ᠣᠷᠳᠣᠰ ᠬᠤᠲᠠ ᠵᠢᠨ ᠪᠠᠶᠢᠴᠠᠭᠠᠬᠤ ᠪᠠᠶᠢᠭᠤᠯᠭ᠎ᠠ ᠵᠢᠨ 2021 ᠣᠨ 1 ᠳ᠋ᠤᠭᠡᠷ ᠰᠠᠷ᠎ᠠ ᠠᠴᠠ 6 ᠳ᠋ᠤᠭᠠᠷ ᠰᠠᠷ᠎ᠠ ᠪᠣᠯᠲᠠᠯᠠᠬᠢ ᠬᠡᠷᠡᠭ ᠰᠢᠢᠳᠪᠦᠷᠢᠯᠡᠯᠲᠡ ᠵᠢᠨ ᠭᠤᠣᠯ ᠪᠣᠯᠬᠤ ᠲᠤᠭ᠎ᠠ ᠮᠠᠭᠠᠳ
2021ᠣᠨ 1 ᠳ᠋ᠤᠭᠡᠷ ᠰᠠᠷ᠎ᠠ ᠠᠴᠠ 6 ᠳ᠋ᠤᠭᠠᠷ ᠰᠠᠷ᠎ᠠ ᠪᠣᠯᠲᠠᠯ᠎ᠠ᠂ ᠣᠷᠳᠣᠰ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳ ᠰᠢ ᠵᠢᠨ ᠫᠢᠩᠰᠢᠨᠡ ᠴᠠᠭ ᠦᠶ᠎ᠡ ᠵᠢᠨ ᠳᠤᠮᠳᠠᠳᠤ ᠤᠯᠤᠰᠣᠨᠴᠠᠯᠢᠭ ᠪᠦᠬᠦᠢ ᠨᠡᠶᠢᠭᠡᠮ ᠵᠢᠷᠤᠮᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠪᠠᠷᠢᠮᠲᠠᠯᠠᠨ᠂ ᠰᠢ ᠵᠢᠨ ᠫᠢᠩᠬᠠᠤᠯᠢ ᠵᠠᠰᠠᠬᠤᠢ ᠵᠢᠨ ᠦᠵᠡᠯ ᠰᠠᠨᠠᠭ᠎ᠠ ᠪᠦᠬᠦ ᠲᠠᠯ᠎ᠠ ᠪᠠᠷ ᠲᠤᠤᠱᠯᠠᠭᠤᠯᠤᠨ ᠲᠥᠪ᠂ ᠪᠦᠬᠦ ᠣᠷᠣᠨ᠂ ᠪᠦᠬᠦ ᠬᠤᠲᠠ ᠵᠢᠨ ᠤᠯᠤᠰ ᠲᠥᠷᠥ ᠬᠠᠤᠯᠢ ᠴᠠᠭᠠᠵᠠ ᠵᠢᠨ ᠠᠵᠢᠯᠬᠤᠷᠠᠯ ᠪᠠ ᠪᠠᠶᠢᠴᠠᠭᠠᠬᠤ ᠳᠠᠷᠤᠭ᠎ᠠ ᠨᠠᠷᠬᠤᠷᠠᠯᠪᠠᠶᠢᠷᠢᠯᠠᠭᠤᠯᠤᠯᠲᠠ ᠬᠢᠨᠠᠮᠠᠭᠠᠢ ᠨᠠᠶᠢᠳᠠᠪᠤᠷᠢᠵᠢᠭᠤᠯᠵᠤ᠂ ︽ᠤᠯᠤᠰ ᠲᠥᠷᠥ ᠡᠷᠬᠢᠮᠯᠡᠬᠦ᠂ ᠶᠡᠭᠡ ᠲᠠᠯ᠎ᠠ ᠬᠠᠷᠠᠭᠠᠯᠵᠠᠬᠤ᠂ ᠬᠥᠭᠵᠢᠭᠦᠯᠦᠯᠲᠡ ᠰᠦᠪᠡᠭᠴᠢᠯᠡᠬᠦ᠂ ᠦᠪᠡᠰᠦᠪᠡᠨ ᠳᠠᠪᠠᠮᠠᠭᠠᠶᠢᠷᠠᠬᠤ ᠴᠢᠬᠤᠯᠠᠴᠢᠯᠠᠬᠤ︾ ᠶᠡᠷᠦᠩᠬᠡᠢ ᠱᠠᠭᠠᠷᠳᠠᠯᠭ᠎ᠠ ᠪᠠᠷᠢᠮᠲᠠᠯᠠᠨ᠂ ᠯᠠᠪᠳᠠᠭᠤᠨ ᠠᠬᠢᠭᠤᠯᠤᠯᠲᠠ ᠵᠢᠨ ᠳᠤᠮᠳᠠ ᠨᠠᠶᠢᠳᠠᠪᠤᠷᠢᠵᠢᠭᠤᠯᠵᠤ᠂ ᠨᠠᠶᠢᠳᠠᠪᠤᠷᠢᠵᠢᠭᠤᠯᠤᠯᠲᠠ ᠵᠢᠨ ᠳᠤᠮᠳᠠ ᠥᠭᠰᠦᠭᠦᠯᠦᠨ᠂ ᠥᠭᠰᠦᠭᠦᠯᠦᠯᠲᠡ ᠵᠢᠨ ᠳᠤᠮᠳᠠ ᠦᠷ᠎ᠡ ᠪᠦᠲᠦᠮᠵᠢ ᠨᠡᠮᠡᠭᠳᠡᠭᠦᠯᠵᠦ᠂ ᠡᠷᠡᠭᠦᠦ ᠵᠢᠨ ᠬᠡᠷᠡᠭ᠂ ᠢᠷᠭᠡᠨ ᠬᠡᠷᠡᠭ᠂ ᠵᠠᠰᠠᠭ ᠵᠠᠬᠢᠷᠭᠠᠨ ᠬᠡᠷᠡᠭ᠂ ᠨᠡᠶᠢᠲᠡ ᠵᠢᠨ ᠠᠰᠢᠭᠵᠠᠷᠭᠤ ᠵᠡᠷᠭᠡ ︽ᠳᠦᠷᠪᠡᠨ ᠶᠡᠭᠡ ᠪᠠᠶᠢᠴᠠᠭᠠᠬᠤ ᠠᠵᠢᠯ ᠲᠥᠷᠥᠯ︾ ᠢ ᠴᠢᠷᠮᠠᠵᠢᠨ ᠠᠬᠢᠭᠤᠯᠵᠤ ᠬᠦᠨᠵᠡᠭᠡᠶᠢᠷᠡᠭᠦᠯᠦᠨ ᠬᠥᠭᠵᠢᠭᠦᠯᠪᠡ᠃ ᠳᠣᠣᠷ᠎ᠠ ᠬᠡᠷᠡᠭ ᠰᠢᠢᠳᠪᠦᠷᠢᠯᠡᠯᠲᠡ ᠵᠢᠨ ᠭᠤᠣᠯ ᠪᠣᠯᠬᠤ ᠲᠤᠭ᠎ᠠ ᠮᠠᠭᠠᠳ ᠢ ᠨᠡᠶᠢᠲᠡᠯᠡᠶ᠎ᠡ᠄
ᠨᠢᠭᠡ᠂ ᠡᠷᠡᠭᠦᠦ ᠵᠢᠨ ᠬᠡᠷᠡᠭ ᠢ ᠪᠠᠶᠢᠴᠠᠭᠠᠬᠤ ᠠᠵᠢᠯ ᠲᠣᠭᠲᠠᠭᠤᠨ ᠢᠶᠠᠷ ᠬᠥᠭᠵᠢᠵᠦ᠂ ᠬᠡᠷᠡᠭ ᠰᠢᠢᠳᠪᠦᠷᠢᠯᠡᠯᠲᠡ ᠵᠢᠨ ᠲᠤᠭ᠎ᠠ ᠨᠤᠷᠮ᠎ᠠ ᠨᠡᠮᠡᠭᠳᠡᠵᠦ᠂ ᠶᠠᠯ᠎ᠠ ᠶᠢ ᠪᠠᠨ ᠮᠡᠳᠡᠷᠡᠨ ᠰᠢᠳᠬᠡᠯ ᠬᠦᠯᠢᠶᠡᠭᠰᠡᠳ ᠢ ᠠᠭᠤᠴᠢᠯᠠᠩᠭᠤᠢ ᠰᠢᠢᠳᠬᠡᠬᠦ ᠳᠦᠷᠢᠮᠲᠣᠬᠢᠷᠠᠭᠤᠯᠤᠨ ᠬᠡᠷᠡᠭᠯᠡᠯᠲᠡ ᠵᠢᠨ ᠶᠠᠰᠤ ᠴᠢᠨᠠᠷ ᠪᠠ ᠦᠷ᠎ᠡ ᠨᠦᠯᠦᠭᠡ ᠳᠡᠭᠡᠭᠰᠢᠯᠡᠭᠦᠯᠪᠡ
︵ᠨᠢᠭᠡ︶ ᠪᠠᠷᠢᠪᠴᠢᠯᠠᠬᠤ ᠬᠢᠨᠠᠨ ᠪᠠᠶᠢᠴᠠᠭᠠᠭᠰᠠᠨ᠂ ᠵᠠᠭᠠᠯᠳᠤᠬᠤ ᠬᠢᠨᠠᠨ ᠪᠠᠶᠢᠴᠠᠭᠠᠭᠰᠠᠨ ᠪᠠᠶᠢᠳᠠᠯ
2021ᠣᠨ 1 ᠳ᠋ᠤᠭᠡᠷ ᠰᠠᠷ᠎ᠠ ᠠᠴᠠ 6 ᠳ᠋ᠤᠭᠠᠷ ᠰᠠᠷ᠎ᠠ ᠪᠣᠯᠲᠠᠯ᠎ᠠ᠂ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳᠪᠠᠷᠢᠪᠴᠢᠯᠠᠬᠤ ᠬᠢᠨᠠᠨ ᠵᠥᠪᠰᠢᠶᠡᠷᠡᠭᠰᠡᠨ ᠪᠠ ᠪᠠᠷᠢᠪᠴᠢᠯᠠᠬᠤ ᠪᠠᠷ ᠲᠣᠭᠲᠠᠭᠰᠠᠨ ᠡᠯ᠎ᠡ ᠲᠥᠷᠥᠯᠬᠡᠷᠡᠭᠰᠡᠵᠢᠭᠲᠡᠨ ᠨᠡᠶᠢᠲᠡ 574 ᠬᠦᠮᠦᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 32.3% ᠪᠠᠷ ᠳᠡᠭᠡᠭᠰᠢᠯᠡᠪᠡ︔ ᠵᠠᠭᠠᠯᠳᠤᠬᠤ ᠪᠠᠷ ᠲᠣᠭᠲᠠᠭᠰᠠᠨ ᠬᠦᠮᠦᠨ 2254 ᠬᠦᠮᠦᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 33.8% ᠪᠠᠷ ᠳᠡᠭᠡᠭᠰᠢᠯᠡᠪᠡ᠃
ᠬᠢᠨᠠᠨ ᠪᠠᠶᠢᠴᠠᠭᠠᠭᠠᠳ ᠪᠠᠷᠢᠪᠴᠢᠯᠠᠬᠤ ᠥᠯᠥ ᠵᠥᠪᠰᠢᠶᠡᠷᠡᠭᠰᠡᠨ ᠪᠠ ᠥᠯᠥ ᠪᠠᠷᠢᠪᠴᠢᠯᠠᠬᠤ ᠪᠠᠷ ᠲᠣᠭᠲᠠᠭᠰᠠᠨ ᠨᠢ 168 ᠬᠦᠮᠦᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 73.2% ᠪᠠᠷ ᠳᠡᠭᠡᠭᠰᠢᠯᠡᠵᠦ᠂ ᠪᠠᠷᠢᠪᠴᠢᠯᠠᠬᠤ ᠥᠯᠥ ᠵᠥᠪᠰᠢᠶᠡᠷᠡᠭᠰᠡᠨ ᠨᠤᠷᠮ᠎ᠠ 22.64% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 4.37 ᠵᠠᠭᠤᠨ ᠬᠤᠪᠢ ᠪᠠᠷ ᠨᠡᠮᠡᠭᠳᠡᠪᠡ︔ ᠥᠯᠥ ᠵᠠᠭᠠᠯᠳᠤᠬᠤ ᠪᠠᠷ ᠲᠣᠭᠲᠠᠭᠰᠠᠨ ᠨᠢ 481 ᠬᠦᠮᠦᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 196.91% ᠪᠠᠷ ᠳᠡᠭᠡᠭᠰᠢᠯᠡᠵᠦ᠂ ᠥᠯᠥ ᠵᠠᠭᠠᠯᠳᠤᠭᠰᠠᠨ ᠨᠤᠷᠮ᠎ᠠ 17.58% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 8.81 ᠵᠠᠭᠤᠨ ᠬᠤᠪᠢ ᠪᠠᠷ ᠨᠡᠮᠡᠭᠳᠡᠪᠡ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳ ︽ᠴᠥᠭᠡᠨ ᠪᠠᠷᠢᠪᠴᠢᠯᠠᠵᠤ ᠬᠢᠨᠠᠭᠤᠷ ᠵᠠᠭᠠᠯᠳᠤᠬᠤ︾ ᠣᠶᠢᠯᠠᠭᠠᠭᠳᠠᠬᠤᠨ ᠢ ᠲᠤᠤᠱᠯᠠᠭᠤᠯᠤᠭᠠᠳ ᠨᠢᠭᠡᠨᠲᠡ ᠠᠩᠬᠠᠨ ᠢᠯᠡᠷᠬᠡᠢ ᠦᠷ᠎ᠡ ᠪᠦᠳᠦᠮᠵᠢ ᠲᠠᠢ ᠪᠣᠯᠵᠠᠢ᠃
ᠵᠠᠭᠠᠯᠳᠤᠭᠰᠠᠨ ᠬᠡᠷᠡᠭᠶᠠᠯᠠ ᠵᠢᠨ ᠨᠡᠷ᠎ᠡ ᠠᠴᠠ ᠦᠵᠡᠪᠡᠯ᠂ ᠨᠢᠭᠡᠳᠦᠭᠡᠷ ᠲᠤ ᠪᠠᠶᠢᠷᠢᠯᠠᠭᠰᠠᠨ ᠨᠢ ᠠᠶᠤᠯᠲᠠᠢ ᠪᠠᠷ ᠮᠠᠰᠢᠨ ᠲᠡᠷᠭᠡ ᠵᠢᠯᠤᠭᠤᠳᠤᠭᠰᠠᠨ ᠶᠠᠯ᠎ᠠ ᠪᠠᠶᠢᠵᠤ 1073 ᠬᠦᠮᠦᠨ ᠪᠠᠶᠢᠪᠠ᠂ ᠠᠳᠠᠯᠢ ᠬᠤᠭᠤᠴᠠᠭᠠᠨ ᠤ ᠬᠢ ᠠᠴᠠ 62.3% ᠪᠠᠷ ᠳᠡᠭᠡᠭᠰᠢᠯᠡᠪᠡ︔ ᠬᠤᠶᠠᠳᠤᠭᠠᠷ ᠲᠤ ᠪᠠᠶᠢᠷᠢᠯᠠᠭᠰᠠᠨ ᠨᠢ ᠬᠤᠯᠠᠭᠠᠶᠢᠯᠠᠭᠰᠠᠨ ᠶᠠᠯ᠎ᠠ ᠵᠢᠨ ᠬᠡᠷᠡᠭ ᠪᠠᠶᠢᠵᠤ 131 ᠬᠦᠮᠦᠨ ᠪᠠᠶᠢᠪᠠ᠂ ᠠᠳᠠᠯᠢ ᠬᠤᠭᠤᠴᠠᠭᠠᠨ ᠤ ᠬᠢ ᠠᠴᠠ 3% ᠪᠠᠷ ᠳᠤᠷᠤᠭᠰᠢᠯᠠᠪᠠ︔ ᠭᠤᠷᠪᠠᠳᠤᠭᠠᠷ ᠲᠤ ᠪᠠᠶᠢᠷᠢᠯᠠᠭᠰᠠᠨ ᠨᠢ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠶᠠᠯ᠎ᠠ ᠵᠢᠨ ᠬᠡᠷᠡᠭ ᠪᠠᠶᠢᠵᠤ 119 ᠬᠦᠮᠦᠨ ᠪᠠᠶᠢᠪᠠ᠂ ᠠᠳᠠᠯᠢ ᠬᠤᠭᠤᠴᠠᠭᠠᠨ ᠤ ᠬᠢ ᠠᠴᠠ 2.4 ᠳᠠᠬᠢᠨ ᠢᠶᠠᠷ ᠳᠡᠭᠡᠭᠰᠢᠯᠡᠪᠡ᠃ ᠡᠭᠦᠨ ᠠᠴᠠ ᠭᠠᠳᠠᠨ᠎ᠠ᠂ ᠰᠦᠯᠵᠢᠶ᠎ᠡ ︵ᠨᠧᠲ︶ ᠠᠰᠢᠭᠯᠠᠨ ᠶᠠᠯ᠎ᠠ ᠬᠢᠭᠰᠡᠨ ᠬᠡᠷᠡᠭᠲᠤᠭᠠ ᠶᠡᠭᠡ ᠪᠠᠷ ᠨᠡᠮᠡᠭᠳᠡᠵᠦ 138 ᠬᠦᠮᠦᠨ ᠢ ᠵᠠᠭᠠᠯᠳᠤᠪᠠ᠂ ᠠᠳᠠᠯᠢ ᠬᠤᠭᠤᠴᠠᠭᠠᠨ ᠤ ᠬᠢ ᠠᠴᠠ 1.76 ᠳᠠᠬᠢᠨ ᠢᠶᠠᠷ ᠳᠡᠭᠡᠭᠰᠢᠯᠡᠪᠡ᠃
ᠰᠢᠨ᠎ᠡ ᠶᠠᠯ᠎ᠠ ᠵᠢᠨ ᠨᠡᠷ᠎ᠡ ᠠᠴᠠ ᠦᠵᠡᠪᠡᠯ᠂ ᠡᠷᠡᠭᠦᠦ ᠵᠢᠨ ᠬᠠᠤᠯᠢ ᠵᠢᠨ ᠵᠠᠰᠠᠪᠤᠷᠢᠯᠠᠭᠰᠠᠨ ᠲᠥᠰᠥᠯ ︵ᠠᠷᠪᠠᠨ ᠨᠢᠭᠡ︶ ᠳᠤ ᠰᠢᠨ᠎ᠡ ᠪᠠᠷ ᠨᠡᠮᠡᠭᠳᠡᠭᠰᠡᠨ 17 ᠶᠠᠯ᠎ᠠ ᠵᠢᠨ ᠨᠡᠷ᠎ᠡ ᠵᠢᠨ ᠳᠣᠲᠤᠷ᠎ᠠ᠂ ᠵᠠᠭᠠᠯᠳᠤᠭ᠎ᠠ ᠳᠤ ᠬᠡᠷᠡᠭᠯᠡᠭᠳᠡᠭᠰᠡᠨ ᠶᠠᠯ᠎ᠠ ᠵᠢᠨ ᠨᠡᠷ᠎ᠡ 2 ᠪᠠᠶᠢᠵᠤ 3 ᠬᠦᠮᠦᠨ ᠵᠠᠭᠠᠯᠳᠤᠭᠳᠠᠪᠠ᠂ ᠡᠭᠦᠨ ᠳᠤ ᠴᠠᠭᠳᠠᠭ᠎ᠠ ᠳᠠᠭᠠᠷᠢᠭᠰᠠᠨ ᠶᠠᠯ᠎ᠠ ᠪᠠᠷ 2 ᠬᠦᠮᠦᠨ᠂ ᠠᠶᠤᠯᠭᠦᠢ ᠪᠠᠷ ᠲᠡᠷᠭᠡ ᠵᠢᠯᠣᠭᠤᠳᠬᠤ ᠬᠠᠷᠰᠢᠯᠠᠭᠰᠠᠨ ᠶᠠᠯ᠎ᠠ ᠪᠠᠷ 1 ᠬᠦᠮᠦᠨ ᠢ ᠵᠠᠭᠠᠯᠳᠤᠪᠠ᠃
︵ᠬᠤᠶᠠᠷ︶ ᠶᠠᠯ᠎ᠠ ᠶᠢ ᠪᠠᠨ ᠮᠡᠳᠡᠷᠡᠨ ᠰᠢᠳᠬᠡᠯ ᠬᠦᠯᠢᠶᠡᠭᠰᠡᠳ ᠢ ᠠᠭᠤᠴᠢᠯᠠᠩᠭᠤᠢ ᠰᠢᠢᠳᠬᠡᠬᠦ ᠳᠦᠷᠢᠮ ᠢ ᠲᠣᠬᠢᠷᠠᠭᠤᠯᠤᠨ ᠬᠡᠷᠡᠭᠯᠡᠭᠰᠡᠨ ᠪᠠᠶᠢᠳᠠᠯ
ᠵᠠᠭᠠᠯᠳᠤᠯᠭ᠎ᠠ ᠬᠢᠨᠠᠨ ᠪᠠᠶᠢᠴᠠᠭᠠᠭᠰᠠᠨ ᠬᠡᠷᠡᠭ ᠤᠳᠳᠣᠲᠤᠷᠠ᠂ ᠶᠠᠯ᠎ᠠ ᠶᠢ ᠪᠠᠨ ᠮᠡᠳᠡᠷᠡᠨ ᠰᠢᠳᠬᠡᠯ ᠬᠦᠯᠢᠶᠡᠭᠰᠡᠳ ᠢ ᠠᠭᠤᠴᠢᠯᠠᠩᠭᠤᠢ ᠰᠢᠢᠳᠬᠡᠬᠦ ᠳᠦᠷᠢᠮ ᠢ ᠲᠣᠬᠢᠷᠠᠭᠤᠯᠤᠨ ᠬᠡᠷᠡᠭᠯᠡᠭᠡᠳ ᠬᠢᠨᠠᠨ ᠳᠠᠭᠤᠰᠬᠠᠭᠰᠠᠨ ᠨᠢ 2268 ᠬᠦᠮᠦᠨ ᠪᠠᠶᠢᠵᠤ᠂ ᠠᠳᠠᠯᠢ ᠬᠤᠭᠤᠴᠠᠭᠠᠨ ᠳᠠᠬᠢ ᠬᠢᠨᠠᠨ ᠳᠠᠭᠤᠰᠬᠠᠭᠰᠠᠨ ᠬᠦᠮᠦᠨ ᠲᠣᠭᠠᠨ 87.06% ᠡᠵᠡᠯᠡᠪᠡ᠃ ᠶᠠᠯ᠎ᠠ ᠶᠢ ᠪᠠᠨ ᠮᠡᠳᠡᠷᠡᠨ ᠰᠢᠳᠬᠡᠯ ᠬᠦᠯᠢᠶᠡᠭᠰᠡᠳ ᠢ ᠠᠭᠤᠴᠢᠯᠠᠩᠭᠤᠢ ᠰᠢᠢᠳᠬᠡᠬᠦ ᠳᠦᠷᠢᠮ ᠢ ᠲᠣᠬᠢᠷᠠᠭᠤᠯᠤᠨ ᠬᠡᠷᠡᠭᠯᠡᠭᠰᠡᠨ ᠬᠡᠷᠡᠭ ᠤᠳᠳᠣᠲᠤᠷᠠ᠂ ᠪᠠᠶᠢᠴᠠᠭᠠᠬᠤ ᠪᠠᠶᠢᠭᠤᠯᠭ᠎ᠠ ᠠᠴᠠ 1525 ᠬᠦᠮᠦᠨ ᠳᠤ ᠡᠷᠡᠭᠦᠦ ᠣᠨᠣᠭᠳᠠᠭᠤᠯᠬᠤ ᠰᠠᠨᠠᠭᠤᠯᠭ᠎ᠠ ᠳᠤᠷᠠᠳᠴᠤ᠂ 1293 ᠬᠦᠮᠦᠨ ᠳᠤ ᠡᠷᠡᠭᠦᠦ ᠣᠨᠣᠭᠳᠠᠭᠤᠯᠬᠤ ᠲᠣᠳᠤᠷᠬᠠᠢ ᠰᠠᠨᠠᠭᠤᠯᠭ᠎ᠠ ᠳᠤᠷᠠᠳᠴᠤ᠂ ᠪᠦᠬᠦ ᠰᠠᠨᠠᠭᠤᠯᠭ᠎ᠠ ᠳᠤᠷᠠᠳᠤᠯᠲᠠ ᠵᠢᠨ 84.79% ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 27.78 ᠵᠠᠭᠤᠨ ᠬᠤᠪᠢ ᠨᠡᠮᠡᠭᠳᠡᠪᠡ︔ ᠲᠤᠰ ᠬᠤᠭᠤᠴᠠᠭᠠᠨ ᠳᠤ ᠰᠢᠭᠦᠬᠦ ᠬᠤᠷᠢᠶ᠎ᠠ 1266 ᠬᠦᠮᠦᠨ ᠤ ᠬᠢ ᠡᠷᠡᠭᠦᠦ ᠣᠨᠣᠭᠳᠠᠭᠤᠯᠬᠤ ᠲᠣᠳᠤᠷᠬᠠᠢ ᠰᠠᠨᠠᠭᠤᠯᠭ᠎ᠠ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 97.8% ᠪᠠᠷ ᠳᠡᠭᠡᠭᠰᠢᠯᠡᠵᠦ᠂ ᠡᠷᠡᠭᠦᠦ ᠣᠨᠣᠭᠳᠠᠭᠤᠯᠬᠤ ᠲᠣᠳᠤᠷᠬᠠᠢ ᠰᠠᠨᠠᠭᠤᠯᠭ᠎ᠠ ᠬᠦᠯᠢᠶᠡᠨ ᠠᠪᠤᠭᠰᠠᠨ ᠨᠤᠷᠮ᠎ᠠ ᠨᠢ 97.91% ᠳᠤ ᠬᠦᠷᠪᠡ᠃
︵ᠭᠤᠷᠪᠠ︶ ᠡᠷᠡᠭᠦᠦ ᠵᠢᠨ ᠵᠠᠷᠭᠤ ᠳᠤ ᠬᠢᠨᠠᠯᠲᠠ ᠲᠠᠯᠪᠢᠭᠰᠠᠨ ᠪᠠᠶᠢᠳᠠᠯ
1.ᠬᠡᠷᠡᠭ ᠪᠣᠯᠭᠠᠯᠲᠠ ᠳᠠᠬᠢ ᠬᠢᠨᠠᠯᠲᠠ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳ ᠳᠣᠲᠤᠭᠠᠳᠤ ᠬᠠᠮᠠᠭᠠᠯᠠᠬᠤ ᠪᠠᠶᠢᠭᠤᠯᠭ᠎ᠠ ᠤᠳᠬᠡᠷᠡᠭ ᠪᠣᠯᠭᠠᠯᠲᠠ ︵ᠬᠡᠷᠡᠭ ᠢ ᠬᠦᠴᠦᠨ ᠦᠭᠡᠢ ᠪᠣᠯᠭᠠᠬᠤ︶ ᠳᠤ ᠬᠢᠨᠠᠯᠲᠠ ᠲᠠᠯᠪᠢᠬᠤ ᠠᠵᠢᠯᠯᠠᠭ᠎ᠠ ᠦᠷᠨᠢᠭᠦᠯᠦᠭᠡᠳ 43 ᠬᠡᠷᠡᠭ ᠲᠤ ᠬᠢᠨᠠᠯᠲᠠ ᠲᠠᠯᠪᠢᠭᠠᠳ 28 ᠬᠡᠷᠡᠭ ᠢ ᠨᠢ ᠬᠡᠷᠡᠭ ᠪᠣᠯᠭᠠᠭᠤᠯᠪᠠ ︵ᠬᠦᠴᠦᠨ ᠦᠭᠡᠢ ᠪᠣᠯᠭᠠᠭᠤᠯᠤᠭᠰᠠᠨ︶᠂ ᠬᠢᠨᠠᠯᠲᠠ ᠲᠠᠯᠪᠢᠭᠰᠠᠨ ᠬᠡᠷᠡᠭᠲᠣᠭᠠᠨ 65.1% ᠳᠤ ᠬᠦᠷᠪᠡ᠃
2.ᠪᠠᠷᠢᠪᠴᠢᠯᠠᠬᠤ ᠣᠷᠬᠢᠭᠳᠠᠭᠤᠯᠤᠭᠰᠠᠨ ᠪᠣᠶᠣ ᠵᠠᠭᠠᠯᠳᠤᠬᠤ ᠣᠷᠬᠢᠭᠳᠠᠭᠤᠯᠤᠭᠰᠠᠨ ᠬᠡᠷᠡᠭᠵᠠᠯᠠᠷᠠᠭᠤᠯᠭᠠ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳ ᠪᠠᠷᠢᠪᠴᠢᠯᠠᠬᠤ ᠬᠢᠨᠠᠨ ᠪᠠᠶᠢᠴᠠᠭᠠᠬᠤ ᠪᠠ ᠵᠠᠭᠠᠯᠳᠤᠬᠤ ᠬᠢᠨᠠᠨ ᠪᠠᠶᠢᠴᠠᠭᠠᠬᠤ ᠠᠵᠢᠯᠭᠤᠭᠴᠤᠭᠠᠨ ᠳᠤ᠂ ᠳᠣᠲᠤᠭᠠᠳᠤ ᠬᠠᠮᠠᠭᠠᠯᠠᠬᠤ ᠪᠠᠶᠢᠭᠤᠯᠭ᠎ᠠ ᠵᠢᠨ ᠪᠠᠷᠢᠪᠴᠢᠯᠠᠬᠤ ᠵᠥᠪᠰᠢᠶᠡᠷᠡᠭᠦᠯᠬᠦ ᠳᠡᠪᠰᠢᠭᠦᠯᠦᠯ ᠳᠠᠬᠢ 18 ᠬᠦᠮᠦᠨ ᠳᠤ ᠵᠠᠯᠠᠷᠠᠭᠤᠯᠭ᠎ᠠ ᠭᠠᠷᠭᠠᠵᠤ᠂ ᠳᠣᠲᠤᠭᠠᠳᠤ ᠬᠠᠮᠠᠭᠠᠯᠠᠬᠤ ᠪᠠᠶᠢᠭᠤᠯᠭ᠎ᠠ ᠵᠢᠨ ᠵᠠᠭᠠᠯᠳᠤᠭᠤᠯᠬᠤ ᠪᠠᠷ ᠬᠢᠨᠠᠨ ᠳᠡᠪᠰᠢᠭᠦᠯᠦᠭᠰᠡᠨ ᠬᠡᠷᠡᠭ ᠲᠠᠬᠢ ᠣᠷᠬᠢᠭᠳᠠᠭᠤᠯᠤᠭᠰᠠᠨ 29 ᠬᠡᠷᠡᠭᠲᠡᠨ ᠳᠤ ᠵᠠᠯᠠᠷᠠᠭᠤᠯᠭ᠎ᠠ ᠭᠠᠷᠭᠠᠪᠠ᠃
3.ᠲᠤᠷᠰᠢᠨ ᠪᠠᠶᠢᠴᠠᠭᠠᠬᠤ ᠠᠵᠢᠯᠯᠠᠭ᠎ᠠ ᠳᠠᠬᠢ ᠬᠠᠤᠯᠢ ᠵᠥᠷᠢᠴᠡᠯᠲᠡ ᠵᠢᠨ ᠵᠠᠯᠠᠷᠠᠭᠤᠯᠭ᠎ᠠ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳ ᠲᠤᠷᠰᠢᠨ ᠪᠠᠶᠢᠴᠠᠭᠠᠬᠤ ᠠᠵᠢᠯᠯᠠᠭ᠎ᠠ ᠳᠤ ᠴᠢᠭᠯᠡᠭᠦᠯᠦᠨ 162 ᠬᠡᠷᠡᠭ ᠤᠳᠠᠭᠠᠨ ᠵᠠᠯᠠᠷᠠᠭᠤᠯᠭ᠎ᠠ ᠳᠤᠷᠠᠳᠴᠤ᠂ 126 ᠬᠡᠷᠡᠭ ᠤᠳᠠᠭᠠᠨ ᠤ ᠬᠢ ᠨᠢᠭᠡᠨᠲᠡ ᠵᠠᠯᠠᠷᠠᠭᠤᠯᠤᠭᠳᠠᠵᠤ᠂ ᠬᠢᠨᠠᠯᠲᠠ ᠲᠠᠯᠪᠢᠨ ᠬᠦᠯᠢᠶᠡᠨ ᠠᠪᠤᠭᠤᠯᠤᠭᠰᠠᠨ ᠨᠤᠷᠮ᠎ᠠ 77.78% ᠳᠤ ᠬᠦᠷᠪᠡ᠃
4.ᠡᠷᠡᠬᠦᠦ ᠵᠢᠨ ᠬᠡᠷᠡᠭᠡᠰᠡᠷᠭᠦᠴᠡᠭᠰᠡᠨ ᠵᠠᠭᠠᠯᠳᠤᠯᠭ᠎ᠠ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳ ᠨᠡᠶᠢᠲᠡ 16 ᠬᠡᠷᠡᠭ ᠲᠤ ᠡᠰᠡᠷᠭᠦᠴᠡᠨ ᠵᠠᠭᠠᠯᠳᠤᠬᠤ ᠳᠤᠷᠠᠳᠤᠯᠭ᠎ᠠ ᠭᠠᠷᠭᠠᠵᠤ᠂ ᠠᠳᠠᠯᠢ ᠬᠤᠭᠤᠴᠠᠭᠠᠨ ᠤ ᠬᠢ ᠠᠴᠠ 60% ᠪᠠᠷ ᠳᠡᠭᠡᠭᠰᠢᠯᠡᠵᠦ᠂ ᠰᠢᠭᠦᠬᠦ ᠬᠤᠷᠢᠶ᠎ᠠ 5 ᠬᠡᠷᠡᠭ ᠢ ᠨᠢ ᠰᠢᠭᠦᠨ ᠳᠠᠭᠤᠰᠬᠠᠪᠠ᠃ ᠡᠭᠦᠨ ᠳᠤ ᠰᠢᠭᠦᠨ ᠲᠠᠰᠤᠯᠤᠯᠲᠠ ᠥᠭᠡᠷᠡᠴᠢᠯᠡᠭᠰᠡᠨ ᠪᠣᠶᠣ ᠪᠤᠴᠠᠭᠠᠵᠤ ᠲᠠᠬᠢᠨ ᠰᠢᠭᠦᠯᠭᠡᠭᠰᠡᠨ ᠬᠡᠷᠡᠭ 4 ᠪᠠᠶᠢᠵᠤ᠂ ᠰᠢᠭᠦᠨ ᠳᠠᠭᠤᠰᠬᠠᠭᠰᠠᠨ ᠨᠤᠷᠮ᠎ᠠ ᠵᠢᠨ 80% ᠡᠵᠡᠯᠡᠪᠡ᠃
5.ᠡᠷᠡᠭᠦᠦ ᠵᠢᠨ ᠬᠡᠷᠡᠭᠰᠢᠭᠦᠨ ᠲᠠᠰᠤᠯᠤᠯᠲᠠ ᠵᠢᠨ ᠠᠵᠢᠯᠯᠠᠭ᠎ᠠ ᠳᠠᠬᠢ ᠬᠠᠤᠯᠢ ᠵᠥᠷᠢᠴᠡᠯᠲᠡ ᠵᠢᠨ ᠵᠠᠯᠠᠷᠠᠭᠤᠯᠭ᠎ᠠ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳ ᠡᠷᠡᠭᠦᠦ ᠵᠢᠨ ᠬᠡᠷᠡᠭᠰᠢᠭᠦᠨ ᠲᠠᠰᠤᠯᠤᠯᠲᠠ ᠵᠢᠨ ᠠᠵᠢᠯᠯᠠᠭ᠎ᠠ ᠳᠠᠬᠢ ᠬᠠᠤᠯᠢ ᠵᠥᠷᠢᠴᠡᠯᠲᠡ ᠳᠤ ᠴᠢᠭᠯᠡᠭᠦᠯᠦᠨ 2 ᠤᠳᠠᠭ᠎ᠠ ᠵᠠᠯᠠᠷᠠᠭᠤᠯᠭ᠎ᠠ ᠳᠤᠷᠠᠳᠴᠤ᠂ ᠲᠤᠰ ᠬᠤᠭᠤᠴᠠᠭᠠᠨ ᠳᠤ ᠰᠢᠭᠦᠨ ᠲᠠᠰᠤᠯᠬᠤ ᠪᠠᠶᠢᠭᠤᠯᠭ᠎ᠠ 2 ᠬᠡᠷᠡᠭ ᠤᠳᠠᠭᠠᠨ ᠵᠠᠯᠠᠷᠠᠭᠤᠯᠤᠯᠲᠠ ᠬᠢᠪᠡ᠃
︵ᠳᠦᠷᠪᠡ︶ ᠡᠷᠡᠭᠦᠦ ᠵᠢᠨ ᠬᠡᠷᠡᠭᠭᠦᠢᠴᠡᠳᠬᠡᠯᠲᠡ ᠪᠠᠶᠢᠴᠠᠭᠠᠭᠰᠠᠨ ᠪᠠᠶᠢᠳᠠᠯ
ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳ ᠡᠷᠡᠭᠦᠦ ᠭᠦᠩᠭᠡᠯᠡᠯᠲᠡ᠂ ᠲᠡᠩᠰᠡᠨ ᠰᠤᠯᠠᠯᠠᠯᠲᠠ᠂ ᠭᠢᠨᠳᠠᠨ ᠭᠠᠳᠠᠨ᠎ᠠ ᠲᠦᠷ ᠭᠦᠢᠴᠡᠳᠬᠡᠭᠦᠯᠲᠡ ᠨᠢ ᠵᠣᠬᠢᠰ ᠦᠭᠡᠶᠢᠳᠡᠭᠰᠡᠨ 60 ᠬᠦᠮᠦᠨ ᠳᠤ ᠵᠠᠯᠠᠷᠠᠭᠤᠯᠭ᠎ᠠ ᠳᠤᠷᠠᠳᠴᠤ᠂ ᠲᠤᠰ ᠬᠤᠭᠤᠴᠠᠭᠠᠨ ᠳᠤ 59 ᠬᠦᠮᠦᠨ ᠬᠢᠨᠢ ᠨᠢᠭᠡᠨᠲᠡ ᠵᠠᠯᠠᠷᠠᠭᠤᠯᠤᠭᠳᠠᠪᠠ᠃ ᠡᠷᠡᠭᠦᠦ ᠵᠢᠨ ᠬᠡᠷᠡᠭᠭᠦᠢᠴᠡᠳᠬᠡᠯᠲᠡ ᠵᠢᠨ ᠠᠵᠢᠯᠯᠠᠭ᠎ᠠ ᠳᠠᠬᠢ ᠬᠠᠤᠯᠢ ᠵᠥᠷᠢᠴᠡᠯᠲᠡ ᠳᠤ 37 ᠬᠤᠪᠢ ᠵᠠᠯᠠᠷᠠᠭᠤᠯᠭ᠎ᠠ ᠳᠤᠷᠠᠳᠴᠤ᠂ ᠲᠤᠰ ᠬᠤᠭᠤᠴᠠᠭᠠᠨ ᠳᠤ 37 ᠬᠡᠷᠡᠭ ᠪᠦᠬᠦᠨ ᠢᠶᠠᠷ ᠢᠶᠠᠨ ᠵᠠᠯᠠᠷᠠᠭᠤᠯᠤᠭᠳᠠᠪᠠ᠃ ᠭᠢᠨᠳᠠᠨ ᠭᠠᠳᠠᠨ᠎ᠠ ᠲᠦᠷ ᠭᠦᠢᠴᠡᠳᠬᠡᠭᠦᠯᠬᠦ ᠠᠵᠢᠯᠯᠠᠭ᠎ᠠ ᠳᠠᠬᠢ ᠬᠠᠤᠯᠢ ᠵᠥᠷᠢᠴᠡᠯᠲᠡ ᠵᠢᠨ ᠪᠠᠶᠢᠳᠠᠯ ᠲᠠᠢ17 ᠬᠦᠮᠦᠨ ᠳᠤ ᠵᠠᠯᠠᠷᠠᠭᠤᠯᠭ᠎ᠠ ᠳᠤᠷᠠᠳᠤᠭᠠᠳ ᠲᠤᠰ ᠬᠤᠭᠤᠴᠠᠭᠠᠨ ᠳᠤ 16 ᠬᠦᠮᠦᠨ ᠨᠢ ᠵᠠᠯᠠᠷᠠᠭᠤᠯᠤᠭᠳᠠᠪᠠ᠃ ᠡᠷᠡᠭᠦᠦ ᠵᠢᠨ ᠬᠡᠷᠡᠭᠭᠦᠢᠴᠡᠳᠬᠡᠯᠲᠡ ᠯᠦᠭᠡ ᠬᠤᠯᠪᠤᠭᠳᠠᠯ ᠪᠦᠬᠦᠢ 205 ᠬᠤᠪᠢ ᠪᠠᠶᠢᠴᠠᠭᠠᠬᠤ ᠰᠠᠨᠠᠭᠤᠯᠭ᠎ᠠ ᠳᠤᠷᠠᠳᠴᠤ᠂ ᠬᠠᠷᠢᠭᠤ ᠲᠤᠰᠬᠠᠭᠰᠠᠨ 196 ᠬᠤᠪᠢ ᠶᠢ ᠨᠢ ᠬᠦᠯᠢᠶᠡᠨ ᠣᠯᠵᠤ᠂ ᠲᠤᠰ ᠬᠤᠭᠤᠴᠠᠭᠠᠨ ᠳᠠᠬᠢ ᠬᠦᠯᠢᠶᠡᠨ ᠠᠪᠤᠯᠲᠠ ᠨᠢ 196 ᠬᠤᠪᠢ᠃
︵ᠲᠠᠪᠤ︶ ᠬᠠᠤᠯᠢ ᠪᠠᠷᠢᠬᠤᠢ ᠵᠢᠨ ᠠᠵᠢᠯᠲᠠᠨ ᠲᠤᠰᠢᠶᠠᠯᠶᠠᠯᠠᠲᠤ ᠬᠡᠷᠡᠭ ᠢ ᠰᠢᠢᠳᠪᠦᠷᠢᠯᠡᠭᠰᠡᠨ ᠪᠠᠶᠢᠳᠠᠯ
ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳ ᠬᠡᠷᠡᠭ ᠪᠣᠯᠭᠠᠵᠤ ᠲᠤᠷᠰᠢᠨ ᠪᠠᠶᠢᠴᠠᠭᠠᠭᠰᠠᠨ ᠬᠠᠤᠯᠢ ᠪᠠᠷᠢᠬᠤᠢ ᠵᠢᠨ ᠠᠵᠢᠯᠲᠠᠨ ᠲᠤᠰᠢᠶᠠᠯᠶᠠᠯᠠᠲᠤ ᠬᠡᠷᠡᠭ ᠨᠡᠶᠢᠲᠡ 1 ᠬᠡᠷᠡᠭ 2 ᠬᠦᠮᠦᠨ ᠪᠠᠶᠢᠵᠤ᠂ ᠲᠤᠰ ᠬᠤᠭᠤᠴᠠᠭᠠᠨ ᠳᠤ 2 ᠬᠡᠷᠡᠭ 2 ᠬᠦᠮᠦᠨ ᠢ ᠵᠠᠭᠠᠯᠳᠤᠪᠠ᠃
ᠬᠤᠶᠠᠷ᠂ ᠢᠷᠭᠡᠨ ᠬᠡᠷᠡᠭ ᠢ ᠪᠠᠶᠢᠴᠠᠭᠠᠬᠤ ᠠᠵᠢᠯᠬᠦᠴᠦᠯᠡᠴᠡ ᠪᠠᠨ ᠨᠡᠮᠡᠭᠳᠡᠭᠦᠯᠵᠦ᠂ ᠬᠢᠨᠠᠯᠲᠠ ᠲᠠᠯᠪᠢᠬᠤ ᠶᠠᠰᠤ ᠴᠢᠨᠠᠷ ᠳᠡᠭᠡᠭᠰᠢᠯᠡᠪᠡ
︵ᠨᠢᠭᠡ︶ ᠢᠷᠭᠡᠨ ᠬᠡᠷᠡᠭᠬᠦᠴᠦᠨ ᠲᠠᠢ ᠪᠣᠯᠤᠭᠰᠠᠨ ᠰᠢᠭᠦᠨ ᠲᠠᠰᠤᠯᠤᠯᠲᠠ᠂ ᠬᠢᠨᠠᠨ ᠲᠠᠰᠤᠯᠤᠯᠲᠠ᠂ ᠡᠶᠡᠳᠡᠭᠦᠯᠭᠡ ᠵᠢᠨ ᠪᠢᠴᠢᠭ ᠲᠤ ᠬᠢᠨᠠᠯᠲᠠ ᠲᠠᠯᠪᠢᠭᠰᠠᠨ ᠪᠠᠶᠢᠳᠠᠯ
ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳᠬᠦᠯᠢᠶᠡᠨ ᠰᠢᠢᠳᠪᠦᠷᠢᠯᠡᠭᠰᠡᠨ ᠬᠡᠷᠡᠭ ᠨᠡᠶᠢᠲᠡ 140 ᠬᠡᠷᠡᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 29.6% ᠪᠠᠷ ᠳᠡᠭᠡᠭᠰᠢᠯᠡᠪᠡ᠃ ᠡᠰᠡᠷᠭᠦᠴᠡᠨ ᠵᠠᠭᠠᠯᠳᠤᠭᠰᠠᠨ ᠬᠡᠷᠡᠭ 5 ᠪᠠᠶᠢᠵᠤ᠂ ᠲᠤᠰ ᠬᠤᠭᠤᠴᠠᠭᠠᠨ ᠳᠤ ᠰᠢᠭᠦᠬᠦ ᠬᠤᠷᠢᠶ᠎ᠠ 2 ᠬᠡᠷᠡᠭ ᠢ ᠨᠢ ᠰᠢᠭᠦᠨ ᠳᠠᠭᠤᠰᠬᠠᠵᠤ᠂ 2 ᠬᠡᠷᠡᠭ ᠲᠠᠬᠢ ᠡᠰᠡᠷᠭᠦᠴᠡᠨ ᠵᠠᠭᠠᠯᠳᠤᠭᠰᠠᠨ ᠰᠠᠨᠠᠯ ᠢ ᠬᠦᠯᠢᠶᠡᠨ ᠠᠪᠤᠪᠠ᠃ 9 ᠬᠡᠷᠡᠭ ᠲᠤ ᠳᠠᠬᠢᠨ ᠰᠢᠭᠦᠯᠭᠡᠬᠦ ᠪᠠᠶᠢᠴᠠᠭᠠᠬᠤ ᠰᠠᠨᠠᠭᠤᠯᠭ᠎ᠠ ᠳᠤᠷᠠᠳᠴᠤ᠂ ᠰᠢᠭᠦᠬᠦ ᠬᠤᠷᠢᠶ᠎ᠠ ᠬᠢᠨᠠᠨ ᠲᠣᠭᠲᠠᠭᠠᠭᠠᠳ 3 ᠬᠡᠷᠡᠭ ᠢ ᠨᠢ ᠳᠠᠬᠢᠨ ᠰᠢᠭᠦᠬᠦ ᠪᠠᠷ ᠪᠣᠯᠵᠤ᠂ ᠳᠠᠬᠢᠨ ᠰᠢᠭᠦᠯᠭᠡᠬᠦ ᠪᠠᠶᠢᠴᠠᠭᠠᠬᠤ ᠰᠠᠨᠠᠭᠤᠯᠭ᠎ᠠ ᠵᠢᠨ 33.33% ᠡᠵᠡᠯᠡᠪᠡ᠃
︵ᠬᠤᠶᠠᠷ︶ ᠢᠷᠭᠡᠨ ᠬᠡᠷᠡᠭᠰᠢᠭᠦᠨ ᠲᠠᠰᠤᠯᠤᠯᠲᠠ ᠵᠢᠨ ᠠᠵᠢᠯᠯᠠᠭ᠎ᠠ ᠳᠤ ᠬᠢᠨᠠᠯᠲᠠ ᠲᠠᠯᠪᠢᠭᠰᠠᠨ ᠪᠠᠶᠢᠳᠠᠯ
ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳᠬᠦᠯᠢᠶᠡᠨ ᠰᠢᠢᠳᠪᠦᠷᠢᠯᠡᠭᠰᠡᠨ ᠬᠡᠷᠡᠭ ᠨᠡᠶᠢᠲᠡ 175 ᠬᠡᠷᠡᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3.39% ᠪᠠᠷ ᠳᠣᠷᠤᠭᠰᠢᠯᠠᠪᠠ᠃ 109 ᠬᠤᠪᠢ ᠪᠠᠶᠢᠴᠠᠭᠠᠬᠤ ᠰᠠᠨᠠᠭᠤᠯᠭ᠎ᠠ ᠳᠤᠷᠠᠳᠴᠤ᠂ ᠬᠦᠯᠢᠶᠡᠨ ᠰᠢᠢᠳᠪᠦᠷᠢᠯᠡᠭᠰᠡᠨ ᠲᠣᠭᠠᠨ 62.29% ᠡᠵᠡᠯᠡᠵᠦ᠂ ᠲᠤᠰ ᠬᠤᠭᠤᠴᠠᠭᠠᠨ ᠳᠤ ᠰᠢᠭᠦᠬᠦ ᠬᠤᠷᠢᠶ᠎ᠠ 89 ᠬᠤᠪᠢ ᠶᠢ ᠨᠢ ᠬᠦᠯᠢᠶᠡᠨ ᠠᠪᠴᠤ᠂ ᠳᠤᠷᠠᠳᠤᠭᠰᠠᠨ ᠰᠠᠨᠠᠭᠤᠯᠭ᠎ᠠ ᠵᠢᠨ ᠲᠣᠭᠠᠨ 81.65% ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 1.06 ᠵᠠᠭᠤᠨ ᠬᠤᠪᠢ ᠪᠠᠷ ᠨᠡᠮᠡᠭᠳᠡᠪᠡ᠃
︵ᠭᠤᠷᠪᠠ︶ ᠢᠷᠭᠡᠨ ᠬᠡᠷᠡᠭᠭᠦᠢᠴᠡᠳᠬᠡᠯᠲᠡ ᠵᠢᠨ ᠠᠵᠢᠯᠯᠠᠭ᠎ᠠ ᠳᠤ ᠬᠢᠨᠠᠯᠲᠠ ᠲᠠᠯᠪᠢᠭᠰᠠᠨ ᠪᠠᠶᠢᠳᠠᠯ
ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳᠬᠦᠯᠢᠶᠡᠨ ᠰᠢᠢᠳᠪᠦᠷᠢᠯᠡᠭᠰᠡᠨ ᠬᠡᠷᠡᠭ ᠨᠡᠶᠢᠲᠡ 292 ᠬᠡᠷᠡᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 14.1% ᠪᠠᠷ ᠳᠣᠷᠤᠭᠰᠢᠯᠠᠪᠠ᠃ 189 ᠬᠤᠪᠢ ᠪᠠᠶᠢᠴᠠᠭᠠᠬᠤ ᠰᠠᠨᠠᠭᠤᠯᠭ᠎ᠠ ᠳᠤᠷᠠᠳᠴᠤ᠂ ᠬᠦᠯᠢᠶᠡᠨ ᠰᠢᠢᠳᠪᠦᠷᠢᠯᠡᠭᠰᠡᠨ ᠲᠣᠭᠠᠨ 64.73% ᠡᠵᠡᠯᠡᠵᠦ᠂ ᠲᠤᠰ ᠬᠤᠭᠤᠴᠠᠭᠠᠨ ᠳᠤ ᠰᠢᠭᠦᠬᠦ ᠬᠤᠷᠢᠶ᠎ᠠ 155 ᠬᠤᠪᠢ ᠶᠢ ᠨᠢ ᠬᠦᠯᠢᠶᠡᠨ ᠠᠪᠴᠤ᠂ ᠳᠤᠷᠠᠳᠤᠭᠰᠠᠨ ᠰᠠᠨᠠᠭᠤᠯᠭ᠎ᠠ ᠵᠢᠨ ᠲᠣᠭᠠᠨ 82.01% ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 25.42 ᠵᠠᠭᠤᠨ ᠬᠤᠪᠢ ᠪᠠᠷ ᠨᠡᠮᠡᠭᠳᠡᠪᠡ᠃
︵ᠳᠦᠷᠪᠡ︶ ᠢᠷᠭᠡᠨ ᠬᠡᠷᠡᠭᠬᠠᠭᠤᠷᠮᠠᠭ ᠵᠠᠷᠭᠤ ᠳᠤ ᠬᠢᠨᠠᠯᠲᠠ ᠲᠠᠯᠪᠢᠭᠰᠠᠨ ᠪᠠᠶᠢᠳᠠᠯ
ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳ ᠢᠷᠭᠡᠨ ᠬᠡᠷᠡᠭᠬᠦᠴᠦᠨ ᠲᠠᠢ ᠪᠣᠯᠤᠭᠰᠠᠨ ᠰᠢᠭᠦᠨ ᠲᠠᠰᠤᠯᠤᠯᠲᠠ᠂ ᠬᠢᠨᠠᠨ ᠲᠠᠰᠤᠯᠤᠯᠲᠠ᠂ ᠡᠶᠡᠳᠡᠭᠦᠯᠭᠡ ᠵᠢᠨ ᠪᠢᠴᠢᠭ ᠢ ᠬᠢᠨᠠᠭᠠᠳ ᠬᠠᠭᠤᠷᠮᠠᠭ ᠵᠠᠷᠭᠤ ᠪᠣᠯᠬᠤ 1 ᠬᠡᠷᠡᠭ ᠢ ᠢᠯᠡᠷᠡᠭᠦᠯᠪᠡ᠃
ᠭᠤᠷᠪᠠ᠂ ᠵᠠᠰᠠᠭ ᠵᠠᠬᠢᠷᠭᠠᠨ ᠬᠡᠷᠡᠭ ᠢ ᠪᠠᠶᠢᠴᠠᠭᠠᠬᠤ ᠠᠵᠢᠯᠬᠡᠷᠡᠭ ᠰᠢᠢᠳᠪᠦᠷᠢᠯᠡᠯᠲᠡ ᠵᠢᠨ ᠠᠨᠴᠢ ᠲᠥᠯᠥᠪ ᠲᠣᠭᠲᠠᠩᠭᠤᠢ ᠪᠠᠶᠢᠵᠤ᠂ ᠬᠢᠨᠠᠯᠲᠠ ᠲᠠᠯᠪᠢᠯᠲᠠ ᠵᠢᠨ ᠦᠷ᠎ᠡ ᠨᠦᠯᠦᠭᠡ ᠲᠣᠪᠣᠶᠢᠮᠠᠬᠠᠨ ᠪᠣᠯᠵᠠᠢ
︵ᠨᠢᠭᠡ︶ ᠵᠠᠰᠠᠭ ᠵᠠᠬᠢᠷᠭᠠᠨ ᠬᠡᠷᠡᠭᠬᠦᠴᠦᠨ ᠲᠠᠢ ᠪᠣᠯᠤᠭᠰᠠᠨ ᠰᠢᠭᠦᠨ ᠲᠠᠰᠤᠯᠤᠯᠲᠠ᠂ ᠬᠢᠨᠠᠨ ᠲᠠᠰᠤᠯᠤᠯᠲᠠ᠂ ᠡᠶᠡᠳᠡᠭᠦᠯᠭᠡ ᠵᠢᠨ ᠪᠢᠴᠢᠭ ᠲᠤ ᠬᠢᠨᠠᠯᠲᠠ ᠲᠠᠯᠪᠢᠭᠰᠠᠨ ᠪᠠᠶᠢᠳᠠᠯ
ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳᠬᠦᠯᠢᠶᠡᠨ ᠰᠢᠢᠳᠪᠦᠷᠢᠯᠡᠭᠰᠡᠨ ᠬᠡᠷᠡᠭ ᠨᠡᠶᠢᠲᠡ 12 ᠬᠡᠷᠡᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 9.1% ᠪᠠᠷ ᠳᠡᠭᠡᠭᠰᠢᠯᠡᠵᠦ᠂ ᠰᠢᠭᠦᠬᠦ ᠬᠤᠷᠢᠶ᠎ᠠ ᠬᠢᠨᠠᠨ ᠲᠣᠭᠲᠠᠭᠠᠭᠠᠳ 1 ᠬᠡᠷᠡᠭ ᠢ ᠳᠠᠬᠢᠨ ᠰᠢᠭᠦᠪᠡ᠃
︵ᠬᠤᠶᠠᠷ︶ ᠵᠠᠰᠠᠭ ᠵᠠᠬᠢᠷᠭᠠᠨ ᠬᠡᠷᠡᠭᠰᠢᠭᠦᠨ ᠲᠠᠰᠤᠯᠤᠯᠲᠠ ᠵᠢᠨ ᠠᠵᠢᠯᠯᠠᠭ᠎ᠠ ᠳᠤ ᠬᠢᠨᠠᠯᠲᠠ ᠲᠠᠯᠪᠢᠭᠰᠠᠨ ᠪᠠᠶᠢᠳᠠᠯ
ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳᠬᠦᠯᠢᠶᠡᠨ ᠰᠢᠢᠳᠪᠦᠷᠢᠯᠡᠭᠰᠡᠨ ᠬᠡᠷᠡᠭ ᠨᠡᠶᠢᠲᠡ 13 ᠬᠡᠷᠡᠭ ᠪᠠᠶᠢᠵᠤ᠂ 12 ᠬᠤᠪᠢ ᠪᠠᠶᠢᠴᠠᠭᠠᠬᠤ ᠰᠠᠨᠠᠭᠤᠯᠭ᠎ᠠ ᠳᠤᠷᠠᠳᠴᠤ᠂ ᠲᠤᠰ ᠬᠤᠭᠤᠴᠠᠭᠠᠨ ᠳᠤ 8 ᠬᠤᠪᠢ ᠶᠢ ᠨᠢ ᠬᠦᠯᠢᠶᠡᠨ ᠠᠪᠴᠤ᠂ ᠳᠤᠷᠠᠳᠤᠭᠰᠠᠨ ᠰᠠᠨᠠᠭᠤᠯᠭ᠎ᠠ ᠵᠢᠨ ᠲᠣᠭᠠᠨ 66.67% ᠡᠵᠡᠯᠡᠪᠡ᠃
︵ᠭᠤᠷᠪᠠ︶ ᠵᠠᠰᠠᠭ ᠵᠠᠬᠢᠷᠭᠠᠨ ᠬᠡᠷᠡᠭᠭᠦᠢᠴᠡᠳᠬᠡᠯᠲᠡ ᠵᠢᠨ ᠠᠵᠢᠯᠯᠠᠭ᠎ᠠ ᠳᠤ ᠬᠢᠨᠠᠯᠲᠠ ᠲᠠᠯᠪᠢᠭᠰᠠᠨ ᠪᠠᠶᠢᠳᠠᠯ
ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳᠬᠦᠯᠢᠶᠡᠨ ᠰᠢᠢᠳᠪᠦᠷᠢᠯᠡᠭᠰᠡᠨ ᠬᠡᠷᠡᠭ ᠨᠡᠶᠢᠲᠡ 85 ᠬᠡᠷᠡᠭ ᠪᠠᠶᠢᠵᠤ᠂ 59 ᠬᠤᠪᠢ ᠪᠠᠶᠢᠴᠠᠭᠠᠬᠤ ᠰᠠᠨᠠᠭᠤᠯᠭ᠎ᠠ ᠳᠤᠷᠠᠳᠴᠤ᠂ ᠬᠦᠯᠢᠶᠡᠨ ᠰᠢᠢᠳᠪᠦᠷᠢᠯᠡᠭᠰᠡᠨ ᠲᠣᠭᠠᠨ 69.41% ᠡᠵᠡᠯᠡᠵᠦ᠂ ᠲᠤᠰ ᠬᠤᠭᠤᠴᠠᠭᠠᠨ ᠳᠤ ᠰᠢᠭᠦᠬᠦ ᠬᠤᠷᠢᠶ᠎ᠠ 44 ᠬᠤᠪᠢ ᠶᠢ ᠨᠢ ᠬᠦᠯᠢᠶᠡᠨ ᠠᠪᠴᠤ᠂ ᠬᠦᠯᠢᠶᠡᠨ ᠠᠪᠤᠯᠲᠠ ᠵᠢᠨ ᠨᠤᠷᠮ᠎ᠠ 74.58% ᠳᠤ ᠬᠦᠷᠪᠡ᠃
ᠳᠦᠷᠪᠡ᠂ ᠨᠡᠶᠢᠲᠡ ᠵᠢᠨ ᠠᠰᠢᠭᠵᠠᠷᠭᠤ ᠵᠢᠨ ᠵᠠᠭᠠᠯᠳᠤᠯᠭ᠎ᠠ ᠵᠢᠨ ᠰᠢᠭᠦᠨ ᠲᠠᠰᠤᠯᠤᠯᠲᠠ ᠵᠢᠨ ᠳᠡᠮᠵᠢᠯᠭᠡ ᠣᠯᠣᠯᠲᠠ ᠬᠢᠭᠡᠳ ᠡᠶᠡᠳᠡᠭᠦᠯᠭᠡ ᠵᠢᠨ ᠨᠤᠷᠮ᠎ᠠ ᠦᠨᠳᠦᠷ ᠪᠠᠶᠢᠵᠤ᠂ ᠬᠡᠷᠡᠭ ᠰᠢᠢᠳᠪᠦᠷᠢᠯᠡᠯᠲᠡ ᠵᠢᠨ ᠦᠷ᠎ᠡ ᠨᠦᠯᠦᠭᠡ ᠢᠯᠡᠷᠬᠡᠢ᠃
︵ᠨᠢᠭᠡ︶ ᠬᠡᠷᠡᠭ ᠬᠦᠯᠢᠶᠡᠨ ᠰᠢᠢᠳᠪᠦᠷᠢᠯᠡᠭᠰᠡᠨ ᠪᠠ ᠬᠡᠷᠡᠭ ᠪᠣᠯᠭᠠᠯᠲᠠ ᠵᠢᠨ ᠨᠤᠷᠮ᠎ᠠ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳᠬᠦᠯᠢᠶᠡᠨ ᠰᠢᠢᠳᠪᠦᠷᠢᠯᠡᠭᠰᠡᠨ ᠬᠡᠷᠡᠭᠰᠦᠪᠡᠭᠴᠢ ᠨᠡᠶᠢᠲᠡ 226 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 47.93% ᠪᠠᠷ ᠳᠣᠷᠤᠭᠰᠢᠯᠠᠪᠠ᠃ 171 ᠰᠦᠪᠡᠭᠴᠢ ᠶᠢ ᠨᠢ ᠬᠡᠷᠡᠭ ᠪᠣᠯᠭᠠᠵᠤ᠂ ᠬᠦᠯᠢᠶᠡᠨ ᠰᠢᠢᠳᠪᠦᠷᠢᠯᠡᠭᠰᠡᠨ ᠰᠦᠪᠡᠭᠴᠢ ᠵᠢᠨ ᠲᠣᠭᠠᠨ 75.66% ᠡᠵᠡᠯᠡᠪᠡ᠃ ᠡᠭᠦᠨ ᠳᠤ᠂ ᠢᠷᠭᠡᠨ ᠬᠡᠷᠡᠭ ᠲᠤ ᠠᠩᠭᠢᠯᠠᠭᠳᠠᠬᠤ ᠨᠢ 30 ᠬᠡᠷᠡᠭ᠂ ᠵᠠᠰᠠᠭ ᠵᠠᠬᠢᠷᠭᠠᠨ ᠬᠡᠷᠡᠭ ᠲᠤ ᠠᠩᠭᠢᠯᠠᠭᠳᠠᠬᠤ ᠨᠢ 141 ᠬᠡᠷᠡᠭ᠃
︵ᠬᠤᠶᠠᠷ︶ ᠵᠠᠷᠭᠤ ᠠᠴᠠ ᠡᠮᠦᠨᠡᠬᠢ ᠵᠢᠷᠤᠮ ᠢ ᠦᠷᠨᠢᠭᠦᠯᠦᠭᠰᠡᠨ ᠪᠠᠶᠢᠳᠠᠯ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳ 174 ᠬᠡᠷᠡᠭ ᠲᠤ ᠵᠠᠷᠭᠤ ᠠᠴᠠ ᠡᠮᠦᠨᠡᠬᠢ ᠵᠢᠷᠤᠮ ᠢ ᠦᠷᠨᠢᠭᠦᠯᠵᠦ᠂ ᠠᠳᠠᠯᠢ ᠬᠤᠭᠤᠴᠠᠭᠠᠨ ᠤ ᠬᠢ ᠠᠴᠠ 55.27% ᠪᠠᠷ ᠳᠣᠷᠤᠭᠰᠢᠯᠠᠪᠠ᠃ ᠡᠭᠦᠨ ᠳᠤ ᠢᠷᠭᠡᠨ ᠬᠡᠷᠡᠭᠨᠡᠶᠢᠲᠡ ᠵᠢᠨ ᠠᠰᠢᠭᠵᠠᠷᠭᠤ ᠵᠢᠨ ᠵᠠᠷᠭᠤ ᠠᠴᠠ ᠡᠮᠦᠨᠡᠬᠢ ᠵᠢᠷᠤᠮ ᠢ ᠦᠷᠨᠢᠭᠦᠯᠦᠭᠰᠡᠨ ᠬᠡᠷᠡᠭ 34 ᠪᠠᠶᠢᠵᠤ᠂ 19.54% ᠡᠵᠡᠯᠡᠨ᠎ᠡ᠂ ᠵᠠᠰᠠᠭ ᠵᠠᠬᠢᠷᠭᠠᠨ ᠬᠡᠷᠡᠭᠨᠡᠶᠢᠲᠡ ᠵᠢᠨ ᠠᠰᠢᠭᠵᠠᠷᠭᠤ ᠵᠢᠨ ᠵᠠᠷᠭᠤ ᠠᠴᠠ ᠡᠮᠦᠨᠡᠬᠢ ᠵᠢᠷᠤᠮ ᠢ ᠦᠷᠨᠢᠭᠦᠯᠦᠭᠰᠡᠨ ᠬᠡᠷᠡᠭ 140 ᠪᠠᠶᠢᠵᠤ᠂ 80.46% ᠡᠵᠡᠯᠡᠨ᠎ᠡ᠃
ᠵᠠᠷᠭᠤ ᠠᠴᠠ ᠡᠮᠦᠨᠡᠬᠢ ᠵᠢᠷᠤᠮ ᠢ ᠦᠷᠨᠢᠭᠦᠯᠦᠭᠰᠡᠨ ᠬᠡᠷᠡᠭᠬᠤᠯᠪᠤᠭᠳᠠᠬᠤ ᠬᠦᠷᠢᠶ᠎ᠡ ᠴᠠᠷ᠎ᠠ ᠠᠴᠠ ᠦᠵᠡᠪᠡᠯ᠂ ᠡᠵᠡᠯᠡᠬᠦ ᠨᠤᠷᠮ᠎ᠠ ᠬᠠᠮᠤᠭ ᠦᠨᠳᠦᠷ ᠪᠣᠯᠬᠤ ᠨᠢ ᠪᠠᠰᠠ ᠯᠡ ᠠᠮᠢ ᠠᠬᠤᠢ ᠣᠷᠴᠢᠨ ᠲᠣᠭᠤᠷᠢᠨ ᠪᠠ ᠡᠬᠢ ᠪᠠᠶᠠᠯᠢᠭ ᠢ ᠬᠠᠮᠠᠭᠠᠯᠠᠬᠤ ᠬᠦᠷᠢᠶᠡᠨ ᠳᠠᠬᠢ ᠬᠡᠷᠡᠭ ᠤᠳ ᠪᠠᠶᠢᠵᠤ᠂ ᠨᠡᠶᠢᠲᠡ 96 ᠬᠡᠷᠡᠭ᠂ 55.17% ᠡᠵᠡᠯᠡᠨ᠎ᠡ᠃ ᠢᠳᠡᠭᠡᠨ ᠪᠠ ᠡᠮᠵᠦᠢᠯᠬᠦᠷᠢᠶᠡᠨ ᠳᠠᠬᠢ 27 ᠬᠡᠷᠡᠭ ᠢ ᠰᠢᠢᠳᠪᠦᠷᠢᠯᠡᠵᠦ᠂15.52% ᠡᠵᠡᠯᠡᠪᠡ᠃ ᠤᠯᠤᠰᠡᠳ᠋ ᠬᠦᠷᠦᠩᠭᠡ ᠵᠢᠨ ᠬᠠᠮᠠᠭᠠᠯᠠᠬᠤᠢ ᠪᠠ ᠤᠯᠤᠰᠭᠠᠵᠠᠷ ᠰᠢᠷᠣᠢ ᠵᠢᠨ ᠬᠡᠷᠡᠭᠯᠡᠯᠲᠡ ᠰᠢᠯᠵᠢᠭᠦᠯᠦᠭᠰᠡᠨ ᠪᠦᠬᠦᠢ ᠬᠦᠷᠢᠶᠡᠨ ᠳᠠᠬᠢ 14 ᠬᠡᠷᠡᠭ ᠢ ᠰᠢᠢᠳᠪᠦᠷᠢᠯᠡᠵᠦ᠂ 8.05% ᠡᠵᠡᠯᠡᠪᠡ᠃ ᠪᠤᠰᠤᠳ ᠬᠦᠷᠢᠶᠡᠨ ᠳᠠᠬᠢ 37 ᠬᠡᠷᠡᠭ ᠢ ᠰᠢᠢᠳᠪᠦᠷᠢᠯᠡᠵᠦ᠂ 21.26% ᠡᠵᠡᠯᠡᠪᠡ᠃
︵ᠭᠤᠷᠪᠠ︶ ᠠᠯᠪᠠᠨ ᠵᠠᠭᠠᠯᠳᠤᠯᠭ᠎ᠠ ᠭᠠᠷᠭᠠᠭᠰᠠᠨ ᠪᠠ ᠰᠢᠭᠦᠨ ᠲᠠᠰᠤᠯᠤᠭᠰᠠᠨ ᠪᠠᠶᠢᠳᠠᠯ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳᠠᠯᠪᠠᠨ ᠵᠠᠭᠠᠯᠳᠤᠯᠭ᠎ᠠ ᠭᠠᠷᠭᠠᠭᠰᠠᠨ ᠬᠡᠷᠡᠭ ᠨᠡᠶᠢᠲᠡ19 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 26.67% ᠪᠠᠷ ᠳᠡᠭᠡᠭᠰᠢᠯᠡᠪᠡ᠂ ᠨᠢᠭᠡᠳᠦᠭᠡᠷ ᠰᠢᠭᠦᠯᠲᠡ ᠳᠤ 7 ᠬᠡᠷᠡᠭ ︵ᠬᠤᠷᠠᠮᠠᠯ ᠬᠡᠷᠡᠭ ᠪᠠᠭᠲᠠᠨ᠎ᠠ︶ ᠵᠠᠭᠠᠯᠳᠤᠯᠭ᠎ᠠ ᠳᠡᠮᠵᠢᠭᠦᠯᠦᠭᠰᠡᠨ ᠲᠠᠰᠤᠯᠤᠯᠲᠠ ᠣᠯᠵᠤ᠂ ᠢᠷᠭᠡᠨ ᠬᠡᠷᠡᠭᠡᠶᠡᠳᠡᠭᠦᠯᠭᠡ 11 ᠬᠢᠵᠡᠢ᠃
︵ᠳᠦᠷᠪᠡ︶ ᠬᠡᠷᠡᠭ ᠰᠢᠢᠳᠪᠦᠷᠢᠯᠡᠯᠲᠡ ᠵᠢᠨ ᠦᠷ᠎ᠡ ᠨᠦᠯᠦᠭᠡ᠃ ᠬᠡᠷᠡᠭ ᠰᠢᠢᠳᠪᠦᠷᠢᠯᠡᠬᠦ ᠪᠠᠷ ᠳᠠᠮᠵᠢᠨ ᠬᠠᠤᠯᠢ ᠪᠤᠰᠤ ᠪᠠᠷ ᠬᠠᠭᠠᠯᠪᠤᠷᠢᠯᠠᠭᠳᠠᠭᠰᠠᠨ 20 ᠮᠤ᠋ ᠣᠶᠢᠲᠤ ᠭᠠᠵᠠᠷ᠂ ᠡᠪᠡᠰᠦᠲᠦ ᠪᠡᠯᠴᠢᠭᠡᠷ ᠢ ᠱᠠᠯᠠᠪᠳᠠᠭᠤᠯᠤᠨ ᠰᠡᠷᠭᠦᠭᠡᠯᠭᠡᠵᠡᠢ᠂ ᠠᠮᠢᠳᠤᠷᠠᠯᠡᠯᠡ ᠲᠥᠷᠥᠯ3.2 ᠲᠤᠨ ᠬᠤᠭ ᠨᠣᠪᠰᠢ ᠱᠠᠯᠠᠪᠳᠠᠭᠤᠯᠤᠨ ᠠᠷᠢᠯᠭᠠᠭᠤᠯᠵᠠᠢ᠂ ᠠᠵᠤ ᠠᠬᠤᠶᠢᠯᠠᠯᠭᠠᠶᠢᠯᠢ᠂ ᠬᠤᠭᠤᠴᠠᠭ᠎ᠠ ᠰᠠᠭᠠᠲᠠᠭᠠᠭᠰᠠᠨ ᠮᠥᠩᠭᠦ ᠨᠡᠶᠢᠲᠡ 590.31 ᠲᠦᠮᠡᠨ ᠲᠦᠭᠦᠷᠢᠭ ᠢ ᠲᠤᠰᠢᠶᠠᠯᠭᠠᠨ ᠬᠤᠷᠢᠶᠠᠯᠭᠠᠵᠠᠢ᠂ ᠪᠤᠰᠤᠳ ᠦᠷᠢᠲᠦᠯ6.5 ᠲᠦᠮᠡᠨ ᠲᠦᠭᠦᠷᠢᠭᠤᠯᠤᠰᠡᠳ᠋ ᠬᠦᠷᠦᠩᠭᠡ ᠡᠬᠡᠭᠦᠯᠦᠨ ᠠᠪᠴᠢᠷᠠᠭᠤᠯᠵᠠᠢ᠃
ᠲᠠᠪᠤ᠂ ᠨᠠᠰᠤᠨ ᠳᠤ ᠥᠯᠦ ᠬᠦᠷᠦᠭᠰᠡᠳ ᠯᠦᠭᠡ ᠬᠤᠯᠪᠤᠭᠳᠠᠭᠰᠠᠨ ᠡᠷᠡᠭᠦᠦ ᠵᠢᠨ ᠬᠡᠷᠡᠭᠲᠤᠭᠠ ᠬᠠᠷᠢᠴᠠᠩᠭᠤᠢ ᠲᠣᠭᠲᠠᠪᠤᠷᠢᠲᠠᠢ ᠪᠠᠶᠢᠵᠤ᠂ ᠣᠨᠴᠠᠭᠠᠢ ᠳᠦᠷᠢᠮ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠪᠠ
︵ᠨᠢᠭᠡ︶ ᠪᠠᠷᠢᠪᠴᠢᠯᠠᠬᠤ ᠬᠢᠨᠠᠨ ᠪᠠᠶᠢᠴᠠᠭᠠᠭᠰᠠᠨ ᠪᠠᠶᠢᠳᠠᠯ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳ ᠨᠠᠰᠤᠨ ᠳᠤ ᠥᠯᠥ ᠬᠦᠷᠦᠭᠰᠡᠨ 3 ᠬᠦᠮᠦᠨ ᠳᠤ ᠪᠠᠷᠢᠪᠴᠢᠯᠠᠬᠤ ᠵᠥᠪᠰᠢᠶᠡᠷᠡᠭᠰᠡᠨ ᠲᠣᠭᠲᠠᠭᠠᠯ ᠭᠠᠷᠭᠠᠵᠤ᠂ ᠠᠳᠠᠯᠢ ᠬᠤᠭᠤᠴᠠᠭᠠᠨ ᠤ ᠬᠢ ᠲᠠᠢ ᠲᠡᠩᠴᠡᠪᠡ᠃ ᠨᠠᠰᠤᠨ ᠳᠤ ᠥᠯᠥ ᠬᠦᠷᠦᠭᠰᠡᠳᠡᠷᠬᠡᠨ ᠳᠤ ᠬᠠᠯᠳᠠᠭᠰᠠᠨ ᠶᠠᠯᠠᠲᠤ ᠠᠵᠢᠯᠯᠠᠭ᠎ᠠ ᠬᠢᠭᠰᠡᠨ 13 ᠬᠦᠮᠦᠨ ᠳᠤ ᠪᠠᠷᠢᠪᠴᠢᠯᠠᠬᠤ ᠵᠥᠪᠰᠢᠶᠡᠷᠡᠭᠰᠡᠨ ᠲᠣᠭᠲᠠᠭᠠᠯ ᠭᠠᠷᠭᠠᠵᠤ᠂ ᠠᠳᠠᠯᠢ ᠬᠤᠭᠤᠴᠠᠭᠠᠨ ᠤ ᠬᠢ ᠲᠠᠢ ᠲᠡᠩᠴᠡᠪᠡ᠃
︵ᠬᠤᠶᠠᠷ︶ ᠵᠠᠭᠠᠯᠳᠤᠬᠤ ᠬᠢᠨᠠᠨ ᠪᠠᠶᠢᠴᠠᠭᠠᠭᠰᠠᠨ ᠪᠠᠶᠢᠳᠠᠯ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳ ᠶᠠᠯ᠎ᠠ ᠬᠢᠭᠰᠡᠨ ᠨᠠᠰᠤᠨ ᠳᠤ ᠬᠦᠷᠦᠭᠡᠳᠦᠢ 4 ᠬᠦᠮᠦᠨ ᠢ ᠵᠠᠭᠠᠯᠳᠤᠵᠤ᠂ ᠠᠳᠠᠯᠢ ᠬᠤᠭᠤᠴᠠᠭᠠᠨ ᠤ ᠬᠢ ᠠᠴᠠ 60% ᠪᠠᠷ ᠳᠣᠷᠣᠭᠰᠢᠯᠠᠪᠠ᠃ 8 ᠬᠦᠮᠦᠨ ᠳᠤ ᠬᠠᠷᠢᠴᠠᠩᠭᠤᠢ ᠥᠯᠥ ᠵᠠᠭᠠᠯᠳᠤᠬᠤ ᠲᠣᠭᠲᠠᠭᠠᠯ ᠭᠠᠷᠭᠠᠵᠤ᠂ ᠠᠳᠠᠯᠢ ᠬᠤᠭᠤᠴᠠᠭᠠᠨ ᠤ ᠬᠢ ᠠᠴᠠ 60% ᠪᠠᠷ ᠳᠣᠷᠤᠭᠰᠢᠯᠠᠪᠠ᠂ 3 ᠬᠦᠮᠦᠨ ᠳᠤ ᠨᠦᠬᠦᠴᠡᠯᠲᠦ ᠥᠯᠥ ᠵᠠᠭᠠᠯᠳᠤᠬᠤ ᠲᠣᠭᠲᠠᠭᠠᠯ ᠭᠠᠷᠭᠠᠵᠤ᠂ ᠠᠳᠠᠯᠢ ᠬᠤᠭᠤᠴᠠᠭᠠᠨ ᠤ ᠬᠢ ᠠᠴᠠ 50% ᠪᠠᠷ ᠳᠡᠭᠡᠭᠰᠢᠯᠡᠪᠡ᠃ ᠨᠠᠰᠤᠨ ᠳᠤ ᠥᠯᠥ ᠬᠦᠷᠦᠭᠰᠡᠳᠡᠷᠬᠡᠨ ᠳᠤ ᠬᠠᠯᠳᠠᠭᠰᠠᠨ ᠶᠠᠯᠠᠲᠤ ᠠᠵᠢᠯᠯᠠᠭ᠎ᠠ ᠬᠢᠭᠰᠡᠨ 18 ᠬᠦᠮᠦᠨ ᠳᠤ ᠵᠠᠭᠠᠯᠳᠤᠬᠤ ᠲᠣᠭᠲᠠᠭᠠᠯ ᠭᠠᠷᠭᠠᠵᠤ᠂ ᠠᠳᠠᠯᠢ ᠬᠤᠭᠤᠴᠠᠭᠠᠨ ᠤ ᠬᠢ ᠲᠠᠢ ᠲᠡᠩᠴᠡᠪᠡ᠃
︵ᠭᠤᠷᠪᠠ︶ ᠬᠠᠮᠢᠶ᠎ᠠ ᠪᠦᠬᠦᠢ ᠣᠨᠴᠠᠭᠠᠢ ᠳᠦᠷᠢᠮ ᠢ ᠬᠡᠷᠡᠭᠵᠢᠭᠦᠯᠦᠨ ᠠᠵᠢᠯ ᠦᠷᠨᠢᠭᠦᠯᠦᠭᠰᠡᠨ ᠪᠠᠶᠢᠳᠠᠯ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳ 29 ᠬᠦᠮᠦᠨ ᠤᠳᠠᠭ᠎ᠠ ᠳᠤ ᠨᠠᠶᠢᠳᠠᠯᠭ᠎ᠠ ᠥᠭᠭᠦᠯᠲᠡ ᠪᠠᠷ ᠪᠣᠶᠣ ᠦᠪᠡᠷ ᠢᠶᠠᠨ ᠨᠡᠶᠢᠭᠡᠮᠪᠠᠶᠢᠴᠠᠭᠠᠯᠲᠠ ᠦᠷᠨᠢᠭᠦᠯᠪᠡ︔ 23 ᠬᠦᠮᠦᠨ ᠤᠳᠠᠭ᠎ᠠ ᠳᠤ ᠰᠡᠳᠬᠢᠴᠡ ᠵᠢᠨ ᠰᠣᠷᠢᠯᠲᠠ ᠵᠢᠴᠢ ᠵᠢᠯᠤᠭᠤᠳᠤᠮᠵᠢ ᠬᠢᠪᠡ︔ 45 ᠬᠦᠮᠦᠨ ᠤᠳᠠᠭ᠎ᠠ ᠳᠤ ᠬᠠᠪᠰᠤᠷᠤᠨ ᠰᠤᠷᠭᠠᠬᠤ ᠬᠦᠮᠦᠵᠢᠭᠦᠯᠦᠯ ᠬᠢᠪᠡ︔ 8ᠤᠳᠠᠭ᠎ᠠ ᠨᠡᠶᠢᠭᠡᠮᠲᠤᠰᠬᠠᠢ ᠮᠡᠷᠭᠡᠵᠢᠯᠲᠡᠨ ᠢ ᠤᠷᠢᠵᠤ ᠤᠷᠤᠯᠴᠠᠭᠤᠯᠪᠠ︔ ᠨᠠᠰᠤᠨ ᠳᠤ ᠬᠦᠷᠦᠭᠡᠳᠦᠢ ᠬᠦᠮᠦᠨ ᠬᠠᠷᠠᠭᠠᠯᠵᠠᠯ ᠬᠠᠮᠠᠭᠠᠯᠠᠭᠤᠯᠤᠯᠡᠷᠬᠡ ᠵᠢᠬᠤᠪᠢᠷᠠᠭᠤᠯᠬᠤ 1 ᠬᠡᠷᠡᠭ ᠲᠤ ᠰᠠᠨᠠᠭᠤᠯᠭ᠎ᠠ ᠥᠭᠴᠦ ᠳᠡᠮᠵᠢᠵᠡᠢ᠃ ᠰᠤᠷᠭᠠᠭᠤᠯᠢ ᠳᠤ ᠬᠦᠷᠴᠦ ᠬᠠᠤᠯᠢ ᠵᠠᠰᠠᠯᠲᠠ ᠵᠢᠨ ᠤᠬᠠᠭᠤᠯᠭ᠎ᠠ 89 ᠤᠳᠠᠭ᠎ᠠ ᠦᠷᠨᠢᠭᠦᠯᠵᠦ᠂ 5 ᠲᠦᠮᠡᠨ ᠪᠠᠭᠰᠢ᠂ ᠰᠤᠷᠤᠭᠴᠢ ᠬᠠᠮᠤᠷᠴᠠᠢ᠃
ᠵᠢᠷᠭᠤᠭ᠎ᠠ᠂ ᠵᠠᠬᠢᠳᠠᠯ ᠰᠤᠷᠪᠤᠯᠵᠢᠯᠠᠯᠬᠡᠷᠡᠭᠬᠦᠯᠢᠶᠡᠨ ᠠᠪᠤᠯᠲᠠ ᠨᠡᠯᠢᠶᠡᠳ ᠶᠡᠭᠡ ᠬᠡᠮᠵᠢᠶ᠎ᠡ ᠪᠠᠷ ᠳᠣᠷᠤᠭᠰᠢᠯᠠᠵᠤ᠂ ᠬᠠᠤᠯᠢ ᠪᠠᠷᠢᠬᠤᠢ ᠵᠢᠨ ᠲᠤᠰᠠᠯᠠᠯᠬᠦᠴᠦᠯᠡᠴᠡ ᠨᠡᠮᠡᠭᠳᠡᠪᠡ
2021ᠣᠨ 1 ᠳ᠋ᠤᠭᠡᠷ ᠰᠠᠷ᠎ᠠ ᠠᠴᠠ 6 ᠳ᠋ᠤᠭᠠᠷ ᠰᠠᠷ᠎ᠠ ᠳᠤ᠂ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳᠬᠦᠯᠢᠶᠡᠨ ᠣᠯᠣᠭᠰᠠᠨ ᠣᠯᠠᠨ ᠲᠦᠮᠡᠨ ᠵᠠᠬᠢᠳᠠᠯ ᠰᠤᠷᠪᠤᠯᠵᠢᠯᠠᠯ 948 ᠬᠤᠪᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 89% ᠪᠠᠷ ᠳᠣᠷᠤᠭᠰᠢᠯᠠᠵᠠᠢ᠃ ᠬᠤᠶᠠᠳᠤᠭᠠᠷ ᠤᠯᠠᠷᠢᠯᠬᠦᠯᠢᠶᠡᠨ ᠣᠯᠣᠭᠰᠠᠨ ᠣᠯᠠᠨ ᠲᠦᠮᠡᠨ ᠵᠠᠬᠢᠳᠠᠯ ᠰᠤᠷᠪᠤᠯᠵᠢᠯᠠᠯ 599 ᠬᠤᠪᠢ ᠪᠠᠶᠢᠵᠤ᠂ ᠦᠶᠡᠯᠡᠯᠬᠠᠷᠢᠴᠠᠯ 72% ᠪᠠᠷ ᠳᠡᠭᠡᠭᠰᠢᠯᠡᠵᠡᠢ᠃ ᠬᠠᠤᠯᠢ ᠪᠠᠷᠢᠬᠤᠢ ᠵᠢᠨ ᠲᠤᠰᠠᠯᠠᠯ ᠳᠤ 10 ᠬᠦᠮᠦᠨ ᠲᠤᠰᠠᠯᠠᠭᠳᠠᠵᠤ᠂ ᠠᠳᠠᠯᠢ ᠬᠤᠭᠤᠴᠠᠭᠠᠨ ᠤ ᠬᠢ ᠠᠴᠠ 43% ᠪᠠᠷ ᠳᠡᠭᠡᠭᠰᠢᠯᠡᠵᠡᠢ᠃
ᠳᠣᠯᠤᠭ᠎ᠠ᠂ ᠬᠦᠭᠵᠢᠭᠦᠯᠦᠯᠲᠡ ᠵᠢᠨ ᠶᠡᠭᠡ ᠲᠠᠯ᠎ᠠ ᠳᠤ ᠦᠢᠯᠡᠴᠢᠯᠡᠨ ᠪᠠᠲᠤᠯᠠᠭ᠎ᠠ ᠬᠠᠩᠭᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠪᠠᠶᠢᠩᠭᠤᠵᠢᠭᠤᠯᠤᠨ ᠠᠬᠢᠭᠤᠯᠪᠠ
︵ᠨᠢᠭᠡ︶ ᠨᠡᠶᠢᠲᠡ ᠵᠢᠨ ᠪᠤᠰᠤ ᠠᠵᠤ ᠠᠬᠤᠢ ᠵᠢᠨ ᠬᠦᠭᠵᠢᠭᠦᠯᠦᠯᠲᠡ ᠳᠤ ᠦᠢᠯᠡᠴᠢᠯᠡᠨ ᠪᠠᠲᠤᠯᠠᠭ᠎ᠠ ᠬᠠᠩᠭᠠᠭᠰᠠᠨ ᠪᠠᠶᠢᠳᠠᠯ᠃
ᠬᠠᠤᠯᠢ ᠶᠣᠰᠤᠭᠠᠷ ᠵᠠᠯᠬᠠᠭᠠᠨ ᠰᠢᠢᠳᠬᠡᠬᠦ ᠪᠠ ᠡᠷᠬᠡ ᠲᠡᠭᠰᠢ ᠪᠠᠷ ᠬᠠᠮᠠᠭᠠᠯᠠᠬᠤ ᠤᠷᠭᠠᠨᠢᠭ ᠢᠶᠠᠷ ᠤᠶᠠᠯᠳᠤᠭᠤᠯᠬᠤ ᠪᠠᠷᠢᠮᠲᠠᠯᠠᠪᠠ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳ ᠨᠡᠶᠢᠭᠡᠮ ᠵᠢᠷᠤᠮᠵᠠᠬᠠ ᠳᠡᠯᠭᠡᠭᠦᠷᠠᠵᠤ ᠠᠬᠤᠢ ᠵᠢᠨ ᠡᠮᠬᠢ ᠲᠢᠭᠯᠢᠮ ᠢ ᠡᠪᠳᠡᠭᠰᠡᠨ ᠶᠠᠯ᠎ᠠ ᠬᠢᠭᠰᠡᠨ 25 ᠬᠡᠷᠡᠭ 39 ᠬᠦᠮᠦᠨ ᠳᠤ ᠪᠠᠷᠢᠪᠴᠢᠯᠠᠬᠤ ᠵᠥᠪᠰᠢᠶᠡᠷᠡᠭᠰᠡᠨ ᠲᠣᠭᠲᠠᠭᠠᠯ ᠪᠣᠶᠣ ᠪᠠᠷᠢᠪᠴᠢᠯᠠᠬᠤ ᠲᠣᠭᠲᠠᠭᠠᠯ ᠭᠠᠷᠭᠠᠵᠤ᠂ 5 ᠬᠡᠷᠡᠭ 15 ᠬᠦᠮᠦᠨ ᠳᠤ ᠪᠠᠷᠢᠪᠴᠢᠯᠠᠬᠤ ᠥᠯᠥ ᠵᠥᠪᠰᠢᠶᠡᠷᠡᠭᠰᠡᠨ ᠪᠣᠶᠣ ᠥᠯᠥ ᠪᠠᠷᠢᠪᠴᠢᠯᠠᠬᠤ ᠲᠣᠭᠲᠠᠭᠠᠯ ᠭᠠᠷᠭᠠᠵᠤ᠂ 35 ᠬᠡᠷᠡᠭ 89 ᠬᠦᠮᠦᠨ ᠳᠤ ᠠᠯᠪᠠᠨ ᠵᠠᠭᠠᠯᠳᠤᠯᠭ᠎ᠠ ᠭᠠᠷᠭᠠᠵᠤ᠂ 19 ᠬᠡᠷᠡᠭ 30 ᠬᠦᠮᠦᠨ ᠢ ᠥᠯᠥ ᠵᠠᠭᠠᠯᠳᠤᠪᠠ᠃ ᠢᠷᠭᠡᠨ ᠬᠡᠷᠡᠭ ᠢ ᠪᠠᠶᠢᠴᠠᠭᠠᠬᠤ ᠰᠠᠯᠠᠭ᠎ᠠ ᠮᠦᠴᠢᠷ ᠠᠴᠠ ᠨᠡᠶᠢᠲᠡ ᠵᠢᠨ ᠪᠤᠰᠤ ᠠᠵᠤ ᠠᠬᠤᠢ ᠵᠢᠨ ᠬᠦᠭᠵᠢᠯᠲᠡ ᠨᠦᠯᠦᠭᠡᠯᠡᠭᠰᠡᠨ 2 ᠬᠡᠷᠡᠭ ᠲᠤ ᠡᠰᠡᠷᠭᠦᠴᠡᠭᠰᠡᠨ ᠵᠠᠭᠠᠯᠳᠤᠯᠭ᠎ᠠ ᠳᠤᠷᠠᠳᠤᠭᠰᠠᠨ ᠪᠣᠶᠣ ᠳᠠᠬᠢᠨ ᠰᠢᠭᠦᠯᠭᠡᠬᠦ ᠪᠠᠶᠢᠴᠠᠭᠠᠬᠤ ᠰᠠᠨᠠᠭᠤᠯᠭ᠎ᠠ ᠳᠤᠷᠠᠳᠴᠤ᠂ ᠭᠦᠢᠴᠡᠳᠬᠡᠯᠲᠡ ᠵᠢᠨ ᠠᠵᠢᠯᠯᠠᠭ᠎ᠠ ᠳᠤ 1 ᠬᠤᠪᠢ ᠪᠠᠶᠢᠴᠠᠭᠠᠬᠤ ᠰᠠᠨᠠᠭᠤᠯᠭ᠎ᠠ ᠳᠤᠷᠠᠳᠴᠠᠢ᠃
︵ᠬᠤᠶᠠᠷ︶ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯᠠᠵᠢᠯᠪᠠᠶᠢᠳᠠᠯ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳ ᠬᠠᠷ᠎ᠠ ᠪᠦᠯᠦᠭᠲᠡᠨ ᠬᠠᠷᠭᠢᠰ ᠬᠦᠴᠦᠨ ᠶᠠᠯ᠎ᠠ ᠬᠢᠭᠰᠡᠨ 2 ᠬᠦᠮᠦᠨ ᠳᠤ ᠪᠠᠷᠢᠪᠴᠢᠯᠠᠬᠤ ᠵᠥᠪᠰᠢᠶᠡᠷᠡᠭᠰᠡᠨ ᠲᠣᠭᠲᠠᠭᠠᠯ ᠭᠠᠷᠭᠠᠵᠤ᠂ 1 ᠬᠡᠷᠡᠭ 13 ᠬᠦᠮᠦᠨ ᠢ ᠬᠢᠨᠠᠨ ᠵᠠᠭᠠᠯᠳᠤᠵᠤ᠂ ᠨᠢᠭᠡᠳᠦᠭᠡᠷ ᠰᠢᠭᠦᠯᠲᠡ ᠳᠤ 1 ᠬᠦᠮᠦᠨ ᠳᠤ ᠬᠦᠴᠦᠨ ᠲᠠᠢ ᠬᠢᠨᠠᠨ ᠲᠠᠰᠤᠯᠤᠯᠲᠠ ᠭᠠᠷᠭᠠᠵᠠᠢ᠃
ᠨᠠᠢᠮᠠ᠂ ᠬᠤᠷᠢᠶᠠᠨ ᠤᠳᠤᠷᠢᠳᠤᠯᠭ᠎ᠠ ᠨᠠᠷ ᠲᠣᠯᠤᠭᠠᠶᠢᠯᠠᠨ ᠬᠡᠷᠡᠭ ᠰᠢᠢᠳᠬᠡᠵᠦ᠂ ᠳᠠᠭᠠᠭᠤᠯᠤᠨ ᠵᠢᠯᠤᠭᠤᠳᠬᠤ ᠦᠢᠯᠡᠳᠦᠯ ᠢᠯᠡᠷᠬᠡᠢ ᠪᠠᠵᠢᠨ᠎ᠠ
︵ᠨᠢᠭᠡ︶ ᠪᠠᠶᠢᠴᠠᠭᠠᠬᠤ ᠲᠤᠰᠢᠶᠠᠯᠲᠠᠨ ᠣᠷᠣᠨ ᠲᠣᠭᠠᠨ ᠳᠤ ᠣᠷᠣᠭᠰᠠᠨ ᠤᠳᠤᠷᠢᠳᠤᠯᠭ᠎ᠠ ᠨᠠᠷᠬᠡᠷᠡᠭ ᠰᠢᠢᠳᠬᠡᠭᠰᠡᠨ ᠪᠠᠶᠢᠳᠠᠯ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳ ᠤᠨ ᠪᠠᠶᠢᠴᠠᠭᠠᠬᠤ ᠲᠤᠰᠢᠶᠠᠯᠲᠠᠨ ᠣᠷᠣᠨ ᠲᠣᠭᠠᠨ ᠳᠤ ᠣᠷᠣᠭᠰᠠᠨ ᠤᠳᠤᠷᠢᠳᠤᠯᠭ᠎ᠠ ᠨᠤᠭᠤᠳ ᠨᠡᠶᠢᠲᠡ 923 ᠬᠡᠷᠡᠭ ᠢ ᠰᠢᠢᠳᠬᠡᠵᠦ᠂ ᠪᠠᠶᠢᠴᠠᠭᠠᠬᠤ ᠳᠠᠷᠤᠭ᠎ᠠ ᠨᠠᠷ 107 ᠬᠡᠷᠡᠭ ᠰᠢᠢᠳᠬᠡᠵᠦ᠂ ᠤᠳᠤᠷᠢᠳᠤᠯᠭ᠎ᠠ ᠵᠢᠨ ᠰᠢᠢᠳᠬᠡᠭᠰᠡᠨ ᠬᠡᠷᠡᠭᠲᠣᠭᠠᠨ 11.59% ᠡᠵᠡᠯᠡᠪᠡ︔ ᠳᠡᠳ᠋ ᠪᠠᠶᠢᠴᠠᠭᠠᠬᠤ ᠳᠠᠷᠤᠭ᠎ᠠ᠂ ᠪᠠᠶᠢᠴᠠᠭᠠᠬᠤ ᠺᠣᠮᠢᠰᠲᠤᠰᠬᠠᠢ ᠬᠡᠰᠢᠭᠦᠨ ᠵᠢᠴᠢ ᠣᠷᠣᠨ ᠲᠤᠭ᠎ᠠ ᠳᠤ ᠣᠷᠣᠭᠰᠠᠨ ᠬᠤᠷᠢᠶᠠᠨ ᠪᠤᠰᠤᠳ ᠤᠳᠤᠷᠢᠳᠤᠯᠭ᠎ᠠ 816 ᠬᠡᠷᠡᠭ ᠰᠢᠢᠳᠬᠡᠵᠦ᠂ ᠤᠳᠤᠷᠢᠳᠤᠯᠭ᠎ᠠ ᠵᠢᠨ ᠰᠢᠢᠳᠬᠡᠭᠰᠡᠨ ᠬᠡᠷᠡᠭᠲᠣᠭᠠᠨ 88.41% ᠡᠵᠡᠯᠡᠪᠡ᠃
ᠣᠷᠣᠨ ᠲᠤᠭ᠎ᠠ ᠳᠤ ᠣᠷᠤᠭᠰᠠᠨ ᠬᠤᠷᠢᠶᠠᠨ ᠤᠳᠤᠷᠢᠳᠤᠯᠭ᠎ᠠ ᠵᠢᠨ ᠰᠢᠢᠳᠬᠡᠭᠰᠡᠨ ᠬᠡᠷᠡᠭ ᠤᠳ ᠲᠤ᠂ ᠡᠷᠡᠭᠦᠦ ᠵᠢᠨ ᠬᠡᠷᠡᠭ ᠢ ᠪᠠᠶᠢᠴᠠᠭᠠᠬᠤ ᠠᠵᠢᠯ ᠲᠥᠷᠥᠯ ︵ᠡᠷᠡᠭᠦᠦ ᠵᠢᠨ ᠬᠡᠷᠡᠭᠭᠦᠢᠴᠡᠳᠬᠡᠯᠲᠡ ᠪᠠᠶᠢᠴᠠᠭᠠᠬᠤ᠂ ᠨᠠᠰᠤᠨ ᠳᠤ ᠥᠯᠥ ᠬᠦᠷᠦᠭᠰᠡᠳᠡᠷᠡᠭᠦᠦ ᠵᠢᠨ ᠬᠡᠷᠡᠭ ᠢ ᠪᠠᠶᠢᠴᠠᠭᠠᠬᠤ᠂ ᠭᠤᠮᠤᠳᠠᠯ ᠲᠣᠭᠠᠴᠢᠯᠲᠠ ᠪᠠ ᠢᠯᠡᠴᠢᠯᠡᠨ ᠵᠠᠭᠠᠯᠳᠤᠯᠳᠠ ᠪᠠᠶᠢᠴᠠᠭᠠᠬᠤ ᠪᠠᠭᠲᠠᠨ᠎ᠠ︶ ᠳᠤ ᠬᠠᠷᠢᠶᠠᠯᠠᠭᠳᠠᠬᠤ ᠨᠢ 585 ᠬᠡᠷᠡᠭ᠂ 63.38% ᠡᠵᠡᠯᠡᠨ᠎ᠡ︔ ᠢᠷᠭᠡᠨ ᠬᠡᠷᠡᠭ ᠪᠠ ᠵᠠᠰᠠᠭ ᠵᠠᠬᠢᠷᠭᠠᠨ ᠬᠡᠷᠡᠭ ᠢ ᠪᠠᠶᠢᠴᠠᠭᠠᠬᠤ ᠠᠵᠢᠯ ᠲᠥᠷᠥᠯ ᠳᠤ ᠬᠠᠷᠢᠶᠠᠯᠠᠭᠳᠠᠬᠤ ᠨᠢ 124 ᠬᠡᠷᠡᠭ᠂ 13.43% ᠡᠵᠡᠯᠡᠨ᠎ᠡ︔ ᠨᠡᠶᠢᠲᠡ ᠵᠢᠨ ᠠᠰᠢᠭᠵᠠᠷᠭᠤ ᠵᠢᠨ ᠠᠵᠢᠯ ᠲᠥᠷᠥᠯ ᠳᠤ ᠬᠠᠷᠢᠶᠠᠯᠠᠭᠳᠠᠬᠤ ᠨᠢ 207 ᠬᠡᠷᠡᠭ᠂ 22.43% ᠡᠵᠡᠯᠡᠨ᠎ᠡ︔ ᠬᠡᠷᠡᠭᠬᠠᠮᠢᠶᠠᠷᠤᠯᠲᠠ ᠵᠢᠨ ᠲᠤᠬᠠᠶᠢᠯᠠᠭᠰᠠᠨ ᠠᠵᠢᠯ ᠳᠤ ᠬᠠᠷᠢᠶᠠᠯᠠᠭᠳᠠᠬᠤ ᠨᠢ 7 ᠬᠡᠷᠡᠭ᠂ 0.76% ᠡᠵᠡᠯᠡᠨ᠎ᠡ᠃
︵ᠬᠤᠶᠠᠷ︶ ᠪᠠᠶᠢᠴᠠᠭᠠᠬᠤ ᠳᠠᠷᠤᠭ᠎ᠠ ᠨᠠᠷ ᠠᠷᠠᠳᠰᠢᠭᠦᠬᠦ ᠬᠤᠷᠢᠶᠠᠨ ᠰᠢᠭᠦᠨ ᠲᠠᠰᠤᠯᠬᠤ ᠺᠣᠮᠢᠰᠬᠤᠷᠠᠯ ᠳᠤ ᠰᠤᠯᠠ ᠣᠷᠤᠯᠴᠠᠭᠰᠠᠨ ᠪᠠᠶᠢᠳᠠᠯ᠃ ᠪᠦᠬᠦ ᠬᠤᠲᠠ ᠵᠢᠨ ᠪᠠᠶᠢᠴᠠᠭᠠᠬᠤ ᠪᠠᠶᠢᠭᠤᠯᠭ᠎ᠠ ᠨᠤᠭᠤᠳᠪᠠᠶᠢᠴᠠᠭᠠᠬᠤ ᠳᠠᠷᠤᠭ᠎ᠠ ᠨᠠᠷ ᠵᠢᠴᠢ ᠪᠠᠶᠢᠴᠠᠭᠠᠬᠤ ᠳᠠᠷᠤᠭ᠎ᠠ ᠵᠢᠨ ᠨᠠᠶᠢᠳᠠᠯᠭ᠎ᠠ ᠬᠦᠯᠢᠶᠡᠭᠰᠡᠨ ᠳᠡᠳ᠋ ᠪᠠᠶᠢᠴᠠᠭᠠᠬᠤ ᠳᠠᠷᠤᠭ᠎ᠠ ᠨᠠᠷ ᠠᠷᠠᠳᠰᠢᠭᠦᠬᠦ ᠬᠤᠷᠢᠶᠠᠨ ᠰᠢᠭᠦᠨ ᠲᠠᠰᠤᠯᠬᠤ ᠺᠣᠮᠢᠰᠬᠤᠷᠠᠯ ᠳᠤ 18 ᠤᠳᠠᠭ᠎ᠠ ᠰᠤᠯᠠ ᠣᠷᠤᠯᠴᠠᠪᠠ᠂ ᠡᠭᠦᠨ ᠳᠤ ᠪᠠᠶᠢᠴᠠᠭᠠᠬᠤ ᠳᠠᠷᠤᠭ᠎ᠠ ᠨᠠᠷ 8 ᠤᠳᠠᠭ᠎ᠠ ᠣᠷᠤᠯᠴᠠᠵᠤ᠂ ᠪᠠᠶᠢᠴᠠᠭᠠᠬᠤ ᠳᠠᠷᠤᠭ᠎ᠠ ᠵᠢᠨ ᠨᠠᠶᠢᠳᠠᠯᠭ᠎ᠠ ᠬᠦᠯᠢᠶᠡᠭᠰᠡᠨ ᠳᠡᠳ᠋ ᠪᠠᠶᠢᠴᠠᠭᠠᠬᠤ ᠳᠠᠷᠤᠭ᠎ᠠ ᠨᠠᠷ 10 ᠤᠳᠠᠭ᠎ᠠ ᠣᠷᠤᠯᠴᠠᠪᠠ᠃