ᠥᠪᠥᠷ ᠮᠣᠩᠭᠣᠯ  内蒙古

ᠰᠢᠨ᠎ᠡ ᠪᠠᠷᠭᠤ ᠪᠠᠷᠠᠭᠤᠨ ᠬᠤᠰᠢᠭᠤᠨ  ᠠᠷᠠᠳ ᠪᠠᠶᠢᠴᠠᠭᠠᠬᠤ ᠬᠤᠷᠢᠶᠠᠨ  ᠵᠠᠭᠠᠯᠳᠥᠬᠤ ᠪᠢᠴᠢᠭ

2021-12-31 15:08:50

                            ᠰᠢᠨ᠎ᠡ ᠪᠠᠷᠠᠭᠤᠨ ᠪᠠᠶᠢᠴᠠᠭᠠᠬᠤ ᠠᠯᠪᠠᠨ ᠵᠠᠭᠠᠯᠳᠥᠬᠤ ᠡᠷᠡᠭᠦᠦ ᠵᠠᠭᠠᠯᠳᠥᠬᠤ ︵2021︶ 64 ᠳ᠋ᠥ᠋ᠭᠡᠷ ᠲᠤᠭᠠᠳᠥ

      

      ᠵᠠᠭᠠᠯᠳᠤᠭᠳᠠᠭᠴᠢ ᠡ **᠂ ᠡᠷᠡᠭᠳᠡᠢ᠂ 1972 ᠤᠨ  ** ᠰᠠᠷ᠎ᠠ ᠵᠢᠨ **  ᠡᠳᠦᠷ ᠲᠦᠷᠦᠪᠡ᠂ ᠡᠷᠬᠡᠳᠤ ᠠᠷᠠᠳᠪᠡᠶ᠎ᠡ ᠵᠢᠨ ᠦᠨᠡᠮᠯᠡᠯᠨᠤᠮᠧᠷ 1521291972********᠂ ᠮᠤᠩᠭᠤᠯ ᠦᠨᠳᠦᠰᠦᠳᠡᠨ᠂ ᠪᠠᠭ᠎ᠠ ᠰᠣᠷᠭᠠᠭᠤᠯᠢ ᠵᠢᠨ ᠰᠣᠶᠣᠯᠬᠡᠮᠵᠢᠶ᠎ᠡ ᠲᠠᠢ᠂ ᠮᠠᠯᠴᠢᠨ᠂ ᠡᠷᠦᠬᠡ ᠠᠮᠠ ᠵᠢᠨ ᠪᠠᠶᠢᠭ᠎ᠠ ᠭᠠᠵᠠᠷ ᠦᠪᠦᠷ ᠮᠤᠩᠭᠤᠯᠬᠦᠯᠦᠨ ᠪᠤᠶᠢᠷ ᠬᠤᠳᠠ ᠵᠢᠨ ᠰᠢᠨ᠎ᠡ ᠪᠠᠷᠭᠤ ᠪᠠᠷᠠᠭᠤᠨ ᠬᠤᠰᠢᠭᠤᠨ  ** ᠪᠠᠯᠭᠠᠰᠤ ᠵᠢᠨ ** ᠭᠠᠴᠠᠭᠠᠨ  ** ᠳ᠋ᠤᠭᠠᠷ ᠨᠤᠮᠧᠷ᠂ ᠤᠳᠥ ᠰᠠᠭᠤᠭ᠎ᠠ ᠭᠠᠵᠠᠷ ᠰᠢᠨ᠎ᠡ ᠪᠠᠷᠭᠤ ᠪᠠᠷᠠᠭᠤᠨ ᠬᠤᠰᠢᠭᠤᠨ  ** ᠪᠠᠯᠭᠠᠰᠤ ᠵᠢᠨ ** ᠠᠰᠠᠷ** ᠳ᠋ᠤᠭᠠᠷ ᠨᠢᠬᠡᠴᠡ ᠵᠢᠨ ** ᠳ᠋ᠤᠬᠡᠷ ᠬᠡᠷ᠃ ᠶᠠᠯ᠎ᠠ ᠵᠢᠨ ᠲᠡᠥᠬᠡ ᠦᠭᠡᠢ᠃ ᠵᠠᠭᠠᠯᠳᠤᠭᠳᠠᠭᠴᠢ ᠡ ** ᠪᠤᠰᠤᠳᠪᠡᠶ᠎ᠡ  ᠵᠣᠷᠢᠭᠤᠳᠠ ᠭᠡᠮᠳᠦᠭᠡᠭᠰᠡᠨ ᠠᠴᠠ 2020 ᠤᠨ  4 ᠰᠠᠷ᠎ᠠ ᠵᠢᠨ 3  ᠡᠳᠦᠷ ᠰᠢᠨ᠎ᠡ ᠪᠠᠷᠭᠤ ᠪᠠᠷᠠᠭᠤᠨ ᠬᠤᠰᠢᠭᠤᠨ  ᠲᠤᠳᠥᠭᠠᠳᠥ  ᠬᠠᠮᠠᠭᠠᠯᠠᠬᠤ ᠲᠤᠪᠴᠢᠶᠠᠨ ᠳᠤ ᠵᠠᠰᠠᠭ ᠵᠠᠬᠢᠷᠭᠠᠨ  ᠲᠦᠷ ᠬᠤᠷᠢᠯᠳᠠ ᠪᠠᠷ ᠠᠷᠪᠠᠨ ᠡᠳᠦᠷ ᠬᠤᠷᠢᠭᠳᠠᠵᠦ᠂ ᠠᠷᠠᠳᠵᠤᠭᠤᠰ 500 ᠲᠦᠬᠦᠷᠢᠭ ᠢᠶᠠᠷ ᠲᠤᠷᠭᠠᠬᠳᠠᠪᠠ᠃ ᠵᠠᠭᠠᠯᠳᠤᠭᠳᠠᠭᠴᠢ ᠡ ** ᠵᠣᠷᠢᠭᠤᠳᠠ ᠭᠡᠮᠳᠦᠭᠡᠭᠰᠡᠨ ᠬᠡᠷᠡᠭ ᠲᠤ ᠬᠤᠯᠪᠤᠭᠳᠠᠵᠤ᠂ 2020 ᠤᠨ  6 ᠰᠠᠷ᠎ᠠ ᠵᠢᠨ 8  ᠡᠳᠦᠷ ᠰᠢᠨ᠎ᠡ ᠪᠠᠷᠭᠤ ᠪᠠᠷᠠᠭᠤᠨ ᠬᠤᠰᠢᠭᠤᠨ  ᠲᠤᠳᠥᠭᠠᠳᠥ  ᠬᠠᠮᠠᠭᠠᠯᠠᠬᠤ ᠲᠤᠪᠴᠢᠶᠠᠨ ᠳᠤ ᠪᠠᠲᠤᠯᠠᠭ᠎ᠠ ᠠᠪᠴᠥ ᠰᠢᠭᠦᠬᠦ  ᠬᠦᠯᠢᠶᠡᠯᠭᠡᠪᠡ᠂ 2021 ᠤᠨ  6 ᠰᠠᠷ᠎ᠠ ᠵᠢᠨ 7  ᠡᠳᠦᠷ ᠰᠢᠨ᠎ᠡ ᠪᠠᠷᠭᠤ ᠪᠠᠷᠠᠭᠤᠨ ᠬᠤᠰᠢᠭᠤᠨ  ᠲᠤᠳᠥᠭᠠᠳᠥ  ᠬᠠᠮᠠᠭᠠᠯᠠᠬᠤ ᠲᠤᠪᠴᠢᠶᠠᠨ ᠳᠤ ᠰᠠᠭᠤᠭ᠎ᠠ ᠭᠠᠵᠠᠷ ᠲᠤ ᠪᠠᠨ ᠵᠠᠬᠢᠷᠤᠨ ᠬᠢᠨᠠᠭᠳᠠᠪᠠ᠃

     ᠵᠠᠭᠠᠯᠳᠤᠭᠳᠠᠭᠴᠢ ᠡ ** ᠵᠢᠨ ᠵᠣᠷᠢᠭᠤᠳᠠ ᠭᠡᠮᠳᠦᠭᠡᠭᠰᠡᠨ ᠨᠢᠭᠡᠨ ᠬᠡᠷᠡᠭ ᠢ ᠰᠢᠨ᠎ᠡ ᠪᠠᠷᠭᠤ ᠪᠠᠷᠠᠭᠤᠨ ᠬᠤᠰᠢᠭᠤᠨ  ᠲᠤᠳᠥᠭᠠᠳᠥ  ᠬᠠᠮᠠᠭᠠᠯᠠᠬᠤ ᠲᠤᠪᠴᠢᠶ᠎ᠠ ᠲᠤᠷᠰᠢᠨ ᠪᠠᠶᠢᠴᠠᠭᠠᠯᠳᠠ ᠪᠠᠨ ᠲᠠᠭᠤᠰᠬᠠᠭᠠᠳ᠂ 2021 ᠤᠨ  9 ᠰᠠᠷ᠎ᠠ ᠵᠢᠨ 17  ᠡᠳᠦᠷ ᠮᠠᠨ  ᠬᠤᠷᠢᠶᠠᠨ ᠳᠤ ᠬᠢᠨᠠᠨ ᠪᠠᠶᠢᠴᠠᠯᠭᠠᠵᠤ ᠵᠠᠭᠠᠯᠳᠤᠭᠤᠯᠬᠤ ᠪᠠᠷ ᠰᠢᠯᠵᠢᠭᠦᠯᠦᠨ ᠬᠦᠷᠭᠡᠪᠡ᠂ ᠮᠠᠨ  ᠬᠤᠷᠢᠶ᠎ᠠ ᠬᠡᠷᠡᠭᠡᠪᠬᠡᠮᠡᠯ ᠢ ᠬᠦᠯᠢᠶᠡᠨ ᠠᠪᠤᠭᠰᠠᠨ  ᠰᠡᠭᠦᠯᠡᠷ᠂ 2021 ᠤᠨ  9 ᠰᠠᠷ᠎ᠠ ᠵᠢᠨ 18  ᠡᠳᠦᠷ ᠵᠠᠭᠠᠯᠳᠤᠭᠳᠠᠭᠴᠢ ᠡ ** ᠳᠤ ᠦᠮᠦᠭᠯᠡᠭᠴᠢ ᠨᠠᠶᠢᠳᠠᠬᠤ ᠡᠷᠬᠡ ᠪᠠ ᠶᠠᠯ᠎ᠠ ᠡᠷᠡᠬᠦᠦ ᠪᠠᠨ ᠮᠡᠳᠡᠷᠡᠬᠦ ᠠᠴᠠ ᠪᠤᠯᠤᠭᠰᠠᠨ ᠬᠠᠤᠯᠢ ᠴᠠᠭᠠᠵᠠ ᠵᠢᠨ ᠦᠷ᠎ᠡ ᠳ᠋ᠦᠩ ᠢ ᠮᠡᠳᠡᠭᠳᠡᠵᠦ᠂ 2021 ᠤᠨ  9 ᠰᠠᠷ᠎ᠠ ᠵᠢᠨ 18  ᠡᠳᠦᠷ ᠬᠤᠣᠷᠯᠠᠬᠳᠠᠬᠴᠢ ᠳᠤ ᠬᠠᠥᠯᠢ ᠶᠤᠰᠤᠭᠠᠷ ᠡᠳ᠋ᠯᠡᠬᠦ ᠵᠠᠷᠭᠤ ᠵᠢᠨ ᠡᠷᠬᠡ  ᠮᠡᠳᠡᠭᠳᠡᠵᠦ᠂ ᠬᠠᠥᠯᠢ ᠶᠤᠰᠤᠭᠠᠷ ᠵᠠᠭᠠᠯᠳᠤᠭᠳᠠᠭᠴᠢ  ᠰᠢᠭᠦᠨ ᠠᠰᠠᠭᠤᠵᠤ᠂ ᠵᠠᠭᠠᠯᠳᠤᠭᠳᠠᠭᠴᠢ ᠪᠠ ᠦᠮᠦᠭᠯᠡᠭᠴᠢ᠂ ᠬᠤᠣᠷᠯᠠᠬᠳᠠᠬᠴᠢ ᠵᠢᠨ ᠰᠠᠨᠠᠯ ᠢ ᠰᠤᠨᠤᠰᠴᠦ᠂ ᠪᠦᠬᠦ ᠬᠡᠷᠡᠭᠮᠠᠲ᠋ᠧᠷᠢᠶᠠᠯ ᠢ ᠬᠢᠨᠠᠨ ᠪᠠᠶᠢᠴᠠᠭᠠᠪᠠ᠃ ᠵᠠᠭᠠᠯᠳᠤᠭᠳᠠᠭᠴᠢ ᠲᠤᠰ ᠬᠡᠷᠡᠭ ᠢ ᠲᠦᠷᠬᠡᠨ ᠲᠠᠰᠤᠯᠤᠯᠳᠠ ᠵᠢᠨ ᠵᠢᠷᠤᠮ ᠢ ᠬᠡᠷᠡᠭᠯᠡᠨ ᠰᠢᠬᠦᠬᠦ  ᠵᠦᠪᠰᠢᠶᠡᠷᠡᠪᠡ᠃

    ᠤᠳᠤ ᠬᠢᠨᠠᠨ ᠪᠠᠶᠢᠴᠠᠭᠠᠵᠣ ᠲᠤᠳᠤᠯᠠᠬᠰᠠᠨ ᠢᠶᠠᠷ᠄

    2020 ᠤᠨ  2 ᠰᠠᠷ᠎ᠠ ᠵᠢᠨ 17  ᠡᠳᠦᠷ22 ᠴᠠᠭᠦᠶᠡᠰ᠂ ᠵᠠᠭᠠᠯᠳᠤᠭᠳᠠᠭᠴᠢ ᠡ **᠂ ᠬᠤᠣᠷᠯᠠᠬᠳᠠᠬᠴᠢ ᠬᠠ ** ᠲᠠᠢ ᠰᠢᠨ᠎ᠡ ᠪᠠᠷᠭᠤ ᠪᠠᠷᠠᠭᠤᠨ ᠬᠤᠰᠢᠭᠤᠨ   ** ᠪᠠᠯᠭᠠᠰᠤ ᠵᠢᠨ ** ᠠᠰᠠᠷ** ᠳ᠋ᠤᠭᠠᠷ ᠨᠢᠬᠡᠴᠡ ᠵᠢᠨ ** ᠳ᠋ᠤᠬᠡᠷ ᠬᠡᠷ ᠲᠤ ᠠᠷᠰᠠᠷ ᠶᠠᠪᠤᠳᠠᠯ ᠠᠴᠠ ᠬᠡᠷᠡᠯᠳᠦᠬᠡᠨ ᠪᠤᠯᠵᠦ᠂ ᠡ ** ᠨᠢᠳᠤᠷᠭ᠎ᠠ ᠪᠠᠷ ᠢᠶᠠᠨ ᠬᠠ ** ᠨᠢᠭᠤᠷ ᠲᠡᠭᠡᠷ᠎ᠡ ᠴᠤᠬᠢᠵᠦ ᠰᠢᠷᠬᠠᠳᠤᠭᠤᠯᠪᠠ᠃ ᠰᠢᠯᠭᠠᠨ ᠪᠠᠶᠢᠴᠠᠭᠠᠭᠰᠠᠨ ᠢᠶᠠᠷ᠂ ᠬᠠ **ᠬᠠᠮᠠᠷᠶᠠᠰᠤᠨ  ᠪᠡᠷᠳᠡᠯ ᠪᠤᠯᠤᠨ ᠵᠡᠬᠦᠨ ᠲᠡᠬᠡᠳᠤ ᠡᠷᠡᠤ ᠶᠠᠰᠤᠨ  ᠮᠠᠩᠨᠠᠢ ᠵᠢᠨ ᠰᠡᠷᠳᠡᠩ ᠪᠡᠷᠳᠡᠭᠰᠡᠨ ᠨᠢ ᠬᠦᠩᠬᠡᠨ ᠰᠢᠷᠬ᠎ᠠ ᠵᠢᠨ ᠬᠤᠶᠠᠳᠤᠭᠠᠷ ᠲᠠᠰ ᠬᠦᠷᠴᠦ᠂ ᠪᠠᠷᠠᠭᠤᠨ ᠨᠢᠭᠤᠷᠰᠤᠷᠪᠢ᠂ 11 ᠳ᠋ᠤᠬᠡᠷ ᠰᠢᠳᠦᠨ  ᠤᠷᠦᠢ ᠬᠤᠭᠤᠷᠤᠨ ᠤᠨᠠᠭᠰᠠᠨ᠂ 12 ᠳ᠋ᠤᠭᠠᠷ ᠰᠢᠳᠤ ᠬᠦᠳᠡᠯᠦᠭᠰᠡᠨ ᠨᠢ ᠪᠦᠷ ᠬᠦᠩᠬᠡᠪᠳᠤᠷ ᠰᠢᠷᠬ᠎ᠠ ᠵᠢᠨ ᠲᠡᠰ ᠲᠤ ᠬᠦᠷᠴᠦ ᠭᠡᠵᠤ ᠨᠤᠲᠠᠯᠠᠪᠠ᠃ ᠵᠠᠭᠠᠯᠳᠤᠭᠳᠠᠭᠴᠢ ᠡ **᠂ ᠬᠤᠣᠷᠯᠠᠬᠳᠠᠬᠴᠢ ᠬᠠ **ᠬᠤᠬᠢᠷᠠᠯ ᠢ ᠲᠦᠯᠦᠪᠦᠷᠢᠯᠡᠵᠦ᠂ ᠠᠭᠤᠴᠢᠯᠠᠯ ᠢ ᠨᠢ ᠤᠯᠪᠠ᠃

    ᠵᠠᠭᠠᠯᠳᠤᠭᠳᠠᠭᠴᠢ ᠡ ** 2020 ᠤᠨ  2 ᠰᠠᠷ᠎ᠠ ᠵᠢᠨ 18  ᠡᠳᠦᠷ ᠴᠠᠬᠳᠠᠭ᠎ᠠ ᠳᠤ ᠲᠠᠭᠤᠳᠠᠭᠳᠡᠨ ᠬᠡᠷᠡᠭ ᠲᠤ ᠢᠷᠡᠭᠰᠡᠨ  ᠰᠡᠭᠦᠯᠡᠷ ᠲᠡᠭᠡᠷᠡᠬᠢ ᠪᠣᠳᠠᠲᠣ ᠬᠡᠷᠡᠭ ᠢ ᠦᠨᠡᠨ ᠢᠶᠠᠷ ᠨᠢ ᠦᠴᠢᠭᠯᠡᠪᠡ᠃

    ᠲᠡᠭᠡᠷᠡᠬᠢ ᠪᠣᠳᠠᠲᠣ ᠬᠡᠷᠡᠭ ᠢ ᠭᠡᠷᠡᠴᠢᠯᠡᠬᠦ ᠭᠡᠷᠡᠴᠢ ᠲᠣᠣᠷᠠᠬᠢ ᠮᠡᠳᠦ᠄

      1. ᠪᠢᠴᠢᠭᠭᠡᠷᠡᠴᠢ᠄ ᠬᠡᠷᠡᠭ ᠮᠡᠳᠡᠬᠦᠯᠦᠭᠰᠡᠨ ᠲᠡᠮᠳᠡᠭᠯᠡᠯ᠂ ᠬᠡᠷᠡᠭ ᠬᠦᠯᠢᠶᠠᠨ ᠠᠪᠴᠤ ᠰᠢᠢᠳᠪᠦᠷᠢᠯᠡᠬᠦ ᠲᠠᠩᠰᠠᠯᠠᠯᠬᠦᠰᠦᠨᠦᠭᠳᠤ᠂ ᠬᠡᠷᠡᠭ ᠪᠤᠯᠭᠠᠨ ᠲᠠᠩᠰᠡᠯᠡᠬᠤ ᠲᠤᠭᠳᠠᠭᠠᠯᠪᠢᠴᠢᠭ᠂  ᠬᠡᠷᠡᠭ ᠲᠤ ᠢᠷᠡᠭᠰᠡᠨ ᠦᠡᠭᠭᠡᠷᠡᠯᠳᠡ᠂ ᠡᠷᠤᠬᠡ ᠠᠮᠠ ᠵᠢᠨ ᠬᠡᠷᠡᠴᠢ ᠵᠡᠷᠭᠡ︔ 2. ᠬᠡᠷᠡᠴᠢ ᠬᠦᠮᠤᠨ ᠨᠠ **᠂ ᠬᠦ **᠂ ᠵᠠᠩ **᠂ ᠵᠢᠨ ** ᠵᠢᠨ ᠬᠡᠷᠡᠴᠢ ᠦᠭᠡ︔ 3. ᠵᠠᠭᠠᠯᠳᠤᠭᠳᠠᠭᠴᠢ ᠡ ** ᠵᠢᠨ ᠦᠴᠢᠭᠯᠡᠯᠳᠠ ᠪᠡ ᠵᠦᠪᠳᠤᠬᠡᠯᠳᠠ︔ 4. ᠬᠤᠣᠷᠯᠠᠬᠳᠠᠬᠴᠢ ᠬᠠ **ᠲᠣᠭᠠᠴᠢᠯᠳᠠ︔ 5. ᠰᠢᠯᠭᠠᠨ ᠲᠤᠭᠳᠠᠭᠠᠯᠳᠠ ᠵᠢᠨ ᠰᠠᠨᠠᠯ︔ 6. ᠬᠠᠵᠢᠨ ᠰᠢᠯᠭᠠᠬᠰᠠᠨ ᠲᠡᠮᠳᠡᠭᠯᠡᠯ︔ 7. ᠦᠵᠡᠵᠦ ᠰᠤᠨᠤᠰᠤᠭᠰᠠᠨ ᠮᠠᠲ᠋ᠧᠷᠢᠶᠠᠯ 10 ᠬᠤᠪᠢ᠃

      ᠲᠡᠬᠡᠷᠡᠬᠢ ᠬᠡᠷᠡᠴᠢ  ᠬᠠᠤᠯᠢ ᠶᠤᠰᠤ ᠪᠠᠷ ᠴᠤᠭᠯᠠᠭᠤᠯᠵᠦ᠂ ᠠᠭᠤᠯᠭ᠎ᠠ ᠨᠢ ᠪᠤᠰᠤᠳᠴᠢ ᠦᠨᠠᠨ ᠪᠤᠳᠠᠳᠠᠢ᠂ ᠵᠠᠭᠠᠯᠳᠤᠭᠰᠠᠨ ᠪᠤᠳᠠᠳᠤ ᠬᠡᠷᠡᠭ ᠢ ᠬᠡᠷᠡᠴᠢᠯᠡᠵᠦ ᠲᠠᠶᠢᠯᠤᠨ᠎ᠠ᠃ ᠵᠠᠭᠠᠯᠳᠤᠭᠳᠠᠭᠴᠢ ᠡ ** ᠵᠠᠭᠠᠯᠳᠤᠭᠰᠠᠨ ᠪᠤᠳᠠᠳᠤ ᠬᠡᠷᠡᠭ ᠪᠠ ᠬᠡᠷᠡᠴᠢ ᠳᠤ ᠰᠠᠨᠠᠯ ᠦᠬᠡᠢ᠂ ᠦᠪᠡᠷᠲᠤᠷ᠎ᠠ ᠠᠴᠠ ᠪᠠᠨ ᠶᠠᠯ᠎ᠠ ᠪᠠᠨ ᠮᠡᠳᠡᠷᠡᠵᠣ ᠰᠢᠳᠭᠡᠯ ᠬᠦᠯᠢᠶᠡᠵᠦ ᠪᠠᠵᠢᠨ᠎ᠠ᠃

      ᠮᠠᠨ  ᠬᠤᠷᠢᠶᠠᠨ  ᠦᠵᠡᠬᠦ ᠪᠠᠷ᠂ ᠵᠠᠭᠠᠯᠳᠤᠭᠳᠠᠭᠴᠢ ᠡ ** ᠵᠣᠷᠢᠭᠤᠳᠠ ᠪᠣᠰᠣᠳᠪᠡᠶ᠎ᠡ ᠮᠠᠬᠠᠪᠣᠳ ᠢ ᠭᠡᠮᠳᠣᠭᠡᠨ᠂ ᠨᠢᠭᠡ ᠭᠦᠮᠥᠨ ᠢ ᠬᠦᠩᠭᠡᠨ ᠰᠢᠷᠬ᠎ᠠ ᠵᠢᠨ ᠬᠤᠶᠠᠳᠤᠭᠠᠷ ᠳᠡᠰ ᠬᠦᠷᠭᠡᠭᠰᠡᠨ ᠦᠢᠯᠡ ᠠᠵᠢᠯᠯᠠᠭ᠎ᠠ ᠨᠢ ︿︿ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠥᠰᠡᠷᠡᠭᠦᠦ ᠵᠢᠨ ᠬᠠᠥᠯᠢ﹀﹀ ᠵᠢᠨ ᠬᠤᠶᠠᠷ ᠵᠠᠭᠤ ᠭᠤᠴᠢᠨ ᠲᠦᠷᠪᠡᠳᠦᠭᠡᠷ ᠵᠦᠢᠯᠨᠢᠭᠡᠳᠦᠭᠡᠷ ᠵᠣᠷᠪᠣᠰ ᠢ ᠵᠦᠷᠢᠴᠡᠵᠤ᠂ ᠶᠠᠯ᠎ᠠ ᠵᠢᠨ ᠪᠤᠳᠠᠲᠤ ᠬᠡᠷᠡᠭ ᠨᠢ ᠲᠤᠳᠤᠷᠬᠠᠢ᠂ ᠭᠡᠷᠡᠴᠢ ᠪᠠᠷᠢᠮᠲᠠ ᠨᠢ ᠪᠦᠷᠢᠨ ᠭᠦᠢᠴᠡᠳ᠂ ᠵᠣᠷᠢᠭᠤᠳᠠ ᠭᠡᠮᠳᠦᠭᠡᠭᠰᠡᠨ ᠶᠠᠯ᠎ᠠ ᠪᠠᠷ ᠡᠷᠡᠭᠦᠦ ᠵᠢᠨ ᠬᠠᠷᠢᠭᠤᠴᠠᠯᠭ᠎ᠠ ᠨᠡᠭᠡᠮᠵᠢᠯᠡᠪᠡᠯ ᠵᠤᠬᠢᠨ᠎ᠠ᠃ ᠵᠠᠭᠠᠯᠳᠤᠭᠳᠠᠭᠴᠢ ᠡ ** ᠴᠠᠬᠳᠠᠭ᠎ᠠ ᠳᠤ ᠲᠠᠭᠤᠳᠠᠭᠳᠡᠨ ᠬᠡᠷᠡᠭ ᠲᠤ ᠢᠷᠡᠭᠰᠡᠨ  ᠰᠡᠭᠦᠯᠡᠷ ᠦᠪᠡᠷᠶᠠᠯᠠᠲᠦ ᠠᠵᠢᠯᠯᠠᠭ᠎ᠠ ᠪᠠᠨ ᠦᠨᠡᠨ ᠢᠶᠠᠷ ᠦᠴᠢᠭᠯᠡᠭᠰᠡᠨ ᠨᠢ ︿︿ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠥᠰᠡᠷᠡᠭᠦᠦ ᠵᠢᠨ ᠬᠠᠥᠯᠢ﹀﹀ ᠵᠢᠨ ᠵᠢᠷᠠᠨ ᠳᠤᠯᠤᠳᠤᠭᠠᠷ ᠵᠦᠢᠯᠨᠢᠬᠡᠳᠦᠬᠡᠷ ᠵᠤᠷᠪᠤᠰ ᠲᠤ ᠨᠡᠶᠢᠴᠡᠵᠦ᠂ ᠪᠡᠶ᠎ᠡ ᠪᠠᠨ ᠲᠤᠰᠢᠶᠠᠭᠰᠠᠨ ᠳᠤ ᠲᠤᠭᠠᠴᠢᠬᠳᠠᠨ᠎ᠠ᠂ ᠬᠦᠩᠬᠡᠷᠡᠬᠦᠯᠦᠨ ᠰᠢᠳᠬᠡᠵᠦ ᠪᠤᠯᠤᠨ᠎ᠡ᠃ ᠵᠠᠭᠠᠯᠳᠤᠭᠳᠠᠭᠴᠢ ᠡ ** ᠶᠠᠯ᠎ᠠ ᠪᠠᠨ ᠮᠡᠳᠡᠷᠡᠵᠣ ᠰᠢᠳᠭᠡᠯ ᠬᠦᠯᠢᠶᠡᠵᠦ ᠪᠠᠶᠢᠬᠤ ᠨᠢ ︿︿ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠥᠰᠡᠷᠡᠭᠦᠦ ᠵᠢᠨ ᠬᠠᠥᠯᠢ﹀﹀ ᠵᠢᠨ ᠠᠷᠪᠠᠨ ᠲᠠᠪᠣᠳᠣᠭᠠᠷ ᠵᠦᠢᠯ ᠢ ᠦᠨᠳᠦᠰᠦᠯᠡᠵᠦ ᠠᠭᠤᠴᠢᠯᠠᠨ ᠰᠢᠳᠭᠡᠵᠣ ᠪᠣᠯᠣᠨ᠎ᠠ᠃ ︿︿ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰᠡᠷᠡᠭᠦᠦ ᠵᠢᠨ ᠵᠠᠷᠭᠤ ᠵᠢᠨ ᠬᠠᠥᠯᠢ﹀﹀ ᠵᠢᠨ ᠨᠢᠭᠡ ᠵᠠᠭᠤ ᠲᠠᠯᠠᠨ ᠵᠢᠷᠭᠤᠳᠤᠭᠠᠷ ᠵᠥᠢᠯᠲᠤᠭᠳᠠᠭᠠᠯ ᠢ ᠦᠨᠳᠦᠰᠦᠯᠡᠵᠦ᠂ ᠵᠠᠭᠠᠯᠳᠤᠭᠳᠠᠭᠴᠢ ᠡ ** ᠳᠤ ᠠᠯᠪᠠᠨ ᠵᠠᠭᠠᠯᠳᠤᠯᠭ᠎ᠠ ᠬᠢᠪᠡ᠃ ᠬᠠᠥᠯᠢ ᠶᠤᠰᠤᠭᠠᠷ ᠰᠢᠳᠭᠡᠬᠦ ᠪᠤᠯᠪᠠᠥ᠃   

        ᠡᠭᠦᠨ  ᠲᠤᠯᠠ

  ᠰᠢᠨ᠎ᠡ ᠪᠠᠷᠭᠤ ᠪᠠᠷᠠᠭᠤᠨ ᠬᠤᠰᠢᠭᠤᠨ  ᠠᠷᠠᠳᠰᠢᠭᠦᠬᠦ ᠬᠤᠷᠢᠶ᠎ᠠ ᠳᠤ

                                                                                                                      

 

                                                                                                                                                                           ᠪᠠᠶᠢᠴᠠᠭᠠᠬᠴᠢ᠄ ᠲᠡᠵᠢᠳᠮ᠎ᠡ                                                                                                      ᠲᠣᠰᠠᠯᠠᠨ ᠪᠠᠶᠢᠴᠠᠭᠠᠬᠴᠢ᠄ ᠭᠤᠶᠤᠬᠠᠨ

                                                                                                                                                                  2021 ᠣᠨ  9 ᠰᠠᠷ᠎ᠠ ᠵᠢᠨ 27  ᠡᠳᠦᠷ

 

 

ᠲᠠᠭᠠᠯᠳᠤᠭᠤᠯᠬᠤ ᠨᠢ᠄

       1. ᠵᠠᠭᠠᠯᠳᠤᠭᠳᠠᠭᠴᠢ ᠡ ** ᠰᠢᠨ᠎ᠡ ᠪᠠᠷᠭᠤ ᠪᠠᠷᠠᠭᠤᠨ ᠬᠤᠰᠢᠭᠤᠨ  ᠲᠤᠳᠥᠭᠠᠳᠥ  ᠬᠠᠮᠠᠭᠠᠯᠠᠬᠤ ᠲᠤᠪᠴᠢᠶᠠᠨ ᠳᠤ ᠰᠠᠭᠤᠭ᠎ᠠ ᠭᠠᠵᠠᠷ ᠲᠤ ᠪᠠᠨ ᠵᠠᠬᠢᠷᠤᠨ ᠬᠢᠨᠠᠭᠳᠠᠪᠠ᠃

       2. ᠲᠤᠰ ᠬᠡᠷᠡᠭᠡᠪᠬᠡᠮᠠᠯ ᠮᠠᠲ᠋ᠧᠷᠢᠶᠠᠯ ᠬᠤᠶᠠᠷ ᠪᠤᠳᠢ᠂ ᠦᠵᠡᠵᠦ ᠰᠤᠨᠤᠰᠤᠭᠰᠠᠨ ᠮᠠᠲ᠋ᠧᠷᠢᠶᠠᠯ ᠠᠷᠪᠠᠨ ᠬᠤᠪᠢ᠃

       3. ᠶᠠᠯ᠎ᠠ ᠪᠠᠨ ᠮᠡᠳᠡᠷᠡᠵᠦ ᠰᠢᠳᠭᠡᠯ ᠢ ᠬᠦᠯᠢᠶᠡᠭᠰᠡᠨ ᠬᠡᠮᠰᠢᠬᠦ ᠪᠠᠳᠤᠯᠠᠭ᠎ᠠ ᠵᠢᠨ ᠪᠢᠴᠢᠭ ᠨᠢᠬᠡ ᠬᠤᠪᠢ᠃

       4. ᠡᠷᠡᠬᠦᠦ ᠤᠨᠤᠭᠳᠠᠭᠤᠯᠬᠤ ᠰᠠᠨᠠᠯᠪᠢᠴᠢᠭ ᠬᠤᠶᠠᠷ ᠬᠤᠪᠢ᠃         


ᠢᠷᠡᠯᠲᠡ
ᠰᠢᠨ᠎ᠡ ᠪᠠᠷᠭᠤ ᠪᠠᠷᠠᠭᠤᠨ ᠬᠤᠰᠢᠭᠤᠨ  ᠠᠷᠠᠳᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro