ᠦᠴᠦᠸᠠᠨ ᠰᠢᠶᠠᠨ ᠠᠷᠠᠳ ᠪᠠᠶᠢᠴᠠᠭᠠᠬᠤ ᠬᠣᠷᠢᠶ᠎ᠠ ᠵᠤᠭ᠎ᠠ ᠴᠡᠩᠭᠡᠯ ᠲᠠᠯᠠᠪᠤᠷ ᠬᠢᠨᠠᠯᠲᠠ ᠬᠠᠮᠢᠶᠠᠷᠤᠯᠲᠠ ᠲᠣᠣᠷ ᠢ ᠨᠢᠭᠲᠠ ᠰᠦᠯᠵᠢᠵᠦ ᠨᠠᠰᠤᠨ ᠳᠤ ᠦᠯᠦ ᠬᠦᠷᠦᠭᠰᠡᠳ ᠰᠡᠷᠭᠡᠶᠢᠯᠡᠨ ᠬᠠᠮᠠᠭᠠᠯᠠᠬᠤ ᠬᠡᠷᠡᠮ ᠢ ᠪᠠᠬᠢᠵᠢᠭᠦᠯᠪᠡ
2026-04-03 11:03:34
ᠦᠴᠤᠸᠠᠨ ᠰᠢᠶᠠᠨ ᠠᠷᠠᠳ ᠪᠠᠶᠢᠴᠠᠭᠠᠬᠤ ᠬᠤᠷᠢᠶ᠎ᠠ ᠵᠠᠰᠠᠭ ᠵᠠᠬᠢᠷᠭᠠᠨ ᠨᠡᠶᠢᠲᠡ ᠠᠰᠢᠭᠲᠤ ᠵᠠᠷᠭᠤ ᠡᠭᠦᠷᠭᠡ ᠴᠢᠳᠠᠪᠤᠷᠢ ᠳᠠᠭᠠᠨ ᠰᠠᠭᠤᠷᠢᠯᠠᠵᠤ᠂ ᠰᠢᠶᠠᠨ ᠬᠡᠪᠴᠢᠶᠡᠨ ᠰᠡᠯᠡᠭᠦᠴᠡᠯ ᠵᠤᠭ᠎ᠠ ᠴᠡᠩᠭᠡᠯ ᠲᠠᠯᠠᠪᠤᠷ ᠬᠢᠨᠠᠯᠲᠠ ᠬᠠᠮᠢᠶᠠᠷᠤᠯᠲᠠ ᠳᠤᠲᠠᠭᠳᠠᠯ ᠪᠣᠯᠤᠨ ᠨᠠᠰᠤᠨ ᠳᠤ ᠦᠯᠦ ᠬᠦᠷᠦᠭᠰᠡᠳ ᠡᠷᠬᠡ ᠠᠰᠢᠭ ᠢ ᠬᠠᠮᠠᠭᠠᠯᠠᠬᠤ ᠲᠦᠭᠰᠢᠭᠦᠷᠢ ᠴᠡᠭ ᠢ ᠴᠢᠩᠭ᠎ᠠ ᠠᠩᠬᠠᠷᠴᠤ᠂ ︽ᠬᠢᠨᠠᠯᠲᠠ ᠲᠠᠯᠪᠢᠬᠤ ᠬᠠᠮᠵᠢᠯᠴᠠᠬᠤ ᠵᠠᠰᠠᠬᠤ︾ ᠭᠤᠷᠪᠠ ᠨᠢᠭᠡ ᠴᠤᠭᠴᠠᠵᠢᠭᠤᠯᠬᠤ ᠵᠠᠭᠪᠤᠷ ᠬᠢᠨᠠᠨ ᠬᠠᠮᠢᠶᠠᠷᠬᠤ ᠬᠠᠷᠢᠭᠤᠴᠠᠯᠭ᠎ᠠ ᠨᠠᠶᠢᠳᠠᠪᠤᠷᠢᠵᠢᠭᠤᠯᠬᠤ ᠠᠬᠢᠭᠤᠯᠵᠤ᠂ ᠨᠠᠰᠤᠨ ᠳᠤ ᠦᠯᠦ ᠬᠦᠷᠦᠭᠰᠡᠳ ᠡᠷᠡᠭᠦᠯ ᠥᠰᠦᠨ ᠪᠣᠶᠢᠵᠢᠬᠤ ᠳᠤ ᠪᠠᠲᠤ ᠪᠠᠬᠢ ᠬᠠᠤᠯᠢ ᠴᠠᠭᠠᠵᠠ ᠬᠠᠯᠬᠠᠪᠴᠢ ᠪᠠᠲᠤ ᠴᠣᠭᠴᠠᠯᠠᠪᠠ᠃
ᠨᠢᠭᠡ᠂ ᠣᠯᠠᠨ ᠵᠦᠢᠯ ᠪᠠᠶᠢᠴᠠᠭᠠᠯᠲᠠ ᠠᠷᠭ᠎ᠠ ᠠᠪᠴᠠᠯ ᠲᠣᠭᠲᠠᠭᠠᠵᠤ᠂ ᠣᠨᠣᠪᠴᠢᠲᠠᠢ ᠪᠠᠷ ᠬᠢᠨᠠᠯᠲᠠ ᠲᠠᠯᠪᠢᠵᠤ ᠬᠤᠷᠢᠭ᠎ᠠ ᠱᠤᠭᠤᠮ ᠢ ᠰᠠᠬᠢᠨ ᠬᠠᠮᠠᠭᠠᠯᠠᠪᠠ
︽ᠡᠳᠦᠷ ᠲᠤᠲᠤᠮ ᠲᠣᠭᠤᠷᠢᠨ ᠪᠠᠶᠢᠴᠠᠭᠠᠬᠤ+ ᠲᠤᠭ᠎ᠠ ᠪᠠᠷᠢᠮᠲᠠ ᠬᠠᠷᠭᠤᠭᠤᠯᠬᠤ+ ᠡᠷᠡᠭᠦᠦ ᠬᠡᠷᠡᠭ ᠪᠤᠴᠠᠵᠤ ᠨᠡᠬᠡᠮᠵᠢᠯᠡᠬᠦ︾ ᠰᠦᠪᠡᠭᠴᠢ ᠢᠯᠡᠷᠡᠭᠦᠯᠬᠦ ᠰᠢᠰᠲ᠋ᠧᠮᠵᠢ ᠪᠠᠶᠢᠭᠤᠯᠵᠤ᠂ ᠵᠤᠭ᠎ᠠ ᠴᠡᠩᠭᠡᠯ ᠲᠠᠯᠠᠪᠤᠷ ᠢ ᠪᠠᠶᠢᠩᠭᠤᠵᠢᠭᠤᠯᠤᠨ ᠪᠠᠶᠢᠴᠠᠭᠠᠬᠤ ᠳᠤᠮᠳᠠ᠂ ᠡᠷᠡᠭᠦᠦ ᠪᠠᠶᠢᠴᠠᠭᠠᠯᠲᠠ ᠰᠠᠯᠠᠭ᠎ᠠ ᠮᠥᠴᠢᠷ ᠬᠡᠷᠡᠭ ᠲᠤᠭ᠎ᠠ ᠪᠠᠷᠢᠮᠲᠠ ᠲᠠᠢ ᠤᠶᠠᠯᠳᠤᠭᠤᠯᠤᠨ᠂ ᠵᠤᠭ᠎ᠠ ᠴᠡᠩᠭᠡᠯ ᠡᠵᠡᠩᠨᠡᠯᠲᠡ ᠵᠥᠪᠰᠢᠶᠡᠷᠡᠯ ᠦᠨᠡᠮᠯᠡᠯ ᠬᠤᠭᠤᠴᠠᠭ᠎ᠠ ᠨᠢ ᠥᠩᠭᠡᠷᠡᠭᠡᠳ ᠮᠥᠨ ᠯᠡ ᠲᠣᠭᠲᠠᠭᠠᠯ ᠠᠴᠠ ᠵᠥᠷᠢᠴᠡᠭᠰᠡᠨ ᠡᠵᠡᠩᠨᠡᠯᠲᠡ 3 ᠭᠠᠵᠠᠷ ᠢ ᠣᠨᠣᠪᠴᠢᠲᠠᠢ ᠲᠣᠭᠲᠠᠭᠠᠬᠤ ᠬᠠᠮᠲᠤ ᠡᠭᠦᠨ ᠳᠤ ᠨᠠᠰᠤᠨ ᠳᠤ ᠦᠯᠦ ᠬᠦᠷᠦᠭᠰᠡᠳ ᠲᠤ ᠬᠤᠯᠪᠣᠭᠳᠠᠭᠰᠠᠨ ᠬᠡᠷᠡᠭ ᠰᠦᠪᠡᠭᠴᠢ ᠣᠯᠵᠤ ᠮᠡᠳᠡᠪᠡ᠃ ᠡᠭᠦᠨ ᠭᠠᠷᠳᠠᠬᠤ ᠴᠡᠭ ᠪᠣᠯᠭᠠᠵᠤ᠂ ᠵᠠᠰᠠᠭ ᠵᠠᠬᠢᠷᠭᠠᠨ ᠬᠢᠨᠠᠯᠲᠠ ᠬᠠᠮᠢᠶᠠᠷᠤᠯᠲᠠ ᠳᠤᠲᠠᠭᠳᠠᠯ ᠢ ᠭᠦᠨᠵᠡᠭᠡᠢ ᠠᠭᠤᠳᠠᠯᠵᠤ᠂ ᠨᠠᠰᠤᠨ ᠳᠤ ᠦᠯᠦ ᠬᠦᠷᠦᠭᠰᠡᠳ ᠡᠷᠬᠡ ᠠᠰᠢᠭ ᠢ ᠬᠠᠮᠠᠭᠠᠯᠠᠬᠤ ᠪᠠᠷ ᠬᠢᠨᠠᠯᠲᠠ ᠲᠠᠯᠪᠢᠬᠤ ᠭᠤᠤᠯᠳᠠᠯᠭ᠎ᠠ ᠪᠣᠯᠭᠠᠵᠤ᠂ ᠬᠢᠨᠠᠯᠲᠠ ᠲᠠᠯᠪᠢᠬᠤ ᠴᠢᠭᠯᠡᠯ ᠢ ᠣᠨᠣᠪᠴᠢᠲᠠᠢ᠂ ᠡᠪᠡᠷᠰᠢᠶᠡᠯ ᠢ ᠰᠢᠭᠤᠳ ᠴᠣᠬᠢᠬᠤ ᠦᠨᠡᠨ ᠬᠦ ᠪᠠᠲᠤᠯᠠᠪᠠ᠃
ᠬᠤᠶᠠᠷ᠂ ᠵᠥᠪᠳᠡᠯᠴᠡᠭᠡ ᠬᠢᠬᠦ ᠪᠠᠷ ᠳᠠᠮᠵᠢᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠤᠶᠠᠨ ᠵᠥᠭᠡᠯᠡᠨ ᠨᠡᠪᠲᠡᠷᠡᠯᠴᠡᠭᠡ ᠪᠠᠷ ᠬᠠᠮᠲᠤ ᠲᠠᠨᠢᠯᠲᠠ ᠨᠢᠭᠲᠠᠷᠠᠭᠤᠯᠤᠨ᠎ᠠ
ᠪᠠᠶᠢᠴᠠᠭᠠᠬᠤ ᠪᠠᠶᠢᠭᠤᠯᠭ᠎ᠠ ᠪᠣᠯᠤᠨ ᠰᠢᠶᠠᠨ ᠰᠣᠶᠣᠯ ᠵᠤᠭᠠᠴᠠᠯ ᠪᠡᠶ᠎ᠡ ᠲᠠᠮᠢᠷ ᠲᠣᠪᠴᠢᠶ᠎ᠠ ᠵᠥᠪᠳᠡᠯᠴᠡᠭᠡ ᠬᠢᠵᠦ᠂ ᠪᠣᠳᠠᠲᠤ ᠶᠠᠪᠤᠳᠠᠯ ᠢ ᠦᠨᠡᠨ ᠬᠦ ᠮᠡᠳᠡᠷᠡᠬᠦ ᠪᠠᠷ ᠳᠠᠮᠵᠢᠭᠤᠯᠤᠨ ᠵᠠᠰᠠᠭ ᠵᠠᠬᠢᠷᠭᠠᠨ ᠪᠠᠶᠢᠭᠤᠯᠭ᠎ᠠ ᠲᠠᠢ ᠰᠠᠨᠠᠯ ᠭᠦᠢᠴᠡᠳ ᠰᠣᠯᠢᠯᠴᠠᠵᠤ᠂ ᠬᠠᠮᠲᠤ ᠲᠠᠨᠢᠯᠲᠠ ᠪᠠᠨ ᠳᠡᠭᠡᠭᠰᠢᠯᠡᠭᠦᠯᠵᠦ᠂ ᠬᠡᠷᠡᠭ ᠲᠤ ᠬᠤᠯᠪᠣᠭᠳᠠᠬᠤ ᠲᠠᠯᠠᠪᠤᠷ ᠲᠤ ᠬᠢᠨᠠᠯᠲᠠ ᠬᠠᠮᠢᠶᠠᠷᠤᠯᠲᠠ ᠠᠷᠭ᠎ᠠ ᠬᠡᠮᠵᠢᠶ᠎ᠡ ᠠᠪᠬᠤ᠂ ᠪᠥᠬᠦ ᠰᠢᠶᠠᠨ ᠵᠤᠭ᠎ᠠ ᠴᠡᠩᠭᠡᠯ ᠲᠠᠯᠠᠪᠤᠷ ᠡᠵᠡᠩᠨᠡᠯᠲᠡ ᠬᠢᠷᠢ ᠭᠡᠮ ᠢ ᠲᠤᠰᠬᠠᠢ ᠬᠢᠨᠠᠨ ᠪᠠᠶᠢᠴᠠᠭᠠᠬᠤ᠂ ᠤᠷᠲᠤ ᠬᠤᠭᠤᠴᠠᠭᠠᠨ ᠪᠦᠲᠦᠮᠵᠢᠲᠡᠢ ᠬᠢᠨᠠᠯᠲᠠ ᠬᠠᠮᠢᠶᠠᠷᠤᠯᠲᠠ ᠲᠣᠭᠲᠠᠴᠠ ᠪᠠᠶᠢᠭᠤᠯᠬᠤ ᠵᠡᠷᠭᠡ ᠴᠡᠭᠴᠡᠯᠡᠨ ᠰᠠᠶᠢᠵᠢᠷᠠᠭᠤᠯᠬᠤ ᠴᠢᠭᠯᠡᠯ ᠢ ᠬᠠᠮᠲᠤᠪᠠᠷ ᠲᠣᠳᠣᠷᠬᠠᠶᠢᠯᠠᠬᠤ ᠬᠠᠮᠲᠤ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠡᠳᠦᠷ ᠲᠤᠲᠤᠮ ᠬᠢᠨᠠᠯᠲᠠ ᠬᠠᠮᠢᠶᠠᠷᠤᠯᠲᠠ ᠭᠤᠣᠯᠳᠠᠯᠭ᠎ᠠ ᠲᠠᠢ ᠠᠭᠤᠯᠭ᠎ᠠ ᠳᠤ ᠣᠷᠣᠭᠤᠯᠵᠤ᠂ ᠵᠠᠰᠠᠭ ᠵᠠᠬᠢᠷᠭᠠᠨ ᠪᠠᠶᠢᠭᠤᠯᠤᠯᠭ᠎ᠠ ︽ᠰᠠᠨᠠᠭᠠᠴᠢᠯᠠᠭ᠎ᠠ ᠦᠭᠡᠢ ᠪᠠᠷ ᠠᠷᠭᠠᠴᠠᠬᠤ︾ ᠠᠴᠠ ︽ᠰᠠᠨᠠᠭᠠᠴᠢᠯᠠᠭ᠎ᠠ ᠡᠴᠡ ᠪᠠᠨ ᠠᠵᠢᠯᠯᠠᠬᠤ︾ ᠲᠡᠶᠢᠰᠢ ᠬᠤᠪᠢᠷᠠᠭᠤᠯᠬᠤ ᠠᠬᠢᠭᠤᠯᠵᠤ᠂ ︽ᠪᠠᠭᠠᠴᠤᠳ ᠢ ᠬᠠᠮᠠᠭᠠᠯᠠᠬᠤ︾ ᠠᠵᠢᠯ ᠢ ᠥᠷᠨᠢᠭᠦᠯᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠪᠠ᠃
ᠭᠤᠷᠪᠠ᠂ ᠤᠷᠲᠤ ᠬᠤᠭᠤᠴᠠᠭᠠᠨ ᠪᠦᠲᠦᠮᠵᠢᠲᠡᠢ ᠵᠠᠰᠠᠯᠲᠠ ᠪᠠᠷ ᠦᠷ᠎ᠡ ᠪᠦᠲᠦᠮᠵᠢ ᠭᠦᠨᠵᠡᠭᠡᠶᠢᠷᠡᠭᠦᠯᠵᠦ᠂ ᠰᠢᠰᠲ᠋ᠧᠮ ᠲᠠᠢ ᠬᠢᠨᠠᠯᠲᠠ ᠲᠠᠯᠪᠢᠬᠤ ᠪᠠᠷ ᠰᠡᠷᠭᠡᠶᠢᠯᠡᠯᠲᠡ ᠱᠤᠭᠤᠮ ᠢ ᠪᠠᠲᠤ ᠴᠣᠭᠴᠠᠯᠠᠨ᠎ᠠ
ᠵᠠᠰᠠᠭ ᠵᠠᠬᠢᠷᠭᠠᠨ ᠪᠠᠶᠢᠭᠤᠯᠭ᠎ᠠ ᠰᠢᠮᠳᠠᠭᠤᠯᠵᠤ ᠪᠠᠶᠢᠭᠠᠳ ᠨᠢᠭᠡ ᠬᠡᠷᠡᠭ ᠴᠡᠭᠴᠡᠯᠡᠨ ᠰᠠᠶᠢᠵᠢᠷᠠᠭᠤᠯᠬᠤ ᠪᠡᠶᠡᠯᠡᠭᠦᠯᠵᠦ᠂ ᠲᠡᠭᠦᠨ ᠪᠥᠬᠦ ᠰᠢᠶᠠᠨ ᠬᠡᠪᠴᠢᠶᠡᠨ ᠳᠤ ᠵᠤᠭ᠎ᠠ ᠴᠡᠩᠭᠡᠯ ᠲᠠᠯᠠᠪᠤᠷ ᠡᠵᠡᠩᠨᠡᠯᠲᠡ ᠬᠢᠷᠢ ᠭᠡᠮ ᠢ ᠲᠤᠰᠬᠠᠢ ᠬᠢᠨᠠᠨ ᠪᠠᠶᠢᠴᠠᠭᠠᠬᠤ ᠨᠠᠩ ᠠᠬᠢᠭᠤᠯᠵᠤ᠂ ᠦᠨᠡᠮᠯᠡᠯ ᠦᠭᠡᠢ ᠪᠠᠷ ᠡᠵᠡᠩᠨᠡᠬᠦ᠂ ᠲᠣᠭᠲᠠᠭᠠᠯ ᠠᠴᠠ ᠵᠥᠷᠢᠴᠡᠨ ᠨᠠᠰᠤᠨ ᠳᠤ ᠥᠯᠦ ᠭᠦᠷᠦᠭᠰᠡᠳ ᠢ ᠬᠦᠯᠢᠶᠡᠨ ᠠᠪᠬᠤ ᠵᠡᠷᠭᠡ ᠠᠶᠤᠯ ᠲᠦᠭᠰᠢᠭᠦᠷᠢ ᠳᠠᠯᠳᠠ ᠭᠡᠮ ᠢ ᠪᠦᠬᠦ ᠲᠠᠯ᠎ᠠ ᠪᠠᠷ ᠢᠯᠭᠠᠷᠠᠭᠤᠯᠬᠤ ᠬᠡᠷᠡᠭᠲᠡᠢ᠃ ᠡᠭᠦᠨ ᠬᠠᠮᠲᠤ᠂ ᠰᠢᠶᠠᠨ ᠰᠣᠶᠣᠯ ᠵᠢᠭᠤᠯᠴᠢᠯᠠᠯ ᠪᠡᠶ᠎ᠡ ᠲᠠᠮᠢᠷ ᠲᠣᠪᠴᠢᠶ᠎ᠠ ᠵᠤᠭ᠎ᠠ ᠴᠡᠩᠭᠡᠯ ᠲᠠᠯᠠᠪᠤᠷ ᠤᠷᠲᠤ ᠬᠤᠭᠤᠴᠠᠭᠠᠨ ᠪᠦᠲᠦᠮᠵᠢᠲᠡᠢ ᠬᠢᠨᠠᠯᠲᠠ ᠬᠠᠮᠢᠶᠠᠷᠤᠯᠲᠠ ᠲᠣᠭᠲᠠᠴᠠ ᠪᠠᠶᠢᠭᠤᠯᠬᠤ ᠠᠬᠢᠭᠤᠯᠵᠤ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠡᠳᠦᠷ ᠲᠤᠲᠤᠮ ᠲᠣᠭᠤᠷᠢᠨ ᠪᠠᠶᠢᠴᠠᠭᠠᠬᠤ᠂ ᠵᠥᠪᠰᠢᠶᠡᠷᠡᠵᠦ ᠬᠢᠨᠠᠨ ᠰᠢᠯᠭᠠᠬᠤ ᠪᠦᠬᠦ ᠶᠠᠪᠤᠴᠠ ᠳᠤ ᠠᠭᠤᠰᠬᠠᠨ ᠣᠷᠣᠭᠤᠯᠵᠤ᠂ ︽ᠲᠤᠰᠬᠠᠢ ᠬᠡᠷᠡᠭ ᠢ ᠰᠢᠢᠳᠪᠦᠷᠢᠯᠡᠬᠦ︾ ᠠᠴᠠ ︽ᠠᠵᠢᠯ ᠲᠥᠷᠥᠯ ᠬᠢᠨ ᠡᠬᠢ ᠰᠤᠷᠪᠤᠯᠵᠢ ᠴᠡᠪᠡᠷᠯᠡᠬᠦ︾ ᠪᠣᠯᠭᠠᠨ ᠲᠡᠰ ᠳᠡᠪᠰᠢᠭᠦᠯᠪᠡ᠃

