ᠨᠢᠩᠴᠧᠩ ᠰᠢᠶᠠᠨ ᠠᠷᠠᠳᠪᠠᠶᠢᠴᠠᠭᠠᠬᠤ ᠬᠤᠷᠢᠶ᠎ᠠ ᠬᠦᠴᠦᠷᠬᠡᠭᠯᠡᠨ ᠨᠦᠵᠢᠳᠯᠡᠭᠰᠡᠨ ᠶᠠᠯ᠎ᠠ ᠬᠢᠭᠰᠡᠨ ᠰᠡᠵᠢᠭᠲᠡᠨ ᠭᠤᠣ ᠣᠪᠣᠭᠲᠤ ᠳᠤ ᠪᠠᠷᠢᠪᠴᠢᠯᠠᠬᠤ ᠵᠦᠪᠰᠢᠶᠡᠷᠡᠭᠰᠡᠨ ᠲᠣᠭᠲᠠᠭᠠᠯ ᠭᠠᠷᠭᠠᠪᠠ
12 ᠰᠠᠷ᠎ᠠ ᠵᠢᠨ18 ᠡᠳᠦᠷ᠂ ᠨᠢᠩᠴᠧᠩ ᠰᠢᠶᠠᠨ ᠠᠷᠠᠳᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠪᠠᠷ ᠳᠠᠮᠵᠢᠭᠠᠳ᠂ ᠳ᠋ᠢᠶᠠᠨ ᠽᠢ ᠪᠠᠯᠭᠠᠰᠤᠨ ᠰᠠᠭᠤᠭᠠᠯᠢ ᠢᠷᠭᠡᠨ ᠭᠤᠣ ᠣᠪᠣᠭᠲᠤ ᠬᠦᠴᠦᠷᠬᠡᠭᠯᠡᠨ ᠨᠦᠵᠢᠳᠯᠡᠭᠰᠡᠨ ᠶᠠᠯ᠎ᠠ ᠬᠢᠭᠰᠡᠨ ᠢᠶᠠᠷ ᠰᠡᠵᠢᠭᠯᠡᠭᠳᠡᠵᠦ᠂ ᠲᠡᠭᠦᠨ ᠳᠤ ᠪᠠᠷᠢᠪᠴᠢᠯᠠᠬᠤ ᠵᠦᠪᠰᠢᠶᠡᠷᠡᠭᠰᠡᠨ ᠲᠣᠭᠲᠠᠭᠠᠯ ᠭᠠᠷᠭᠠᠪᠠ᠃ ᠣᠳᠣᠬᠠᠨ ᠳᠤ᠂ ᠲᠤᠰ ᠬᠡᠷᠡᠭ ᠢ ᠤᠯᠠᠮ ᠨᠢᠭᠡ ᠠᠯᠬᠤᠮ ᠪᠠᠶᠢᠴᠠᠭᠠᠨ ᠰᠢᠢᠳᠪᠦᠷᠢᠯᠡᠵᠦ ᠪᠣᠢ᠃