ᠰᠢᠨ᠎ᠡ ᠪᠠᠷᠭᠤ ᠪᠠᠷᠠᠭᠤᠨ ᠬᠤᠰᠢᠭᠤᠨ ᠠᠷᠠᠳ ᠪᠠᠶᠢᠴᠠᠭᠠᠬᠤ ᠬᠤᠷᠢᠶᠠᠨ ᠵᠠᠭᠠᠯᠳᠥᠬᠤ ᠪᠢᠴᠢᠭ
ᠰᠢᠨ᠎ᠡ ᠪᠠᠷᠠᠭᠤᠨ ᠪᠠᠶᠢᠴᠠᠭᠠᠬᠤ ᠡᠷᠡᠭᠦᠦ ᠵᠠᠭᠠᠯᠳᠥᠬᠤ ︵2021︶ 46 ᠳ᠋ᠣᠭᠠᠷ ᠲᠤᠭᠠᠳᠥ
ᠵᠠᠭᠠᠯᠳᠤᠭᠳᠠᠭᠴᠢ ᠬᠦ**᠂ ᠡᠷᠡᠭᠳᠡᠢ᠂ 1985 ᠤᠨ **ᠰᠠᠷ᠎ᠠ ᠵᠢᠨ ** ᠡᠳᠦᠷ ᠲᠦᠷᠦᠪᠡ᠂ ᠡᠷᠬᠡᠳᠤ ᠠᠷᠠᠳᠪᠡᠶᠡ ᠵᠢᠨ ᠦᠨᠡᠮᠯᠡᠯᠨᠤᠮᠧᠷ 1521291985********᠂ ᠮᠤᠩᠭᠤᠯ ᠦᠨᠳᠦᠰᠦᠳᠡᠨ᠂ ᠪᠠᠭ᠎ᠠ ᠰᠣᠷᠭᠠᠭᠤᠯᠢ ᠵᠢᠨ ᠰᠣᠶᠣᠯᠬᠡᠮᠵᠢᠶᠡ ᠲᠠᠢ᠂ ᠠᠵᠢᠯ ᠦᠭᠡᠢ᠂ ᠡᠷᠦᠬᠡ ᠠᠮᠠ ᠵᠢᠨ ᠪᠠᠶᠢᠭ᠎ᠠ ᠭᠠᠵᠠᠷ ᠦᠪᠦᠷ ᠮᠤᠩᠭᠤᠯᠬᠦᠯᠦᠨ ᠪᠤᠶᠢᠷ ᠬᠤᠳᠠ ᠵᠢᠨ ᠰᠢᠨ᠎ᠡ ᠪᠠᠷᠭᠤ ᠪᠠᠷᠠᠭᠤᠨ ᠬᠤᠰᠢᠭᠤᠨ ** ᠰᠣᠮᠣᠨ ** ᠭᠠᠴᠠᠭ᠎ᠠ᠂ ᠤᠳᠥ ᠰᠠᠭᠤᠭ᠎ᠠ ᠭᠠᠵᠠᠷ ᠰᠢᠨ᠎ᠡ ᠪᠠᠷᠭᠤ ᠪᠠᠷᠠᠭᠤᠨ ᠬᠤᠰᠢᠭᠤᠨ ** ᠪᠠᠯᠭᠠᠰᠣᠨ ** ᠰᠠᠭᠤᠭᠠᠯᠢ ᠠᠷᠠᠳᠲᠣᠭᠤᠷᠢᠭᠠᠷᠣ ᠳᠠᠬᠢ ᠪᠠᠶᠢᠰᠢᠩ ᠭᠡᠷ᠃ ᠶᠠᠯ᠎ᠠ ᠵᠢᠨ ᠲᠡᠥᠬᠡ ᠲᠠᠢ ︵ᠬᠤᠯᠠᠭᠠᠢ ᠵᠢᠨ ᠶᠠᠯ᠎ᠠ ᠪᠠᠷ 2015 ᠣᠨ 2 ᠰᠠᠷ᠎ᠠ ᠵᠢᠨ 5 ᠡᠳᠣᠷ ᠮᠠᠨᠵᠣᠣᠷ ᠬᠤᠲᠠ ᠵᠢᠨ ᠠᠷᠠᠳᠰᠢᠭᠦᠬᠦ ᠬᠤᠷᠢᠶᠠᠨ ᠳᠤ ᠭᠤᠷᠪᠠᠨ ᠵᠢᠯᠬᠤᠭᠤᠴᠠᠭᠠ ᠲᠠᠢ ᠬᠤᠷᠢᠬᠤ ᠪᠠᠷ ᠰᠢᠳᠭᠡᠭᠳᠡᠵᠦ᠂ ᠲᠦᠷᠪᠡᠨ ᠵᠢᠯ ᠠᠯᠭᠤᠷᠠᠭᠤᠯᠣᠨ ᠭᠦᠢᠴᠡᠳᠭᠡᠵᠣ᠂ ᠠᠷᠠᠳᠵᠣᠭᠤᠰ 10000 ᠲᠦᠭᠦᠷᠢᠭ ᠢᠶᠠᠷ ᠲᠣᠷᠭᠠᠬᠳᠠᠪᠠ᠃︶ ᠵᠠᠭᠠᠯᠳᠤᠭᠳᠠᠭᠴᠢ ᠬᠦ** ᠵᠢᠯᠣᠭᠤᠴᠢ ᠵᠢᠨ ᠦᠨᠡᠮᠯᠡᠯ ᠦᠭᠡᠢ ᠲᠡᠷᠭᠡ ᠵᠢᠯᠣᠭᠤᠳᠴᠣ 2021 ᠤᠨ 1 ᠰᠠᠷ᠎ᠠ ᠵᠢᠨ 20 ᠡᠳᠦᠷ ᠰᠢᠨ᠎ᠡ ᠪᠠᠷᠭᠤ ᠪᠠᠷᠠᠭᠤᠨ ᠬᠤᠰᠢᠭᠤᠨ ᠲᠤᠳᠥᠭᠠᠳᠥ ᠬᠠᠮᠠᠭᠠᠯᠠᠬᠤ ᠲᠤᠪᠴᠢᠶᠠᠨ ᠳᠤ ᠠᠷᠠᠳᠵᠣᠭᠤᠰ 1900 ᠲᠦᠭᠦᠷᠢᠭ ᠢᠶᠠᠷ ᠲᠣᠷᠭᠠᠬᠳᠠᠪᠠ᠃ ᠵᠠᠭᠠᠯᠳᠤᠭᠳᠠᠭᠴᠢ ᠬᠦ** ᠠᠶᠥᠯᠳᠠᠢ ᠪᠠᠷ ᠲᠡᠷᠭᠡ ᠵᠢᠯᠤᠭᠤᠳᠤᠭᠰᠠᠨ ᠬᠡᠷᠡᠭ ᠲᠤ ᠬᠤᠯᠪᠤᠭᠳᠠᠵᠤ᠂ 2021 ᠣᠨ 2 ᠰᠠᠷ᠎ᠠ ᠵᠢᠨ 5 ᠡᠳᠦᠷ ᠰᠢᠨ᠎ᠡ ᠪᠠᠷᠭᠤ ᠪᠠᠷᠠᠭᠤᠨ ᠬᠤᠰᠢᠭᠤᠨ ᠲᠤᠳᠥᠭᠠᠳᠥ ᠬᠠᠮᠠᠭᠠᠯᠠᠬᠤ ᠲᠤᠪᠴᠢᠶᠠᠨ ᠳᠤ ᠪᠠᠲᠤᠯᠠᠭ᠎ᠠ ᠠᠪᠴᠥ ᠰᠢᠭᠦᠬᠦ ᠬᠦᠯᠢᠶᠡᠯᠭᠡᠪᠡ᠃
ᠵᠠᠭᠠᠯᠳᠤᠭᠳᠠᠭᠴᠢ ᠬᠦ** ᠵᠢᠨ ᠠᠶᠥᠯᠳᠠᠢ ᠪᠠᠷ ᠲᠡᠷᠭᠡ ᠵᠢᠯᠤᠭᠤᠳᠤᠭᠰᠠᠨ ᠨᠢᠭᠡᠨ ᠬᠡᠷᠡᠭ ᠢ ᠰᠢᠨ᠎ᠡ ᠪᠠᠷᠭᠤ ᠪᠠᠷᠠᠭᠤᠨ ᠬᠤᠰᠢᠭᠤᠨ ᠲᠤᠳᠥᠭᠠᠳᠥ ᠬᠠᠮᠠᠭᠠᠯᠠᠬᠤ ᠲᠤᠪᠴᠢᠶ᠎ᠠ ᠲᠤᠷᠰᠢᠨ ᠪᠠᠶᠢᠴᠠᠭᠠᠯᠳᠠ ᠪᠠᠨ ᠲᠠᠭᠤᠰᠬᠠᠭᠠᠳ᠂ 2021 ᠤᠨ 7 ᠰᠠᠷ᠎ᠠ ᠵᠢᠨ 26 ᠡᠳᠦᠷ ᠮᠠᠨ ᠬᠤᠷᠢᠶᠠᠨ ᠳᠤ ᠬᠢᠨᠠᠨ ᠪᠠᠶᠢᠴᠠᠯᠭᠠᠵᠤ ᠵᠠᠭᠠᠯᠳᠤᠭᠤᠯᠬᠤ ᠪᠠᠷ ᠰᠢᠯᠵᠢᠭᠦᠯᠦᠨ ᠬᠦᠷᠭᠡᠪᠡ᠂ ᠮᠠᠨ ᠬᠤᠷᠢᠶ᠎ᠠ ᠬᠡᠷᠡᠭᠡᠪᠬᠡᠮᠡᠯ ᠢ ᠬᠦᠯᠢᠶᠡᠨ ᠠᠪᠤᠭᠰᠠᠨ ᠰᠡᠭᠦᠯᠡᠷ᠂ 2021 ᠤᠨ 7 ᠰᠠᠷ᠎ᠠ ᠵᠢᠨ 27 ᠡᠳᠦᠷ ᠵᠠᠭᠠᠯᠳᠤᠭᠳᠠᠭᠴᠢ ᠬᠦ** ᠳᠤ ᠦᠮᠦᠭᠯᠡᠭᠴᠢ ᠨᠠᠶᠢᠳᠠᠬᠤ ᠡᠷᠬᠡ ᠪᠠ ᠶᠠᠯ᠎ᠠ ᠡᠷᠡᠬᠦᠦ ᠪᠠᠨ ᠮᠡᠳᠡᠷᠡᠬᠦ ᠠᠴᠠ ᠪᠤᠯᠤᠭᠰᠠᠨ ᠬᠠᠤᠯᠢ ᠴᠠᠭᠠᠵᠠ ᠵᠢᠨ ᠦᠷ᠎ᠡ ᠳ᠋ᠦᠩ ᠢ ᠮᠡᠳᠡᠭᠳᠡᠵᠦ᠂ ᠬᠠᠥᠯᠢ ᠶᠤᠰᠤᠭᠠᠷ ᠵᠠᠭᠠᠯᠳᠤᠭᠳᠠᠭᠴᠢ ᠰᠢᠭᠦᠨ ᠠᠰᠠᠭᠤᠵᠤ᠂ ᠵᠠᠭᠠᠯᠳᠤᠭᠳᠠᠭᠴᠢ ᠪᠠ ᠵᠢᠵᠢᠭᠦᠷ ᠬᠠᠤᠯᠢᠴᠢ ᠵᠢᠨ ᠰᠠᠨᠠᠯ ᠢ ᠰᠤᠨᠤᠰᠴᠦ᠂ ᠪᠦᠬᠦ ᠬᠡᠷᠡᠭᠮᠠᠲ᠋ᠧᠷᠢᠶᠠᠯ ᠢ ᠬᠢᠨᠠᠨ ᠪᠠᠶᠢᠴᠠᠭᠠᠪᠠ᠃ ᠵᠠᠭᠠᠯᠳᠤᠭᠳᠠᠭᠴᠢ ᠲᠤᠰ ᠬᠡᠷᠡᠭ ᠢ ᠲᠦᠷᠬᠡᠨ ᠲᠠᠰᠤᠯᠤᠯᠳᠠ ᠵᠢᠨ ᠵᠢᠷᠤᠮ ᠢ ᠬᠡᠷᠡᠭᠯᠡᠨ ᠰᠢᠬᠦᠬᠦ ᠵᠦᠪᠰᠢᠶᠡᠷᠡᠪᠡ᠃
ᠤᠳᠤ ᠬᠢᠨᠠᠨ ᠪᠠᠶᠢᠴᠠᠭᠠᠵᠣ ᠲᠤᠳᠤᠯᠠᠬᠰᠠᠨ ᠢᠶᠠᠷ᠄
2021 ᠤᠨ 1 ᠰᠠᠷ᠎ᠠ ᠵᠢᠨ 18 ᠡᠳᠦᠷ0 ᠴᠠᠭᠦᠶ᠎ᠡ ᠪᠠᠷ᠂ ᠵᠠᠭᠠᠯᠳᠤᠭᠳᠠᠭᠴᠢ ᠬᠦ** ᠵᠢᠯᠣᠭᠤᠴᠢ ᠵᠢᠨ ᠦᠨᠡᠮᠯᠡᠯ ᠦᠭᠡᠢ᠂ ᠰᠤᠭᠳᠤᠭᠤ ᠪᠠᠷ ᠴᠠᠭᠠᠨ ᠦᠩᠬᠡᠳᠡᠢ ᠮᠧᠩ EG**** ᠨᠤᠮᠧᠷᠳᠤ ** ᠨᠠᠷᠡᠮᠵᠢᠳᠤ ᠪᠠᠭ᠎ᠠ ᠬᠡᠯᠪᠡᠷᠢ ᠵᠢᠨ ᠰᠠᠭᠤᠳᠠᠯᠮᠠᠰᠢᠨ ᠲᠠᠷᠬᠡ ᠵᠢᠯᠤᠭᠤᠳᠴᠤ᠂ ᠰᠢᠨ᠎ᠡ ᠪᠠᠷᠭᠤ ᠪᠠᠷᠠᠭᠤᠨ ᠬᠤᠰᠢᠭᠤᠨ ** ᠪᠠᠯᠭᠠᠰᠣᠨ ** ᠵᠡᠭᠡᠯᠢ ᠪᠠᠷ ᠵᠡᠭᠦᠨ ᠠᠴᠠ ᠪᠠᠷᠠᠭᠤᠨᠰᠢ ᠶᠠᠪᠣᠵᠣ ** ᠰᠠᠭᠤᠭᠠᠯᠢ ᠠᠷᠠᠳᠲᠣᠭᠤᠷᠢᠭᠬᠤᠵᠢᠨᠠ ᠵᠠᠮ ᠳᠤ ᠬᠦᠷᠦᠭᠡᠳ ᠰᠢᠨ᠎ᠡ ᠪᠠᠷᠭᠤ ᠪᠠᠷᠠᠭᠤᠨ ᠬᠤᠰᠢᠭᠤᠨ ᠲᠤᠳᠥᠭᠠᠳᠥ ᠬᠠᠮᠠᠭᠠᠯᠠᠬᠤ ᠲᠤᠪᠴᠢᠶᠠᠨ ᠵᠠᠮ ᠬᠠᠷᠢᠯᠴᠠᠭᠠᠨ ᠬᠠᠮᠢᠶᠠᠷᠤᠯᠳᠠ ᠵᠢᠨ ᠶᠡᠭᠡ ᠠᠩᠬᠢ ᠵᠢᠨ ᠴᠠᠭᠳᠠᠭᠠᠨ ᠳᠤ ᠲᠤᠰᠤᠭᠳᠠᠨ ᠪᠠᠶᠢᠴᠠᠭᠠᠭᠳᠠᠪᠠ᠃ ᠰᠢᠯᠭᠠᠨ ᠪᠠᠶᠢᠴᠠᠭᠠᠭᠰᠠᠨ ᠢᠶᠠᠷ᠂ ᠲᠤᠬᠠᠢ ᠵᠢᠨ ᠦᠶᠡᠰ ᠵᠠᠭᠠᠯᠳᠤᠭᠳᠠᠭᠴᠢ ᠬᠦ**ᠴᠢᠰᠥᠨ ᠳᠠᠬᠢ ᠰᠫᠢᠷᠲᠠᠭᠤᠯᠤᠭᠳᠠᠴᠠ ᠨᠢ 156.88mg/100ml ᠪᠠᠵᠢᠨ᠎ᠠ᠃
ᠲᠡᠭᠡᠷᠡᠬᠢ ᠪᠤᠳᠠᠳᠤ ᠬᠡᠷᠡᠭ ᠢ ᠨᠤᠳᠠᠯᠠᠬᠤ ᠭᠡᠷᠡᠴᠢ ᠲᠤᠥᠷᠠᠬᠢ ᠮᠡᠳᠦ᠄
1. ᠪᠢᠴᠢᠭᠭᠡᠷᠡᠴᠢ᠄ ᠬᠡᠷᠡᠭ ᠬᠦᠯᠢᠶᠠᠨ ᠠᠪᠴᠤ ᠰᠢᠢᠳᠪᠦᠷᠢᠯᠡᠬᠦ ᠲᠠᠩᠰᠠᠯᠠᠯᠬᠦᠰᠦᠨᠦᠭᠳᠤ᠂ ᠬᠡᠷᠡᠭ ᠪᠤᠯᠭᠠᠨ ᠲᠠᠩᠰᠡᠯᠡᠬᠤ ᠲᠤᠭᠳᠠᠭᠠᠯᠪᠢᠴᠢᠭ᠂ ᠪᠠᠶᠢᠴᠠᠭᠠᠨ ᠢᠯᠡᠷᠡᠬᠦᠯᠦᠭᠰᠡᠨ ᠦᠡᠭᠭᠡᠷᠡᠯᠳᠡ᠂ ᠡᠷᠤᠬᠡ ᠠᠮᠠ ᠵᠢᠨ ᠬᠡᠷᠡᠴᠢ ᠵᠡᠷᠭᠡ︔ 2. ᠵᠠᠭᠠᠯᠳᠤᠭᠳᠠᠭᠴᠢ ᠬᠦ** ᠵᠢᠨ ᠦᠴᠢᠭᠯᠡᠯᠳᠠ ᠪᠡ ᠵᠦᠪᠳᠤᠬᠡᠯᠳᠠ︔ 3. ᠰᠢᠯᠭᠠᠨ ᠲᠤᠭᠳᠠᠭᠠᠯᠳᠠ ᠵᠢᠨ ᠰᠠᠨᠠᠯ︔ 4. ᠦᠵᠡᠵᠦ ᠰᠣᠨᠣᠰᠬᠤ ᠮᠠᠲ᠋ᠧᠷᠢᠶᠠᠯ ᠭᠤᠷᠪᠠᠨ ᠬᠤᠪᠢ᠃
ᠲᠡᠬᠡᠷᠡᠬᠢ ᠬᠡᠷᠡᠴᠢ ᠬᠠᠤᠯᠢ ᠶᠤᠰᠤ ᠪᠠᠷ ᠴᠤᠭᠯᠠᠭᠤᠯᠵᠦ᠂ ᠠᠭᠤᠯᠭ᠎ᠠ ᠨᠢ ᠪᠤᠰᠤᠳᠴᠢ ᠦᠨᠠᠨ ᠪᠤᠳᠠᠳᠠᠢ᠂ ᠵᠠᠭᠠᠯᠳᠤᠭᠰᠠᠨ ᠪᠤᠳᠠᠳᠤ ᠬᠡᠷᠡᠭ ᠢ ᠬᠡᠷᠡᠴᠢᠯᠡᠵᠦ ᠲᠠᠶᠢᠯᠤᠨ᠎ᠠ᠃ ᠵᠠᠭᠠᠯᠳᠤᠭᠳᠠᠭᠴᠢ ᠬᠦ** ᠵᠠᠭᠠᠯᠳᠤᠭᠰᠠᠨ ᠪᠤᠳᠠᠳᠤ ᠬᠡᠷᠡᠭ ᠪᠠ ᠬᠡᠷᠡᠴᠢ ᠳᠤ ᠰᠠᠨᠠᠯ ᠦᠬᠡᠢ᠂ ᠦᠪᠡᠷᠲᠤᠷᠠ ᠠᠴᠠ ᠪᠠᠨ ᠶᠠᠯ᠎ᠠ ᠪᠠᠨ ᠮᠡᠳᠡᠷᠡᠵᠣ ᠰᠢᠳᠭᠡᠯ ᠬᠦᠯᠢᠶᠡᠵᠦ ᠪᠠᠵᠢᠨ᠎ᠠ᠃
ᠮᠠᠨ ᠬᠤᠷᠢᠶᠠᠨ ᠦᠵᠡᠬᠦ ᠪᠠᠷ᠂ ᠵᠠᠭᠠᠯᠳᠤᠭᠳᠠᠭᠴᠢ ᠬᠦ** ᠵᠠᠮ ᠲᠠᠬᠡᠷ᠎ᠡ ᠰᠤᠭᠳᠤᠭᠤ ᠪᠠᠷ ᠮᠠᠰᠢᠨ ᠲᠡᠷᠭᠡ ᠵᠢᠯᠤᠭᠤᠳᠤᠭᠰᠠᠨ ᠦᠢᠯᠡ ᠠᠵᠢᠯᠯᠠᠭ᠎ᠠ ᠨᠢ ︿︿ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠥᠰᠡᠷᠡᠭᠦᠦ ᠵᠢᠨ ᠬᠠᠥᠯᠢ﹀﹀ ᠵᠢᠨ ᠨᠢᠭᠡ ᠵᠠᠭᠤ ᠭᠤᠴᠢᠨ ᠭᠤᠷᠪᠠᠳᠤᠭᠠᠷ ᠵᠦᠢᠯ ᠳᠠᠬᠢ ᠨᠢᠭᠡ ᠲᠤᠬᠲᠠᠭᠠᠯ ᠢ ᠵᠦᠷᠢᠴᠡᠵᠤ᠂ ᠶᠠᠯ᠎ᠠ ᠵᠢᠨ ᠪᠤᠳᠠᠲᠤ ᠬᠡᠷᠡᠭ ᠨᠢ ᠲᠤᠳᠤᠷᠬᠠᠢ᠂ ᠭᠡᠷᠡᠴᠢ ᠪᠠᠷᠢᠮᠲᠠ ᠨᠢ ᠪᠦᠷᠢᠨ ᠭᠦᠢᠴᠡᠳ᠂ ᠠᠶᠥᠯᠳᠠᠢ ᠪᠠᠷ ᠲᠡᠷᠭᠡ ᠵᠢᠯᠤᠭᠤᠳᠤᠭᠰᠠᠨ ᠶᠠᠯ᠎ᠠ ᠪᠠᠷ ᠡᠷᠡᠭᠦᠦ ᠵᠢᠨ ᠬᠠᠷᠢᠭᠤᠴᠠᠯᠭ᠎ᠠ ᠨᠡᠭᠡᠮᠵᠢᠯᠡᠪᠡᠯ ᠵᠤᠬᠢᠨ᠎ᠠ᠃ ᠵᠠᠭᠠᠯᠳᠤᠭᠳᠠᠭᠴᠢ ᠬᠦ** ᠪᠠᠷᠢᠪᠴᠢᠯᠠᠬᠳᠠᠬᠰᠠᠨ ᠰᠡᠭᠦᠯᠡᠷ ᠦᠪᠡᠷᠶᠠᠯᠠᠲᠦ ᠠᠵᠢᠯᠯᠠᠭ᠎ᠠ ᠪᠠᠨ ᠦᠨᠡᠨ ᠢᠶᠠᠷ ᠦᠴᠢᠭᠯᠡᠭᠰᠡᠨ ᠨᠢ ︿︿ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠥᠰᠡᠷᠡᠭᠦᠦ ᠵᠢᠨ ᠬᠠᠥᠯᠢ﹀﹀ ᠵᠢᠨ ᠵᠢᠷᠠᠨ ᠳᠤᠯᠤᠳᠤᠭᠠᠷ ᠵᠦᠢᠯᠭᠤᠷᠪᠠᠳᠤᠭᠠᠷ ᠵᠤᠷᠪᠤᠰ ᠢ ᠦᠨᠳᠦᠰᠦᠯᠡᠪᠡᠯ᠂ ᠴᠠᠭᠠᠪᠤᠷᠢᠯᠠᠬᠰᠠᠨ ᠳᠤ ᠲᠤᠭᠠᠴᠢᠬᠳᠠᠨᠠ᠂ ᠬᠦᠩᠭᠡᠨ ᠢᠶᠠᠷ ᠰᠢᠳᠭᠡᠵᠣ ᠪᠣᠯᠣᠨ᠎ᠠ᠃ ᠵᠠᠭᠠᠯᠳᠤᠭᠳᠠᠭᠴᠢ ᠬᠦ** ᠶᠠᠯ᠎ᠠ ᠪᠠᠨ ᠮᠡᠳᠡᠷᠡᠵᠣ ᠰᠢᠳᠭᠡᠯ ᠬᠦᠯᠢᠶᠡᠵᠦ ᠪᠠᠶᠢᠬᠤ ᠨᠢ ︿︿ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠥᠰᠡᠷᠡᠭᠦᠦ ᠵᠢᠨ ᠬᠠᠥᠯᠢ﹀﹀ ᠵᠢᠨ ᠠᠷᠪᠠᠨ ᠲᠠᠪᠣᠳᠣᠭᠠᠷ ᠵᠦᠢᠯ ᠢ ᠦᠨᠳᠦᠰᠦᠯᠡᠵᠦ ᠠᠭᠤᠴᠢᠯᠠᠨ ᠰᠢᠳᠭᠡᠵᠣ ᠪᠣᠯᠣᠨ᠎ᠠ᠃ ︿︿ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰᠡᠷᠡᠭᠦᠦ ᠵᠢᠨ ᠵᠠᠷᠭᠤ ᠵᠢᠨ ᠬᠠᠥᠯᠢ﹀﹀ ᠵᠢᠨ ᠨᠢᠭᠡ ᠵᠠᠭᠤ ᠲᠠᠯᠠᠨ ᠵᠢᠷᠭᠤᠳᠤᠭᠠᠷ ᠵᠥᠢᠯᠲᠤᠭᠳᠠᠭᠠᠯ ᠢ ᠦᠨᠳᠦᠰᠦᠯᠡᠵᠦ᠂ ᠵᠠᠭᠠᠯᠳᠤᠭᠳᠠᠭᠴᠢ ᠬᠦ** ᠳᠤ ᠠᠯᠪᠠᠨ ᠵᠠᠭᠠᠯᠳᠤᠯᠭ᠎ᠠ ᠬᠢᠪᠡ᠃ ᠬᠠᠥᠯᠢ ᠶᠤᠰᠤᠭᠠᠷ ᠰᠢᠳᠭᠡᠬᠦ ᠪᠤᠯᠪᠠᠥ᠃
ᠡᠭᠦᠨ ᠲᠤᠯᠠ
ᠰᠢᠨ᠎ᠡ ᠪᠠᠷᠭᠤ ᠪᠠᠷᠠᠭᠤᠨ ᠬᠤᠰᠢᠭᠤᠨ ᠠᠷᠠᠳᠰᠢᠭᠦᠬᠦ ᠬᠤᠷᠢᠶ᠎ᠠ ᠳᠤ
ᠪᠠᠶᠢᠴᠠᠭᠠᠬᠴᠢ᠄ ᠶᠦᠩ ᠮᠧᠢ ᠲᠣᠰᠠᠯᠠᠨ ᠪᠠᠶᠢᠴᠠᠭᠠᠬᠴᠢ᠄ ᠭᠤᠶᠣᠬᠠᠨ
2021 ᠣᠨ 7 ᠰᠠᠷ᠎ᠠ ᠵᠢᠨ 28 ᠡᠳᠦᠷ
ᠲᠠᠭᠠᠯᠳᠤᠭᠤᠯᠬᠤ ᠨᠢ᠄
1. ᠵᠠᠭᠠᠯᠳᠤᠭᠳᠠᠭᠴᠢ ᠬᠦ** ᠰᠢᠨ᠎ᠡ ᠪᠠᠷᠭᠤ ᠪᠠᠷᠠᠭᠤᠨ ᠬᠤᠰᠢᠭᠤᠨ ᠲᠤᠳᠥᠭᠠᠳᠥ ᠬᠠᠮᠠᠭᠠᠯᠠᠬᠤ ᠲᠤᠪᠴᠢᠶᠠᠨ ᠳᠤ ᠪᠠᠲᠤᠯᠠᠭ᠎ᠠ ᠠᠪᠴᠥ ᠰᠢᠭᠦᠬᠦ ᠬᠦᠯᠢᠶᠡᠯᠭᠡᠪᠡ᠃
2. ᠲᠤᠰ ᠬᠡᠷᠡᠭᠡᠪᠬᠡᠮᠠᠯ ᠮᠠᠲ᠋ᠧᠷᠢᠶᠠᠯ ᠬᠤᠶᠠᠷ ᠪᠤᠳᠢ᠂ ᠦᠵᠡᠵᠦ ᠰᠣᠨᠣᠰᠬᠤ ᠮᠠᠲ᠋ᠧᠷᠢᠶᠠᠯ ᠭᠤᠷᠪᠠᠨ ᠬᠤᠪᠢ᠃
3. ᠶᠠᠯ᠎ᠠ ᠪᠠᠨ ᠮᠡᠳᠡᠷᠡᠵᠦ ᠰᠢᠳᠭᠡᠯ ᠢ ᠬᠦᠯᠢᠶᠡᠭᠰᠡᠨ ᠬᠡᠮᠰᠢᠬᠦ ᠪᠠᠳᠤᠯᠠᠭ᠎ᠠ ᠵᠢᠨ ᠪᠢᠴᠢᠭ ᠨᠢᠬᠡ ᠬᠤᠪᠢ᠃
4. ᠡᠷᠡᠬᠦᠦ ᠣᠨᠣᠬᠳᠠᠭᠤᠯᠬᠤ ᠰᠠᠨᠠᠯᠪᠢᠴᠢᠭ ᠬᠤᠶᠠᠷ ᠬᠤᠪᠢ᠃