ᠥᠪᠥᠷ ᠮᠣᠩᠭᠣᠯ  内蒙古

ᠤᠯᠠᠭᠠᠨᠬᠠᠳᠠ ᠬᠤᠲᠠ ᠵᠢᠨ ᠠᠷᠠᠳᠪᠠᠶᠢᠴᠠᠭᠠᠬᠤ ᠬᠤᠷᠢᠶ᠎ᠠ ᠸᠠᠩ ᠮᠢ ᠱᠧᠩ ᠢ ᠵᠠᠭᠠᠯᠳᠤᠪᠠ

2019-03-08 10:18:56

ᠦᠪᠦᠷ ᠮᠣᠩᠭᠤᠯᠦᠪᠡᠷᠲᠡᠭᠡᠨ ᠵᠠᠰᠠᠬᠤ ᠣᠷᠣᠨ  ᠶᠠᠳᠠᠭᠤ  ᠲᠡᠳᠭᠦᠵᠦ ᠨᠡᠭᠡᠭᠡᠨ ᠬᠦᠭᠵᠢᠭᠦᠯᠬᠦ︵ᠬᠤᠪᠢᠰᠬᠠᠯᠬᠠᠭᠤᠴᠢᠨ ᠰᠠᠭᠤᠷᠢᠨ ᠭᠠᠵᠠᠷᠣᠷᠣᠨ ᠨᠤᠲᠤᠭ ᠢ ᠪᠦᠲᠦᠭᠡᠨ ᠪᠠᠶᠢᠭᠤᠯᠬᠤ︶ᠠᠯᠪᠠᠨ ᠭᠡᠷᠨᠠᠮᠤᠳᠤᠷᠢᠳᠬᠤ ᠳᠤᠭᠤᠶᠢᠯᠠᠩᠬᠡᠰᠢᠭᠦᠨ᠂ ᠳᠡᠳ᠋ ᠡᠷᠬᠢᠯᠡᠭᠴᠢ ᠸᠠᠩ ᠮᠢ ᠱᠧᠩ ︵ᠳᠡᠳ᠋ ᠲᠢᠩᠬᠢᠮᠲᠡᠰ︶ ᠬᠠᠭ᠋ᠤᠤᠯᠢ ᠢᠳᠡᠭᠰᠡᠨ᠂ ᠠᠯᠪᠠᠨ  ᠵᠣᠭᠤᠰ ᠢ ᠨᠡᠭᠦᠯᠭᠡᠨ ᠬᠡᠷᠡᠭᠯᠡᠭᠰᠡᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠶᠠᠯ᠎ᠠ ᠬᠢᠭᠰᠡᠨ ᠢᠶᠠᠷ ᠰᠡᠵᠢᠭᠯᠡᠭᠰᠡᠨ ᠬᠡᠷᠡᠭ ᠢ ᠦᠪᠦᠷ ᠮᠣᠩᠭᠤᠯᠦᠪᠡᠷᠲᠡᠭᠡᠨ ᠵᠠᠰᠠᠬᠤ ᠣᠷᠣᠨ  ᠠᠷᠠᠳᠪᠠᠶᠢᠴᠠᠭᠠᠬᠤ ᠬᠤᠷᠢᠶ᠎ᠠ ᠬᠠᠷᠢᠶᠠᠯᠠᠯᠲᠠ ᠲᠣᠭᠲᠠᠭᠠᠨ ᠤᠯᠠᠭᠠᠨᠬᠠᠳᠠ ᠬᠤᠲᠠ ᠵᠢᠨ ᠠᠷᠠᠳᠪᠠᠶᠢᠴᠠᠭᠠᠬᠤ ᠬᠤᠷᠢᠶ᠎ᠠ ᠪᠠᠷ ᠰᠢᠢᠳᠪᠦᠷᠢᠯᠡᠭᠦᠯᠵᠦ᠂ ᠤᠯᠠᠭᠠᠨᠬᠠᠳᠠ ᠬᠤᠲᠠ ᠵᠢᠨ ᠠᠷᠠᠳᠪᠠᠶᠢᠴᠠᠭᠠᠬᠤ ᠬᠤᠷᠢᠶ᠎ᠠ ᠲᠤᠰ ᠬᠡᠷᠡᠭ ᠢ ᠬᠢᠨᠠᠨ ᠪᠠᠶᠢᠴᠠᠭᠠᠵᠤ ᠳᠠᠭᠤᠰᠬᠠᠭᠠᠳ ᠤᠯᠠᠭᠠᠨᠬᠠᠳᠠ ᠬᠤᠲᠠ ᠵᠢᠨ ᠠᠷᠠᠳᠳᠤᠮᠳᠠ ᠵᠡᠷᠭᠡ ᠵᠢᠨ ᠰᠢᠭᠦᠬᠦ ᠬᠤᠷᠢᠶᠠᠨ ᠳᠤ ᠠᠯᠪᠠᠨ ᠵᠠᠭᠠᠯᠳᠤᠯᠭ᠎ᠠ ᠭᠠᠷᠭᠠᠪᠠ᠃

ᠪᠠᠶᠢᠴᠠᠭᠠᠬᠤ ᠪᠠᠶᠢᠭᠤᠯᠭ᠎ᠠ ᠲᠤᠰ ᠬᠡᠷᠡᠭ ᠢ ᠬᠢᠨᠠᠨ ᠪᠠᠶᠢᠴᠠᠭᠠᠵᠤ ᠪᠠᠶᠢᠭ᠎ᠠ ᠱᠠᠲᠤᠨ ᠳᠤ ᠪᠠᠨ ᠵᠠᠭᠠᠯᠳᠤᠭᠳᠠᠭᠴᠢ ᠸᠠᠩ ᠮᠢ ᠱᠧᠩ ᠳᠤ ᠵᠠᠷᠭᠤᠯᠠᠬᠤ ᠡᠷᠬᠡ ᠲᠠᠢ ᠶᠢ ᠨᠢ ᠬᠠᠤᠯᠢ ᠶᠣᠰᠣᠭᠠᠷ ᠮᠡᠳᠡᠭᠳᠡᠬᠦ ᠵᠢᠨ ᠬᠠᠮᠲᠤ ᠲᠡᠭᠦᠨ  ᠨᠠᠶᠢᠳᠠᠭᠰᠠᠨ ᠦᠮᠦᠭᠯᠡᠭᠴᠢ ᠵᠢᠨ ᠰᠠᠨᠠᠯ ᠢ ᠰᠣᠨᠤᠰᠪᠠ᠃ ᠤᠯᠠᠭᠠᠨᠬᠠᠳᠠ ᠬᠤᠲᠠ ᠵᠢᠨ ᠠᠷᠠᠳᠪᠠᠶᠢᠴᠠᠭᠠᠬᠤ ᠬᠤᠷᠢᠶ᠎ᠠ ᠵᠠᠭᠠᠯᠳᠤᠯᠭ᠎ᠠ ᠵᠢᠨ ᠪᠢᠴᠢᠭ ᠳᠡᠭᠡᠷ᠎ᠡ ᠢᠯᠡᠴᠢᠯᠡᠨ ᠵᠠᠭᠠᠯᠳᠤᠭᠰᠠᠨ ᠨᠢ᠄  ᠵᠠᠭᠠᠯᠳᠤᠭᠳᠠᠭᠴᠢ ᠸᠠᠩ ᠮᠢ ᠱᠧᠩ ᠦᠪᠦᠷ ᠮᠣᠩᠭᠤᠯᠦᠪᠡᠷᠲᠡᠭᠡᠨ ᠵᠠᠰᠠᠬᠤ ᠣᠷᠣᠨ  ᠤᠯᠠᠭᠠᠨᠴᠠᠪ ᠬᠤᠲᠠ ᠵᠢᠨ ᠬᠤᠲᠠ ᠵᠢᠨ ᠪᠦᠲᠦᠭᠡᠨ ᠪᠠᠶᠢᠭᠤᠯᠤᠯᠲᠠ ᠵᠢᠨ ᠪᠡᠯᠡ ᠣᠷᠤᠭᠤᠯᠤᠯᠲᠠ ᠨᠡᠭᠡᠭᠡᠨ ᠬᠦᠭᠵᠢᠭᠦᠯᠬᠦ ᠬᠢᠵᠠᠭᠠᠷᠲᠤ ᠺᠤᠮᠫᠠᠨᠢ ᠵᠢᠨ ᠳᠠᠭᠠᠭᠠᠮᠠᠯ᠂ ᠰᠢᠩ ᠾᠧ ᠰᠢᠶᠠᠨ  ᠨᠠᠮᠬᠤᠷᠢᠶᠠᠨ  ᠱᠦᠵᠢ ᠵᠢᠨ ᠲᠤᠰᠢᠶᠠᠯ ᠳᠤ ᠪᠠᠶᠢᠬᠤ ᠳᠤ ᠪᠠᠨ ᠲᠤᠰᠢᠶᠠᠯ ᠤᠨ ᠢᠶᠠᠨ ᠳᠦᠭᠦᠮ ᠢᠯᠳᠠᠷ ᠢ ᠠᠰᠢᠭᠯᠠᠨ ᠪᠤᠰᠤᠳ ᠲᠤ ᠠᠰᠢᠭ ᠣᠯᠭᠤᠳᠠᠭ ᠪᠣᠶᠣ ᠪᠤᠰᠤᠳ ᠲᠤ ᠠᠰᠢᠭ ᠣᠯᠭᠤᠬᠤ ᠪᠠᠷ ᠠᠮᠠᠯᠠᠳᠠᠭ︔ ᠲᠤᠰᠢᠶᠠᠯ ᠤᠨ ᠢᠶᠠᠨ ᠳᠦᠭᠦᠮ ᠢᠯᠳᠠᠷ ᠢ ᠠᠰᠢᠭᠯᠠᠨ ᠠᠯᠪᠠᠨ  ᠵᠣᠭᠤᠰ ᠢ ᠨᠡᠭᠦᠯᠭᠡᠨ ᠪᠤᠰᠤᠳ ᠲᠤ ᠬᠡᠷᠡᠭᠯᠡᠭᠦᠯᠦᠭᠰᠡᠨ︔ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠭᠡᠷᠡᠭᠯᠡᠵᠦ ᠤᠯᠤᠰ ᠲᠤ ᠠᠵᠤ ᠠᠬᠤᠢ ᠵᠢᠨ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠲᠤᠯᠠ᠂ ᠬᠠᠭ᠋ᠤᠤᠯᠢ ᠢᠳᠡᠭᠰᠡᠨ᠂ ᠠᠯᠪᠠᠨ  ᠵᠣᠭᠤᠰ ᠢ ᠨᠡᠭᠦᠯᠭᠡᠨ ᠬᠡᠷᠡᠭᠯᠡᠭᠰᠡᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠶᠠᠯ᠎ᠠ ᠵᠢᠨ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ ᠶᠣᠰᠣᠲᠠᠢ᠃


ᠢᠷᠡᠯᠲᠡ
ᠤᠯᠠᠭᠠᠨᠬᠠᠳᠠ ᠬᠤᠲᠠ ᠵᠢᠨ ᠠᠷᠠᠳᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro