ᠪᠠᠶᠢᠴᠠᠭᠠᠬᠤ ᠨᠡᠶᠢᠲᠡ ᠠᠰᠢᠭᠲᠤ ᠵᠠᠷᠭᠤ ᠡᠬᠡ ᠨᠢᠯᠬᠠᠰ ᠠᠮᠤᠷ ᠲᠦᠪᠰᠢᠨ ᠲᠣᠣᠷ ᠢ ᠰᠦᠯᠵᠢᠨ᠎ᠡ
2025-10-30 16:30:06
ᠣᠶᠢᠷ᠎ᠠ ᠵᠢᠯᠳ ᠲᠦ ᠂ ᠨᠡᠶᠢᠭᠡᠮ ᠠᠮᠢᠳᠤᠷᠠᠯ ᠬᠢᠷᠢ ᠲᠦᠪᠰᠢᠨ ᠳᠡᠭᠡᠭᠰᠢᠯᠡᠯᠲᠡ ᠪᠠ ᠡᠷᠡᠭᠦᠯ ᠮᠡᠨᠳᠦ ᠦᠵᠡᠯ ᠤᠬᠠᠮᠰᠠᠷ ᠳᠡᠭᠡᠭᠰᠢᠯᠡᠯᠲᠡ ᠳᠠᠭᠠᠯᠳᠤᠨ ᠂ ᠬᠥᠩᠭᠡᠵᠢᠭᠰᠡᠨ ᠳᠠᠷᠠᠭᠠᠬᠢ ᠰᠤᠪᠢᠯᠠᠯᠲᠠ ᠵᠠᠬ᠎ᠠ ᠳᠡᠯᠭᠡᠭᠦᠷ ᠰᠢᠨ᠎ᠡ ᠡᠵᠡᠩᠨᠡᠯᠲᠡ ᠬᠡᠯᠪᠡᠷᠢ ᠪᠠᠶᠢᠳᠠᠯ ᠥᠷᠨᠢᠩᠭᠦᠶ ᠬᠥᠭᠵᠢᠵᠦ ᠂ ᠰᠠᠷ᠎ᠠ ᠰᠠᠭᠤᠬᠤ ᠲᠥᠪ ᠲᠦ ᠣᠴᠢᠵᠤ ︽ ᠰᠠᠷ᠎ᠠ ᠰᠠᠭᠤᠬᠤ ︾ ᠨᠢ ᠨᠢᠭᠡᠨᠲᠡ ᠰᠢᠨ᠎ᠡ ᠨᠢᠭᠡ ᠦᠶ᠎ᠡ ᠡᠴᠢᠭᠡ ᠡᠬᠡ ᠴᠣ᠋ ᠰᠢᠨ᠎ᠡ ᠰᠣᠩᠭᠣᠯᠲᠠ ᠪᠣᠯᠤᠭᠰᠠᠨ ᠪᠠᠶᠢᠨ᠎ᠠ ᠃ ᠡᠬᠡ ᠨᠢᠯᠬᠠᠰ ᠡᠷᠡᠭᠦᠯ ᠮᠡᠨᠳᠦ ᠂ ᠬᠡᠷ ᠪᠦᠯᠢ ᠵᠣᠯ ᠵᠢᠷᠭᠠᠯ ᠳᠤ ᠬᠣᠯᠪᠣᠭᠳᠠᠬᠤ ᠠᠷᠠᠳ ᠠᠮᠢᠳᠤᠷᠠᠯ ᠶᠡᠬᠡ ᠶᠠᠪᠤᠳᠠᠯ ᠪᠣᠯᠤᠭᠰᠠᠨ ᠬᠤᠪᠢ ᠳᠤ ᠂ ᠰᠠᠷ᠎ᠠ ᠰᠠᠭᠤᠬᠤ ᠲᠥᠪ ᠦᠶᠯᠡᠴᠢᠯᠡᠭᠡᠨ ᠶᠠᠰᠤ ᠴᠢᠨᠠᠷ ᠪᠣᠯᠤᠨ ᠠᠮᠤᠷ ᠲᠦᠪᠰᠢᠨ ᠬᠠᠮᠢᠶᠠᠷᠤᠯᠲᠠ ᠨᠢ ᠥᠷᠭᠡᠨ ᠣᠯᠠᠨ ᠡᠮᠡᠭᠲᠡᠶᠢᠴᠦᠳ ᠂ ᠨᠢᠯᠬ᠎ᠠ ᠬᠡᠸᠬᠡᠳ ᠲᠣᠰ ᠪᠡᠶ᠎ᠡ ᠠᠰᠢᠭ ᠲᠤᠰᠠ ᠲᠠᠶ ᠰᠢᠭᠤᠳ ᠬᠣᠯᠪᠣᠭᠳᠠᠵᠤ ᠂ ᠨᠡᠶᠢᠭᠡᠮ ᠨᠡᠶᠢᠲᠡ ᠠᠰᠢᠭ ᠲᠤᠰᠠ ᠲᠠᠶ ᠬᠣᠯᠪᠣᠭᠳᠠᠵᠤ ᠪᠠᠶᠢᠳᠠᠭ ᠃

《 ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠡᠮᠡᠭᠲᠡᠶᠢᠴᠦᠳ ᠡᠷᠬᠡ ᠠᠰᠢᠭ ᠢ ᠪᠠᠲᠤᠯᠠᠬᠤ ᠬᠠᠤᠯᠢ 》 ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠲᠥᠯᠥᠭᠡ ᠂ ᠠᠷᠠᠳ ᠳᠡᠭᠡᠳᠦ ᠪᠠᠶᠢᠴᠠᠭᠠᠬᠤ ᠬᠣᠷᠢᠶᠠᠨ ᠡᠮᠡᠭᠲᠡᠶᠢᠴᠦᠳ ᠡᠷᠬᠡ ᠠᠰᠢᠭ ᠢ ᠪᠠᠲᠤᠯᠠᠬᠤ ᠨᠡᠶᠢᠲᠡ ᠠᠰᠢᠭᠲᠤ ᠵᠠᠷᠭᠤ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠥᠷᠭᠡᠳᠬᠡᠬᠦ ᠲᠤᠬᠠᠶ ᠪᠠᠶᠢᠴᠠᠭᠠᠬᠤ ᠠᠵᠢᠯ ᠪᠠᠶᠢᠷᠢᠯᠠᠭᠤᠯᠤᠯᠲᠠ ᠵᠢᠴᠢ ᠱᠠᠭᠠᠷᠳᠠᠯᠭ᠎ᠠ ᠨᠠᠶᠢᠳᠠᠪᠤᠷᠢᠵᠢᠭᠤᠯᠤᠨ᠂ ᠬᠢᠶ᠎ᠠ ᠪᠠᠭᠰᠢ ᠲᠣᠭᠣᠷᠢᠭ ᠠᠷᠠᠳ ᠪᠠᠶᠢᠴᠠᠭᠠᠬᠤ ᠬᠣᠷᠢᠶ᠎ᠠ ᠰᠠᠷ᠎ᠠ ᠰᠠᠭᠤᠬᠤ ᠲᠥᠪ ᠡᠨᠡ ᠬᠦ ᠡᠬᠡ ᠨᠢᠯᠬᠠᠰ ᠬᠡᠷᠡᠭᠯᠡᠭᠡᠨ ᠰᠢᠨ᠎ᠡ ᠡᠵᠡᠩᠨᠡᠯᠲᠡ ᠬᠡᠯᠪᠡᠷᠢ ᠳᠦ ᠠᠩᠬᠠᠷᠤᠯ ᠲᠥᠪᠯᠡᠷᠡᠭᠦᠯᠦᠨ ᠨᠡᠶᠢᠲᠡ ᠠᠰᠢᠭᠲᠤ ᠵᠠᠷᠭᠤ ᠳᠤ ᠲᠤᠰᠬᠠᠶ ᠬᠢᠨᠠᠯᠲᠠ ᠲᠠᠯᠪᠢᠵᠤ᠂ ᠨᠡᠶᠢᠲᠡ ᠠᠰᠢᠭᠲᠤ ᠨᠡᠷ᠎ᠡ ᠪᠡᠷ ᠡᠬᠡ ᠨᠢᠯᠬᠠᠰ ᠠᠮᠤᠷ ᠲᠦᠪᠰᠢᠨ ᠢ ᠰᠠᠬᠢᠨ ᠬᠠᠮᠠᠭᠠᠯᠠᠵᠤ᠂ ᠪᠠᠶᠢᠴᠠᠭᠠᠬᠤ ᠡᠷᠴᠢᠮ ᠠᠷᠠᠳ ᠠᠮᠢᠳᠤᠷᠠᠯ ᠬᠠᠯᠠᠭᠤᠨ ᠳᠤᠯᠠᠭᠠᠨ ᠬᠡᠮᠵᠢᠶ᠎ᠡ ᠳᠡᠭᠡᠭᠰᠢᠯᠡᠭᠦᠯᠪᠡ᠃

ᠬᠠᠷᠢᠶᠠᠲᠤ ᠣᠷᠣᠨ ᠳᠣᠲᠣᠷᠠᠬᠢ ᠰᠠᠷ᠎ᠠ ᠰᠠᠭᠤᠬᠤ ᠲᠥᠪ ᠢ ᠲᠤᠬᠠᠶ ᠭᠠᠵᠠᠷ ᠲᠤᠨᠢ ᠰᠤᠷᠪᠤᠯᠵᠢᠯᠠᠬᠤ ᠪᠠᠷ ᠳᠠᠮᠵᠢᠭᠤᠯᠤᠨ ᠂ ᠬᠠᠮᠢᠶ᠎ᠠ ᠪᠥᠬᠥᠶ ᠬᠠᠸᠯᠢ ᠴᠠᠭᠠᠵᠠ ᠬᠠᠸᠯᠢ ᠲᠣᠭᠲᠠᠭᠠᠯ ᠢ ᠦᠨᠳᠦᠰᠦᠯᠡᠨ ᠂ ᠰᠠᠷ᠎ᠠ ᠰᠠᠭᠤᠬᠤ ᠲᠥᠪ ᠡᠵᠡᠩᠨᠡᠯᠲᠡ ᠦᠨᠡᠮᠯᠡᠯ ᠢ ᠭᠦᠶᠴᠡᠳᠬᠡᠭᠰᠡᠨ ᠪᠠᠶᠢᠳᠠᠯ ᠂ ᠠᠵᠢᠯᠯᠠᠵᠤ ᠪᠠᠶᠢᠭ᠎ᠠ ᠬᠥᠮᠦᠰ ᠬᠢᠷᠢ ᠬᠡᠮ ᠬᠢᠷᠢ ᠬᠡᠮᠵᠢᠶ᠎ᠡ ᠂ ᠡᠷᠡᠭᠦᠯ ᠬᠠᠮᠠᠭᠠᠯᠠᠯ ᠣᠷᠴᠢᠨ ᠲᠣᠭᠣᠷᠢᠨ ᠪᠠᠷᠢᠮᠵᠢᠶ᠎ᠠ ᠳᠤ ᠬᠦᠷᠦᠭᠰᠡᠨ ᠪᠠᠶᠢᠳᠠᠯ ᠂ ᠢᠳᠡᠭᠡᠨ ᠠᠮᠤᠷ ᠲᠦᠪᠰᠢᠨ ᠬᠠᠮᠢᠶᠠᠷᠤᠯᠲᠠ ᠵᠢᠴᠢ ᠡᠬᠡ ᠨᠢᠯᠬᠠᠰ ᠰᠤᠪᠢᠯᠠᠯᠲᠠ ᠦᠶᠯᠡᠴᠢᠯᠡᠭᠡᠨ ᠵᠢᠷᠤᠮᠵᠢᠯ ᠨᠠᠷᠢᠨ ᠲᠦᠷᠢᠮ ᠵᠡᠷᠭᠡ ᠭᠣᠸᠯ ᠵᠠᠩᠭᠢᠯᠠᠭ᠎ᠠ ᠳᠤ ᠴᠢᠭᠯᠡᠭᠦᠯᠦᠨ ᠪᠠᠶᠢᠴᠠᠭᠠᠵᠤ ᠬᠢᠨᠠᠯᠲᠠ ᠲᠠᠯᠪᠢᠪᠠ ᠃
ᠲᠠᠷᠠᠭᠠᠴᠢ ᠠᠯᠬᠤᠮ ᠳᠤ ᠂ ᠬᠢᠶ᠎ᠠ ᠪᠠᠭᠰᠢ ᠲᠣᠭᠣᠷᠢᠭ ᠠᠷᠠᠳ ᠪᠠᠶᠢᠴᠠᠭᠠᠬᠤ ᠬᠣᠷᠢᠶ᠎ᠠ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠬᠡᠰᠡᠭ ᠰᠠᠷ᠎ᠠ ᠰᠠᠭᠤᠬᠤ ᠲᠥᠪ ᠲᠦ ᠣᠷᠣᠰᠢᠵᠤ ᠪᠠᠶᠢᠭ᠎ᠠ ᠢᠳᠡᠭᠡᠨ ᠠᠮᠤᠷ ᠲᠦᠪᠰᠢᠨ ᠳᠠᠯᠳᠠ ᠬᠡᠮ ᠵᠡᠷᠭᠡ ᠪᠠᠶᠢᠳᠠᠯ ᠳᠤ ᠴᠢᠭᠯᠡᠭᠦᠯᠦᠨ ᠂ ᠬᠠᠸᠯᠢ ᠴᠠᠭᠠᠵᠠ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠭᠦᠶᠴᠡᠳ ᠪᠠᠳᠠᠷᠠᠭᠤᠯᠵᠤ ᠂ ᠬᠣᠯᠪᠣᠭᠳᠠᠯ ᠪᠥᠬᠥᠶ ᠰᠠᠯᠠᠭ᠎ᠠ ᠮᠥᠴᠢᠷ ᠬᠢᠨ ᠢ ᠰᠢᠪᠠᠳᠠᠨ ᠳᠠᠭᠠᠵᠤ ᠨᠠᠶᠢᠳᠠᠪᠤᠷᠢᠵᠢᠭᠤᠯᠤᠨ᠎ᠠ ᠃

ᠰᠠᠷ᠎ᠠ ᠰᠠᠭᠤᠬᠤ ᠲᠥᠪ ᠨᠢ ᠲᠦᠭ ᠲᠦᠮᠡᠨ ᠠᠶᠢᠯ ᠡᠷᠦᠬᠡ ᠵᠣᠯ ᠵᠢᠷᠭᠠᠯ ᠠᠮᠤᠷ ᠠᠮᠤᠭᠤᠯᠠᠩ ᠲᠠᠶ ᠬᠣᠯᠪᠣᠭᠳᠠᠨ᠎ᠠ ᠃ ᠬᠢᠶ᠎ᠠ ᠪᠠᠭᠰᠢ ᠲᠣᠭᠣᠷᠢᠭ ᠠᠷᠠᠳ ᠪᠠᠶᠢᠴᠠᠭᠠᠬᠤ ᠬᠣᠷᠢᠢ᠎ᠠ ᠨᠡᠶᠢᠲᠡ ᠠᠰᠢᠭᠲᠤ ᠵᠠᠷᠭᠤ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠬᠠᠤᠯᠢ ᠴᠠᠭᠠᠵᠠ ᠬᠢᠨᠠᠯᠲᠠ ᠦᠷᠭᠦᠯᠵᠢᠯᠡᠨ ᠴᠢᠩᠭᠠᠳᠬᠠᠵᠤ᠂ ᠰᠢᠨ᠎ᠡ ᠡᠵᠡᠩᠨᠡᠯᠲᠡ ᠬᠡᠯᠪᠡᠷᠢ ᠪᠠᠶᠢᠳᠠᠯ ᠡᠷᠡᠭᠦᠯ ᠬᠥᠭᠵᠢᠬᠦ ᠠᠬᠢᠭᠤᠯᠵᠤ᠂ ᠬᠥᠩᠭᠡᠵᠢᠭᠰᠡᠨ ᠡᠮᠡᠭᠲᠡᠢ ᠪᠠ ᠨᠢᠯᠬ᠎ᠠ ᠬᠡᠦᠬᠡᠳ ᠨᠢᠭᠡᠪᠦᠷᠢ ᠳᠦ ᠣᠨᠴᠠᠭᠠᠢ ᠬᠠᠮᠲᠤᠯᠢᠭ ᠡᠷᠬᠡ ᠠᠰᠢᠭ ᠢ ᠬᠠᠮᠠᠭᠠᠯᠠᠬᠤ ᠲᠠᠯ᠎ᠠ ᠪᠠᠷ ᠬᠢ ᠪᠠᠶᠢᠴᠠᠭᠠᠬᠤ ᠨᠡᠶᠢᠲᠡ ᠠᠰᠢᠭᠲᠤ ᠵᠠᠷᠭᠤ ᠡᠷᠡᠰ ᠪᠠᠲᠤ ᠵᠣᠷᠢᠭ ᠪᠠ ᠥᠨᠳᠥᠷ ᠪᠦᠲᠦᠮᠵᠢᠲᠡᠢ ᠠᠵᠢᠯᠯᠠᠭᠠᠨ ᠬᠦᠴᠦᠨ ᠢ ᠮᠡᠳᠡᠷᠡᠭᠦᠯᠦᠨ᠎ᠡ ︕

