᠡᠨ᠂ ᠰᠢᠶᠤᠤ ᠹᠠᠩ ᠡᠪᠦᠭᠡ ᠳᠤ ︽ᠬᠢᠨᠠᠨ ᠬᠠᠮᠠᠭᠠᠯᠠᠯᠲᠠ ᠰᠢᠪᠠᠳᠠᠬᠤ ᠵᠠᠷᠯᠢᠭ︾ ᠲᠣᠭᠲᠠᠭᠠᠨ ᠥᠭᠴᠦ᠂ ᠠᠯᠪᠠᠨ ᠶᠣᠰᠣᠭᠠᠷ ᠨᠡᠶᠢᠲᠡᠯᠡᠨ ᠬᠦᠷᠭᠡᠵᠦ᠂ ᠪᠠᠶᠢᠴᠠᠭᠠᠬᠤ ᠲᠤᠰᠢᠶᠠᠯᠲᠠᠨ ᠨᠢᠭᠤᠷᠲᠠᠨ ᠤᠩᠰᠢᠵᠤ᠂ ᠬᠠᠤᠯᠢ ᠴᠠᠭᠠᠵᠠ ᠦᠨᠳᠦᠰᠦᠯᠡᠯ ᠲᠣᠳᠣᠷᠬᠠᠶᠢᠯᠠᠨ᠂ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠳᠤᠮᠳᠠ ᠣᠷᠣᠰᠢᠵᠤ ᠪᠠᠶᠢᠭ᠎ᠠ ᠪᠣᠳᠠᠲᠠᠶ ᠠᠰᠠᠭᠤᠳᠠᠯ ᠢ ᠵᠢᠭᠠᠨ ᠭᠠᠷᠭᠠᠬᠤ ᠬᠠᠮᠲᠤ ᠴᠡᠭᠴᠡᠯᠡᠨ ᠰᠠᠶᠢᠵᠢᠷᠠᠭᠤᠯᠬᠤ ᠬᠠᠲᠠᠭᠤ ᠱᠠᠭᠠᠷᠳᠠᠯᠭ᠎ᠠ ᠲᠣᠳᠣᠷᠬᠠᠶ ᠳᠤᠷᠠᠳᠤᠨ ᠭᠠᠷᠭᠠᠵᠤ᠂ ᠲᠡᠳᠡᠨ ᠢ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠱᠠᠭᠠᠷᠳᠠᠪᠠ᠃ ᠰᠢᠶᠤᠤ ᠹᠠᠩ ᠯᠤᠭ᠎ᠠ ᠨᠡᠪᠲᠡᠷᠡᠯᠴᠡᠭᠡ ᠰᠣᠯᠢᠯᠴᠠᠭ᠎ᠠ ᠴᠢᠩᠭᠠᠳᠬᠠᠵᠤ᠂ ᠲᠡᠳᠡᠨ ᠤᠷᠮ᠎ᠠ ᠰᠡᠳᠬᠢᠯᠭᠡ ᠬᠤᠪᠢᠷᠠᠯᠲᠠ ᠪᠠ ᠰᠡᠳᠬᠢᠴᠡ ᠬᠡᠷᠡᠭᠴᠡᠭᠡ ᠠᠩᠬᠠᠷᠴᠤ᠂ ᠰᠢᠶᠤᠤ ᠹᠠᠩ ᠡᠯᠧᠺᠲᠷᠣᠨ ᠲᠣᠨᠤᠭ ᠲᠥᠬᠦᠭᠡᠷᠦᠮᠵᠢ ᠬᠡᠷᠡᠭᠯᠡᠬᠦ ᠴᠠᠭ ᠪᠠ ᠠᠭᠤᠯᠭ᠎ᠠ ᠴᠢᠩᠭ᠎ᠠ ᠬᠠᠮᠢᠶᠠᠷᠴᠤ᠂ ᠡᠷᠡᠭᠦᠯ ᠴᠢᠭᠢᠷᠠᠭ ᠳᠤᠷ᠎ᠠ ᠰᠣᠨᠢᠷᠬᠠᠯ ᠢ ᠬᠥᠲᠥᠯᠦᠨ ᠵᠢᠯᠣᠭᠤᠳᠴᠤ ᠬᠥᠮᠦᠵᠢᠭᠦᠯᠦᠨ᠂ ᠠᠩᠭᠢ ᠡᠷᠬᠢᠯᠡᠭᠴᠢ ᠠᠴᠠ ᠰᠢᠶᠤᠤ ᠹᠠᠩ ᠠᠮᠢᠳᠤᠷᠠᠯ ᠰᠤᠷᠤᠯᠴᠠᠯᠭ᠎ᠠ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠣᠶᠢᠯᠠᠭᠠᠵᠤ᠂ ︽ᠬᠢᠨᠠᠨ ᠬᠠᠮᠠᠭᠠᠯᠠᠬᠤ ᠰᠢᠪᠠᠳᠠᠬᠤ ᠵᠠᠷᠯᠢᠭ︾ ᠢ ᠲᠣᠭᠲᠠᠭᠠᠭᠰᠠᠨ ᠳᠠᠷᠠᠭ᠎ᠠ᠂ ᠪᠠᠶᠢᠴᠠᠭᠠᠬᠤ ᠲᠤᠰᠢᠶᠠᠯᠲᠠᠨ ᠰᠢᠶᠤᠤ ᠹᠠᠩ ᠬᠡᠷ ᠪᠦᠯᠢ ᠲᠤᠬᠠᠶ ᠬᠠᠷᠢᠭᠤ ᠰᠤᠷᠪᠤᠯᠵᠢᠯᠠᠬᠤ ᠤᠳᠠᠭ᠎ᠠ ᠨᠡᠮᠡᠵᠦ᠂ ᠬᠠᠲᠠᠭᠤ ᠱᠠᠭᠠᠷᠳᠠᠯᠭ᠎ᠠ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠪᠠᠲᠤᠯᠠᠵᠤ᠂ ᠬᠠᠷᠢᠭᠤᠴᠠᠯᠭ᠎ᠠ ᠪᠣᠳᠠᠲᠠᠶᠢᠵᠢᠭᠤᠯᠪᠠ᠃
ᠭᠤᠷᠪᠠ᠂ ᠬᠠᠯᠠᠭᠤᠨ ᠰᠡᠳᠬᠢᠯᠭᠡ ᠪᠠᠷ ᠰᠢᠨ᠎ᠡ ᠰᠤᠷᠤᠭᠴᠢᠳ ᠢ ᠲᠤᠰᠠᠯᠠᠨ᠎ᠠ᠄ ᠨᠡᠶᠢᠭᠡᠮ ᠡᠬᠢ ᠪᠠᠶᠠᠯᠢᠭ ᠲᠠᠢ ᠬᠤᠯᠪᠣᠵᠤ ᠦᠰᠦᠨ ᠪᠤᠶᠢᠵᠢᠯᠲᠠ ᠳᠡᠮᠵᠢᠬᠦ ᠲᠣᠣᠷ ᠢ ᠪᠠᠶᠢᠭᠤᠯᠤᠨ᠎ᠠ᠃
ᠰᠢᠶᠤᠤ ᠹᠠᠩ ᠢ ᠬᠠᠪᠰᠤᠷᠤᠨ ᠭᠦᠨ ᠳᠠᠪᠬᠤᠷᠭ᠎ᠠ ᠰᠡᠳᠬᠢᠴᠡ ᠰᠢᠷᠬ᠎ᠠ᠂ ᠰᠡᠳᠬᠢᠯᠭᠡ ᠳᠤᠲᠠᠭᠳᠠᠯ ᠪᠠ ᠵᠥᠪ ᠴᠢᠭᠯᠡᠯ ᠬᠥᠭᠵᠢᠯᠲᠡ ᠬᠥᠳᠡᠯᠭᠡᠬᠦ ᠬᠦᠴᠦᠨ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠨᠢ ᠰᠢᠢᠳᠪᠦᠷᠢᠯᠡᠵᠦ᠂ ᠲᠣᠭᠲᠠᠭᠤᠨ᠂ ᠳᠤᠯᠠᠭᠠᠨ᠂ ᠠᠰᠢᠭᠲᠠᠢ ᠦᠰᠦᠨ ᠪᠤᠶᠢᠵᠢᠯᠲᠠ ᠳᠡᠮᠵᠢᠬᠦ ᠣᠷᠴᠢᠨ ᠲᠣᠭᠤᠷᠢᠨ ᠢ ᠪᠠᠶᠢᠭᠤᠯᠬᠤ ᠲᠥᠯᠥᠭᠡ᠂ ᠨᠢᠭᠡ ᠲᠠᠯ᠎ᠠ ᠪᠠᠷ᠂ ᠲᠤᠰ ᠬᠦᠷᠢᠶᠡᠯᠡᠩ ᠡᠬᠢ ᠪᠠᠶᠠᠯᠢᠭ ᠬᠤᠯᠪᠣᠯᠳᠤᠭᠤᠯᠵᠤ᠂ ᠪᠣᠰᠤᠭ᠎ᠠ ᠴᠣᠭᠴᠠ ᠪᠠᠷ ᠬᠠᠪᠰᠤᠷᠤᠨ ᠲᠡᠳᠬᠦᠵᠦ᠂ ᠰᠠᠨᠠᠭᠠᠴᠢᠯᠠᠭ᠎ᠠ ᠠᠴᠠ ᠪᠠᠨ ᠲᠤᠬᠠᠢ ᠭᠠᠵᠠᠷ ᠡᠮᠡᠭᠲᠡᠶᠢᠴᠦᠳ ᠬᠤᠯᠪᠣᠭ᠎ᠠ᠂ ᠪᠣᠭᠤᠮᠲᠠ ᠠᠵᠢᠯ ᠵᠥᠪᠯᠡᠯ ᠵᠢᠴᠢ ᠰᠢᠶᠤᠤ ᠹᠠᠩ ᠪᠠᠶᠢᠭ᠎ᠠ ᠨᠡᠶᠢᠭᠡᠮ ᠲᠣᠭᠤᠷᠢᠭ ᠲᠠᠢ ᠵᠣᠯᠭᠠᠭᠤᠯᠵᠤ᠂ ᠬᠠᠮᠲᠤᠪᠠᠷ ᠵᠥᠪᠳᠡᠯᠴᠡᠵᠦ ᠪᠠᠶᠢᠭᠠᠳ ᠰᠢᠶᠤᠤ ᠹᠠᠩ ᠳᠤ ᠴᠢᠭᠯᠡᠭᠦᠯᠦᠭᠰᠡᠨ ᠬᠠᠪᠰᠤᠷᠤᠨ ᠲᠡᠳᠬᠦᠬᠦ ᠲᠥᠯᠥᠪᠯᠡᠭᠡ ᠲᠣᠭᠲᠠᠭᠠᠵᠠᠢ᠃ ᠡᠮᠡᠭᠲᠡᠶᠢᠴᠦᠳ ᠬᠤᠯᠪᠣᠭ᠎ᠠ ᠪᠠᠷ ᠲᠦᠷᠦᠭᠦᠯᠡᠭᠦᠯᠦᠨ᠂ ᠵᠠᠯᠠᠭᠤᠴᠤᠳ ᠪᠠᠭᠠᠴᠤᠳ ᠰᠡᠳᠬᠢᠴᠡ ᠬᠠᠪᠰᠤᠷᠤᠨ ᠵᠢᠯᠣᠭᠤᠳᠬᠤ ᠬᠢᠷᠢ ᠬᠡᠮ ᠲᠠᠢ ᠨᠡᠶᠢᠭᠡᠮ ᠠᠵᠢᠯᠲᠠᠨ ᠪᠤᠶᠤ ᠰᠡᠳᠬᠢᠴᠡ ᠵᠥᠪᠯᠡᠯᠭᠡ ᠥᠭᠭᠦᠭᠴᠢ ᠲᠣᠬᠢᠷᠠᠭᠤᠯᠵᠤ᠂ ᠰᠢᠶᠤᠤ ᠹᠠᠩ ᠳᠤ ᠲᠣᠭᠲᠠᠮᠠᠯ ᠬᠤᠭᠤᠴᠠᠭ᠎ᠠ ᠲᠠᠢ᠂ ᠰᠦᠢᠳᠬᠡᠯ ᠬᠤᠷᠢᠶᠠᠬᠤ ᠦᠭᠡᠢ ᠮᠥᠷᠲᠡᠭᠡᠨ ᠨᠢᠭᠤᠴᠠ ᠬᠠᠮᠠᠭᠠᠯᠠᠬᠤ ᠰᠡᠳᠬᠢᠴᠡ ᠵᠢᠯᠤᠭᠤᠳᠤᠯᠭ᠎ᠠ ᠦᠢᠯᠡᠴᠢᠯᠡᠭᠡ ᠬᠠᠩᠭᠠᠵᠤ᠂ ᠲᠡᠳᠡᠨ ᠢ ᠬᠠᠪᠰᠤᠷᠤᠨ ᠠᠮᠤᠷ ᠲᠦᠪᠰᠢᠨ ᠰᠡᠳᠬᠢᠭᠳᠡᠯ ᠪᠠ ᠥᠪᠡᠷ ᠦᠷᠲᠡᠭ ᠰᠡᠳᠬᠢᠭᠳᠡᠯ ᠢ ᠨᠢ ᠳᠠᠬᠢᠨ ᠪᠠᠶᠢᠭᠤᠯᠤᠨ᠎ᠠ︔ ᠨᠡᠶᠢᠭᠡᠮ ᠲᠣᠭᠤᠷᠢᠭ ᠠᠴᠠ ᠠᠮᠠᠷᠠᠯᠲᠠ ᠬᠤᠭᠤᠴᠠᠭ᠎ᠠ ᠵᠢᠴᠢ ᠭᠠᠷᠠᠭ ᠰᠡᠭᠦᠯᠴᠢ ᠴᠠᠭ ᠢ ᠠᠰᠢᠭᠯᠠᠨ᠂ ᠣᠶᠤᠲᠠᠨ ᠰᠠᠶᠢᠨ ᠳᠤᠷ᠎ᠠ ᠠᠵᠢᠯᠯᠠᠭᠴᠢ ᠪᠤᠶᠤ ᠠᠵᠢᠯ ᠠᠴᠠ ᠪᠠᠨ ᠠᠮᠠᠷᠠᠭᠰᠠᠨ ᠪᠠᠭᠰᠢ ᠵᠣᠬᠢᠶᠠᠨ ᠪᠠᠶᠢᠭᠤᠯᠵᠤ ᠰᠢᠶᠤᠤ ᠹᠠᠩ ᠵᠢᠴᠢ ᠲᠡᠭᠦᠨ ᠳᠡᠭᠦᠤ ᠳᠤ ᠬᠢᠴᠢᠶᠡᠯ ᠰᠤᠷᠤᠯᠭ᠎ᠠ ᠬᠠᠪᠰᠤᠷᠤᠨ ᠵᠢᠯᠣᠭᠤᠳᠣᠯᠭ᠎ᠠ ᠬᠠᠩᠭᠠᠵᠤ᠂ ᠬᠡᠷ ᠪᠦᠯᠢ ᠬᠠᠪᠰᠤᠷᠤᠨ ᠵᠢᠯᠣᠭᠤᠳᠬᠤ ᠴᠢᠳᠠᠪᠤᠷᠢ ᠬᠦᠷᠦᠯᠴᠡᠬᠦ ᠥᠬᠡᠶ ᠲᠠᠯ᠎ᠠ ᠨᠥᠬᠦᠪᠥᠷᠢᠯᠡᠨ᠎ᠡ︔ ᠡᠭᠦᠨ ᠬᠠᠮᠲᠤ᠂ ᠵᠠᠯᠠᠭᠤᠴᠤᠳ ᠪᠠᠭᠠᠴᠤᠳ ᠣᠷᠳᠣᠨ᠂ ᠨᠡᠶᠢᠭᠡᠮ ᠲᠣᠭᠤᠷᠢᠭ ᠬᠥᠳᠡᠯᠭᠡᠭᠡᠨ ᠲᠥᠪ ᠡᠬᠢ ᠪᠠᠶᠠᠯᠢᠭ ᠢ ᠬᠤᠯᠪᠣᠵᠤ᠂ ᠰᠢᠶᠤᠤ ᠹᠠᠩ ᠳᠤ ᠵᠢᠷᠤᠭ᠂ ᠳᠠᠭᠤᠤ ᠬᠥᠭᠵᠢᠮ᠂ ᠭᠠᠷ ᠤᠷᠠᠯᠠᠯ ᠪᠤᠶᠤ ᠪᠡᠶ᠎ᠡ ᠲᠠᠮᠢᠷ ᠵᠡᠷᠭᠡ ᠰᠤᠶᠢᠳᠭᠡᠯ ᠥᠯᠥ ᠬᠤᠷᠢᠶᠠᠬᠤ ᠳᠤᠷ᠎ᠠ ᠰᠣᠨᠢᠷᠬᠠᠯ ᠬᠢᠴᠢᠶᠡᠯ ᠣᠷᠣᠨ ᠬᠠᠩᠭᠠᠨ ᠥᠭᠴᠦ᠂ ᠲᠡᠭᠦᠨ ᠢ ᠭᠦᠲᠦᠯᠤᠨ ᠵᠢᠯᠤᠭᠤᠳᠴᠤ ᠡᠷᠡᠭᠦᠯ ᠮᠡᠨᠳᠦ ᠳᠤ ᠠᠰᠢᠭᠲᠠᠶ ᠬᠥᠳᠡᠯᠭᠡᠭᠡᠨ ᠳᠤ ᠤᠷᠤᠯᠴᠠᠵᠤ᠂ ᠥᠪᠡᠷ ᠳᠠᠯᠳᠠ ᠴᠢᠳᠠᠪᠤᠷᠢ ᠪᠠᠨ ᠢᠯᠡᠷᠡᠭᠦᠯᠦᠨ᠂ ᠢᠳᠡᠪᠬᠢᠲᠡᠶ ᠳᠤᠷ᠎ᠠ ᠰᠣᠨᠢᠷᠬᠠᠯ ᠢ ᠨᠢ ᠬᠥᠮᠦᠵᠢᠭᠦᠯᠵᠦ᠂ ᠰᠦᠯᠵᠢᠶᠡᠨ ᠲᠦᠰᠢᠭᠯᠡᠯ ᠢ ᠨᠢ ᠣᠷᠣᠯᠠᠭᠤᠯᠤᠨ᠎ᠠ᠃ ᠨᠥᠭᠦᠭᠡ ᠲᠠᠯ᠎ᠠ ᠪᠠᠷ᠂ ᠲᠣᠰ ᠡᠮᠨᠡᠯᠭᠡ ᠬᠤᠷᠢᠶ᠎ᠠ ᠦᠷᠭᠦᠯᠵᠢᠯᠡᠨ ᠠᠩᠬᠠᠷᠴᠤ᠂ ᠣᠷᠳᠣ ᠬᠤᠭᠤᠴᠠᠭ᠎ᠠ ᠪᠠᠷ ᠬᠠᠨᠢ ᠪᠣᠯᠵᠣ᠂ ᠲᠣᠰ ᠬᠠᠪᠰᠤᠷᠤᠨ ᠲᠡᠳᠬᠦᠬᠦ ᠲᠥᠯᠥᠪᠯᠡᠭᠡ ᠣᠷᠳᠣ ᠬᠤᠭᠤᠴᠠᠭ᠎ᠠ ᠪᠠᠷ ᠮᠥᠷᠳᠡᠨ ᠰᠤᠷᠪᠤᠯᠵᠢᠯᠠᠬᠤ ᠴᠢᠬᠤᠯᠠ ᠠᠭᠤᠯᠭ᠎ᠠ ᠳᠤ ᠣᠷᠣᠭᠤᠯᠵᠤ᠂ ᠡᠮᠡᠭᠲᠡᠶᠢᠴᠦᠳ ᠬᠤᠯᠪᠣᠭᠠᠲᠤ ᠬᠤᠷᠠᠯ᠂ ᠨᠡᠶᠢᠭᠡᠮ ᠲᠣᠭᠤᠷᠢᠭ ᠯᠤᠭ᠎ᠠ ᠮᠡᠳᠡᠭᠡ ᠵᠠᠩᠭᠢ ᠬᠠᠮᠲᠤ ᠪᠠᠷ ᠡᠳ᠋ᠯᠡᠬᠦ ᠲᠣᠭᠲᠠᠴᠠ ᠪᠠᠶᠢᠭᠤᠯᠵᠤ᠂ ᠨᠡᠶᠢᠭᠡᠮ ᠲᠣᠭᠤᠷᠢᠭ ᠰᠦᠯᠵᠢᠶᠡᠨ ᠠᠵᠢᠯᠲᠠᠨ᠂ ᠡᠮᠡᠭᠲᠡᠶᠢᠴᠦᠳ ᠬᠤᠯᠪᠣᠭ᠎ᠠ ᠺᠠᠳ᠋ᠷᠴᠤᠳ ᠲᠣᠭᠲᠠᠮᠠᠯ ᠬᠤᠭᠤᠴᠠᠭ᠎ᠠ ᠲᠠᠢ ᠪᠠᠷ ᠬᠡᠷ ᠲᠤᠨᠢ ᠬᠦᠷᠴᠦ ᠰᠤᠷᠪᠤᠯᠵᠢᠯᠠᠨ᠂ ᠡᠪᠦᠭᠡ ᠣᠮᠪᠣᠯᠣ ᠭᠤᠷᠪᠠ ᠠᠮᠢᠳᠤᠷᠠᠯ ᠢ ᠬᠠᠯᠠᠮᠵᠢᠯᠠᠵᠤ᠂ ᠲᠥᠷᠥ ᠪᠣᠳᠣᠯᠭ᠎ᠠ ᠬᠡᠪᠴᠢᠶᠡᠨ ᠳᠤ ᠪᠣᠳᠠᠲᠠᠶ ᠬᠦᠴᠢᠷᠳᠡᠯ ᠢ ᠨᠢ ᠬᠠᠪᠰᠤᠷᠤᠨ ᠰᠢᠢᠳᠪᠤᠷᠢᠯᠡᠵᠤ᠂ ᠰᠢᠶᠤᠤ ᠹᠠᠩ ᠰᠡᠳᠬᠢᠴᠡ ᠪᠠᠶᠢᠳᠠᠯ᠂ ᠰᠤᠷᠤᠯᠭ᠎ᠠ ᠢᠯᠡᠷᠡᠯ᠂ ᠳᠤᠷ᠎ᠠ ᠰᠣᠨᠢᠷᠬᠠᠯ ᠬᠥᠭᠵᠢᠯᠲᠡ᠂ ᠤᠶᠢᠯᠡ ᠠᠵᠢᠯᠯᠠᠭᠠᠨ ᠳᠠᠳᠬᠠᠯ ᠵᠡᠷᠭᠡ ᠲᠠᠯ᠎ᠠ ᠰᠠᠶᠢᠵᠢᠷᠠᠯᠲᠠ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠵᠦ᠂ ᠬᠡᠷᠡᠭᠴᠡᠭᠡ ᠪᠠᠨ ᠦᠨᠳᠦᠰᠦᠯᠡᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠬᠥᠳᠡᠯᠦᠩᠭᠦᠶ ᠪᠠᠷ ᠳᠣᠭᠢᠷᠠᠭᠤᠯᠤᠨ᠂ ᠪᠤᠶᠢᠵᠢᠯᠲᠠ ᠳᠡᠮᠵᠢᠬᠦ ᠰᠦᠯᠵᠢᠶ᠎ᠡ ᠦᠷᠭᠦᠯᠵᠢᠯᠡᠨ ᠪᠦᠲᠦᠮᠵᠢᠲᠡᠶ ᠠᠵᠢᠯᠯᠠᠬᠤ ᠪᠠᠲᠤᠯᠠᠵᠤ᠂ ᠨᠠᠰᠤᠨ ᠳᠤ ᠥᠯᠥ ᠭᠦᠷᠦᠭᠰᠡᠳ ᠡᠷᠡᠭᠦᠯ ᠦᠰᠦᠨ ᠪᠤᠶᠢᠵᠢᠬᠤ ᠳᠤ ᠣᠷᠳᠣ ᠬᠤᠭᠤᠴᠠᠭᠠᠨ ᠬᠦᠴᠦᠨ ᠨᠡᠮᠡᠷᠢᠯᠡᠨ᠎ᠡ᠃


