ᠰᠢᠯᠢ ᠭᠤᠤᠯ ᠠᠶᠢᠮᠠᠭ ᠪᠠᠶᠢᠴᠠᠭᠠᠬᠤ ᠪᠠᠶᠢᠭᠤᠯᠭ᠎ᠠ ︽ᠢᠪᠡᠭᠡ ︾ ᠨᠠᠰᠤᠨ ᠳᠤ ᠦᠯᠦ ᠭᠦᠷᠦᠭᠰᠡᠳ ᠪᠠᠶᠢᠴᠠᠭᠠᠬᠤ ᠠᠵᠢᠯ ᠮᠤᠩᠭᠤᠯ ᠬᠢᠲᠠᠳ ᠬᠤᠤᠰ ᠬᠡᠯᠡᠨ ᠪᠦᠯᠬᠦᠮ ᠪᠠᠶᠢᠭᠤᠯᠤᠭᠲᠠᠯ᠎ᠠ
2020-06-02 19:07:34
5 ᠰᠠᠷ᠎ᠠ 25 ᠡᠲᠦᠷ ᠂ ︽ᠬᠠᠲᠠᠭᠤ ᠪᠡᠷᠬᠡᠰᠢᠶᠡᠯ ᠢ ᠬᠠᠮᠲᠤᠪᠡᠷ ᠲᠤᠭᠤᠯᠵᠤ ᠂ ᠪᠠᠶᠢᠴᠠᠭᠠᠬᠤ ᠪᠠᠶᠢᠭᠤᠯᠭ᠎ᠠ ᠨᠠᠰᠤᠨ ᠳᠤ ᠦᠯᠦ ᠬᠦᠷᠦᠭᠰᠡᠳ ᠢ ᠬᠠᠯᠠᠮᠵᠢᠯᠠᠨ ᠬᠠᠮᠠᠭᠠᠯᠠᠬᠤ ︾ ᠪᠠᠶᠢᠴᠠᠭᠠᠬᠤ ᠨᠡᠬᠡᠭᠡᠯᠲᠡ ᠡᠲᠦᠷ ᠵᠢᠴᠢ ︽ᠢᠪᠡᠭᠡ ︾ ᠨᠠᠰᠤᠨ ᠳᠤ ᠦᠯᠦ ᠭᠦᠷᠦᠭᠰᠡᠳ ᠪᠠᠶᠢᠴᠠᠭᠠᠬᠤ ᠠᠵᠢᠯ ᠮᠤᠩᠭᠤᠯ ᠬᠢᠲᠠᠳ ᠬᠤᠤᠰ ᠬᠡᠯᠡᠨ ᠪᠦᠯᠬᠦᠮ ᠪᠠᠶᠢᠭᠤᠯᠤᠭᠲᠠᠬᠤ ᠶᠤᠰᠤᠯᠠᠯ ᠰᠢᠯᠢ ᠭᠤᠤᠯ ᠠᠶᠢᠮᠠᠭ ᠪᠠᠶᠢᠴᠠᠭᠠᠬᠤ ᠬᠤᠪᠢᠶᠠᠷᠢ ᠬᠤᠷᠢᠶᠠᠨ ᠳᠤ ᠶᠠᠪᠤᠭᠲᠠᠯ᠎ᠠ ᠃
ᠶᠤᠰᠤᠯᠠᠯ ᠲᠡᠭᠡᠷ᠎ᠡ ᠰᠢᠯᠢ ᠭᠤᠤᠯ ᠠᠶᠢᠮᠠᠭ ︽ᠢᠪᠡᠭᠡ ︾ ᠨᠠᠰᠤᠨ ᠳᠤ ᠦᠯᠦ ᠭᠦᠷᠦᠭᠰᠡᠳ ᠪᠠᠶᠢᠴᠠᠭᠠᠬᠤ ᠠᠵᠢᠯ ᠮᠤᠩᠭᠤᠯ ᠬᠢᠲᠠᠳ ᠬᠤᠤᠰ ᠬᠡᠯᠡᠨ ᠪᠦᠯᠬᠦᠮ ᠰᠦᠯᠲᠡ ᠲᠡᠮᠲᠡᠭ ᠢ ᠨᠡᠶᠢᠲᠡᠯᠡᠵᠦ ᠂ ᠰᠦᠯᠲᠡ ᠲᠡᠮᠲᠡᠭ ᠨᠡᠷ᠎ᠡ ᠪᠤᠯᠤᠨ ᠲᠤᠲᠤᠭᠠᠲᠤ ᠠᠭᠤᠯᠤᠭᠲᠠᠬᠤᠨ ᠢ ᠤᠯᠠᠨ ᠳᠤ ᠨᠠᠷᠢᠨ ᠲᠠᠶᠢᠯᠪᠤᠷᠢᠯᠠᠯᠲᠠ ᠬᠢᠬᠦ ᠬᠠᠮᠲᠦ ᠂ ᠶᠤᠰᠤᠯᠠᠯ ᠳᠤ ᠤᠷᠤᠯᠴᠠᠭᠰᠠᠨ ᠡᠯ᠎ᠡ ᠪᠠᠶᠢᠭᠤᠯᠭ᠎ᠠ ᠨᠢᠭᠡᠴᠢ ᠬᠠᠷᠢᠭᠤᠴᠠᠯᠭᠠᠲᠠᠨ ᠪᠦᠬᠦ ᠠᠶᠢᠮᠠᠭ ᠪᠠᠶᠢᠴᠠᠭᠠᠬᠤ ᠪᠠᠶᠢᠭᠤᠯᠭ᠎ᠠ ᠨᠠᠰᠤᠨ ᠳᠤ ᠦᠯᠦ ᠭᠦᠷᠦᠭᠰᠡᠳ ᠪᠠᠶᠢᠴᠠᠭᠠᠬᠤ ᠠᠵᠢᠯ ᠢ ᠬᠡᠷᠬᠢᠨ ᠰᠠᠶᠢᠲᠤᠷ ᠬᠢᠬᠦ ᠲᠤᠬᠠᠢ ᠴᠢᠯᠦᠭᠡᠲᠡᠢ ᠶᠠᠷᠢᠯᠴᠠᠭ᠎ᠠ ᠦᠷᠨᠢᠭᠦᠯᠪᠡ ᠃
︽ᠢᠪᠡᠭᠡ ︾ ᠨᠠᠰᠤᠨ ᠳᠤ ᠦᠯᠦ ᠭᠦᠷᠦᠭᠰᠡᠳ ᠪᠠᠶᠢᠴᠠᠭᠠᠬᠤ ᠠᠵᠢᠯ ᠮᠤᠩᠭᠤᠯ ᠬᠢᠲᠠᠳ ᠬᠤᠤᠰ ᠬᠡᠯᠡᠨ ᠪᠦᠯᠬᠦᠮ ᠪᠤᠯ ᠵᠠᠩ ᠵᠢᠶᠦ᠋ᠨ ᠪᠠᠶᠢᠴᠠᠭᠠᠬᠤ ᠲᠠᠷᠤᠭ᠎ᠠ ︽ᠨᠠᠰᠤᠨ ᠳᠤ ᠦᠯᠦ ᠭᠦᠷᠦᠭᠰᠡᠳ ᠪᠠᠶᠢᠴᠠᠭᠠᠬᠤ ᠠᠵᠢᠯ ᠪᠤᠯ ᠪᠠᠶᠢᠴᠠᠭᠠᠬᠤ ᠪᠠᠶᠢᠭᠤᠯᠭ᠎ᠠ ᠪᠤᠯᠤᠨ ᠨᠡᠶᠢᠭᠡᠮ ᠨᠡᠶᠢᠲᠡ ᠬᠤᠯᠪᠤᠬᠤ ᠬᠦᠭᠦᠷᠭᠡ ᠬᠤᠯᠪᠤᠭᠠᠰᠤ ᠪᠤᠯᠤᠨ᠎ᠠ ︾ ᠭᠡᠰᠡᠨ ᠶᠠᠷᠢᠶᠠᠨ ᠵᠤᠷᠢᠭ ᠰᠠᠨᠠᠭ᠎ᠠ ᠦᠨᠲᠦᠰᠦᠯᠡᠵᠦ ᠂ ᠤᠷᠤᠨ ᠨᠤᠲᠤᠭ ᠦᠨᠲᠦᠰᠤᠲᠡᠨ ᠦᠪᠡᠷᠮᠢᠴᠡ ᠤᠨᠴᠠᠯᠢᠭ ᠲᠠᠢ ᠤᠶᠠᠯᠲᠤᠭᠤᠯᠤᠨ ᠪᠠᠶᠢᠭᠤᠯᠤᠭᠰᠠᠨ ᠪᠦᠯᠬᠦᠮ ᠶᠤᠮ ᠃ ᠡᠨᠡᠬᠦ ᠪᠦᠯᠬᠦᠮ ᠪᠠᠶᠢᠭᠤᠯᠤᠭᠲᠠᠭᠰᠠᠨ ᠨᠢ ᠰᠢᠯᠢ ᠭᠤᠤᠯ ᠠᠶᠢᠮᠠᠭ ᠨᠠᠰᠤᠨ ᠳᠤ ᠦᠯᠦ ᠭᠦᠷᠦᠭᠰᠡᠳ ᠪᠠᠶᠢᠴᠠᠭᠠᠬᠤ ᠠᠵᠢᠯ ᠤᠯᠠᠮ ᠲᠤᠰᠬᠠᠶᠢᠵᠢᠭᠰᠠᠨ ᠂ ᠲᠦᠷᠢᠮᠵᠢᠭᠰᠡᠨ ᠢ ᠬᠠᠷᠠᠭᠤᠯᠵᠤ ᠪᠠᠶᠢᠭ᠎ᠠ ᠶᠤᠮ ᠃
ᠲᠠᠷᠠᠭᠠᠴᠢ ᠠᠯᠬᠤᠮ ᠳᠤ ᠂ ᠰᠢᠯᠢ ᠭᠤᠤᠯ ᠠᠶᠢᠮᠠᠭ ᠪᠠᠶᠢᠴᠠᠭᠠᠬᠤ ᠬᠤᠪᠢᠶᠠᠷᠢ ᠬᠤᠷᠢᠶ᠎ᠠ ᠨᠠᠰᠤᠨ ᠳᠤ ᠦᠯᠦ ᠭᠦᠷᠦᠭᠰᠡᠳ ᠪᠠᠶᠢᠴᠠᠭᠠᠬᠤ ᠠᠵᠢᠯ ᠢ ᠰᠠᠶᠢᠲᠤᠷ ᠬᠢᠵᠦ ᠂ ᠬᠠᠤᠯᠢ ᠴᠠᠭᠠᠵᠠ ᠬᠢᠨᠠᠯᠲᠠ ᠲᠠᠯᠪᠢᠬᠤ ᠡᠷᠴᠢᠮ ᠴᠢᠩᠭᠠᠳᠬᠠᠨ ᠂ ᠲᠦᠪ ᠭᠤᠤᠯᠴᠢ ᠰᠢᠲᠤᠷᠭᠤ ᠶᠤᠰᠤ ᠬᠠᠮᠠᠭᠠᠯᠠᠨ ᠂ ᠨᠠᠰᠤᠨ ᠳᠤ ᠦᠯᠦ ᠭᠦᠷᠦᠭᠰᠡᠳ ᠢ ᠬᠠᠯᠠᠮᠵᠢᠯᠠᠨ ᠬᠠᠮᠠᠭᠠᠯᠠᠬᠤ ᠳᠤ ᠪᠠᠶᠢᠴᠠᠭᠠᠬᠤ ᠬᠦᠴᠦᠨ ᠨᠡᠮᠡᠷᠢᠯᠡᠨ᠎ᠡ ᠃