ᠰᠢᠨ᠎ᠡ ᠪᠠᠷᠭᠤ ᠪᠠᠷᠠᠭᠤᠨ ᠬᠤᠰᠢᠭᠤᠨ ᠠᠷᠠᠳ ᠪᠠᠶᠢᠴᠠᠭᠠᠬᠤ ᠬᠤᠷᠢᠶᠠᠨ ᠵᠠᠭᠠᠯᠳᠥᠬᠤ ᠪᠢᠴᠢᠭ
ᠰᠢᠨ᠎ᠡ ᠪᠠᠷᠠᠭᠤᠨ ᠪᠠᠶᠢᠴᠠᠭᠠᠬᠤ ᠡᠷᠡᠭᠦᠦ ᠵᠠᠭᠠᠯᠳᠥᠬᠤ ︵2021︶ 34 ᠳ᠋ᠦ᠋ᠭᠡᠷ ᠲᠤᠭᠠᠳᠥ
ᠵᠠᠭᠠᠯᠳᠤᠭᠳᠠᠭᠴᠢ ᠬᠡ **᠂ ᠡᠷᠡᠭᠳᠡᠢ᠂ 1981 ᠤᠨ 2 ᠰᠠᠷ᠎ᠠ ᠵᠢᠨ ** ᠡᠳᠦᠷ ᠲᠦᠷᠦᠪᠡ᠂ ᠡᠷᠬᠡᠳᠤ ᠠᠷᠠᠳᠪᠡᠶᠡ ᠵᠢᠨ ᠦᠨᠡᠮᠯᠡᠯᠨᠤᠮᠧᠷ 1521291981********᠂ ᠮᠤᠩᠭᠤᠯ ᠦᠨᠳᠦᠰᠦᠳᠡᠨ᠂ ᠰᠤᠶᠤᠯᠪᠠᠯᠠᠢ᠂ ᠲᠣᠬᠳᠠᠬᠰᠨ ᠠᠵᠢᠯ ᠦᠭᠡᠢ᠂ ᠡᠷᠦᠬᠡ ᠠᠮᠠ ᠵᠢᠨ ᠪᠠᠶᠢᠭ᠎ᠠ ᠦᠪᠦᠷ ᠮᠤᠩᠭᠤᠯᠬᠦᠯᠦᠨ ᠪᠤᠶᠢᠷ ᠬᠤᠳᠠ ᠵᠢᠨ ᠰᠢᠨ᠎ᠡ ᠪᠠᠷᠭᠤ ᠪᠠᠷᠠᠭᠤᠨ ᠬᠤᠰᠢᠭᠤᠨ ** ᠪᠠᠯᠭᠠᠰᠣᠨ ** ᠭᠠᠴᠠᠭᠠᠨ **ᠳ᠋ᠦ᠋ᠭᠡᠷ ᠨᠤᠮᠧᠷ᠂ ᠤᠳᠥ ᠰᠠᠭᠤᠭ᠎ᠠ ᠭᠠᠵᠠᠷ ᠰᠢᠨ᠎ᠡ ᠪᠠᠷᠭᠤ ᠪᠠᠷᠠᠭᠤᠨ ᠬᠤᠰᠢᠭᠤᠨ ** ᠪᠠᠯᠭᠠᠰᠣᠨ ** ᠵᠡᠭᠡᠯᠢ ᠵᠢᠨ ** ᠭᠡᠷ᠃ ᠶᠠᠯ᠎ᠠ ᠵᠢᠨ ᠲᠡᠥᠬᠡ ᠲᠠᠢ ︵ᠵᠣᠷᠢᠭᠤᠳᠠ ᠭᠡᠮᠳᠦᠭᠡᠭᠰᠡᠨ ᠶᠠᠯ᠎ᠠ ᠪᠠᠷ 2011 ᠣᠨ 1 ᠰᠠᠷ᠎ᠠ ᠵᠢᠨ 24 ᠡᠳᠣᠷ ᠰᠢᠨ᠎ᠡ ᠪᠠᠷᠭᠤ ᠪᠠᠷᠠᠭᠤᠨ ᠬᠤᠰᠢᠭᠤᠨ ᠠᠷᠠᠳᠰᠢᠭᠦᠬᠦ ᠬᠤᠷᠢᠶᠠᠨ ᠳᠤ ᠲᠦᠷᠪᠡᠨ ᠵᠢᠯᠬᠤᠭᠤᠴᠠᠭᠠ ᠲᠠᠢ ᠬᠤᠷᠢᠬᠤ ᠪᠠᠷ ᠰᠢᠳᠭᠡᠭᠳᠡᠪᠡ︶᠃ ᠵᠠᠭᠠᠯᠳᠤᠭᠳᠠᠭᠴᠢ ᠬᠡ** ᠵᠢᠯᠣᠭᠤᠴᠢ ᠵᠢᠨ ᠦᠨᠡᠮᠯᠡᠯ ᠦᠭᠡᠢ ᠲᠡᠷᠭᠡ ᠵᠢᠯᠣᠭᠤᠳᠴᠣ᠂ 2019 ᠤᠨ 4 ᠰᠠᠷ᠎ᠠ ᠵᠢᠨ 3 ᠡᠳᠦᠷ ᠰᠢᠨ᠎ᠡ ᠪᠠᠷᠭᠤ ᠪᠠᠷᠠᠭᠤᠨ ᠬᠤᠰᠢᠭᠤᠨ ᠲᠤᠳᠥᠭᠠᠳᠥ ᠬᠠᠮᠠᠭᠠᠯᠠᠬᠤ ᠲᠤᠪᠴᠢᠶᠠᠨ ᠳᠤ ᠠᠷᠠᠳᠵᠣᠭᠤᠰ 1900 ᠲᠦᠭᠦᠷᠢᠭ ᠢᠶᠠᠷ ᠲᠣᠷᠭᠠᠬᠳᠠᠪᠠ᠃ ᠵᠠᠭᠠᠯᠳᠤᠭᠳᠠᠭᠴᠢ ᠬᠡ** ᠠᠶᠥᠯᠳᠠᠢ ᠪᠠᠷ ᠲᠡᠷᠭᠡ ᠵᠢᠯᠤᠭᠤᠳᠤᠭᠰᠠᠨ ᠬᠡᠷᠡᠭ ᠲᠤ ᠬᠤᠯᠪᠤᠭᠳᠠᠵᠤ᠂ 2019 ᠣᠨ 9 ᠰᠠᠷ᠎ᠠ ᠵᠢᠨ 11 ᠡᠳᠦᠷ ᠰᠢᠨ᠎ᠡ ᠪᠠᠷᠭᠤ ᠪᠠᠷᠠᠭᠤᠨ ᠬᠤᠰᠢᠭᠤᠨ ᠲᠤᠳᠥᠭᠠᠳᠥ ᠬᠠᠮᠠᠭᠠᠯᠠᠬᠤ ᠲᠤᠪᠴᠢᠶᠠᠨ ᠳᠤ ᠪᠠᠲᠤᠯᠠᠭ᠎ᠠ ᠠᠪᠴᠥ ᠰᠢᠭᠦᠬᠦ ᠬᠦᠯᠢᠶᠡᠯᠭᠡᠵᠤ᠂ 2020 ᠣᠨ 9 ᠰᠠᠷ᠎ᠠ ᠵᠢᠨ 11 ᠡᠳᠦᠷ ᠰᠢᠨ᠎ᠡ ᠪᠠᠷᠭᠤ ᠪᠠᠷᠠᠭᠤᠨ ᠬᠤᠰᠢᠭᠤᠨ ᠲᠤᠳᠥᠭᠠᠳᠥ ᠬᠠᠮᠠᠭᠠᠯᠠᠬᠤ ᠲᠤᠪᠴᠢᠶᠠᠨ ᠳᠤ ᠰᠠᠭᠤᠭ᠎ᠠ ᠭᠠᠵᠠᠷ ᠲᠤ ᠪᠠᠨ ᠵᠠᠬᠢᠷᠣᠨ ᠬᠢᠨᠠᠬᠳᠠᠵᠣ᠂ 2021 ᠤᠨ 3 ᠰᠠᠷ᠎ᠠ ᠵᠢᠨ 11 ᠡᠳᠦᠷ ᠰᠢᠨ᠎ᠡ ᠪᠠᠷᠭᠤ ᠪᠠᠷᠠᠭᠤᠨ ᠬᠤᠰᠢᠭᠤᠨ ᠲᠤᠳᠥᠭᠠᠳᠥ ᠬᠠᠮᠠᠭᠠᠯᠠᠬᠤ ᠲᠤᠪᠴᠢᠶᠠᠨ ᠳᠤ ᠪᠠᠲᠤᠯᠠᠭ᠎ᠠ ᠠᠪᠴᠥ ᠰᠢᠭᠦᠬᠦ ᠬᠦᠯᠢᠶᠡᠯᠭᠡᠪᠡ᠃
ᠵᠠᠭᠠᠯᠳᠤᠭᠳᠠᠭᠴᠢ ᠬᠡ**ᠠᠶᠥᠯᠳᠠᠢ ᠪᠠᠷ ᠲᠡᠷᠭᠡ ᠵᠢᠯᠤᠭᠤᠳᠤᠭᠰᠠᠨ ᠨᠢᠭᠡᠨ ᠬᠡᠷᠡᠭ ᠢ ᠰᠢᠨ᠎ᠡ ᠪᠠᠷᠭᠤ ᠪᠠᠷᠠᠭᠤᠨ ᠬᠤᠰᠢᠭᠤᠨ ᠲᠤᠳᠥᠭᠠᠳᠥ ᠬᠠᠮᠠᠭᠠᠯᠠᠬᠤ ᠲᠤᠪᠴᠢᠶ᠎ᠠ ᠲᠤᠷᠰᠢᠨ ᠪᠠᠶᠢᠴᠠᠭᠠᠯᠳᠠ ᠪᠠᠨ ᠲᠠᠭᠤᠰᠬᠠᠭᠠᠳ᠂ 2021 ᠤᠨ 5 ᠰᠠᠷ᠎ᠠ ᠵᠢᠨ 31 ᠡᠳᠦᠷ ᠮᠠᠨ ᠬᠤᠷᠢᠶᠠᠨ ᠳᠤ ᠬᠢᠨᠠᠨ ᠪᠠᠶᠢᠴᠠᠯᠭᠠᠵᠤ ᠵᠠᠭᠠᠯᠳᠤᠭᠤᠯᠬᠤ ᠪᠠᠷ ᠰᠢᠯᠵᠢᠭᠦᠯᠦᠨ ᠬᠦᠷᠭᠡᠪᠡ᠂ ᠮᠠᠨ ᠬᠤᠷᠢᠶ᠎ᠠ ᠬᠡᠷᠡᠭᠡᠪᠬᠡᠮᠡᠯ ᠢ ᠬᠦᠯᠢᠶᠡᠨ ᠠᠪᠤᠭᠰᠠᠨ ᠰᠡᠭᠦᠯᠡᠷ᠂ 2021 ᠤᠨ 5 ᠰᠠᠷ᠎ᠠ ᠵᠢᠨ 31 ᠡᠳᠦᠷ ᠵᠠᠭᠠᠯᠳᠤᠭᠳᠠᠭᠴᠢ ᠬᠡ** ᠲᠤ ᠦᠮᠦᠭᠯᠡᠭᠴᠢ ᠨᠠᠶᠢᠳᠠᠬᠤ ᠡᠷᠬᠡ ᠪᠠ ᠶᠠᠯ᠎ᠠ ᠡᠷᠡᠬᠦᠦ ᠪᠠᠨ ᠮᠡᠳᠡᠷᠡᠬᠦ ᠠᠴᠠ ᠪᠤᠯᠤᠭᠰᠠᠨ ᠬᠠᠤᠯᠢ ᠴᠠᠭᠠᠵᠠ ᠵᠢᠨ ᠦᠷ᠎ᠡ ᠳ᠋ᠦᠩ ᠢ ᠮᠡᠳᠡᠭᠳᠡᠵᠦ᠂ ᠬᠠᠥᠯᠢ ᠶᠤᠰᠤᠭᠠᠷ ᠵᠠᠭᠠᠯᠳᠤᠭᠳᠠᠭᠴᠢ ᠰᠢᠭᠦᠨ ᠠᠰᠠᠭᠤᠵᠤ᠂ ᠵᠠᠭᠠᠯᠳᠤᠭᠳᠠᠭᠴᠢ ᠪᠠ ᠵᠢᠵᠢᠭᠦᠷ ᠬᠠᠤᠯᠢᠴᠢ ᠵᠢᠨ ᠰᠠᠨᠠᠯ ᠢ ᠰᠤᠨᠤᠰᠴᠦ᠂ ᠪᠦᠬᠦ ᠬᠡᠷᠡᠭᠮᠠᠲ᠋ᠧᠷᠢᠶᠠᠯ ᠢ ᠬᠢᠨᠠᠨ ᠪᠠᠶᠢᠴᠠᠭᠠᠪᠠ᠃ ᠵᠠᠭᠠᠯᠳᠤᠭᠳᠠᠭᠴᠢ ᠲᠤᠰ ᠬᠡᠷᠡᠭ ᠢ ᠲᠦᠷᠬᠡᠨ ᠲᠠᠰᠤᠯᠤᠯᠳᠠ ᠵᠢᠨ ᠵᠢᠷᠤᠮ ᠢ ᠬᠡᠷᠡᠭᠯᠡᠨ ᠰᠢᠬᠦᠬᠦ ᠵᠦᠪᠰᠢᠶᠡᠷᠡᠪᠡ᠃
ᠤᠳᠤ ᠬᠢᠨᠠᠨ ᠪᠠᠶᠢᠴᠠᠭᠠᠵᠣ ᠲᠤᠳᠤᠯᠠᠬᠰᠠᠨ ᠢᠶᠠᠷ᠄
2019 ᠤᠨ 4 ᠰᠠᠷ᠎ᠠ ᠵᠢᠨ 3 ᠡᠳᠦᠷ5 ᠴᠠᠭᠦᠶ᠎ᠡ ᠪᠠᠷ᠂ ᠵᠠᠭᠠᠯᠳᠤᠭᠳᠠᠭᠴᠢ ᠬᠡ** ᠵᠢᠯᠣᠭᠤᠴᠢ ᠵᠢᠨ ᠦᠨᠡᠮᠯᠡᠯ ᠦᠭᠡᠢ᠂ ᠰᠤᠭᠳᠤᠭᠤ ᠪᠠᠷ ᠣᠯᠠᠭᠠᠨ ᠦᠩᠬᠡᠳᠡᠢ ᠫᠠᠶᠢᠰᠠ ᠦᠭᠡᠢ ** ᠨᠠᠷᠡᠮᠵᠢᠳᠤ ᠬᠤᠶᠠᠷ ᠭᠦᠷᠳᠣᠳᠣ ᠮᠣᠲ᠋ᠣᠷ ᠲᠠᠷᠬᠡ ᠵᠢᠯᠤᠭᠤᠳᠴᠤ᠂ ᠰᠢᠨ᠎ᠡ ᠪᠠᠷᠭᠤ ᠪᠠᠷᠠᠭᠤᠨ ᠬᠤᠰᠢᠭᠤᠨ ** ᠪᠠᠯᠭᠠᠰᠣᠨ ** ᠵᠠᠮ ᠢᠶᠠᠷ ᠬᠤᠵᠢᠨ᠎ᠠ ᠠᠴᠠ ᠡᠮᠦᠨᠡᠰᠢ ᠶᠠᠪᠣᠵᠣ ᠣᠷᠱᠥᠨ ᠵᠡᠭᠡᠯᠢ ᠪᠣᠯᠣᠨ ᠪᠦᠷᠳᠣᠨ ᠵᠠᠮ ᠤᠨ ᠠᠭᠤᠯᠵᠠᠷ ᠲᠤ ᠬᠦ** ᠵᠢᠨ ᠦᠨᠡᠰᠥᠨ ᠦᠩᠭᠡᠲᠡᠢ ᠮᠧᠩ EV**** ᠨᠤᠮᠧᠷᠳᠤ ᠬᠦᠩᠭᠡᠨ ᠬᠡᠯᠪᠡᠷᠢ ᠵᠢᠨ ᠠᠴᠢᠶᠠᠨ ᠮᠠᠰᠢᠨ ᠲᠡᠷᠭᠡ ᠲᠠᠢ ᠮᠦᠷᠭᠦᠵᠦ᠂ ᠬᠡ** ᠰᠢᠷᠬᠠᠳᠣᠵᠣ᠂ ᠬᠤᠶᠠᠷ ᠲᠠᠯ᠎ᠠ ᠪᠠᠷ ᠢᠶᠠᠨ ᠠᠳᠠᠯᠢ ᠪᠣᠰᠥ ᠬᠡᠮᠵᠢᠶ᠎ᠡ ᠪᠠᠷ ᠬᠤᠬᠢᠷᠠᠬᠰᠠᠨ ᠬᠤᠬᠢᠷᠠᠯ ᠲᠠᠢ ᠵᠠᠮ ᠬᠠᠷᠢᠯᠴᠠᠭᠠᠨ ᠠᠳᠡᠯ ᠡᠭᠦᠰᠪᠡ᠃ ᠰᠢᠨ᠎ᠡ ᠪᠠᠷᠭᠤ ᠪᠠᠷᠠᠭᠤᠨ ᠬᠤᠰᠢᠭᠤᠨ ᠲᠤᠳᠥᠭᠠᠳᠥ ᠬᠠᠮᠠᠭᠠᠯᠠᠬᠤ ᠲᠤᠪᠴᠢᠶᠠᠨ ᠵᠠᠮ ᠬᠠᠷᠢᠯᠴᠠᠭᠠᠨ ᠬᠠᠮᠢᠶᠠᠷᠤᠯᠳᠠ ᠵᠢᠨ ᠶᠡᠭᠡ ᠠᠩᠬᠢ ᠵᠢᠨ ᠵᠠᠮ ᠬᠠᠷᠢᠯᠴᠠᠭᠠᠨ ᠠᠳᠡᠯ ᠢ ᠮᠠᠭᠠᠳᠯᠠᠬᠰᠠᠨ ᠪᠢᠴᠢᠭ ᠲᠤ ᠵᠠᠭᠠᠯᠳᠤᠭᠳᠠᠭᠴᠢ ᠬᠡ** ᠪᠦᠬᠦ ᠬᠠᠷᠢᠭᠤᠴᠠᠯᠭ᠎ᠠ ᠡᠭᠦᠷᠭᠡᠯᠡᠵᠦ᠂ ᠬᠦ** ᠬᠠᠷᠢᠭᠤᠴᠠᠯᠭ᠎ᠠ ᠦᠭᠡᠢ ᠭᠡᠵᠦ ᠲᠣᠬᠳᠠᠭᠠᠵᠠᠢ᠃ ᠰᠢᠯᠭᠠᠨ ᠪᠠᠶᠢᠴᠠᠭᠠᠭᠰᠠᠨ ᠢᠶᠠᠷ᠂ ᠲᠤᠬᠠᠢ ᠵᠢᠨ ᠦᠶᠡᠰ ᠵᠠᠭᠠᠯᠳᠤᠭᠳᠠᠭᠴᠢ ᠬᠡ **ᠴᠢᠰᠥᠨ ᠳᠠᠬᠢ ᠰᠫᠢᠷᠲᠠᠭᠤᠯᠤᠭᠳᠠᠴᠠ ᠨᠢ 207.16mg/100ml ᠪᠠᠵᠢᠨ᠎ᠠ᠃
ᠲᠡᠭᠡᠷᠡᠬᠢ ᠪᠤᠳᠠᠳᠤ ᠬᠡᠷᠡᠭ ᠢ ᠨᠤᠳᠠᠯᠠᠬᠤ ᠭᠡᠷᠡᠴᠢ ᠲᠤᠥᠷᠠᠬᠢ ᠮᠡᠳᠦ᠄
1. ᠪᠢᠴᠢᠭᠭᠡᠷᠡᠴᠢ᠄ ᠬᠡᠷᠡᠭ ᠬᠦᠯᠢᠶᠠᠨ ᠠᠪᠴᠤ ᠰᠢᠢᠳᠪᠦᠷᠢᠯᠡᠬᠦ ᠲᠠᠩᠰᠠᠯᠠᠯᠬᠦᠰᠦᠨᠦᠭᠳᠤ᠂ ᠬᠡᠷᠡᠭ ᠪᠤᠯᠭᠠᠨ ᠲᠠᠩᠰᠡᠯᠡᠬᠤ ᠲᠤᠭᠳᠠᠭᠠᠯᠪᠢᠴᠢᠭ᠂ ᠪᠠᠶᠢᠴᠠᠭᠠᠨ ᠢᠯᠡᠷᠡᠬᠦᠯᠦᠭᠰᠡᠨ ᠦᠡᠭᠭᠡᠷᠡᠯᠳᠡ᠂ ᠡᠷᠤᠬᠡ ᠠᠮᠠ ᠵᠢᠨ ᠬᠡᠷᠡᠴᠢ ᠵᠡᠷᠭᠡ︔ 2. ᠬᠡᠷᠡᠴᠢ ᠬᠦᠮᠤᠨ ᠬᠦ** ᠵᠢᠨ ᠬᠡᠷᠡᠴᠢ ᠦᠭᠡ︔ 3. ᠵᠠᠭᠠᠯᠳᠤᠭᠳᠠᠭᠴᠢ ᠬᠡ**ᠦᠴᠢᠭᠯᠡᠯᠳᠠ ᠪᠡ ᠵᠦᠪᠳᠤᠬᠡᠯᠳᠠ︔ 4. ᠰᠢᠯᠭᠠᠨ ᠲᠤᠭᠳᠠᠭᠠᠯᠳᠠ ᠵᠢᠨ ᠰᠠᠨᠠᠯ︔ 5. ᠦᠵᠡᠵᠦ ᠰᠤᠨᠤᠰᠤᠭᠰᠠᠨ ᠮᠠᠲ᠋ᠧᠷᠢᠶᠠᠯ ᠲᠦᠷᠪᠡᠨ ᠬᠤᠪᠢ᠃
ᠲᠡᠬᠡᠷᠡᠬᠢ ᠬᠡᠷᠡᠴᠢ ᠬᠠᠤᠯᠢ ᠶᠤᠰᠤ ᠪᠠᠷ ᠴᠤᠭᠯᠠᠭᠤᠯᠵᠦ᠂ ᠠᠭᠤᠯᠭ᠎ᠠ ᠨᠢ ᠪᠤᠰᠤᠳᠴᠢ ᠦᠨᠠᠨ ᠪᠤᠳᠠᠳᠠᠢ᠂ ᠵᠠᠭᠠᠯᠳᠤᠭᠰᠠᠨ ᠪᠤᠳᠠᠳᠤ ᠬᠡᠷᠡᠭ ᠢ ᠬᠡᠷᠡᠴᠢᠯᠡᠵᠦ ᠲᠠᠶᠢᠯᠤᠨ᠎ᠠ᠃ ᠵᠠᠭᠠᠯᠳᠤᠭᠳᠠᠭᠴᠢ ᠬᠡ** ᠵᠠᠭᠠᠯᠳᠤᠭᠰᠠᠨ ᠪᠤᠳᠠᠳᠤ ᠬᠡᠷᠡᠭ ᠪᠠ ᠬᠡᠷᠡᠴᠢ ᠳᠤ ᠰᠠᠨᠠᠯ ᠦᠬᠡᠢ᠂ ᠦᠪᠡᠷᠲᠤᠷᠠ ᠠᠴᠠ ᠪᠠᠨ ᠶᠠᠯ᠎ᠠ ᠪᠠᠨ ᠮᠡᠳᠡᠷᠡᠵᠣ ᠰᠢᠳᠭᠡᠯ ᠬᠦᠯᠢᠶᠡᠵᠦ ᠪᠠᠵᠢᠨ᠎ᠠ᠃
ᠮᠠᠨ ᠬᠤᠷᠢᠶᠠᠨ ᠦᠵᠡᠬᠦ ᠪᠠᠷ᠂ ᠵᠠᠭᠠᠯᠳᠤᠭᠳᠠᠭᠴᠢ ᠬᠡ** ᠵᠠᠮ ᠲᠠᠬᠡᠷ᠎ᠡ ᠰᠤᠭᠳᠤᠭᠤ ᠪᠠᠷ ᠮᠠᠰᠢᠨ ᠲᠡᠷᠭᠡ ᠵᠢᠯᠤᠭᠤᠳᠤᠭᠰᠠᠨ ᠦᠢᠯᠡ ᠠᠵᠢᠯᠯᠠᠭ᠎ᠠ ᠨᠢ ︿︿ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠥᠰᠡᠷᠡᠭᠦᠦ ᠵᠢᠨ ᠬᠠᠥᠯᠢ﹀﹀ ᠵᠢᠨ ᠨᠢᠭᠡ ᠵᠠᠭᠤ ᠭᠤᠴᠢᠨ ᠭᠤᠷᠪᠠᠳᠤᠭᠠᠷ ᠵᠦᠢᠯ ᠳᠠᠬᠢ ᠨᠢᠭᠡ ᠲᠤᠬᠲᠠᠭᠠᠯ ᠢ ᠵᠦᠷᠢᠴᠡᠵᠤ᠂ ᠶᠠᠯ᠎ᠠ ᠵᠢᠨ ᠪᠤᠳᠠᠲᠤ ᠬᠡᠷᠡᠭ ᠨᠢ ᠲᠤᠳᠤᠷᠬᠠᠢ᠂ ᠭᠡᠷᠡᠴᠢ ᠪᠠᠷᠢᠮᠲᠠ ᠨᠢ ᠪᠦᠷᠢᠨ ᠭᠦᠢᠴᠡᠳ᠂ ᠠᠶᠥᠯᠳᠠᠢ ᠪᠠᠷ ᠲᠡᠷᠭᠡ ᠵᠢᠯᠤᠭᠤᠳᠤᠭᠰᠠᠨ ᠶᠠᠯ᠎ᠠ ᠪᠠᠷ ᠡᠷᠡᠭᠦᠦ ᠵᠢᠨ ᠬᠠᠷᠢᠭᠤᠴᠠᠯᠭ᠎ᠠ ᠨᠡᠭᠡᠮᠵᠢᠯᠡᠪᠡᠯ ᠵᠤᠬᠢᠨ᠎ᠠ᠃ ᠵᠠᠭᠠᠯᠳᠤᠭᠳᠠᠭᠴᠢ ᠬᠡ** ᠪᠠᠷᠢᠪᠴᠢᠯᠠᠬᠳᠠᠬᠰᠠᠨ ᠰᠡᠭᠦᠯᠡᠷ ᠦᠪᠡᠷᠶᠠᠯᠠᠲᠦ ᠠᠵᠢᠯᠯᠠᠭ᠎ᠠ ᠪᠠᠨ ᠦᠨᠡᠨ ᠢᠶᠠᠷ ᠦᠴᠢᠭᠯᠡᠭᠰᠡᠨ ᠨᠢ ︿︿ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠥᠰᠡᠷᠡᠭᠦᠦ ᠵᠢᠨ ᠬᠠᠥᠯᠢ﹀﹀ ᠵᠢᠨ ᠵᠢᠷᠠᠨ ᠳᠤᠯᠤᠳᠤᠭᠠᠷ ᠵᠦᠢᠯᠭᠤᠷᠪᠠᠳᠤᠭᠠᠷ ᠵᠤᠷᠪᠤᠰ ᠢ ᠦᠨᠳᠦᠰᠦᠯᠡᠪᠡᠯ᠂ ᠴᠠᠭᠠᠪᠤᠷᠢᠯᠠᠬᠰᠠᠨ ᠳᠤ ᠲᠤᠭᠠᠴᠢᠬᠳᠠᠨᠠ᠃ ᠵᠠᠭᠠᠯᠳᠤᠭᠳᠠᠭᠴᠢ ᠬᠡ** ᠶᠠᠯ᠎ᠠ ᠪᠠᠨ ᠮᠡᠳᠡᠷᠡᠵᠣ ᠰᠢᠳᠭᠡᠯ ᠬᠦᠯᠢᠶᠡᠵᠦ ᠪᠠᠶᠢᠬᠤ ᠨᠢ ︿︿ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠥᠰᠡᠷᠡᠭᠦᠦ ᠵᠢᠨ ᠬᠠᠥᠯᠢ﹀﹀ ᠵᠢᠨ ᠠᠷᠪᠠᠨ ᠲᠠᠪᠣᠳᠣᠭᠠᠷ ᠵᠦᠢᠯ ᠢ ᠦᠨᠳᠦᠰᠦᠯᠡᠵᠦ ᠠᠭᠤᠴᠢᠯᠠᠨ ᠰᠢᠳᠭᠡᠵᠣ ᠪᠣᠯᠣᠨ᠎ᠠ᠃ ︿︿ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰᠡᠷᠡᠭᠦᠦ ᠵᠢᠨ ᠵᠠᠷᠭᠤ ᠵᠢᠨ ᠬᠠᠥᠯᠢ﹀﹀ ᠵᠢᠨ ᠨᠢᠭᠡ ᠵᠠᠭᠤ ᠲᠠᠯᠠᠨ ᠵᠢᠷᠭᠤᠳᠤᠭᠠᠷ ᠵᠥᠢᠯᠲᠤᠭᠳᠠᠭᠠᠯ ᠢ ᠦᠨᠳᠦᠰᠦᠯᠡᠵᠦ᠂ ᠵᠠᠭᠠᠯᠳᠤᠭᠳᠠᠭᠴᠢ ᠬᠡ** ᠲᠤ ᠠᠯᠪᠠᠨ ᠵᠠᠭᠠᠯᠳᠤᠯᠭ᠎ᠠ ᠬᠢᠪᠡ᠃ ᠬᠠᠥᠯᠢ ᠶᠤᠰᠤᠭᠠᠷ ᠰᠢᠳᠭᠡᠬᠦ ᠪᠤᠯᠪᠠᠥ᠃
ᠡᠭᠦᠨ ᠲᠤᠯᠠ
ᠰᠢᠨ᠎ᠡ ᠪᠠᠷᠭᠤ ᠪᠠᠷᠠᠭᠤᠨ ᠬᠤᠰᠢᠭᠤᠨ ᠠᠷᠠᠳᠰᠢᠭᠦᠬᠦ ᠬᠤᠷᠢᠶ᠎ᠠ ᠳᠤ
ᠪᠠᠶᠢᠴᠠᠭᠠᠬᠴᠢ᠄ ᠰᠢᠶᠣᠣ ᠶᠦᠨ ᠲᠣᠰᠠᠯᠠᠨ ᠪᠠᠶᠢᠴᠠᠭᠠᠬᠴᠢ᠄ ᠭᠤᠶᠣᠬᠠᠨ
2021 ᠣᠨ 6 ᠰᠠᠷ᠎ᠠ ᠵᠢᠨ 7 ᠡᠳᠦᠷ
ᠲᠠᠭᠠᠯᠳᠤᠭᠤᠯᠬᠤ ᠨᠢ᠄
1. ᠵᠠᠭᠠᠯᠳᠤᠭᠳᠠᠭᠴᠢ ᠬᠡ** ᠰᠢᠨ᠎ᠡ ᠪᠠᠷᠭᠤ ᠪᠠᠷᠠᠭᠤᠨ ᠬᠤᠰᠢᠭᠤᠨ ᠲᠤᠳᠥᠭᠠᠳᠥ ᠬᠠᠮᠠᠭᠠᠯᠠᠬᠤ ᠲᠤᠪᠴᠢᠶᠠᠨ ᠳᠤ ᠪᠠᠲᠤᠯᠠᠭ᠎ᠠ ᠠᠪᠴᠥ ᠰᠢᠭᠦᠬᠦ ᠬᠦᠯᠢᠶᠡᠯᠭᠡᠪᠡ᠃
2. ᠲᠤᠰ ᠬᠡᠷᠡᠭᠡᠪᠬᠡᠮᠠᠯ ᠮᠠᠲ᠋ᠧᠷᠢᠶᠠᠯ ᠬᠤᠶᠠᠷ ᠪᠤᠳᠢ᠂ ᠦᠵᠡᠵᠦ ᠰᠣᠨᠣᠰᠬᠤ ᠮᠠᠲ᠋ᠧᠷᠢᠶᠠᠯ ᠲᠦᠷᠪᠡᠨ ᠬᠤᠪᠢ᠃
3. ᠶᠠᠯ᠎ᠠ ᠪᠠᠨ ᠮᠡᠳᠡᠷᠡᠵᠦ ᠰᠢᠳᠭᠡᠯ ᠢ ᠬᠦᠯᠢᠶᠡᠭᠰᠡᠨ ᠬᠡᠮᠰᠢᠬᠦ ᠪᠠᠳᠤᠯᠠᠭ᠎ᠠ ᠵᠢᠨ ᠪᠢᠴᠢᠭ ᠨᠢᠬᠡ ᠬᠤᠪᠢ᠃
4. ᠡᠷᠡᠬᠦᠦ ᠣᠨᠣᠬᠳᠠᠭᠤᠯᠬᠤ ᠰᠠᠨᠠᠯᠪᠢᠴᠢᠭ ᠬᠤᠶᠠᠷ ᠬᠤᠪᠢ᠃