ᠥᠪᠥᠷ ᠮᠣᠩᠭᠣᠯ  内蒙古

ᠰᠢᠨ᠎ᠡ ᠪᠠᠷᠭᠤ ᠪᠠᠷᠠᠭᠤᠨ ᠬᠤᠰᠢᠭᠤᠨ  ᠠᠷᠠᠳ ᠪᠠᠶᠢᠴᠠᠭᠠᠬᠤ ᠬᠤᠷᠢᠶᠠᠨ  ᠵᠠᠭᠠᠯᠳᠥᠬᠤ ᠪᠢᠴᠢᠭ

2021-12-31 15:09:31

                                  ᠰᠢᠨ᠎ᠡ ᠪᠠᠷᠠᠭᠤᠨ ᠪᠠᠶᠢᠴᠠᠭᠠᠬᠤ ᠡᠷᠡᠭᠦᠦ ᠵᠠᠭᠠᠯᠳᠥᠬᠤ ︵2021︶ 83 ᠳ᠋ᠤᠭᠠᠷ ᠲᠤᠭᠠᠳᠥ

      

    ᠵᠠᠭᠠᠯᠳᠤᠭᠳᠠᠭᠴᠢ  ** ︵ᠬᠡᠷᠡᠭᠯᠡᠵᠦ ᠦᠩᠬᠡᠷᠡᠭᠰᠡᠨ ᠨᠡᠷ᠎ᠡ ᠬᠡ **︶᠂ ᠡᠷᠡᠭᠳᠡᠢ᠂ 1977 ᠤᠨ  ** ᠰᠠᠷ᠎ᠠ ᠵᠢᠨ **  ᠡᠳᠦᠷ ᠲᠦᠷᠦᠪᠡ᠂ ᠡᠷᠬᠡᠳᠤ ᠠᠷᠠᠳᠪᠡᠶ᠎ᠡ ᠵᠢᠨ ᠦᠨᠡᠮᠯᠡᠯᠨᠤᠮᠧᠷ 1521291977********᠂ ᠮᠤᠩᠭᠤᠯ ᠦᠨᠳᠦᠰᠦᠳᠡᠨ᠂ ᠪᠠᠭ᠎ᠠ ᠰᠤᠷᠭᠠᠭᠤᠯᠢ ᠵᠢᠨ ᠰᠤᠶᠤᠯᠬᠡᠮᠵᠢᠶ᠎ᠡ ᠲᠠᠢ᠂ ᠮᠠᠯᠴᠢᠨ᠂ ᠡᠷᠦᠬᠡ ᠠᠮᠠ ᠵᠢᠨ ᠪᠠᠶᠢᠭ᠎ᠠ ᠭᠠᠵᠠᠷ ᠵᠢᠴᠢ ᠤᠳᠥ ᠰᠠᠭᠤᠭ᠎ᠠ ᠭᠠᠵᠠᠷ ᠦᠪᠦᠷ ᠮᠤᠩᠭᠤᠯᠬᠦᠯᠦᠨ ᠪᠤᠶᠢᠷ ᠬᠤᠳᠠ ᠵᠢᠨ ᠰᠢᠨ᠎ᠡ ᠪᠠᠷᠭᠤ ᠪᠠᠷᠠᠭᠤᠨ ᠬᠤᠰᠢᠭᠤᠨ  ** ᠰᠤᠮᠤ ᠵᠢᠨ ** ᠭᠠᠴᠠᠭ᠎ᠠ᠃ ᠶᠠᠯ᠎ᠠ ᠵᠢᠨ ᠲᠡᠥᠬᠡ ᠦᠬᠡᠢ᠃ ᠵᠠᠭᠠᠯᠳᠤᠭᠳᠠᠭᠴᠢ  ** ᠠᠶᠥᠯᠳᠠᠢ ᠪᠠᠷ ᠲᠡᠷᠭᠡ ᠵᠢᠯᠤᠭᠤᠳᠤᠭᠰᠠᠨ ᠬᠡᠷᠡᠭ ᠲᠤ ᠬᠤᠯᠪᠤᠭᠳᠠᠵᠤ᠂ 2021 ᠤᠨ  7 ᠰᠠᠷ᠎ᠠ ᠵᠢᠨ 5  ᠡᠳᠦᠷ ᠰᠢᠨ᠎ᠡ ᠪᠠᠷᠭᠤ ᠪᠠᠷᠠᠭᠤᠨ ᠬᠤᠰᠢᠭᠤᠨ  ᠲᠤᠳᠥᠭᠠᠳᠥ  ᠬᠠᠮᠠᠭᠠᠯᠠᠬᠤ ᠲᠤᠪᠴᠢᠶᠠᠨ ᠳᠤ ᠪᠠᠲᠤᠯᠠᠭ᠎ᠠ ᠠᠪᠴᠥ ᠰᠢᠭᠦᠬᠦ  ᠬᠦᠯᠢᠶᠡᠯᠭᠡᠪᠡ᠃

    ᠵᠠᠭᠠᠯᠳᠤᠭᠳᠠᠭᠴᠢ  **  ᠠᠶᠥᠯᠳᠠᠢ ᠪᠠᠷ ᠲᠡᠷᠭᠡ ᠵᠢᠯᠤᠭᠤᠳᠤᠭᠰᠠᠨ ᠨᠢᠭᠡᠨ ᠬᠡᠷᠡᠭ ᠢ ᠰᠢᠨ᠎ᠡ ᠪᠠᠷᠭᠤ ᠪᠠᠷᠠᠭᠤᠨ ᠬᠤᠰᠢᠭᠤᠨ  ᠲᠤᠳᠥᠭᠠᠳᠥ  ᠬᠠᠮᠠᠭᠠᠯᠠᠬᠤ ᠲᠤᠪᠴᠢᠶ᠎ᠠ ᠲᠤᠷᠰᠢᠨ ᠪᠠᠶᠢᠴᠠᠭᠠᠯᠳᠠ ᠪᠠᠨ ᠲᠠᠭᠤᠰᠬᠠᠭᠠᠳ᠂ 2021 ᠤᠨ  11 ᠰᠠᠷ᠎ᠠ ᠵᠢᠨ 22  ᠡᠳᠦᠷ ᠮᠠᠨ  ᠬᠤᠷᠢᠶᠠᠨ ᠳᠤ ᠬᠢᠨᠠᠨ ᠪᠠᠶᠢᠴᠠᠯᠭᠠᠵᠤ ᠵᠠᠭᠠᠯᠳᠤᠭᠤᠯᠬᠤ ᠪᠠᠷ ᠰᠢᠯᠵᠢᠭᠦᠯᠦᠨ ᠬᠦᠷᠭᠡᠪᠡ᠃ ᠮᠠᠨ  ᠬᠤᠷᠢᠶ᠎ᠠ ᠬᠡᠷᠡᠭᠡᠪᠬᠡᠮᠡᠯ ᠢ ᠬᠦᠯᠢᠶᠡᠨ ᠠᠪᠤᠭᠰᠠᠨ  ᠰᠡᠭᠦᠯᠡᠷ᠂ 2021 ᠤᠨ  11 ᠰᠠᠷ᠎ᠠ ᠵᠢᠨ 23  ᠡᠳᠦᠷ ᠵᠠᠭᠠᠯᠳᠤᠭᠳᠠᠭᠴᠢ  ** ᠳᠤ ᠦᠮᠦᠭᠯᠡᠭᠴᠢ ᠨᠠᠶᠢᠳᠠᠬᠤ ᠡᠷᠬᠡ ᠪᠠ ᠶᠠᠯ᠎ᠠ ᠡᠷᠡᠬᠦᠦ ᠪᠠᠨ ᠮᠡᠳᠡᠷᠡᠬᠦ ᠠᠴᠠ ᠪᠤᠯᠤᠭᠰᠠᠨ ᠬᠠᠤᠯᠢ ᠴᠠᠭᠠᠵᠠ ᠵᠢᠨ ᠦᠷ᠎ᠡ ᠳ᠋ᠦᠩ ᠢ ᠮᠡᠳᠡᠭᠳᠡᠵᠦ᠂ ᠬᠠᠥᠯᠢ ᠶᠤᠰᠤᠭᠠᠷ ᠵᠠᠭᠠᠯᠳᠤᠭᠳᠠᠭᠴᠢ  ᠰᠢᠭᠦᠨ ᠠᠰᠠᠭᠤᠵᠤ᠂ ᠵᠠᠭᠠᠯᠳᠤᠭᠳᠠᠭᠴᠢ ᠪᠠ ᠵᠢᠵᠢᠭᠦᠷ ᠬᠠᠤᠯᠢᠴᠢ ᠵᠢᠨ ᠰᠠᠨᠠᠯ ᠢ ᠰᠤᠨᠤᠰᠴᠦ᠂ ᠪᠦᠬᠦ ᠬᠡᠷᠡᠭᠮᠠᠲ᠋ᠧᠷᠢᠶᠠᠯ ᠢ ᠬᠢᠨᠠᠨ ᠪᠠᠶᠢᠴᠠᠭᠠᠪᠠ᠃ ᠵᠠᠭᠠᠯᠳᠤᠭᠳᠠᠭᠴᠢ ᠲᠤᠰ ᠬᠡᠷᠡᠭ ᠢ ᠲᠦᠷᠬᠡᠨ ᠲᠠᠰᠤᠯᠤᠯᠳᠠ ᠵᠢᠨ ᠵᠢᠷᠤᠮ ᠢ ᠬᠡᠷᠡᠭᠯᠡᠨ ᠰᠢᠬᠦᠬᠦ  ᠵᠦᠪᠰᠢᠶᠡᠷᠡᠪᠡ᠃

   ᠤᠳᠤ ᠬᠢᠨᠠᠨ ᠪᠠᠶᠢᠴᠠᠭᠠᠵᠣ ᠲᠤᠳᠤᠯᠠᠬᠰᠠᠨ ᠢᠶᠠᠷ᠄

   2021 ᠤᠨ  6 ᠰᠠᠷ᠎ᠠ ᠵᠢᠨ 8  ᠡᠳᠦᠷ2 ᠴᠠᠭᠦᠶ᠎ᠡ ᠪᠠᠷ᠂ ᠵᠠᠭᠠᠯᠳᠤᠭᠳᠠᠭᠴᠢ  ** ᠰᠤᠭᠳᠤᠭᠤ ᠪᠠᠷ ᠣᠯᠠᠭᠠᠨ ᠦᠩᠬᠡᠳᠡᠢ ᠮᠧᠩ EQ**** ᠨᠤᠮᠧᠷᠳᠤ ** ᠨᠠᠷᠡᠮᠵᠢᠳᠤ ᠪᠠᠭ᠎ᠠ ᠬᠡᠯᠪᠡᠷᠢ ᠵᠢᠨ ᠰᠠᠭᠤᠳᠠᠯᠮᠠᠰᠢᠨ ᠵᠢᠯᠤᠭᠤᠳᠴᠤ᠂ G331 ᠤᠯᠤᠰᠲᠡᠰᠵᠠᠮ ᠢᠶᠠᠷ ᠬᠤᠵᠢᠨ᠎ᠠ ᠠᠴᠠ ᠡᠮᠦᠨᠡᠰᠢ ᠶᠠᠪᠣᠵᠣ ᠰᠢᠨ᠎ᠡ ᠪᠠᠷᠭᠤ ᠪᠠᠷᠠᠭᠤᠨ ᠬᠤᠰᠢᠭᠤᠨ  ᠪᠦᠷᠳᠣᠨ ᠰᠦᠢᠳᠬᠡᠯ ᠬᠤᠷᠢᠶᠠᠬᠤ ᠦᠷᠳᠡᠭᠡ ᠬᠦᠷᠦᠬᠡᠳ ᠰᠢᠨ᠎ᠡ ᠪᠠᠷᠭᠤ ᠪᠠᠷᠠᠭᠤᠨ ᠬᠤᠰᠢᠭᠤᠨ  ᠲᠤᠳᠥᠭᠠᠳᠥ  ᠬᠠᠮᠠᠭᠠᠯᠠᠬᠤ ᠲᠤᠪᠴᠢᠶᠠᠨ  ᠵᠠᠮ ᠬᠠᠷᠢᠯᠴᠠᠭᠠᠨ  ᠬᠠᠮᠢᠶᠠᠷᠤᠯᠳᠠ ᠵᠢᠨ ᠶᠡᠭᠡ ᠠᠩᠬᠢ ᠵᠢᠨ ᠴᠠᠭᠳᠠᠭᠠᠨ ᠳᠤ ᠲᠤᠰᠤᠭᠳᠠᠨ ᠪᠠᠶᠢᠴᠠᠭᠠᠭᠳᠠᠪᠠ᠃ ᠰᠢᠯᠭᠠᠨ ᠪᠠᠶᠢᠴᠠᠭᠠᠭᠰᠠᠨ ᠢᠶᠠᠷ᠂ ᠲᠤᠬᠠᠢ ᠵᠢᠨ ᠦᠶᠡᠰ ᠵᠠᠭᠠᠯᠳᠤᠭᠳᠠᠭᠴᠢ  **  ᠴᠢᠰᠥᠨ ᠳᠠᠬᠢ ᠰᠫᠢᠷᠲᠠᠭᠤᠯᠤᠭᠳᠠᠴᠠ ᠨᠢ 128.46mg/100ml ᠪᠠᠵᠢᠨ᠎ᠠ᠃

    ᠲᠡᠭᠡᠷᠡᠬᠢ ᠪᠤᠳᠠᠳᠤ ᠬᠡᠷᠡᠭ ᠢ ᠨᠤᠳᠠᠯᠠᠬᠤ ᠭᠡᠷᠡᠴᠢ ᠲᠤᠥᠷᠠᠬᠢ ᠮᠡᠳᠦ᠄

   1. ᠪᠢᠴᠢᠭᠭᠡᠷᠡᠴᠢ᠄ ᠬᠡᠷᠡᠭ ᠬᠦᠯᠢᠶᠠᠨ ᠠᠪᠴᠤ ᠰᠢᠢᠳᠪᠦᠷᠢᠯᠡᠬᠦ ᠲᠠᠩᠰᠠᠯᠠᠯᠬᠦᠰᠦᠨᠦᠭᠳᠤ᠂ ᠬᠡᠷᠡᠭ ᠪᠤᠯᠭᠠᠨ ᠲᠠᠩᠰᠡᠯᠡᠬᠤ ᠲᠤᠭᠳᠠᠭᠠᠯᠪᠢᠴᠢᠭ᠂ ᠪᠠᠶᠢᠴᠠᠭᠠᠨ ᠢᠯᠡᠷᠡᠬᠦᠯᠦᠭᠰᠡᠨ ᠦᠡᠭᠭᠡᠷᠡᠯᠳᠡ᠂ ᠡᠷᠤᠬᠡ ᠠᠮᠠ ᠵᠢᠨ ᠬᠡᠷᠡᠴᠢ ᠵᠡᠷᠭᠡ︔ 2. ᠬᠡᠷᠡᠴᠢ ᠬᠦᠮᠤᠨ ᠲᠤᠰᠠᠯᠠᠭᠴᠢ ᠵᠢᠨ ᠬᠡᠷᠡᠴᠢ ᠦᠭᠡ︔ 3. ᠵᠠᠭᠠᠯᠳᠤᠭᠳᠠᠭᠴᠢ  **  ᠦᠴᠢᠭᠯᠡᠯᠳᠠ ᠪᠡ ᠵᠦᠪᠳᠤᠬᠡᠯᠳᠠ︔ 4. ᠰᠢᠯᠭᠠᠨ ᠲᠤᠭᠳᠠᠭᠠᠯᠳᠠ ᠵᠢᠨ ᠰᠠᠨᠠᠯ︔ 5. ᠦᠵᠡᠵᠦ ᠰᠤᠨᠤᠰᠤᠭᠰᠠᠨ ᠮᠠᠲ᠋ᠧᠷᠢᠶᠠᠯ ᠭᠤᠷᠪᠠᠨ ᠬᠤᠪᠢ᠃

    ᠲᠡᠬᠡᠷᠡᠬᠢ ᠬᠡᠷᠡᠴᠢ  ᠬᠠᠤᠯᠢ ᠶᠤᠰᠤ ᠪᠠᠷ ᠴᠤᠭᠯᠠᠭᠤᠯᠵᠦ᠂ ᠠᠭᠤᠯᠭ᠎ᠠ ᠨᠢ ᠪᠤᠰᠤᠳᠴᠢ ᠦᠨᠠᠨ ᠪᠤᠳᠠᠳᠠᠢ᠂ ᠵᠠᠭᠠᠯᠳᠤᠭᠰᠠᠨ ᠪᠤᠳᠠᠳᠤ ᠬᠡᠷᠡᠭ ᠢ ᠬᠡᠷᠡᠴᠢᠯᠡᠵᠦ ᠲᠠᠶᠢᠯᠤᠨ᠎ᠠ᠃ ᠵᠠᠭᠠᠯᠳᠤᠭᠳᠠᠭᠴᠢ  ** ᠵᠠᠭᠠᠯᠳᠤᠭᠰᠠᠨ ᠪᠤᠳᠠᠳᠤ ᠬᠡᠷᠡᠭ ᠪᠠ ᠬᠡᠷᠡᠴᠢ ᠳᠤ ᠰᠠᠨᠠᠯ ᠦᠬᠡᠢ᠂ ᠦᠪᠡᠷᠲᠤᠷ᠎ᠠ ᠠᠴᠠ ᠪᠠᠨ ᠶᠠᠯ᠎ᠠ ᠪᠠᠨ ᠮᠡᠳᠡᠷᠡᠵᠣ ᠰᠢᠳᠭᠡᠯ ᠬᠦᠯᠢᠶᠡᠵᠦ ᠪᠠᠵᠢᠨ᠎ᠠ᠃

    ᠮᠠᠨ  ᠬᠤᠷᠢᠶᠠᠨ  ᠦᠵᠡᠬᠦ ᠪᠠᠷ᠂ ᠵᠠᠭᠠᠯᠳᠤᠭᠳᠠᠭᠴᠢ  ** ᠵᠠᠮ ᠲᠠᠬᠡᠷ᠎ᠡ ᠰᠤᠭᠳᠤᠭᠤ ᠪᠠᠷ ᠮᠠᠰᠢᠨ ᠲᠡᠷᠭᠡ ᠵᠢᠯᠤᠭᠤᠳᠤᠭᠰᠠᠨ ᠦᠢᠯᠡ ᠠᠵᠢᠯᠯᠠᠭ᠎ᠠ ᠨᠢ ︿︿ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠥᠰᠡᠷᠡᠭᠦᠦ ᠵᠢᠨ ᠬᠠᠥᠯᠢ﹀﹀ ᠵᠢᠨ ᠨᠢᠭᠡ ᠵᠠᠭᠤ ᠭᠤᠴᠢᠨ ᠭᠤᠷᠪᠠᠳᠤᠭᠠᠷ ᠵᠦᠢᠯ ᠳᠠᠬᠢ ᠨᠢᠭᠡ ᠲᠤᠬᠲᠠᠭᠠᠯ ᠢ ᠵᠦᠷᠢᠴᠡᠵᠤ᠂ ᠶᠠᠯ᠎ᠠ ᠵᠢᠨ ᠪᠤᠳᠠᠲᠤ ᠬᠡᠷᠡᠭ ᠨᠢ ᠲᠤᠳᠤᠷᠬᠠᠢ᠂ ᠭᠡᠷᠡᠴᠢ ᠪᠠᠷᠢᠮᠲᠠ ᠨᠢ ᠪᠦᠷᠢᠨ ᠭᠦᠢᠴᠡᠳ᠂ ᠠᠶᠥᠯᠳᠠᠢ ᠪᠠᠷ ᠲᠡᠷᠭᠡ ᠵᠢᠯᠤᠭᠤᠳᠤᠭᠰᠠᠨ ᠶᠠᠯ᠎ᠠ ᠪᠠᠷ ᠡᠷᠡᠭᠦᠦ ᠵᠢᠨ ᠬᠠᠷᠢᠭᠤᠴᠠᠯᠭ᠎ᠠ ᠨᠡᠭᠡᠮᠵᠢᠯᠡᠪᠡᠯ ᠵᠤᠬᠢᠨ᠎ᠠ᠃ ᠵᠠᠭᠠᠯᠳᠤᠭᠳᠠᠭᠴᠢ  ** ᠪᠠᠷᠢᠪᠴᠢᠯᠠᠬᠳᠠᠬᠰᠠᠨ  ᠰᠡᠭᠦᠯᠡᠷ ᠦᠪᠡᠷᠶᠠᠯᠠᠲᠦ ᠠᠵᠢᠯᠯᠠᠭ᠎ᠠ ᠪᠠᠨ ᠦᠨᠡᠨ ᠢᠶᠠᠷ ᠦᠴᠢᠭᠯᠡᠭᠰᠡᠨ ᠨᠢ ︿︿ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠥᠰᠡᠷᠡᠭᠦᠦ ᠵᠢᠨ ᠬᠠᠥᠯᠢ﹀﹀ ᠵᠢᠨ ᠵᠢᠷᠠᠨ ᠳᠤᠯᠤᠳᠤᠭᠠᠷ ᠵᠦᠢᠯᠭᠤᠷᠪᠠᠳᠤᠭᠠᠷ ᠵᠤᠷᠪᠤᠰ ᠢ ᠦᠨᠳᠦᠰᠦᠯᠡᠪᠡᠯ᠂ ᠴᠠᠭᠠᠪᠤᠷᠢᠯᠠᠬᠰᠠᠨ ᠳᠤ ᠲᠤᠭᠠᠴᠢᠬᠳᠠᠨ᠎ᠠ᠂ ᠬᠦᠩᠬᠡᠷᠡᠬᠦᠯᠦᠨ ᠰᠢᠳᠬᠡᠵᠦ ᠪᠤᠯᠤᠨ᠎ᠡ᠃ ᠵᠠᠭᠠᠯᠳᠤᠭᠳᠠᠭᠴᠢ  ** ᠶᠠᠯ᠎ᠠ ᠪᠠᠨ ᠮᠡᠳᠡᠷᠡᠵᠣ ᠰᠢᠳᠭᠡᠯ ᠬᠦᠯᠢᠶᠡᠵᠦ ᠪᠠᠶᠢᠬᠤ ᠨᠢ ︿︿ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠥᠰᠡᠷᠡᠭᠦᠦ ᠵᠢᠨ ᠬᠠᠥᠯᠢ﹀﹀ ᠵᠢᠨ ᠠᠷᠪᠠᠨ ᠲᠠᠪᠣᠳᠣᠭᠠᠷ ᠵᠦᠢᠯ ᠢ ᠦᠨᠳᠦᠰᠦᠯᠡᠵᠦ ᠠᠭᠤᠴᠢᠯᠠᠨ ᠰᠢᠳᠭᠡᠵᠣ ᠪᠣᠯᠣᠨ᠎ᠠ᠃ ︿︿ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰᠡᠷᠡᠭᠦᠦ ᠵᠢᠨ ᠵᠠᠷᠭᠤ ᠵᠢᠨ ᠬᠠᠥᠯᠢ﹀﹀ ᠵᠢᠨ ᠨᠢᠭᠡ ᠵᠠᠭᠤ ᠲᠠᠯᠠᠨ ᠵᠢᠷᠭᠤᠳᠤᠭᠠᠷ ᠵᠥᠢᠯᠲᠤᠭᠳᠠᠭᠠᠯ ᠢ ᠦᠨᠳᠦᠰᠦᠯᠡᠵᠦ᠂ ᠵᠠᠭᠠᠯᠳᠤᠭᠳᠠᠭᠴᠢ  ** ᠳᠤ ᠠᠯᠪᠠᠨ ᠵᠠᠭᠠᠯᠳᠤᠯᠭ᠎ᠠ ᠬᠢᠪᠡ᠃ ᠬᠠᠥᠯᠢ ᠶᠤᠰᠤᠭᠠᠷ ᠰᠢᠳᠭᠡᠬᠦ ᠪᠤᠯᠪᠠᠥ᠃   

         ᠡᠭᠦᠨ  ᠲᠤᠯᠠ

             ᠰᠢᠨ᠎ᠡ ᠪᠠᠷᠭᠤ ᠪᠠᠷᠠᠭᠤᠨ ᠬᠤᠰᠢᠭᠤᠨ  ᠠᠷᠠᠳᠰᠢᠭᠦᠬᠦ ᠬᠤᠷᠢᠶ᠎ᠠ ᠳᠤ 


                                         ᠪᠠᠶᠢᠴᠠᠭᠠᠬᠴᠢ᠄ᠲᠠᠵᠢᠳᠮ᠎ᠠ                                                 

                                         ᠲᠣᠰᠠᠯᠠᠨ ᠪᠠᠶᠢᠴᠠᠭᠠᠬᠴᠢ᠄ ᠭᠤᠶᠣᠬᠠᠨ

                                         2021 ᠣᠨ  11 ᠰᠠᠷ᠎ᠠ ᠵᠢᠨ 25  ᠡᠳᠦᠷ

                                                                                                             

 

 

 

 

ᠲᠠᠭᠠᠯᠳᠤᠭᠤᠯᠬᠤ ᠨᠢ᠄

        1. ᠵᠠᠭᠠᠯᠳᠤᠭᠳᠠᠭᠴᠢ  ** ᠰᠢᠨ᠎ᠡ ᠪᠠᠷᠭᠤ ᠪᠠᠷᠠᠭᠤᠨ ᠬᠤᠰᠢᠭᠤᠨ  ᠲᠤᠳᠥᠭᠠᠳᠥ  ᠬᠠᠮᠠᠭᠠᠯᠠᠬᠤ ᠲᠤᠪᠴᠢᠶᠠᠨ ᠳᠤ ᠪᠠᠲᠤᠯᠠᠭ᠎ᠠ ᠠᠪᠴᠥ ᠰᠢᠭᠦᠬᠦ  ᠬᠦᠯᠢᠶᠡᠯᠭᠡᠪᠡ᠃

        2. ᠲᠤᠰ ᠬᠡᠷᠡᠭᠡᠪᠬᠡᠮᠠᠯ ᠮᠠᠲ᠋ᠧᠷᠢᠶᠠᠯ ᠬᠤᠶᠠᠷ ᠪᠤᠳᠢ᠂ ᠦᠵᠡᠵᠦ ᠰᠣᠨᠣᠰᠬᠤ ᠮᠠᠲ᠋ᠧᠷᠢᠶᠠᠯ ᠭᠤᠷᠪᠠᠨ ᠬᠤᠪᠢ᠃

        3. ᠶᠠᠯ᠎ᠠ ᠪᠠᠨ ᠮᠡᠳᠡᠷᠡᠵᠦ ᠰᠢᠳᠭᠡᠯ ᠢ ᠬᠦᠯᠢᠶᠡᠭᠰᠡᠨ ᠬᠡᠮᠰᠢᠬᠦ ᠪᠠᠳᠤᠯᠠᠭ᠎ᠠ ᠵᠢᠨ ᠪᠢᠴᠢᠭ ᠨᠢᠬᠡ ᠬᠤᠪᠢ᠃

        4. ᠡᠷᠡᠬᠦᠦ ᠤᠨᠤᠭᠳᠠᠭᠤᠯᠬᠤ ᠰᠠᠨᠠᠯᠪᠢᠴᠢᠭ ᠬᠤᠶᠠᠷ ᠬᠤᠪᠢ᠃                     


ᠢᠷᠡᠯᠲᠡ
ᠰᠢᠨ᠎ᠡ ᠪᠠᠷᠭᠤ ᠪᠠᠷᠠᠭᠤᠨ ᠬᠤᠰᠢᠭᠤᠨ  ᠠᠷᠠᠳᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro