ᠣᠷᠳᠣᠰ ᠬᠤᠲᠠ ᠵᠢᠨ ᠪᠠᠶᠢᠴᠠᠭᠠᠬᠤ ᠪᠠᠶᠢᠭᠤᠯᠭ᠎ᠠ ᠵᠢᠨ 2021 ᠣᠨ ᠨᠢᠭᠡᠳᠦᠭᠡᠷ ᠤᠯᠠᠷᠢᠯᠬᠡᠷᠡᠭ ᠰᠢᠢᠳᠪᠦᠷᠢᠯᠡᠯᠲᠡ ᠵᠢᠨ ᠭᠤᠣᠯ ᠪᠣᠯᠬᠤ ᠲᠤᠭ᠎ᠠ ᠮᠠᠭᠠᠳ
ᠣᠷᠳᠣᠰ ᠬᠤᠲᠠ ᠵᠢᠨ ᠪᠠᠶᠢᠴᠠᠭᠠᠬᠤ ᠪᠠᠶᠢᠭᠤᠯᠭ᠎ᠠ ᠵᠢᠨ 2021 ᠣᠨ ᠨᠢᠭᠡᠳᠦᠭᠡᠷ ᠤᠯᠠᠷᠢᠯᠬᠡᠷᠡᠭ ᠰᠢᠢᠳᠪᠦᠷᠢᠯᠡᠯᠲᠡ ᠵᠢᠨ ᠭᠤᠣᠯ ᠪᠣᠯᠬᠤ ᠲᠤᠭ᠎ᠠ ᠮᠠᠭᠠᠳ
ᠥᠨᠥ ᠵᠢᠯ ᠠᠴᠠ ᠨᠠᠰᠢ᠂ ᠣᠷᠳᠣᠰ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳ ᠰᠢ ᠵᠢᠨ ᠫᠢᠩᠰᠢᠨᠡ ᠴᠠᠭ ᠦᠶ᠎ᠡ ᠵᠢᠨ ᠳᠤᠮᠳᠠᠳᠤ ᠤᠯᠤᠰᠣᠨᠴᠠᠯᠢᠭ ᠪᠦᠬᠦᠢ ᠨᠡᠶᠢᠭᠡᠮ ᠵᠢᠷᠤᠮᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠪᠠᠷᠢᠮᠲᠠᠯᠠᠨ᠂ ︽ᠤᠯᠤᠰ ᠲᠥᠷᠥ ᠡᠷᠬᠢᠮᠯᠡᠬᠦ᠂ ᠶᠡᠭᠡ ᠲᠠᠯ᠎ᠠ ᠬᠠᠷᠠᠭᠠᠯᠵᠠᠬᠤ᠂ ᠬᠥᠭᠵᠢᠭᠦᠯᠦᠯᠲᠡ ᠰᠦᠪᠡᠭᠴᠢᠯᠡᠬᠦ᠂ ᠦᠪᠡᠰᠦᠪᠡᠨ ᠳᠠᠪᠠᠮᠠᠭᠠᠶᠢᠷᠠᠬᠤ ᠴᠢᠬᠤᠯᠠᠴᠢᠯᠠᠬᠤ︾ ᠶᠡᠷᠦᠩᠬᠡᠢ ᠱᠠᠭᠠᠷᠳᠠᠯᠭ᠎ᠠ ᠪᠠᠷ ᠴᠢᠩᠭ᠎ᠠ ᠲᠥᠪᠯᠡᠭᠦᠯᠦᠨ᠂ ᠬᠠᠤᠯᠢ ᠴᠠᠭᠠᠵᠠ ᠵᠢᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠳᠡᠭᠡᠷ᠎ᠡ ᠠᠩᠬᠠᠷᠤᠯ ᠢᠶᠠᠨ ᠲᠦᠪᠯᠡᠷᠡᠭᠦᠯᠦᠨ᠂ ᠨᠡᠶᠢᠭᠡᠮᠡᠷᠬᠡ ᠲᠠᠭᠰᠢ ᠰᠢᠳᠤᠷᠭᠤ ᠶᠣᠰᠤ ᠬᠠᠮᠠᠭᠠᠯᠠᠵᠤ᠂ ᠨᠠᠮᠲᠡᠦᠬᠡ ᠵᠢᠨ ᠰᠤᠷᠤᠯᠴᠠᠯᠭ᠎ᠠ ᠬᠦᠮᠦᠵᠢᠯ ᠪᠠ ᠤᠯᠤᠰ ᠲᠥᠷᠥ ᠬᠠᠤᠯᠢ ᠴᠠᠭᠠᠵᠠ ᠵᠢᠨ ᠡᠩᠨᠡᠭᠡᠨ ᠬᠦᠮᠦᠵᠢᠯ ᠴᠡᠭᠴᠡᠯᠡᠯᠲᠡ ᠵᠢᠨ ᠬᠦᠳᠡᠯᠭᠡᠭᠡᠨ ᠢ ᠭᠦᠨᠵᠡᠭᠡᠢ ᠦᠷᠨᠢᠭᠦᠯᠦᠨ᠂ ᠲᠤᠰ ᠬᠤᠶᠠᠷ ᠲᠥᠷᠥᠯᠬᠦᠳᠡᠯᠭᠡᠭᠡᠨ ᠬᠢᠭᠡᠳ ᠪᠠᠶᠢᠴᠠᠭᠠᠬᠤ ᠲᠤᠬᠠᠶᠢᠯᠠᠭᠰᠠᠨ ᠠᠵᠢᠯ ᠢ ᠵᠡᠷᠭᠡ ᠳᠤ ᠨᠢ ᠠᠬᠢᠭᠤᠯᠵᠤ᠂ ᠠᠯᠢ ᠶᠢ ᠨᠢ ᠴᠤ ᠣᠰᠤᠯᠳᠠᠭᠤᠯᠤᠯ ᠦᠭᠡᠢ ᠠᠵᠢᠯᠯᠠᠵᠤ᠂ ᠳᠡᠭᠡᠳᠦ ᠬᠢᠷᠢ ᠲᠦᠪᠰᠢᠨ ᠤᠯᠤᠰ ᠲᠥᠷᠥ ᠵᠢᠨ ᠤᠬᠠᠮᠰᠠᠷ᠂ ᠪᠠᠶᠢᠴᠠᠭᠠᠬᠤ ᠵᠢᠨ ᠤᠬᠠᠮᠰᠠᠷ ᠲᠠᠢ ᠪᠠᠷ ᠭᠠᠵᠠᠷ ᠣᠷᠣᠨ ᠠᠵᠤ ᠠᠬᠤᠢ ᠵᠢᠨ ᠴᠢᠨᠠᠷ ᠰᠠᠶᠢᠲᠠᠢ ᠬᠦᠭᠵᠢᠭᠦᠯᠦᠯᠲᠡ ᠪᠠ ᠨᠡᠶᠢᠭᠡᠮᠶᠡᠭᠡ ᠲᠠᠯ᠎ᠠ ᠵᠢᠨ ᠲᠣᠭᠲᠠᠭᠤᠨ ᠢ ᠬᠠᠮᠠᠭᠠᠯᠠᠵᠠᠢ᠃ ᠳᠣᠣᠷ᠎ᠠ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳᠨᠢᠭᠡᠳᠦᠭᠡᠷ ᠤᠯᠠᠷᠢᠯᠬᠡᠷᠡᠭ ᠰᠢᠢᠳᠪᠦᠷᠢᠯᠡᠯᠲᠡ ᠵᠢᠨ ᠭᠤᠣᠯ ᠪᠣᠯᠬᠤ ᠲᠤᠭ᠎ᠠ ᠮᠠᠭᠠᠳ ᠢ ᠨᠡᠶᠢᠲᠡᠯᠡᠶ᠎ᠡ᠄
ᠨᠢᠭᠡ᠂ ᠡᠷᠡᠭᠦᠦ ᠵᠢᠨ ᠬᠡᠷᠡᠭ ᠢ ᠪᠠᠶᠢᠴᠠᠭᠠᠬᠤ ᠠᠵᠢᠯ ᠲᠥᠷᠥᠯ
︵ᠨᠢᠭᠡ︶ ᠪᠠᠷᠢᠪᠴᠢᠯᠠᠬᠤ ᠬᠢᠨᠠᠨ ᠪᠠᠶᠢᠴᠠᠭᠠᠭᠰᠠᠨ᠂ ᠵᠠᠭᠠᠯᠳᠤᠬᠤ ᠬᠢᠨᠠᠨ ᠪᠠᠶᠢᠴᠠᠭᠠᠭᠰᠠᠨ ᠪᠠᠶᠢᠳᠠᠯ
ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳᠪᠠᠷᠢᠪᠴᠢᠯᠠᠬᠤ ᠬᠢᠨᠠᠨ ᠵᠥᠪᠰᠢᠶᠡᠷᠡᠭᠰᠡᠨ ᠪᠠ ᠪᠠᠷᠢᠪᠴᠢᠯᠠᠬᠤ ᠪᠠᠷ ᠲᠣᠭᠲᠠᠭᠰᠠᠨ ᠡᠯ᠎ᠡ ᠲᠥᠷᠥᠯᠬᠡᠷᠡᠭᠰᠡᠵᠢᠭᠲᠡᠨ ᠨᠡᠶᠢᠲᠡ 203 ᠬᠦᠮᠦᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 15.3% ᠪᠠᠷ ᠳᠡᠭᠡᠭᠰᠢᠯᠡᠪᠡ᠃ ᠬᠢᠨᠠᠨ ᠪᠠᠶᠢᠴᠠᠭᠠᠭᠠᠳ ᠪᠠᠷᠢᠪᠴᠢᠯᠠᠬᠤ ᠥᠯᠥ ᠵᠥᠪᠰᠢᠶᠡᠷᠡᠭᠰᠡᠨ ᠪᠠ ᠥᠯᠥ ᠪᠠᠷᠢᠪᠴᠢᠯᠠᠬᠤ ᠪᠠᠷ ᠲᠣᠭᠲᠠᠭᠰᠠᠨ ᠨᠢ 45 ᠬᠦᠮᠦᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 4.7% ᠪᠠᠷ ᠳᠡᠭᠡᠭᠰᠢᠯᠡᠵᠦ᠂ ᠪᠠᠷᠢᠪᠴᠢᠯᠠᠬᠤ ᠥᠯᠥ ᠵᠥᠪᠰᠢᠶᠡᠷᠡᠭᠰᠡᠨ ᠨᠤᠷᠮ᠎ᠠ 18.154% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.48 ᠵᠠᠭᠤᠨ ᠬᠤᠪᠢ ᠪᠠᠷ ᠬᠠᠰᠤᠭᠳᠠᠪᠠ︔ 990 ᠬᠦᠮᠦᠨ ᠳᠤ ᠠᠯᠪᠠᠨ ᠵᠠᠭᠠᠯᠳᠤᠯᠭ᠎ᠠ ᠭᠠᠷᠭᠠᠵᠤ᠂ ᠠᠳᠠᠯᠢ ᠬᠤᠭᠤᠴᠠᠭᠠᠨ ᠤ ᠬᠢ ᠠᠴᠠ 63.9% ᠪᠠᠷ ᠳᠡᠭᠡᠭᠰᠢᠯᠡᠪᠡ︔ ᠥᠯᠥ ᠵᠠᠭᠠᠯᠳᠤᠬᠤ ᠪᠠᠷ ᠲᠣᠭᠲᠠᠭᠰᠠᠨ ᠨᠢ 159 ᠬᠦᠮᠦᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 187.3% ᠪᠠᠷ ᠳᠡᠭᠡᠭᠰᠢᠯᠡᠵᠦ᠂ ᠥᠯᠥ ᠵᠠᠭᠠᠯᠳᠤᠭᠰᠠᠨ ᠨᠤᠷᠮ᠎ᠠ 13.83% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 5.35 ᠵᠠᠭᠤᠨ ᠬᠤᠪᠢ ᠪᠠᠷ ᠨᠡᠮᠡᠭᠳᠡᠪᠡ᠃
ᠨᠢᠭᠡᠨᠲᠡ ᠰᠢᠢᠳᠪᠦᠷᠢᠯᠡᠭᠰᠡᠨ ᠵᠠᠭᠠᠯᠳᠤᠯᠭ᠎ᠠ ᠬᠢᠨᠠᠨ ᠪᠠᠶᠢᠴᠠᠭᠠᠭᠰᠠᠨ ᠬᠡᠷᠡᠭ ᠤᠳ ᠲᠤ᠂ ᠶᠠᠯ᠎ᠠ ᠪᠠᠨ ᠮᠡᠳᠡᠷᠡᠨ ᠰᠢᠳᠬᠡᠯ ᠢᠶᠠᠨ ᠬᠦᠯᠢᠶᠡᠭᠰᠡᠳ ᠢ ᠠᠭᠤᠴᠢᠯᠠᠩᠭᠤᠢ ᠰᠢᠳᠬᠡᠬᠦ ᠳᠦᠷᠢᠮ ᠳᠤ ᠲᠣᠬᠢᠷᠠᠭᠤᠯᠤᠨ ᠬᠡᠷᠡᠭᠯᠡᠭᠳᠡᠭᠰᠡᠨ ᠬᠦᠮᠦᠨ 979 ᠪᠠᠶᠢᠵᠤ᠂ ᠲᠤᠰ ᠬᠤᠭᠤᠴᠠᠭᠠᠨ ᠳᠠᠬᠢ ᠬᠢᠨᠠᠨ ᠳᠠᠭᠤᠰᠬᠠᠭᠰᠠᠨ ᠵᠠᠭᠠᠯᠳᠤᠯᠭ᠎ᠠ ᠵᠢᠨ ᠬᠡᠷᠡᠭ ᠲᠠᠬᠢ ︵ᠬᠢᠨᠠᠨ ᠪᠠᠶᠢᠴᠠᠭᠠᠭᠠᠳ ᠠᠯᠪᠠᠨ ᠵᠠᠭᠠᠯᠳᠤᠯᠭ᠎ᠠ ᠭᠠᠷᠭᠠᠭᠰᠠᠨ᠂ ᠦᠢᠯᠡ ᠪᠠᠶᠢᠳᠠᠯ ᠨᠢ ᠬᠦᠩᠭᠡᠪᠲᠦᠷ ᠠᠴᠠ ᠥᠯᠥ ᠵᠠᠭᠠᠯᠳᠤᠭᠰᠠᠨ᠂ ᠨᠦᠬᠦᠴᠡᠯᠲᠦ ᠥᠯᠥ ᠵᠠᠭᠠᠯᠳᠤᠭᠰᠠᠨ ᠬᠡᠷᠡᠭ ᠢ ᠪᠠᠭᠲᠠᠭᠠᠨ᠎ᠠ︶ ᠬᠦᠮᠦᠨ ᠲᠣᠭᠠᠨ 87.96 % ᠡᠵᠡᠯᠡᠵᠤ᠂ ᠠᠳᠠᠯᠢ ᠬᠤᠭᠤᠴᠠᠭᠠᠨ ᠤ ᠬᠢ ᠠᠴᠠ 2.61 ᠵᠠᠭᠤᠨ ᠬᠤᠪᠢ ᠪᠠᠷ ᠨᠡᠮᠡᠭᠳᠡᠪᠡ᠃
︵ᠬᠤᠶᠠᠷ︶ ᠡᠷᠡᠭᠦᠦ ᠵᠢᠨ ᠵᠠᠷᠭᠤ ᠳᠤ ᠬᠢᠨᠠᠯᠲᠠ ᠲᠠᠯᠪᠢᠭᠰᠠᠨ ᠪᠠᠶᠢᠳᠠᠯ
1.ᠬᠡᠷᠡᠭ ᠪᠣᠯᠭᠠᠯᠲᠠ ᠳᠠᠬᠢ ᠬᠢᠨᠠᠯᠲᠠ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳ ᠳᠣᠲᠤᠭᠠᠳᠤ ᠬᠠᠮᠠᠭᠠᠯᠠᠬᠤ ᠪᠠᠶᠢᠭᠤᠯᠭ᠎ᠠ ᠤᠳ ᠲᠤ ᠬᠢᠨᠠᠯᠲᠠ ᠲᠠᠯᠪᠢᠭᠠᠳ ᠬᠡᠷᠡᠭ ᠪᠣᠯᠭᠠᠭᠤᠯᠤᠭᠰᠠᠨ ᠨᠢ 6 ᠬᠡᠷᠡᠭ᠂ ᠬᠡᠷᠡᠭ ᠢ ᠬᠦᠴᠦᠨ ᠦᠭᠡᠢ ᠪᠣᠯᠭᠠᠭᠤᠯᠤᠭᠰᠠᠨ ᠨᠢ 7 ᠬᠡᠷᠡᠭ᠃ ᠬᠢᠨᠠᠯᠲᠠ ᠲᠠᠯᠪᠢᠭᠰᠠᠨ ᠳᠠᠷᠠᠭ᠎ᠠ ᠳᠣᠲᠤᠭᠠᠳᠤ ᠬᠠᠮᠠᠭᠠᠯᠠᠬᠤ ᠪᠠᠶᠢᠭᠤᠯᠭ᠎ᠠ ᠨᠢᠭᠡᠨᠲᠡ ᠬᠡᠷᠡᠭ ᠪᠣᠯᠭᠠᠭᠰᠠᠨ ᠨᠢ 3 ᠬᠡᠷᠡᠭ᠂ 1 ᠬᠡᠷᠡᠭ ᠢ ᠬᠦᠴᠦᠨ ᠦᠭᠡᠢ ᠪᠣᠯᠭᠠᠪᠠ᠂ ᠬᠢᠨᠠᠯᠲᠠ ᠲᠠᠯᠪᠢᠨ ᠬᠡᠷᠡᠭ ᠪᠣᠯᠭᠠᠭᠤᠯᠤᠭᠠᠳ ᠬᠤᠭᠤᠴᠠᠭ᠎ᠠ ᠲᠠᠢ ᠬᠤᠷᠢᠬᠤ ᠡᠷᠡᠭᠦᠦ ᠣᠨᠣᠭᠳᠠᠭᠤᠯᠤᠭᠳᠠᠭᠰᠠᠨ ᠬᠦᠮᠦᠨ 5 ᠪᠠᠶᠢᠵᠤ ︵ᠬᠤᠷᠠᠮᠠᠯ ᠬᠡᠷᠡᠭ ᠲᠠᠬᠢ ᠬᠦᠮᠦᠨ ᠪᠠᠭᠲᠠᠨ᠎ᠠ︶᠂ ᠬᠢᠨᠠᠯᠲᠠ ᠲᠠᠯᠪᠢᠨ ᠬᠡᠷᠡᠭ ᠪᠣᠯᠭᠠᠭᠤᠯᠤᠭᠠᠳ ᠬᠤᠭᠤᠴᠠᠭ᠎ᠠ ᠲᠠᠢ ᠬᠤᠷᠢᠬᠤ ᠡᠷᠡᠭᠦᠦ ᠣᠨᠣᠭᠳᠠᠭᠤᠯᠤᠯᠨᠤᠷᠮᠠ 100%᠃
2.ᠪᠠᠷᠢᠪᠴᠢᠯᠠᠬᠤ ᠣᠷᠬᠢᠭᠳᠠᠭᠤᠯᠤᠭᠰᠠᠨ ᠪᠣᠶᠣ ᠵᠠᠭᠠᠯᠳᠤᠬᠤ ᠣᠷᠬᠢᠭᠳᠠᠭᠤᠯᠤᠭᠰᠠᠨ ᠬᠡᠷᠡᠭᠵᠠᠯᠠᠷᠠᠭᠤᠯᠭᠠ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳ ᠪᠠᠷᠢᠪᠴᠢᠯᠠᠬᠤ ᠬᠢᠨᠠᠨ ᠪᠠᠶᠢᠴᠠᠭᠠᠬᠤ ᠪᠠ ᠵᠠᠭᠠᠯᠳᠤᠬᠤ ᠬᠢᠨᠠᠨ ᠪᠠᠶᠢᠴᠠᠭᠠᠬᠤ ᠠᠵᠢᠯᠭᠤᠭᠴᠤᠭᠠᠨ ᠳᠤ᠂ ᠳᠣᠲᠤᠭᠠᠳᠤ ᠬᠠᠮᠠᠭᠠᠯᠠᠬᠤ ᠪᠠᠶᠢᠭᠤᠯᠭ᠎ᠠ ᠵᠢᠨ ᠪᠠᠷᠢᠪᠴᠢᠯᠠᠬᠤ ᠵᠥᠪᠰᠢᠶᠡᠷᠡᠭᠦᠯᠬᠦ ᠳᠡᠪᠰᠢᠭᠦᠯᠦᠯ ᠳᠠᠬᠢ ᠣᠷᠬᠢᠭᠳᠠᠭᠤᠯᠤᠭᠰᠠᠨ 6 ᠬᠦᠮᠦᠨ ᠳᠤ ᠵᠠᠯᠠᠷᠠᠭᠤᠯᠭ᠎ᠠ ᠭᠠᠷᠭᠠᠵᠤ᠂ ᠳᠣᠲᠤᠭᠠᠳᠤ ᠬᠠᠮᠠᠭᠠᠯᠠᠬᠤ ᠪᠠᠶᠢᠭᠤᠯᠭ᠎ᠠ ᠵᠢᠨ ᠵᠠᠭᠠᠯᠳᠤᠭᠤᠯᠬᠤ ᠪᠠᠷ ᠬᠢᠨᠠᠨ ᠳᠡᠪᠰᠢᠭᠦᠯᠦᠭᠰᠡᠨ ᠬᠡᠷᠡᠭ ᠲᠠᠬᠢ ᠣᠷᠬᠢᠭᠳᠠᠭᠤᠯᠤᠭᠰᠠᠨ 14 ᠬᠡᠷᠡᠭᠲᠡᠨ ᠳᠤ ᠵᠠᠯᠠᠷᠠᠭᠤᠯᠭ᠎ᠠ ᠭᠠᠷᠭᠠᠪᠠ᠃
3.ᠲᠤᠷᠰᠢᠨ ᠪᠠᠶᠢᠴᠠᠭᠠᠬᠤ ᠠᠵᠢᠯᠯᠠᠭ᠎ᠠ ᠳᠠᠬᠢ ᠬᠠᠤᠯᠢ ᠵᠥᠷᠢᠴᠡᠯᠲᠡ ᠵᠢᠨ ᠵᠠᠯᠠᠷᠠᠭᠤᠯᠭ᠎ᠠ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳ ᠲᠤᠷᠰᠢᠨ ᠪᠠᠶᠢᠴᠠᠭᠠᠬᠤ ᠠᠵᠢᠯᠯᠠᠭ᠎ᠠ ᠳᠤ ᠴᠢᠭᠯᠡᠭᠦᠯᠦᠨ 36 ᠬᠡᠷᠡᠭ ᠤᠳᠠᠭᠠᠨ ᠵᠠᠯᠠᠷᠠᠭᠤᠯᠭ᠎ᠠ ᠳᠤᠷᠠᠳᠴᠤ᠂ 28 ᠬᠡᠷᠡᠭ ᠤᠳᠠᠭᠠᠨ ᠤ ᠬᠢ ᠨᠢ ᠨᠢᠭᠡᠨᠲᠡ ᠵᠠᠯᠠᠷᠠᠭᠤᠯᠤᠭᠳᠠᠵᠤ᠂ ᠬᠢᠨᠠᠯᠲᠠ ᠲᠠᠯᠪᠢᠨ ᠬᠦᠯᠢᠶᠡᠨ ᠠᠪᠤᠭᠤᠯᠤᠭᠰᠠᠨ ᠨᠤᠷᠮ᠎ᠠ 77.78% ᠳᠤ ᠬᠦᠷᠪᠡ᠃
4.ᠡᠷᠡᠬᠦᠦ ᠵᠢᠨ ᠬᠡᠷᠡᠭᠡᠰᠡᠷᠭᠦᠴᠡᠭᠰᠡᠨ ᠵᠠᠭᠠᠯᠳᠤᠯᠭ᠎ᠠ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳ ᠨᠡᠶᠢᠲᠡ 8 ᠬᠡᠷᠡᠭ ᠲᠤ ᠡᠰᠡᠷᠭᠦᠴᠡᠨ ᠵᠠᠭᠠᠯᠳᠤᠬᠤ ᠳᠤᠷᠠᠳᠤᠯᠭ᠎ᠠ ᠭᠠᠷᠭᠠᠵᠤ᠂ ᠠᠳᠠᠯᠢ ᠬᠤᠭᠤᠴᠠᠭᠠᠨ ᠤ ᠬᠢ ᠠᠴᠠ 100% ᠪᠠᠷ ᠳᠡᠭᠡᠭᠰᠢᠯᠡᠵᠦ᠂ ᠰᠢᠭᠦᠬᠦ ᠬᠤᠷᠢᠶ᠎ᠠ 1 ᠬᠡᠷᠡᠭ ᠢ ᠨᠢ ᠬᠢᠨᠠᠨ ᠲᠠᠰᠤᠯᠵᠤ᠂ 1 ᠬᠡᠷᠡᠭ ᠢ ᠦᠭᠡᠷᠡᠴᠢᠯᠡᠨ ᠲᠠᠰᠤᠯᠵᠠᠢ᠃
︵ᠭᠤᠷᠪᠠ︶ ᠡᠷᠡᠭᠦᠦ ᠵᠢᠨ ᠬᠡᠷᠡᠭᠭᠦᠢᠴᠡᠳᠬᠡᠯᠲᠡ ᠪᠠᠶᠢᠴᠠᠭᠠᠭᠰᠠᠨ ᠪᠠᠶᠢᠳᠠᠯ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳ ᠡᠷᠡᠭᠦᠦ ᠭᠦᠩᠭᠡᠯᠡᠯᠲᠡ᠂ ᠲᠡᠩᠰᠡᠨ ᠰᠤᠯᠠᠯᠠᠯᠲᠠ᠂ ᠭᠢᠨᠳᠠᠨ ᠭᠠᠳᠠᠨ᠎ᠠ ᠲᠦᠷ ᠭᠦᠢᠴᠡᠳᠬᠡᠭᠦᠯᠲᠡ ᠨᠢ ᠵᠣᠬᠢᠰ ᠦᠭᠡᠶᠢᠳᠡᠭᠰᠡᠨ 54 ᠬᠦᠮᠦᠨ ᠳᠤ ᠵᠠᠯᠠᠷᠠᠭᠤᠯᠭ᠎ᠠ ᠳᠤᠷᠠᠳᠴᠤ᠂ ᠲᠤᠰ ᠬᠤᠭᠤᠴᠠᠭᠠᠨ ᠳᠤ 54 ᠬᠦᠮᠦᠨ ᠬᠢᠨᠢ ᠨᠢᠭᠡᠨᠲᠡ ᠵᠠᠯᠠᠷᠠᠭᠤᠯᠤᠭᠳᠠᠪᠠ᠃ ᠡᠷᠡᠭᠦᠦ ᠵᠢᠨ ᠬᠡᠷᠡᠭᠭᠦᠢᠴᠡᠳᠬᠡᠯᠲᠡ ᠵᠢᠨ ᠠᠵᠢᠯᠯᠠᠭ᠎ᠠ ᠳᠠᠬᠢ ᠬᠠᠤᠯᠢ ᠵᠥᠷᠢᠴᠡᠯᠲᠡ ᠳᠤ 9 ᠬᠤᠪᠢ ᠵᠠᠯᠠᠷᠠᠭᠤᠯᠭ᠎ᠠ ᠳᠤᠷᠠᠳᠴᠤ᠂ ᠲᠤᠰ ᠬᠤᠭᠤᠴᠠᠭᠠᠨ ᠳᠤ 4 ᠬᠡᠷᠡᠭ ᠵᠠᠯᠠᠷᠠᠭᠤᠯᠤᠭᠳᠠᠪᠠ᠃ ᠭᠢᠨᠳᠠᠨ ᠭᠠᠳᠠᠨ᠎ᠠ ᠲᠦᠷ ᠭᠦᠢᠴᠡᠳᠬᠡᠭᠦᠯᠬᠦ ᠠᠵᠢᠯᠯᠠᠭ᠎ᠠ ᠳᠠᠬᠢ ᠬᠠᠤᠯᠢ ᠵᠥᠷᠢᠴᠡᠯᠲᠡ ᠵᠢᠨ ᠪᠠᠶᠢᠳᠠᠯ ᠲᠠᠢ 1 ᠬᠦᠮᠦᠨ ᠳᠤ ᠵᠠᠯᠠᠷᠠᠭᠤᠯᠭ᠎ᠠ ᠳᠤᠷᠠᠳᠪᠠ᠃ ᠡᠷᠡᠭᠦᠦ ᠵᠢᠨ ᠬᠡᠷᠡᠭᠭᠦᠢᠴᠡᠳᠬᠡᠯᠲᠡ ᠯᠦᠭᠡ ᠬᠤᠯᠪᠤᠭᠳᠠᠯ ᠪᠦᠬᠦᠢ 27 ᠬᠤᠪᠢ ᠪᠠᠶᠢᠴᠠᠭᠠᠬᠤ ᠰᠠᠨᠠᠭᠤᠯᠭ᠎ᠠ ᠳᠤᠷᠠᠳᠴᠤ᠂ 20 ᠬᠤᠪᠢ ᠶᠢ ᠨᠢ ᠨᠢᠭᠡᠨᠲᠡ ᠬᠦᠯᠢᠶᠡᠨ ᠠᠪᠤᠪᠠ᠃
︵ᠳᠦᠷᠪᠡ︶ ᠬᠠᠤᠯᠢ ᠪᠠᠷᠢᠬᠤᠢ ᠵᠢᠨ ᠠᠵᠢᠯᠲᠠᠨ ᠲᠤᠰᠢᠶᠠᠯᠶᠠᠯᠠᠲᠤ ᠬᠡᠷᠡᠭ ᠢ ᠰᠢᠢᠳᠪᠦᠷᠢᠯᠡᠭᠰᠡᠨ ᠪᠠᠶᠢᠳᠠᠯ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳ ᠬᠡᠷᠡᠭ ᠪᠣᠯᠭᠠᠵᠤ ᠲᠤᠷᠰᠢᠨ ᠪᠠᠶᠢᠴᠠᠭᠠᠭᠰᠠᠨ ᠬᠠᠤᠯᠢ ᠪᠠᠷᠢᠬᠤᠢ ᠵᠢᠨ ᠠᠵᠢᠯᠲᠠᠨ ᠲᠤᠰᠢᠶᠠᠯᠶᠠᠯᠠᠲᠤ ᠬᠡᠷᠡᠭ ᠨᠡᠶᠢᠲᠡ 1 ᠬᠡᠷᠡᠭ 2 ᠬᠦᠮᠦᠨ᠃
ᠬᠤᠶᠠᠷ᠂ ᠢᠷᠭᠡᠨ ᠬᠡᠷᠡᠭ ᠢ ᠪᠠᠶᠢᠴᠠᠭᠠᠬᠤ ᠠᠵᠢᠯ ᠲᠥᠷᠥᠯ
︵ᠨᠢᠭᠡ︶ ᠢᠷᠭᠡᠨ ᠬᠡᠷᠡᠭᠬᠦᠴᠦᠨ ᠲᠠᠢ ᠪᠣᠯᠤᠭᠰᠠᠨ ᠰᠢᠭᠦᠨ ᠲᠠᠰᠤᠯᠤᠯᠲᠠ᠂ ᠬᠢᠨᠠᠨ ᠲᠠᠰᠤᠯᠤᠯᠲᠠ᠂ ᠡᠶᠡᠳᠡᠭᠦᠯᠭᠡ ᠵᠢᠨ ᠪᠢᠴᠢᠭ ᠲᠤ ᠬᠢᠨᠠᠯᠲᠠ ᠲᠠᠯᠪᠢᠭᠰᠠᠨ ᠪᠠᠶᠢᠳᠠᠯ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳᠬᠦᠯᠢᠶᠡᠨ ᠰᠢᠢᠳᠪᠦᠷᠢᠯᠡᠭᠰᠡᠨ ᠬᠡᠷᠡᠭ ᠨᠡᠶᠢᠲᠡ 84 ᠬᠡᠷᠡᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 82.6% ᠪᠠᠷ ᠳᠡᠭᠡᠭᠰᠢᠯᠡᠪᠡ᠃ ᠡᠰᠡᠷᠭᠦᠴᠡᠨ ᠵᠠᠭᠠᠯᠳᠤᠭᠰᠠᠨ ᠬᠡᠷᠡᠭ 5 ᠪᠠᠶᠢᠵᠤ᠂ ᠠᠳᠠᠯᠢ ᠬᠤᠭᠤᠴᠠᠭᠠᠨ ᠤ ᠬᠢ ᠲᠠᠢ ᠲᠡᠩᠴᠡᠵᠦ᠂ ᠰᠢᠭᠦᠬᠦ ᠬᠤᠷᠢᠶ᠎ᠠ 1 ᠬᠡᠷᠡᠭ ᠢ ᠨᠢ ᠰᠢᠭᠦᠨ ᠳᠠᠭᠤᠰᠬᠠᠵᠤ᠂ 1 ᠬᠡᠷᠡᠭ ᠢ ᠳᠠᠬᠢᠨ ᠰᠢᠭᠦᠭᠦᠭᠡᠳ ᠥᠭᠡᠷᠡᠴᠢᠯᠡᠨ ᠲᠠᠰᠤᠯᠵᠠᠢ᠃ 4 ᠬᠡᠷᠡᠭ ᠲᠤ ᠳᠠᠬᠢᠨ ᠰᠢᠭᠦᠯᠭᠡᠬᠦ ᠪᠠᠶᠢᠴᠠᠭᠠᠬᠤ ᠰᠠᠨᠠᠭᠤᠯᠭ᠎ᠠ ᠳᠤᠷᠠᠳᠴᠤ᠂ ᠠᠳᠠᠯᠢ ᠬᠤᠭᠤᠴᠠᠭᠠᠨ ᠤ ᠬᠢ ᠠᠴᠠ 20% ᠪᠠᠷ ᠳᠣᠷᠤᠭᠰᠢᠯᠠᠵᠠᠢ᠃
︵ᠬᠤᠶᠠᠷ︶ ᠢᠷᠭᠡᠨ ᠬᠡᠷᠡᠭᠰᠢᠭᠦᠨ ᠲᠠᠰᠤᠯᠤᠯᠲᠠ ᠵᠢᠨ ᠠᠵᠢᠯᠯᠠᠭ᠎ᠠ ᠳᠤ ᠬᠢᠨᠠᠯᠲᠠ ᠲᠠᠯᠪᠢᠭᠰᠠᠨ ᠪᠠᠶᠢᠳᠠᠯ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳᠬᠦᠯᠢᠶᠡᠨ ᠰᠢᠢᠳᠪᠦᠷᠢᠯᠡᠭᠰᠡᠨ ᠬᠡᠷᠡᠭ ᠨᠡᠶᠢᠲᠡ 75 ᠬᠡᠷᠡᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 25% ᠪᠠᠷ ᠳᠡᠭᠡᠭᠰᠢᠯᠡᠪᠡ᠃ 32ᠬᠤᠪᠢ ᠪᠠᠶᠢᠴᠠᠭᠠᠬᠤ ᠰᠠᠨᠠᠭᠤᠯᠭ᠎ᠠ ᠳᠤᠷᠠᠳᠴᠤ᠂ ᠠᠳᠠᠯᠢ ᠬᠤᠭᠤᠴᠠᠭᠠᠨ ᠤ ᠬᠢ ᠠᠴᠠ 100% ᠪᠠᠷ ᠳᠡᠭᠡᠭᠰᠢᠯᠡᠵᠦ᠂ ᠬᠦᠯᠢᠶᠡᠨ ᠰᠢᠢᠳᠪᠦᠷᠢᠯᠡᠭᠰᠡᠨ ᠲᠣᠭᠠᠨ 42.67% ᠡᠵᠡᠯᠡᠵᠦ᠂ ᠲᠤᠰ ᠬᠤᠭᠤᠴᠠᠭᠠᠨ ᠳᠤ ᠰᠢᠭᠦᠬᠦ ᠬᠤᠷᠢᠶ᠎ᠠ 16 ᠬᠤᠪᠢ ᠶᠢ ᠨᠢ ᠬᠦᠯᠢᠶᠡᠨ ᠠᠪᠴᠤ᠂ ᠳᠤᠷᠠᠳᠤᠭᠰᠠᠨ ᠰᠠᠨᠠᠭᠤᠯᠭ᠎ᠠ ᠵᠢᠨ ᠲᠣᠭᠠᠨ 50% ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 43.75 ᠵᠠᠭᠤᠨ ᠬᠤᠪᠢ ᠪᠠᠷ ᠨᠡᠮᠡᠭᠳᠡᠪᠡ᠃
︵ᠭᠤᠷᠪᠠ︶ ᠢᠷᠭᠡᠨ ᠬᠡᠷᠡᠭᠭᠦᠢᠴᠡᠳᠬᠡᠯᠲᠡ ᠵᠢᠨ ᠠᠵᠢᠯᠯᠠᠭ᠎ᠠ ᠳᠤ ᠬᠢᠨᠠᠯᠲᠠ ᠲᠠᠯᠪᠢᠭᠰᠠᠨ ᠪᠠᠶᠢᠳᠠᠯ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳᠬᠦᠯᠢᠶᠡᠨ ᠰᠢᠢᠳᠪᠦᠷᠢᠯᠡᠭᠰᠡᠨ ᠬᠡᠷᠡᠭ ᠨᠡᠶᠢᠲᠡ 103 ᠬᠡᠷᠡᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 19.81% ᠪᠠᠷ ᠳᠡᠭᠡᠭᠰᠢᠯᠡᠪᠡ᠃ 76 ᠬᠤᠪᠢ ᠪᠠᠶᠢᠴᠠᠭᠠᠬᠤ ᠰᠠᠨᠠᠭᠤᠯᠭ᠎ᠠ ᠳᠤᠷᠠᠳᠴᠤ᠂ ᠠᠳᠠᠯᠢ ᠬᠤᠭᠤᠴᠠᠭᠠᠨ ᠤ ᠬᠢ ᠠᠴᠠ49% ᠪᠠᠷ ᠳᠡᠭᠡᠭᠰᠢᠯᠡᠵᠦ᠂ ᠬᠦᠯᠢᠶᠡᠨ ᠰᠢᠢᠳᠪᠦᠷᠢᠯᠡᠭᠰᠡᠨ ᠲᠣᠭᠠᠨ 73.79% ᠡᠵᠡᠯᠡᠵᠦ᠂ ᠲᠤᠰ ᠬᠤᠭᠤᠴᠠᠭᠠᠨ ᠳᠤ ᠰᠢᠭᠦᠬᠦ ᠬᠤᠷᠢᠶ᠎ᠠ 53 ᠬᠤᠪᠢ ᠶᠢ ᠨᠢ ᠬᠦᠯᠢᠶᠡᠨ ᠠᠪᠴᠤ᠂ ᠳᠤᠷᠠᠳᠤᠭᠰᠠᠨ ᠰᠠᠨᠠᠭᠤᠯᠭ᠎ᠠ ᠵᠢᠨ ᠲᠣᠭᠠᠨ 69.74% ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 26.6 ᠵᠠᠭᠤᠨ ᠬᠤᠪᠢ ᠪᠠᠷ ᠨᠡᠮᠡᠭᠳᠡᠪᠡ᠃
︵ᠳᠦᠷᠪᠡ︶ ᠢᠷᠭᠡᠨ ᠬᠡᠷᠡᠭᠬᠠᠭᠤᠷᠮᠠᠭ ᠵᠠᠷᠭᠤ ᠳᠤ ᠬᠢᠨᠠᠯᠲᠠ ᠲᠠᠯᠪᠢᠭᠰᠠᠨ ᠪᠠᠶᠢᠳᠠᠯ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳ ᠢᠷᠭᠡᠨ ᠬᠡᠷᠡᠭᠬᠦᠴᠦᠨ ᠲᠠᠢ ᠪᠣᠯᠤᠭᠰᠠᠨ ᠬᠢᠨᠠᠨ ᠲᠠᠰᠤᠯᠤᠯᠲᠠ᠂ ᠡᠶᠡᠳᠡᠭᠦᠯᠭᠡ ᠵᠢᠨ ᠪᠢᠴᠢᠭᠡᠰᠡᠷᠭᠦᠴᠡᠨ ᠵᠠᠭᠠᠯᠳᠤᠯᠭ᠎ᠠ᠂ ᠲᠠᠬᠢᠨ ᠰᠢᠭᠦᠯᠭᠡᠬᠦ ᠪᠠᠶᠢᠴᠠᠭᠠᠬᠤ ᠰᠠᠨᠠᠭᠤᠯᠭ᠎ᠠ ᠬᠢᠨᠠᠭᠠᠳ ᠬᠠᠭᠤᠷᠮᠠᠭ ᠵᠠᠷᠭᠤ ᠪᠣᠯᠬᠤ 1 ᠬᠡᠷᠡᠭ ᠢ ᠢᠯᠡᠷᠡᠭᠦᠯᠪᠡ᠃
ᠭᠤᠷᠪᠠ᠂ ᠵᠠᠰᠠᠭ ᠵᠠᠬᠢᠷᠭᠠᠨ ᠬᠡᠷᠡᠭ ᠢ ᠪᠠᠶᠢᠴᠠᠭᠠᠬᠤ ᠠᠵᠢᠯ ᠲᠥᠷᠥᠯ
︵ᠨᠢᠭᠡ︶ ᠵᠠᠰᠠᠭ ᠵᠠᠬᠢᠷᠭᠠᠨ ᠬᠡᠷᠡᠭᠬᠦᠴᠦᠨ ᠲᠠᠢ ᠪᠣᠯᠤᠭᠰᠠᠨ ᠰᠢᠭᠦᠨ ᠲᠠᠰᠤᠯᠤᠯᠲᠠ᠂ ᠬᠢᠨᠠᠨ ᠲᠠᠰᠤᠯᠤᠯᠲᠠ᠂ ᠡᠶᠡᠳᠡᠭᠦᠯᠭᠡ ᠵᠢᠨ ᠪᠢᠴᠢᠭ ᠲᠤ ᠬᠢᠨᠠᠯᠲᠠ ᠲᠠᠯᠪᠢᠭᠰᠠᠨ ᠪᠠᠶᠢᠳᠠᠯ ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳᠬᠦᠯᠢᠶᠡᠨ ᠰᠢᠢᠳᠪᠦᠷᠢᠯᠡᠭᠰᠡᠨ ᠬᠡᠷᠡᠭ ᠨᠡᠶᠢᠲᠡ 4 ᠬᠡᠷᠡᠭ ᠪᠠᠶᠢᠵᠤ᠂ ᠬᠢᠨᠠᠯᠲᠠ ᠲᠠᠯᠪᠢᠭᠤᠯᠬᠤ 3 ᠬᠡᠷᠡᠭᠭᠤᠶᠤᠴᠢᠯᠠᠯ ᠢ ᠳᠡᠮᠵᠢᠭᠰᠡᠨ ᠦᠭᠡᠢ᠃
︵ᠬᠤᠶᠠᠷ︶ ᠵᠠᠰᠠᠭ ᠵᠠᠬᠢᠷᠭᠠᠨ ᠬᠡᠷᠡᠭᠰᠢᠭᠦᠨ ᠲᠠᠰᠤᠯᠤᠯᠲᠠ ᠵᠢᠨ ᠠᠵᠢᠯᠯᠠᠭ᠎ᠠ ᠳᠤ ᠬᠢᠨᠠᠯᠲᠠ ᠲᠠᠯᠪᠢᠭᠰᠠᠨ ᠪᠠᠶᠢᠳᠠᠯ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳᠬᠦᠯᠢᠶᠡᠨ ᠰᠢᠢᠳᠪᠦᠷᠢᠯᠡᠭᠰᠡᠨ ᠬᠡᠷᠡᠭ ᠨᠡᠶᠢᠲᠡ 10 ᠬᠡᠷᠡᠭ ᠪᠠᠶᠢᠵᠤ᠂ 3 ᠬᠤᠪᠢ ᠪᠠᠶᠢᠴᠠᠭᠠᠬᠤ ᠰᠠᠨᠠᠭᠤᠯᠭ᠎ᠠ ᠳᠤᠷᠠᠳᠴᠤ᠂ ᠲᠤᠰ ᠬᠤᠭᠤᠴᠠᠭᠠᠨ ᠳᠤ 1 ᠬᠤᠪᠢ ᠶᠢ ᠨᠢ ᠬᠦᠯᠢᠶᠡᠨ ᠠᠪᠴᠠᠢ᠃
︵ᠭᠤᠷᠪᠠ︶ ᠵᠠᠰᠠᠭ ᠵᠠᠬᠢᠷᠭᠠᠨ ᠬᠡᠷᠡᠭᠭᠦᠢᠴᠡᠳᠬᠡᠯᠲᠡ ᠵᠢᠨ ᠠᠵᠢᠯᠯᠠᠭ᠎ᠠ ᠳᠤ ᠬᠢᠨᠠᠯᠲᠠ ᠲᠠᠯᠪᠢᠭᠰᠠᠨ ᠪᠠᠶᠢᠳᠠᠯ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳᠬᠦᠯᠢᠶᠡᠨ ᠰᠢᠢᠳᠪᠦᠷᠢᠯᠡᠭᠰᠡᠨ ᠬᠡᠷᠡᠭ ᠨᠡᠶᠢᠲᠡ 37 ᠬᠡᠷᠡᠭ ᠪᠠᠶᠢᠵᠤ᠂ 21 ᠬᠤᠪᠢ ᠪᠠᠶᠢᠴᠠᠭᠠᠬᠤ ᠰᠠᠨᠠᠭᠤᠯᠭ᠎ᠠ ᠳᠤᠷᠠᠳᠴᠤ᠂ ᠠᠳᠠᠯᠢ ᠬᠤᠭᠤᠴᠠᠭᠠᠨ ᠤ ᠬᠢ ᠠᠴᠠ 40% ᠪᠠᠷ ᠳᠣᠷᠤᠭᠰᠢᠯᠠᠵᠤ᠂ ᠬᠦᠯᠢᠶᠡᠨ ᠰᠢᠢᠳᠪᠦᠷᠢᠯᠡᠭᠰᠡᠨ ᠲᠣᠭᠠᠨ 56.76% ᠡᠵᠡᠯᠡᠵᠦ᠂ ᠲᠤᠰ ᠬᠤᠭᠤᠴᠠᠭᠠᠨ ᠳᠤ ᠰᠢᠭᠦᠬᠦ ᠬᠤᠷᠢᠶ᠎ᠠ 3 ᠬᠤᠪᠢ ᠶᠢ ᠨᠢ ᠬᠦᠯᠢᠶᠡᠨ ᠠᠪᠴᠤ᠂ ᠬᠦᠯᠢᠶᠡᠨ ᠠᠪᠤᠯᠲᠠ ᠵᠢᠨ ᠨᠤᠷᠮ᠎ᠠ 14.29% ᠳᠤ ᠬᠦᠷᠪᠡ᠃
ᠳᠦᠷᠪᠡ᠂ ᠨᠡᠶᠢᠲᠡ ᠵᠢᠨ ᠠᠰᠢᠭᠵᠠᠷᠭᠤ ᠪᠠᠶᠢᠴᠠᠭᠠᠬᠤ ᠠᠵᠢᠯ ᠲᠥᠷᠥᠯ
︵ᠨᠢᠭᠡ︶ ᠬᠡᠷᠡᠭ ᠬᠦᠯᠢᠶᠡᠨ ᠰᠢᠢᠳᠪᠦᠷᠢᠯᠡᠭᠰᠡᠨ ᠪᠠ ᠬᠡᠷᠡᠭ ᠪᠣᠯᠭᠠᠯᠲᠠ ᠵᠢᠨ ᠪᠠᠶᠢᠳᠠᠯ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳᠬᠦᠯᠢᠶᠡᠨ ᠰᠢᠢᠳᠪᠦᠷᠢᠯᠡᠭᠰᠡᠨ ᠬᠡᠷᠡᠭᠰᠦᠪᠡᠭᠴᠢ ᠨᠡᠶᠢᠲᠡ 132 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 8.33% ᠪᠠᠷ ᠳᠣᠷᠤᠭᠰᠢᠯᠠᠪᠠ᠃ 84 ᠰᠦᠪᠡᠭᠴᠢ ᠶᠢ ᠨᠢ ᠬᠡᠷᠡᠭ ᠪᠣᠯᠭᠠᠵᠤ᠂ ᠠᠳᠠᠯᠢ ᠬᠤᠭᠤᠴᠠᠭᠠᠨ ᠤ ᠬᠢ ᠠᠴᠠ 27.53% ᠪᠠᠷ ᠳᠣᠷᠤᠭᠰᠢᠯᠠᠵᠤ᠂ ᠬᠦᠯᠢᠶᠡᠨ ᠰᠢᠢᠳᠪᠦᠷᠢᠯᠡᠭᠰᠡᠨ ᠰᠦᠪᠡᠭᠴᠢ ᠵᠢᠨ ᠲᠣᠭᠠᠨ 63.64% ᠡᠵᠡᠯᠡᠪᠡ᠃ ᠡᠭᠦᠨ ᠳᠤ᠂ ᠢᠷᠭᠡᠨ ᠬᠡᠷᠡᠭ ᠲᠤ ᠠᠩᠭᠢᠯᠠᠭᠳᠠᠬᠤ ᠨᠢ 13 ᠬᠡᠷᠡᠭ᠂ ᠵᠠᠰᠠᠭ ᠵᠠᠬᠢᠷᠭᠠᠨ ᠬᠡᠷᠡᠭ ᠲᠤ ᠠᠩᠭᠢᠯᠠᠭᠳᠠᠬᠤ ᠨᠢ 71 ᠬᠡᠷᠡᠭ᠃
︵ᠬᠤᠶᠠᠷ︶ ᠵᠠᠷᠭᠤ ᠠᠴᠠ ᠡᠮᠦᠨᠡᠬᠢ ᠵᠢᠷᠤᠮ ᠢ ᠦᠷᠨᠢᠭᠦᠯᠦᠭᠰᠡᠨ ᠪᠠᠶᠢᠳᠠᠯ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳ 76 ᠬᠡᠷᠡᠭ ᠲᠤ ᠵᠠᠷᠭᠤ ᠠᠴᠠ ᠡᠮᠦᠨᠡᠬᠢ ᠵᠢᠷᠤᠮ ᠢ ᠦᠷᠨᠢᠭᠦᠯᠵᠦ᠂ ᠠᠳᠠᠯᠢ ᠬᠤᠭᠤᠴᠠᠭᠠᠨ ᠤ ᠬᠢ ᠠᠴᠠ 27.62% ᠪᠠᠷ ᠳᠣᠷᠤᠭᠰᠢᠯᠠᠪᠠ᠃ ᠡᠭᠦᠨ ᠳᠤ ᠢᠷᠭᠡᠨ ᠬᠡᠷᠡᠭᠨᠡᠶᠢᠲᠡ ᠵᠢᠨ ᠠᠰᠢᠭᠵᠠᠷᠭᠤ ᠵᠢᠨ ᠵᠠᠷᠭᠤ ᠠᠴᠠ ᠡᠮᠦᠨᠡᠬᠢ ᠵᠢᠷᠤᠮ ᠢ ᠦᠷᠨᠢᠭᠦᠯᠦᠭᠰᠡᠨ ᠬᠡᠷᠡᠭ 7 ᠪᠠᠶᠢᠵᠤ᠂ ᠵᠠᠰᠠᠭ ᠵᠠᠬᠢᠷᠭᠠᠨ ᠬᠡᠷᠡᠭᠨᠡᠶᠢᠲᠡ ᠵᠢᠨ ᠠᠰᠢᠭᠵᠠᠷᠭᠤ ᠵᠢᠨ ᠵᠠᠷᠭᠤ ᠠᠴᠠ ᠡᠮᠦᠨᠡᠬᠢ ᠵᠢᠷᠤᠮ ᠢ ᠦᠷᠨᠢᠭᠦᠯᠦᠭᠰᠡᠨ ᠬᠡᠷᠡᠭ 69 ᠪᠠᠵᠢᠨ᠎ᠠ᠃
ᠵᠠᠷᠭᠤ ᠠᠴᠠ ᠡᠮᠦᠨᠡᠬᠢ ᠵᠢᠷᠤᠮ ᠢ ᠦᠷᠨᠢᠭᠦᠯᠦᠭᠰᠡᠨ ᠬᠡᠷᠡᠭᠬᠤᠯᠪᠤᠭᠳᠠᠬᠤ ᠬᠦᠷᠢᠶ᠎ᠡ ᠴᠠᠷ᠎ᠠ ᠠᠴᠠ ᠦᠵᠡᠪᠡᠯ᠂ ᠠᠮᠢ ᠠᠬᠤᠢ ᠣᠷᠴᠢᠨ ᠲᠣᠭᠤᠷᠢᠨ ᠪᠠ ᠡᠬᠢ ᠪᠠᠶᠠᠯᠢᠭ ᠢ ᠬᠠᠮᠠᠭᠠᠯᠠᠬᠤ ᠬᠦᠷᠢᠶᠡᠨ ᠳᠠᠬᠢ ᠬᠡᠷᠡᠭ 25 ᠪᠠᠶᠢᠵᠤ᠂ 32.89% ᠡᠵᠡᠯᠡᠨ᠎ᠡ᠃ ᠢᠳᠡᠭᠡᠨ ᠪᠠ ᠡᠮᠵᠦᠢᠯᠬᠦᠷᠢᠶᠡᠨ ᠳᠠᠬᠢ 15 ᠬᠡᠷᠡᠭ ᠢ ᠰᠢᠢᠳᠪᠦᠷᠢᠯᠡᠵᠦ᠂19.74% ᠡᠵᠡᠯᠡᠪᠡ᠃ ᠤᠯᠤᠰᠡᠳ᠋ ᠬᠦᠷᠦᠩᠭᠡ ᠵᠢᠨ ᠬᠠᠮᠠᠭᠠᠯᠠᠬᠤᠢ ᠵᠢᠨ ᠬᠦᠷᠢᠶᠡᠨ ᠳᠠᠬᠢ 12 ᠬᠡᠷᠡᠭ ᠢ ᠰᠢᠢᠳᠪᠦᠷᠢᠯᠡᠵᠦ᠂ 15.79% ᠡᠵᠡᠯᠡᠪᠡ᠃ ᠪᠤᠰᠤᠳ ᠬᠦᠷᠢᠶᠡᠨ ᠳᠠᠬᠢ 24 ᠬᠡᠷᠡᠭ ᠢ ᠰᠢᠢᠳᠪᠦᠷᠢᠯᠡᠵᠦ᠂ 31.58% ᠡᠵᠡᠯᠡᠪᠡ᠃
︵ᠭᠤᠷᠪᠠ︶ ᠠᠯᠪᠠᠨ ᠵᠠᠭᠠᠯᠳᠤᠯᠭ᠎ᠠ ᠭᠠᠷᠭᠠᠭᠰᠠᠨ ᠪᠠ ᠰᠢᠭᠦᠨ ᠲᠠᠰᠤᠯᠤᠭᠰᠠᠨ ᠪᠠᠶᠢᠳᠠᠯ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳᠠᠯᠪᠠᠨ ᠵᠠᠭᠠᠯᠳᠤᠯᠭ᠎ᠠ ᠭᠠᠷᠭᠠᠭᠰᠠᠨ ᠬᠡᠷᠡᠭ ᠨᠡᠶᠢᠲᠡ4 ᠪᠠᠶᠢᠵᠤ᠂ ᠨᠢᠭᠡᠳᠦᠭᠡᠷ ᠰᠢᠭᠦᠯᠲᠡ ᠳᠤ 4 ᠬᠡᠷᠡᠭ ᠵᠠᠭᠠᠯᠳᠤᠯᠭ᠎ᠠ ᠳᠡᠮᠵᠢᠭᠦᠯᠦᠭᠰᠡᠨ ᠲᠠᠰᠤᠯᠤᠯᠲᠠ ᠣᠯᠵᠠᠢ᠃
︵ᠳᠦᠷᠪᠡ︶ ᠬᠡᠷᠡᠭ ᠰᠢᠢᠳᠪᠦᠷᠢᠯᠡᠯᠲᠡ ᠵᠢᠨ ᠦᠷ᠎ᠡ ᠨᠦᠯᠦᠭᠡ᠃ ᠬᠡᠷᠡᠭ ᠰᠢᠢᠳᠪᠦᠷᠢᠯᠡᠬᠦ ᠪᠠᠷ ᠳᠠᠮᠵᠢᠨ ᠬᠠᠤᠯᠢ ᠪᠤᠰᠤ ᠪᠠᠷ ᠬᠠᠭᠠᠯᠪᠤᠷᠢᠯᠠᠭᠳᠠᠭᠰᠠᠨ 20 ᠮᠤ᠋ ᠣᠶᠢᠲᠤ ᠭᠠᠵᠠᠷ᠂ ᠡᠪᠡᠰᠦᠲᠦ ᠪᠡᠯᠴᠢᠭᠡᠷ ᠢ ᠱᠠᠯᠠᠪᠳᠠᠭᠤᠯᠤᠨ ᠰᠡᠷᠭᠦᠭᠡᠯᠭᠡᠵᠡᠢ᠃ ᠠᠮᠢᠳᠤᠷᠠᠯᠡᠯᠡ ᠲᠥᠷᠥᠯ50 ᠭᠠᠷᠤᠢ ᠲᠤᠨ ᠬᠤᠭ ᠨᠣᠪᠰᠢ ᠱᠠᠯᠠᠪᠳᠠᠭᠤᠯᠤᠨ ᠠᠷᠢᠯᠭᠠᠭᠤᠯᠵᠠᠢ᠃ ᠨᠡᠭᠦᠷᠡᠰᠦᠨ ᠦᠢᠯᠡᠰᠬᠦᠷᠢᠶᠡᠨ ᠳᠤ 96 ᠲᠦᠮᠡᠨ ᠲᠦᠭᠦᠷᠢᠭ ᠤᠨ ᠪᠤᠵᠠᠷ ᠡᠳ᠋ ᠢ ᠨᠡᠬᠡᠮᠵᠢᠯᠡᠨ ᠠᠪᠴᠢᠷᠠᠭᠤᠯᠵᠠᠢ᠃
ᠲᠠᠪᠤ᠂ ᠨᠠᠰᠤᠨ ᠳᠤ ᠥᠯᠦ ᠬᠦᠷᠦᠭᠰᠡᠳᠡᠷᠡᠭᠦᠦ ᠵᠢᠨ ᠬᠡᠷᠡᠭ ᠢ ᠪᠠᠶᠢᠴᠠᠭᠠᠬᠤ ᠲᠤᠬᠠᠶᠢᠯᠠᠭᠰᠠᠨ ᠠᠵᠢᠯ
︵ᠨᠢᠭᠡ︶ ᠪᠠᠷᠢᠪᠴᠢᠯᠠᠬᠤ ᠬᠢᠨᠠᠨ ᠪᠠᠶᠢᠴᠠᠭᠠᠭᠰᠠᠨ ᠪᠠᠶᠢᠳᠠᠯ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳ ᠨᠠᠰᠤᠨ ᠳᠤ ᠥᠯᠥ ᠬᠦᠷᠦᠭᠰᠡᠳᠡᠷᠬᠡᠨ ᠳᠤ ᠬᠠᠯᠳᠠᠭᠰᠠᠨ ᠶᠠᠯᠠᠲᠤ ᠠᠵᠢᠯᠯᠠᠭ᠎ᠠ ᠬᠢᠭᠰᠡᠨ 6 ᠬᠦᠮᠦᠨ ᠳᠤ ᠪᠠᠷᠢᠪᠴᠢᠯᠠᠬᠤ ᠵᠥᠪᠰᠢᠶᠡᠷᠡᠭᠰᠡᠨ ᠲᠣᠭᠲᠠᠭᠠᠯ ᠭᠠᠷᠭᠠᠵᠠᠢ᠃
︵ᠬᠤᠶᠠᠷ︶ ᠵᠠᠭᠠᠯᠳᠤᠬᠤ ᠬᠢᠨᠠᠨ ᠪᠠᠶᠢᠴᠠᠭᠠᠭᠰᠠᠨ ᠪᠠᠶᠢᠳᠠᠯ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳ ᠶᠠᠯ᠎ᠠ ᠬᠢᠭᠰᠡᠨ ᠨᠠᠰᠤᠨ ᠳᠤ ᠬᠦᠷᠦᠭᠡᠳᠦᠢ 3 ᠬᠦᠮᠦᠨ ᠳᠤ ᠥᠯᠥ ᠵᠠᠭᠠᠯᠳᠤᠬᠤ ᠲᠣᠭᠲᠠᠭᠠᠯ ᠭᠠᠷᠭᠠᠵᠤ᠂ 2 ᠬᠦᠮᠦᠨ ᠳᠤ ᠨᠦᠬᠦᠴᠡᠯᠲᠦ ᠥᠯᠥ ᠵᠠᠭᠠᠯᠳᠤᠬᠤ ᠲᠣᠭᠲᠠᠭᠠᠯ ᠭᠠᠷᠭᠠᠪᠠ᠃ ᠨᠠᠰᠤᠨ ᠳᠤ ᠥᠯᠥ ᠬᠦᠷᠦᠭᠰᠡᠳᠡᠷᠬᠡᠨ ᠳᠤ ᠬᠠᠯᠳᠠᠭᠰᠠᠨ ᠶᠠᠯᠠᠲᠤ ᠠᠵᠢᠯᠯᠠᠭ᠎ᠠ ᠬᠢᠭᠰᠡᠨ 5 ᠬᠦᠮᠦᠨ ᠢ ᠵᠠᠭᠠᠯᠳᠤᠪᠠ᠃
︵ᠭᠤᠷᠪᠠ︶ ᠬᠠᠮᠢᠶ᠎ᠠ ᠪᠦᠬᠦᠢ ᠣᠨᠴᠠᠭᠠᠢ ᠳᠦᠷᠢᠮ ᠢ ᠬᠡᠷᠡᠭᠵᠢᠭᠦᠯᠦᠨ ᠠᠵᠢᠯ ᠦᠷᠨᠢᠭᠦᠯᠦᠭᠰᠡᠨ ᠪᠠᠶᠢᠳᠠᠯ᠃ ᠶᠠᠯ᠎ᠠ ᠳᠤ ᠬᠤᠯᠪᠤᠭᠳᠠᠭᠰᠠᠨ ᠪᠦᠬᠦᠢ ᠨᠠᠰᠤᠨ ᠳᠤ ᠬᠦᠷᠦᠭᠡᠳᠦᠢ 20 ᠬᠦᠮᠦᠨ ᠳᠤ ᠬᠠᠪᠰᠤᠷᠤᠨ ᠰᠤᠷᠭᠠᠬᠤ ᠬᠦᠮᠦᠵᠢᠭᠦᠯᠦᠯ ᠬᠢᠵᠦ᠂ ᠬᠠᠪᠰᠤᠷᠤᠨ ᠬᠦᠮᠦᠵᠢᠭᠦᠯᠦᠭᠰᠡᠨ ᠨᠤᠷᠮ᠎ᠠ 166.67% ᠳᠤ ᠬᠦᠷᠪᠡ᠃ 14 ᠬᠦᠮᠦᠨ ᠳᠤ ᠨᠡᠶᠢᠭᠡᠮᠪᠠᠶᠢᠴᠠᠭᠠᠯᠲᠠ ᠬᠢᠵᠦ᠂ ᠨᠡᠶᠢᠭᠡᠮᠪᠠᠶᠢᠴᠠᠭᠠᠯᠲᠠ ᠲᠣᠬᠢᠷᠠᠭᠤᠯᠤᠨ ᠬᠡᠷᠡᠭᠯᠡᠭᠰᠡᠨ ᠨᠤᠷᠮ᠎ᠠ 107.69% ᠳᠤ ᠬᠦᠷᠪᠡ᠃ 8 ᠤᠳᠠᠭ᠎ᠠ ᠨᠡᠶᠢᠭᠡᠮᠲᠤᠰᠬᠠᠢ ᠮᠡᠷᠭᠡᠵᠢᠯᠲᠡᠨ ᠢ ᠤᠷᠢᠵᠤ ᠣᠷᠤᠯᠴᠠᠭᠤᠯᠤᠭᠰᠠᠨ ᠬᠡᠷᠡᠭ 6 ᠪᠠᠶᠢᠵᠤ᠂ ᠨᠡᠶᠢᠭᠡᠮᠬᠦᠴᠦᠨ ᠣᠷᠤᠯᠴᠠᠭᠰᠠᠨ ᠨᠤᠷᠮ᠎ᠠ 25% ᠳᠤ ᠬᠦᠷᠪᠡ᠃
ᠵᠢᠷᠭᠤᠭ᠎ᠠ᠂ ᠭᠤᠮᠤᠳᠠᠯ ᠲᠤᠭᠠᠴᠢᠯᠲᠠ ᠪᠠ ᠢᠯᠡᠴᠢᠯᠡᠨ ᠵᠠᠭᠠᠯᠳᠤᠯᠲᠠ ᠪᠠᠶᠢᠴᠠᠭᠠᠬᠤ ᠲᠤᠬᠠᠶᠢᠯᠠᠭᠰᠠᠨ ᠠᠵᠢᠯ
ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳᠬᠦᠯᠢᠶᠡᠨ ᠣᠯᠣᠭᠰᠠᠨ ᠣᠯᠠᠨ ᠲᠦᠮᠡᠨ ᠵᠠᠬᠢᠳᠠᠯ ᠰᠤᠷᠪᠤᠯᠵᠢᠯᠠᠯ 349 ᠬᠤᠪᠢ ᠪᠠᠶᠢᠵᠤ᠂ ᠬᠠᠤᠯᠢ ᠪᠠᠷᠢᠬᠤᠢ ᠵᠢᠨ ᠲᠤᠰᠠᠯᠠᠯ1 ᠬᠡᠷᠡᠭ ᠢ ᠬᠦᠯᠢᠶᠡᠨ ᠰᠢᠢᠳᠪᠦᠷᠢᠯᠡᠵᠡᠢ᠃
ᠳᠣᠯᠤᠭ᠎ᠠ᠂ ᠪᠠᠶᠢᠴᠠᠭᠠᠬᠤ ᠲᠤᠰᠢᠶᠠᠯᠲᠠᠨ ᠣᠷᠣᠨ ᠲᠣᠭᠠᠨ ᠳᠤ ᠣᠷᠣᠭᠰᠠᠨ ᠤᠳᠤᠷᠢᠳᠤᠯᠭ᠎ᠠ ᠨᠠᠷᠬᠡᠷᠡᠭ ᠰᠢᠢᠳᠬᠡᠭᠰᠡᠨ ᠪᠠᠶᠢᠳᠠᠯ
︵ᠨᠢᠭᠡ︶ ᠪᠠᠶᠢᠴᠠᠭᠠᠬᠤ ᠲᠤᠰᠢᠶᠠᠯᠲᠠᠨ ᠣᠷᠣᠨ ᠲᠣᠭᠠᠨ ᠳᠤ ᠣᠷᠣᠭᠰᠠᠨ ᠤᠳᠤᠷᠢᠳᠤᠯᠭ᠎ᠠ ᠨᠠᠷᠬᠡᠷᠡᠭ ᠰᠢᠢᠳᠬᠡᠭᠰᠡᠨ ᠪᠠᠶᠢᠳᠠᠯ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳ ᠤᠨ ᠪᠠᠶᠢᠴᠠᠭᠠᠬᠤ ᠲᠤᠰᠢᠶᠠᠯᠲᠠᠨ ᠣᠷᠣᠨ ᠲᠣᠭᠠᠨ ᠳᠤ ᠣᠷᠣᠭᠰᠠᠨ ᠤᠳᠤᠷᠢᠳᠤᠯᠭ᠎ᠠ ᠨᠤᠭᠤᠳ ᠨᠡᠶᠢᠲᠡ 416 ᠬᠡᠷᠡᠭ ᠢ ᠰᠢᠢᠳᠬᠡᠵᠦ᠂ ᠪᠠᠶᠢᠴᠠᠭᠠᠬᠤ ᠳᠠᠷᠤᠭ᠎ᠠ ᠨᠠᠷ 36 ᠬᠡᠷᠡᠭ ᠰᠢᠢᠳᠬᠡᠵᠦ᠂ ᠤᠳᠤᠷᠢᠳᠤᠯᠭ᠎ᠠ ᠵᠢᠨ ᠰᠢᠢᠳᠬᠡᠭᠰᠡᠨ ᠬᠡᠷᠡᠭᠲᠣᠭᠠᠨ 8.65% ᠡᠵᠡᠯᠡᠪᠡ︔ ᠳᠡᠳ᠋ ᠪᠠᠶᠢᠴᠠᠭᠠᠬᠤ ᠳᠠᠷᠤᠭ᠎ᠠ᠂ ᠪᠠᠶᠢᠴᠠᠭᠠᠬᠤ ᠺᠣᠮᠢᠰᠲᠤᠰᠬᠠᠢ ᠬᠡᠰᠢᠭᠦᠨ ᠵᠢᠴᠢ ᠣᠷᠣᠨ ᠲᠤᠭ᠎ᠠ ᠳᠤ ᠣᠷᠣᠭᠰᠠᠨ ᠪᠦᠬᠦᠢ ᠬᠤᠷᠢᠶᠠᠨ ᠪᠤᠰᠤᠳ ᠤᠳᠤᠷᠢᠳᠤᠯᠭ᠎ᠠ 380 ᠬᠡᠷᠡᠭ ᠰᠢᠢᠳᠬᠡᠵᠦ᠂ ᠤᠳᠤᠷᠢᠳᠤᠯᠭ᠎ᠠ ᠵᠢᠨ ᠰᠢᠢᠳᠬᠡᠭᠰᠡᠨ ᠬᠡᠷᠡᠭᠲᠣᠭᠠᠨ 91.351% ᠡᠵᠡᠯᠡᠪᠡ᠃
︵ᠬᠤᠶᠠᠷ︶ ᠪᠠᠶᠢᠴᠠᠭᠠᠬᠤ ᠳᠠᠷᠤᠭ᠎ᠠ ᠨᠠᠷ ᠠᠷᠠᠳᠰᠢᠭᠦᠬᠦ ᠬᠤᠷᠢᠶᠠᠨ ᠰᠢᠭᠦᠨ ᠲᠠᠰᠤᠯᠬᠤ ᠺᠣᠮᠢᠰᠬᠤᠷᠠᠯ ᠳᠤ ᠰᠤᠯᠠ ᠣᠷᠤᠯᠴᠠᠭᠰᠠᠨ ᠪᠠᠶᠢᠳᠠᠯ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳᠪᠠᠶᠢᠴᠠᠭᠠᠬᠤ ᠳᠠᠷᠤᠭ᠎ᠠ ᠨᠠᠷ ᠵᠢᠴᠢ ᠪᠠᠶᠢᠴᠠᠭᠠᠬᠤ ᠳᠠᠷᠤᠭ᠎ᠠ ᠵᠢᠨ ᠨᠠᠶᠢᠳᠠᠯᠭ᠎ᠠ ᠬᠦᠯᠢᠶᠡᠭᠰᠡᠨ ᠳᠡᠳ᠋ ᠪᠠᠶᠢᠴᠠᠭᠠᠬᠤ ᠳᠠᠷᠤᠭ᠎ᠠ ᠨᠠᠷ ᠠᠷᠠᠳᠰᠢᠭᠦᠬᠦ ᠬᠤᠷᠢᠶᠠᠨ ᠰᠢᠭᠦᠨ ᠲᠠᠰᠤᠯᠬᠤ ᠺᠣᠮᠢᠰᠬᠤᠷᠠᠯ ᠳᠤ 9 ᠤᠳᠠᠭ᠎ᠠ ᠰᠤᠯᠠ ᠣᠷᠤᠯᠴᠠᠪᠠ᠂ ᠡᠭᠦᠨ ᠳᠤ ᠪᠠᠶᠢᠴᠠᠭᠠᠬᠤ ᠳᠠᠷᠤᠭ᠎ᠠ ᠨᠠᠷ 4 ᠤᠳᠠᠭ᠎ᠠ ᠣᠷᠤᠯᠴᠠᠵᠤ᠂ ᠪᠠᠶᠢᠴᠠᠭᠠᠬᠤ ᠳᠠᠷᠤᠭ᠎ᠠ ᠵᠢᠨ ᠨᠠᠶᠢᠳᠠᠯᠭ᠎ᠠ ᠬᠦᠯᠢᠶᠡᠭᠰᠡᠨ ᠳᠡᠳ᠋ ᠪᠠᠶᠢᠴᠠᠭᠠᠬᠤ ᠳᠠᠷᠤᠭ᠎ᠠ ᠨᠠᠷ 5 ᠤᠳᠠᠭ᠎ᠠ ᠣᠷᠤᠯᠴᠠᠪᠠ᠃ 20 ᠤᠳᠠᠭ᠎ᠠ ᠬᠡᠷᠡᠭ ᠶᠠᠷᠢᠯᠴᠠᠬᠤ ᠬᠤᠷᠠᠯ ᠳᠤ ᠣᠷᠤᠯᠴᠠᠵᠤ᠂ ᠠᠳᠠᠯᠢ ᠬᠤᠭᠤᠴᠠᠭᠠᠨ ᠤ ᠬᠢ ᠠᠴᠠ 25% ᠪᠠᠷ ᠳᠡᠭᠡᠭᠰᠢᠯᠡᠵᠦ᠂ 13 ᠬᠡᠷᠡᠭ ᠲᠤ ᠰᠠᠨᠠᠯ ᠳᠤᠷᠠᠳᠴᠤ᠂ ᠠᠳᠠᠯᠢ ᠬᠤᠭᠤᠴᠠᠭᠠᠨ ᠤ ᠬᠢ ᠠᠴᠠ 8.33% ᠪᠠᠷ ᠳᠡᠭᠡᠭᠰᠢᠯᠡᠵᠦ᠂ ᠲᠤᠰ ᠬᠤᠭᠤᠴᠠᠭᠠᠨ ᠳᠤ ᠰᠢᠭᠦᠬᠦ ᠬᠤᠷᠢᠶ᠎ᠠ 8 ᠳᠤᠷᠠᠳᠤᠯᠭ᠎ᠠ ᠶᠢ ᠨᠢ ᠬᠦᠯᠢᠶᠡᠨ ᠠᠪᠴᠠᠢ᠃
ᠨᠠᠢᠮᠠ᠂ ᠠᠷᠠᠳᠡᠵᠡᠩᠨᠡᠯᠲᠦ ᠠᠵᠤ ᠠᠬᠤᠢ ᠳᠤ ᠦᠢᠯᠡᠴᠢᠯᠡᠨ ᠪᠠᠲᠤᠯᠠᠭ᠎ᠠ ᠬᠠᠩᠭᠠᠭᠰᠠᠨ ᠠᠵᠢᠯ
ᠨᠡᠶᠢᠭᠡᠮ ᠵᠢᠷᠤᠮᠲᠤ ᠵᠠᠬ᠎ᠠ ᠳᠡᠯᠭᠡᠭᠦᠷᠠᠵᠤ ᠠᠬᠤᠢ ᠵᠢᠨ ᠡᠮᠬᠢ ᠳᠢᠭᠯᠢᠮ ᠢ ᠡᠪᠳᠡᠭᠰᠡᠨ ᠶᠠᠯ᠎ᠠ ᠬᠢᠭᠰᠡᠨ 8 ᠬᠦᠮᠦᠨ ᠳᠤ ᠬᠠᠤᠯᠢ ᠶᠣᠰᠣᠭᠠᠷ ᠪᠠᠷᠢᠪᠴᠢᠯᠠᠬᠤ ᠵᠥᠪᠰᠢᠶᠡᠷᠡᠭᠰᠡᠨ ᠲᠣᠭᠲᠠᠭᠠᠯ ᠪᠣᠶᠣ ᠪᠠᠷᠢᠪᠴᠢᠯᠠᠬᠤ ᠪᠠᠷ ᠲᠣᠭᠲᠠᠭᠰᠠᠨ ᠲᠣᠭᠲᠠᠭᠠᠯ ᠭᠠᠷᠭᠠᠵᠤ᠂ 43 ᠬᠦᠮᠦᠨ ᠢ ᠵᠠᠭᠠᠯᠳᠤᠪᠠ᠃ ᠤᠯᠤᠰᠦᠮᠴᠢᠯᠡᠯᠲᠦ ᠪᠤᠰᠤ ᠺᠤᠮᠫᠠᠨᠢ ᠠᠵᠤ ᠠᠬᠤᠶᠢᠯᠠᠯᠠᠵᠢᠯᠲᠠᠨ ᠪᠤᠯᠬᠤ 3 ᠬᠦᠮᠦᠨ ᠢ ᠥᠯᠥ ᠪᠠᠷᠢᠪᠴᠢᠯᠠᠪᠠ᠃
ᠤᠯᠤᠰᠦᠮᠴᠢᠯᠡᠯᠲᠦ ᠪᠤᠰᠤ ᠺᠤᠮᠫᠠᠨᠢ ᠠᠵᠤ ᠠᠬᠤᠶᠢᠯᠠᠯᠠᠵᠢᠯᠲᠠᠨ ᠪᠤᠯᠬᠤ 3 ᠬᠦᠮᠦᠨ ᠢ ᠥᠯᠥ ᠵᠠᠭᠠᠯᠳᠤᠪᠠ᠃