ᠰᠢᠨ᠎ᠡ ᠪᠠᠷᠭᠤ ᠪᠠᠷᠠᠭᠤᠨ ᠬᠤᠰᠢᠭᠤᠨ ᠠᠷᠠᠳ ᠪᠠᠶᠢᠴᠠᠭᠠᠬᠤ ᠬᠤᠷᠢᠶᠠᠨ ᠵᠠᠭᠠᠯᠳᠥᠬᠤ ᠪᠢᠴᠢᠭ
ᠰᠢᠨ᠎ᠡ ᠪᠠᠷᠠᠭᠤᠨ ᠪᠠᠶᠢᠴᠠᠭᠠᠬᠤ ᠡᠷᠡᠭᠦᠦ ᠵᠠᠭᠠᠯᠳᠥᠬᠤ ︵2021︶ 6 ᠳ᠋ᠣᠭᠠᠷ ᠲᠤᠭᠠᠳᠥ
ᠵᠠᠭᠠᠯᠳᠤᠭᠳᠠᠭᠴᠢ ᠡ **᠂ ᠡᠷᠡᠭᠳᠡᠢ᠂ 1980 ᠤᠨ ** ᠰᠠᠷ᠎ᠠ ᠵᠢᠨ ** ᠡᠳᠦᠷ ᠲᠦᠷᠦᠪᠡ᠂ ᠡᠷᠬᠡᠳᠤ ᠠᠷᠠᠳᠪᠡᠶᠡ ᠵᠢᠨ ᠦᠨᠡᠮᠯᠡᠯᠨᠤᠮᠧᠷ 1521291980********᠂ ᠮᠤᠩᠭᠤᠯ ᠦᠨᠳᠦᠰᠦᠳᠡᠨ᠂ ᠰᠤᠶᠤᠯᠪᠠᠯᠠᠢ᠂ ᠮᠠᠯᠴᠢᠨ᠂ ᠡᠷᠦᠬᠡ ᠠᠮᠠ ᠵᠢᠨ ᠪᠠᠶᠢᠭ᠎ᠠ ᠭᠠᠵᠠᠷ ᠵᠢᠴᠢ ᠤᠳᠥ ᠰᠠᠭᠤᠭ᠎ᠠ ᠭᠠᠵᠠᠷ ᠦᠪᠦᠷ ᠮᠤᠩᠭᠤᠯᠬᠦᠯᠦᠨ ᠪᠤᠶᠢᠷ ᠬᠤᠳᠠ ᠵᠢᠨ ᠰᠢᠨ᠎ᠡ ᠪᠠᠷᠭᠤ ᠪᠠᠷᠠᠭᠤᠨ ᠬᠤᠰᠢᠭᠤᠨ ** ᠰᠣᠮᠣᠨ ** ᠭᠠᠴᠠᠭᠠᠨ ** ᠳ᠋ᠦ᠋ᠭᠡᠷ ᠨᠤᠮᠧᠷ᠃ ᠶᠠᠯ᠎ᠠ ᠵᠢᠨ ᠲᠡᠥᠬᠡ ᠦᠭᠡᠢ᠃ ᠵᠠᠭᠠᠯᠳᠤᠭᠳᠠᠭᠴᠢ ᠡ ** ᠵᠢᠯᠣᠭᠤᠴᠢ ᠵᠢᠨ ᠦᠨᠡᠮᠯᠡᠯ ᠦᠭᠡᠢ ᠲᠡᠷᠭᠡ ᠵᠢᠯᠣᠭᠤᠳᠴᠣ᠂ 2020 ᠤᠨ 11 ᠰᠠᠷ᠎ᠠ ᠵᠢᠨ 19 ᠡᠳᠦᠷ ᠰᠢᠨ᠎ᠡ ᠪᠠᠷᠭᠤ ᠪᠠᠷᠠᠭᠤᠨ ᠬᠤᠰᠢᠭᠤᠨ ᠲᠤᠳᠥᠭᠠᠳᠥ ᠬᠠᠮᠠᠭᠠᠯᠠᠬᠤ ᠲᠤᠪᠴᠢᠶᠠᠨ ᠳᠤ ᠠᠷᠠᠳᠵᠣᠭᠤᠰ 1900 ᠲᠦᠭᠦᠷᠢᠭ ᠢᠶᠠᠷ ᠲᠣᠷᠭᠠᠬᠳᠠᠪᠠ᠃ ᠠᠶᠥᠯᠳᠠᠢ ᠪᠠᠷ ᠲᠡᠷᠭᠡ ᠵᠢᠯᠤᠭᠤᠳᠤᠭᠰᠠᠨ ᠬᠡᠷᠡᠭ ᠲᠤ ᠬᠤᠯᠪᠤᠭᠳᠠᠵᠤ᠂ 2020 ᠤᠨ 11 ᠰᠠᠷ᠎ᠠ ᠵᠢᠨ 18 ᠡᠳᠦᠷ ᠰᠢᠨ᠎ᠡ ᠪᠠᠷᠭᠤ ᠪᠠᠷᠠᠭᠤᠨ ᠬᠤᠰᠢᠭᠤᠨ ᠲᠤᠳᠥᠭᠠᠳᠥ ᠬᠠᠮᠠᠭᠠᠯᠠᠬᠤ ᠲᠤᠪᠴᠢᠶᠠᠨ ᠳᠤ ᠪᠠᠲᠤᠯᠠᠭ᠎ᠠ ᠠᠪᠴᠥ ᠰᠢᠭᠦᠬᠦ ᠬᠦᠯᠢᠶᠡᠯᠭᠡᠪᠡ᠃
ᠵᠠᠭᠠᠯᠳᠤᠭᠳᠠᠭᠴᠢ ᠡ **ᠠᠶᠥᠯᠳᠠᠢ ᠪᠠᠷ ᠲᠡᠷᠭᠡ ᠵᠢᠯᠤᠭᠤᠳᠤᠭᠰᠠᠨ ᠨᠢᠭᠡᠨ ᠬᠡᠷᠡᠭ ᠢ ᠰᠢᠨ᠎ᠡ ᠪᠠᠷᠭᠤ ᠪᠠᠷᠠᠭᠤᠨ ᠬᠤᠰᠢᠭᠤᠨ ᠲᠤᠳᠥᠭᠠᠳᠥ ᠬᠠᠮᠠᠭᠠᠯᠠᠬᠤ ᠲᠤᠪᠴᠢᠶ᠎ᠠ ᠲᠤᠷᠰᠢᠨ ᠪᠠᠶᠢᠴᠠᠭᠠᠯᠳᠠ ᠪᠠᠨ ᠲᠠᠭᠤᠰᠬᠠᠭᠠᠳ᠂ 2021 ᠤᠨ 1 ᠰᠠᠷ᠎ᠠ ᠵᠢᠨ 13 ᠡᠳᠦᠷ ᠮᠠᠨ ᠬᠤᠷᠢᠶᠠᠨ ᠳᠤ ᠬᠢᠨᠠᠨ ᠪᠠᠶᠢᠴᠠᠯᠭᠠᠵᠤ ᠵᠠᠭᠠᠯᠳᠤᠭᠤᠯᠬᠤ ᠪᠠᠷ ᠰᠢᠯᠵᠢᠭᠦᠯᠦᠨ ᠬᠦᠷᠭᠡᠪᠡ᠂ ᠮᠠᠨ ᠬᠤᠷᠢᠶ᠎ᠠ ᠬᠡᠷᠡᠭᠡᠪᠬᠡᠮᠡᠯ ᠢ ᠬᠦᠯᠢᠶᠡᠨ ᠠᠪᠤᠭᠰᠠᠨ ᠰᠡᠭᠦᠯᠡᠷ᠂ 2021 ᠤᠨ 1 ᠰᠠᠷ᠎ᠠ ᠵᠢᠨ 15 ᠡᠳᠦᠷ ᠵᠠᠭᠠᠯᠳᠤᠭᠳᠠᠭᠴᠢ ᠡ ** ᠲᠤ ᠦᠮᠦᠭᠯᠡᠭᠴᠢ ᠨᠠᠶᠢᠳᠠᠬᠤ ᠡᠷᠬᠡ ᠪᠠ ᠶᠠᠯ᠎ᠠ ᠡᠷᠡᠬᠦᠦ ᠪᠠᠨ ᠮᠡᠳᠡᠷᠡᠬᠦ ᠠᠴᠠ ᠪᠤᠯᠤᠭᠰᠠᠨ ᠬᠠᠤᠯᠢ ᠴᠠᠭᠠᠵᠠ ᠵᠢᠨ ᠦᠷ᠎ᠡ ᠳ᠋ᠦᠩ ᠢ ᠮᠡᠳᠡᠭᠳᠡᠵᠦ᠂ ᠬᠠᠥᠯᠢ ᠶᠤᠰᠤᠭᠠᠷ ᠵᠠᠭᠠᠯᠳᠤᠭᠳᠠᠭᠴᠢ ᠰᠢᠭᠦᠨ ᠠᠰᠠᠭᠤᠵᠤ᠂ ᠵᠠᠭᠠᠯᠳᠤᠭᠳᠠᠭᠴᠢ ᠪᠠ ᠵᠢᠵᠢᠬᠦᠷᠯᠡᠭᠴᠢ ᠬᠠᠤᠯᠢᠴᠢ ᠵᠢᠨ ᠰᠠᠨᠠᠯ ᠢ ᠰᠤᠨᠤᠰᠴᠦ᠂ ᠪᠦᠬᠦ ᠬᠡᠷᠡᠭᠮᠠᠲ᠋ᠧᠷᠢᠶᠠᠯ ᠢ ᠬᠢᠨᠠᠨ ᠪᠠᠶᠢᠴᠠᠭᠠᠪᠠ᠃ ᠵᠠᠭᠠᠯᠳᠤᠭᠳᠠᠭᠴᠢ ᠲᠤᠰ ᠬᠡᠷᠡᠭ ᠢ ᠲᠦᠷᠬᠡᠨ ᠲᠠᠰᠤᠯᠤᠯᠳᠠ ᠵᠢᠨ ᠵᠢᠷᠤᠮ ᠢ ᠬᠡᠷᠡᠭᠯᠡᠨ ᠰᠢᠬᠦᠬᠦ ᠵᠦᠪᠰᠢᠶᠡᠷᠡᠪᠡ᠃
ᠤᠳᠤ ᠬᠢᠨᠠᠨ ᠪᠠᠶᠢᠴᠠᠭᠠᠵᠣ ᠲᠤᠳᠤᠯᠠᠬᠰᠠᠨ ᠢᠶᠠᠷ᠄
2020 ᠤᠨ 11 ᠰᠠᠷ᠎ᠠ ᠵᠢᠨ 13 ᠡᠳᠦᠷ13 ᠴᠠᠭᠦᠶ᠎ᠡ ᠪᠠᠷ᠂ ᠵᠠᠭᠠᠯᠳᠤᠭᠳᠠᠭᠴᠢ ᠡ ** ᠵᠢᠯᠣᠭᠤᠴᠢ ᠵᠢᠨ ᠦᠨᠡᠮᠯᠡᠯ ᠦᠭᠡᠢ᠂ ᠰᠤᠭᠳᠤᠭᠤ ᠪᠠᠷ ᠬᠠᠷ᠎ᠠ ᠦᠩᠬᠡᠳᠡᠢ ᠮᠧᠩ EF**** ᠨᠤᠮᠧᠷᠳᠤ ᠪᠡᠭᠡᠵᠢᠩ ** ᠨᠠᠷᠡᠮᠵᠢᠳᠤ ᠪᠠᠭ᠎ᠠ ᠬᠡᠯᠪᠡᠷᠢ ᠵᠢᠨ ᠰᠠᠭᠤᠳᠠᠯᠮᠠᠰᠢᠨ ᠲᠠᠷᠬᠡ ᠵᠢᠯᠤᠭᠤᠳᠴᠤ᠂ ᠰᠢᠨ᠎ᠡ ᠪᠠᠷᠭᠤ ᠪᠠᠷᠠᠭᠤᠨ ᠬᠤᠰᠢᠭᠤᠨ ** ᠰᠣᠮᠣᠨ ᠰᠠᠭᠤᠷᠢᠰᠢᠯ ᠠᠴᠠ ᠳ᠋ᠠᠴᠢᠩ ᠵᠠᠰᠠᠮᠠᠯ ᠵᠠᠮ20 ᠺᠢᠯᠣᠮᠧᠲᠷᠬᠡᠰᠡᠭ ᠲᠤ ᠬᠦᠷᠴᠦ᠂ ᠰᠢᠨ᠎ᠡ ᠪᠠᠷᠭᠤ ᠪᠠᠷᠠᠭᠤᠨ ᠬᠤᠰᠢᠭᠤᠨ ᠲᠤᠳᠥᠭᠠᠳᠥ ᠬᠠᠮᠠᠭᠠᠯᠠᠬᠤ ᠲᠤᠪᠴᠢᠶᠠᠨ ᠵᠠᠮ ᠬᠠᠷᠢᠯᠴᠠᠭᠠᠨ ᠬᠠᠮᠢᠶᠠᠷᠤᠯᠳᠠ ᠵᠢᠨ ᠶᠡᠭᠡ ᠠᠩᠬᠢ ᠵᠢᠨ ᠴᠠᠭᠳᠠᠭᠠᠨ ᠳᠤ ᠲᠤᠰᠤᠭᠳᠠᠨ ᠪᠠᠶᠢᠴᠠᠭᠠᠭᠳᠠᠪᠠ᠃ ᠰᠢᠯᠭᠠᠨ ᠪᠠᠶᠢᠴᠠᠭᠠᠭᠰᠠᠨ ᠢᠶᠠᠷ᠂ ᠲᠤᠬᠠᠢ ᠵᠢᠨ ᠦᠶᠡᠰ ᠵᠠᠭᠠᠯᠳᠤᠭᠳᠠᠭᠴᠢ ᠡ **ᠴᠢᠰᠥᠨ ᠳᠠᠬᠢ ᠰᠫᠢᠷᠲᠠᠭᠤᠯᠤᠭᠳᠠᠴᠠ ᠨᠢ 292.35mg/100ml ᠪᠠᠵᠢᠨ᠎ᠠ᠃
ᠲᠡᠭᠡᠷᠡᠬᠢ ᠪᠤᠳᠠᠳᠤ ᠬᠡᠷᠡᠭ ᠢ ᠨᠤᠳᠠᠯᠠᠬᠤ ᠭᠡᠷᠡᠴᠢ ᠲᠤᠥᠷᠠᠬᠢ ᠮᠡᠳᠦ᠄
1. ᠪᠢᠴᠢᠭᠭᠡᠷᠡᠴᠢ᠄ ᠬᠡᠷᠡᠭ ᠬᠦᠯᠢᠶᠠᠨ ᠠᠪᠴᠤ ᠰᠢᠢᠳᠪᠦᠷᠢᠯᠡᠬᠦ ᠲᠠᠩᠰᠠᠯᠠᠯᠬᠦᠰᠦᠨᠦᠭᠳᠤ᠂ ᠬᠡᠷᠡᠭ ᠪᠤᠯᠭᠠᠨ ᠲᠠᠩᠰᠡᠯᠡᠬᠤ ᠲᠤᠭᠳᠠᠭᠠᠯᠪᠢᠴᠢᠭ᠂ ᠪᠠᠶᠢᠴᠠᠭᠠᠨ ᠢᠯᠡᠷᠡᠬᠦᠯᠦᠭᠰᠡᠨ ᠦᠡᠭᠭᠡᠷᠡᠯᠳᠡ᠂ ᠡᠷᠤᠬᠡ ᠠᠮᠠ ᠵᠢᠨ ᠬᠡᠷᠡᠴᠢ ᠵᠡᠷᠭᠡ︔ 2. ᠬᠡᠷᠡᠴᠢ ᠬᠦᠮᠤᠨ ᠪᠣ ** ᠵᠢᠨ ᠬᠡᠷᠡᠴᠢ ᠦᠭᠡ︔ 3. ᠵᠠᠭᠠᠯᠳᠤᠭᠳᠠᠭᠴᠢ ᠡ ** ᠦᠴᠢᠭᠯᠡᠯᠳᠠ ᠪᠡ ᠵᠦᠪᠳᠤᠬᠡᠯᠳᠠ︔ 4. ᠰᠢᠯᠭᠠᠨ ᠲᠤᠭᠳᠠᠭᠠᠯᠳᠠ ᠵᠢᠨ ᠰᠠᠨᠠᠯ︔ 5. ᠦᠵᠡᠵᠦ ᠰᠣᠨᠣᠰᠬᠤ ᠮᠠᠲ᠋ᠧᠷᠢᠶᠠᠯ ᠲᠦᠷᠪᠡᠨ ᠬᠤᠪᠢ᠃
ᠲᠡᠬᠡᠷᠡᠬᠢ ᠬᠡᠷᠡᠴᠢ ᠬᠠᠤᠯᠢ ᠶᠤᠰᠤ ᠪᠠᠷ ᠴᠤᠭᠯᠠᠭᠤᠯᠵᠦ᠂ ᠠᠭᠤᠯᠭ᠎ᠠ ᠨᠢ ᠪᠤᠰᠤᠳᠴᠢ ᠦᠨᠠᠨ ᠪᠤᠳᠠᠳᠠᠢ᠂ ᠵᠠᠭᠠᠯᠳᠤᠭᠰᠠᠨ ᠪᠤᠳᠠᠳᠤ ᠬᠡᠷᠡᠭ ᠢ ᠬᠡᠷᠡᠴᠢᠯᠡᠵᠦ ᠲᠠᠶᠢᠯᠤᠨ᠎ᠠ᠃ ᠵᠠᠭᠠᠯᠳᠤᠭᠳᠠᠭᠴᠢ ᠡ ** ᠵᠠᠭᠠᠯᠳᠤᠭᠰᠠᠨ ᠪᠤᠳᠠᠳᠤ ᠬᠡᠷᠡᠭ ᠪᠠ ᠬᠡᠷᠡᠴᠢ ᠳᠤ ᠰᠠᠨᠠᠯ ᠦᠬᠡᠢ᠂ ᠦᠪᠡᠷᠲᠤᠷᠠ ᠠᠴᠠ ᠪᠠᠨ ᠶᠠᠯ᠎ᠠ ᠪᠠᠨ ᠮᠡᠳᠡᠷᠡᠵᠣ ᠰᠢᠳᠭᠡᠯ ᠬᠦᠯᠢᠶᠡᠵᠦ ᠪᠠᠵᠢᠨ᠎ᠠ᠃
ᠮᠠᠨ ᠬᠤᠷᠢᠶᠠᠨ ᠦᠵᠡᠬᠦ ᠪᠠᠷ᠂ ᠵᠠᠭᠠᠯᠳᠤᠭᠳᠠᠭᠴᠢ ᠡ ** ᠵᠠᠮ ᠲᠠᠬᠡᠷ᠎ᠡ ᠰᠤᠭᠳᠤᠭᠤ ᠪᠠᠷ ᠮᠠᠰᠢᠨ ᠲᠡᠷᠭᠡ ᠵᠢᠯᠤᠭᠤᠳᠤᠭᠰᠠᠨ ᠦᠢᠯᠡ ᠠᠵᠢᠯᠯᠠᠭ᠎ᠠ ᠨᠢ ︿︿ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠥᠰᠡᠷᠡᠭᠦᠦ ᠵᠢᠨ ᠬᠠᠥᠯᠢ﹀﹀ ᠵᠢᠨ ᠨᠢᠭᠡ ᠵᠠᠭᠤ ᠭᠤᠴᠢᠨ ᠭᠤᠷᠪᠠᠳᠤᠭᠠᠷ ᠵᠦᠢᠯ ᠳᠠᠬᠢ ᠨᠢᠭᠡ ᠲᠤᠬᠲᠠᠭᠠᠯ ᠢ ᠵᠦᠷᠢᠴᠡᠵᠤ᠂ ᠶᠠᠯ᠎ᠠ ᠵᠢᠨ ᠪᠤᠳᠠᠲᠤ ᠬᠡᠷᠡᠭ ᠨᠢ ᠲᠤᠳᠤᠷᠬᠠᠢ᠂ ᠭᠡᠷᠡᠴᠢ ᠪᠠᠷᠢᠮᠲᠠ ᠨᠢ ᠪᠦᠷᠢᠨ ᠭᠦᠢᠴᠡᠳ᠂ ᠠᠶᠥᠯᠳᠠᠢ ᠪᠠᠷ ᠲᠡᠷᠭᠡ ᠵᠢᠯᠤᠭᠤᠳᠤᠭᠰᠠᠨ ᠶᠠᠯ᠎ᠠ ᠪᠠᠷ ᠡᠷᠡᠭᠦᠦ ᠵᠢᠨ ᠬᠠᠷᠢᠭᠤᠴᠠᠯᠭ᠎ᠠ ᠨᠡᠭᠡᠮᠵᠢᠯᠡᠪᠡᠯ ᠵᠤᠬᠢᠨ᠎ᠠ᠃ ᠵᠠᠭᠠᠯᠳᠤᠭᠳᠠᠭᠴᠢ ᠡ ** ᠪᠠᠷᠢᠪᠴᠢᠯᠠᠬᠳᠠᠬᠰᠠᠨ ᠰᠡᠭᠦᠯᠡᠷ ᠦᠪᠡᠷᠶᠠᠯᠠᠲᠦ ᠠᠵᠢᠯᠯᠠᠭ᠎ᠠ ᠪᠠᠨ ᠦᠨᠡᠨ ᠢᠶᠠᠷ ᠦᠴᠢᠭᠯᠡᠭᠰᠡᠨ ᠨᠢ ︿︿ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠥᠰᠡᠷᠡᠭᠦᠦ ᠵᠢᠨ ᠬᠠᠥᠯᠢ﹀﹀ ᠵᠢᠨ ᠵᠢᠷᠠᠨ ᠳᠤᠯᠤᠳᠤᠭᠠᠷ ᠵᠦᠢᠯᠭᠤᠷᠪᠠᠳᠤᠭᠠᠷ ᠵᠤᠷᠪᠤᠰ ᠢ ᠦᠨᠳᠦᠰᠦᠯᠡᠪᠡᠯ᠂ ᠴᠠᠭᠠᠪᠤᠷᠢᠯᠠᠬᠰᠠᠨ ᠳᠤ ᠲᠤᠭᠠᠴᠢᠬᠳᠠᠨᠠ᠃ ᠵᠠᠭᠠᠯᠳᠤᠭᠳᠠᠭᠴᠢ ᠡ ** ᠶᠠᠯ᠎ᠠ ᠪᠠᠨ ᠮᠡᠳᠡᠷᠡᠵᠣ ᠰᠢᠳᠭᠡᠯ ᠬᠦᠯᠢᠶᠡᠵᠦ ᠪᠠᠶᠢᠬᠤ ᠨᠢ ︿︿ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠥᠰᠡᠷᠡᠭᠦᠦ ᠵᠢᠨ ᠬᠠᠥᠯᠢ﹀﹀ ᠵᠢᠨ ᠠᠷᠪᠠᠨ ᠲᠠᠪᠣᠳᠣᠭᠠᠷ ᠵᠦᠢᠯ ᠢ ᠦᠨᠳᠦᠰᠦᠯᠡᠵᠦ ᠠᠭᠤᠴᠢᠯᠠᠨ ᠰᠢᠳᠭᠡᠵᠣ ᠪᠣᠯᠣᠨ᠎ᠠ᠃ ︿︿ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰᠡᠷᠡᠭᠦᠦ ᠵᠢᠨ ᠵᠠᠷᠭᠤ ᠵᠢᠨ ᠬᠠᠥᠯᠢ﹀﹀ ᠵᠢᠨ ᠨᠢᠭᠡ ᠵᠠᠭᠤ ᠲᠠᠯᠠᠨ ᠵᠢᠷᠭᠤᠳᠤᠭᠠᠷ ᠵᠥᠢᠯᠲᠤᠭᠳᠠᠭᠠᠯ ᠢ ᠦᠨᠳᠦᠰᠦᠯᠡᠵᠦ᠂ ᠵᠠᠭᠠᠯᠳᠤᠭᠳᠠᠭᠴᠢ ᠡ ** ᠲᠤ ᠠᠯᠪᠠᠨ ᠵᠠᠭᠠᠯᠳᠤᠯᠭ᠎ᠠ ᠬᠢᠪᠡ᠃ ᠬᠠᠥᠯᠢ ᠶᠤᠰᠤᠭᠠᠷ ᠰᠢᠳᠭᠡᠬᠦ ᠪᠤᠯᠪᠠᠥ᠃
ᠡᠭᠦᠨ ᠲᠤᠯᠠ
ᠰᠢᠨ᠎ᠡ ᠪᠠᠷᠭᠤ ᠪᠠᠷᠠᠭᠤᠨ ᠬᠤᠰᠢᠭᠤᠨ ᠠᠷᠠᠳᠰᠢᠭᠦᠬᠦ ᠬᠤᠷᠢᠶ᠎ᠠ ᠳᠤ
ᠪᠠᠶᠢᠴᠠᠭᠠᠭᠴᠢ᠄ ᠲᠠᠵᠢᠳᠮᠠ ᠲᠣᠰᠠᠯᠠᠨ ᠪᠠᠶᠢᠴᠠᠭᠠᠭᠴᠢ᠄ ᠭᠤᠶᠣᠬᠠᠨ
2021 ᠤᠨ 1 ᠰᠠᠷ᠎ᠠ ᠵᠢᠨ 20 ᠡᠳᠦᠷ
ᠲᠠᠭᠠᠯᠳᠤᠭᠤᠯᠬᠤ ᠨᠢ᠄
1. ᠵᠠᠭᠠᠯᠳᠤᠭᠳᠠᠭᠴᠢ ᠡ ** ᠰᠢᠨ᠎ᠡ ᠪᠠᠷᠭᠤ ᠪᠠᠷᠠᠭᠤᠨ ᠬᠤᠰᠢᠭᠤᠨ ᠲᠤᠳᠥᠭᠠᠳᠥ ᠬᠠᠮᠠᠭᠠᠯᠠᠬᠤ ᠲᠤᠪᠴᠢᠶᠠᠨ ᠳᠤ ᠪᠠᠲᠤᠯᠠᠭ᠎ᠠ ᠠᠪᠴᠥ ᠰᠢᠭᠦᠬᠦ ᠬᠦᠯᠢᠶᠡᠯᠭᠡᠪᠡ᠃
2. ᠲᠤᠰ ᠬᠡᠷᠡᠭᠡᠪᠬᠡᠮᠠᠯ ᠮᠠᠲ᠋ᠧᠷᠢᠶᠠᠯ ᠬᠤᠶᠠᠷ ᠪᠤᠳᠢ᠂ ᠦᠵᠡᠵᠦ ᠰᠣᠨᠣᠰᠬᠤ ᠮᠠᠲ᠋ᠧᠷᠢᠶᠠᠯ ᠲᠦᠷᠪᠡᠨ ᠬᠤᠪᠢ᠃
3. ᠶᠠᠯ᠎ᠠ ᠪᠠᠨ ᠮᠡᠳᠡᠷᠡᠵᠦ ᠰᠢᠳᠭᠡᠯ ᠢ ᠬᠦᠯᠢᠶᠡᠭᠰᠡᠨ ᠬᠡᠮᠰᠢᠬᠦ ᠪᠠᠳᠤᠯᠠᠭ᠎ᠠ ᠵᠢᠨ ᠪᠢᠴᠢᠭ ᠨᠢᠬᠡ ᠬᠤᠪᠢ᠃
4. ᠡᠷᠡᠬᠦᠦ ᠣᠨᠣᠬᠳᠠᠭᠤᠯᠬᠤ ᠰᠠᠨᠠᠯᠪᠢᠴᠢᠭ ᠨᠢᠬᠡ ᠬᠤᠪᠢ᠃