ᠥᠪᠥᠷ ᠮᠣᠩᠭᠣᠯ  内蒙古

ᠰᠢᠨ᠎ᠡ ᠪᠠᠷᠭᠤ ᠪᠠᠷᠠᠭᠤᠨ ᠬᠤᠰᠢᠭᠤᠨ  ᠠᠷᠠᠳ ᠪᠠᠶᠢᠴᠠᠭᠠᠬᠤ ᠬᠤᠷᠢᠶᠠᠨ  ᠵᠠᠭᠠᠯᠳᠥᠬᠤ ᠪᠢᠴᠢᠭ

2021-12-31 15:07:37

                                       ᠰᠢᠨ᠎ᠡ ᠪᠠᠷᠠᠭᠤᠨ ᠪᠠᠶᠢᠴᠠᠭᠠᠬᠤ ᠡᠷᠡᠭᠦᠦ ᠵᠠᠭᠠᠯᠳᠥᠬᠤ ︵2021︶ 44 ᠳ᠋ᠥ᠋ᠭᠡᠷ ᠲᠤᠭᠠᠳᠥ

      

       ᠵᠠᠭᠠᠯᠳᠤᠭᠳᠠᠭᠴᠢ ᠬᠤ**᠂ ᠡᠷᠡᠭᠳᠡᠢ᠂ 1974 ᠤᠨ  ** ᠰᠠᠷ᠎ᠠ ᠵᠢᠨ **  ᠡᠳᠦᠷ ᠲᠦᠷᠦᠪᠡ᠂ ᠡᠷᠬᠡᠳᠤ ᠠᠷᠠᠳᠪᠡᠶ᠎ᠡ ᠵᠢᠨ ᠦᠨᠡᠮᠯᠡᠯᠨᠤᠮᠧᠷ 1521291974********᠂ ᠮᠤᠩᠭᠤᠯ ᠦᠨᠳᠦᠰᠦᠳᠡᠨ᠂ ᠪᠠᠭ᠎ᠠ ᠰᠣᠷᠭᠠᠭᠤᠯᠢ ᠵᠢᠨ ᠰᠣᠶᠣᠯᠬᠡᠮᠵᠢᠶ᠎ᠡ ᠲᠠᠢ᠂ ᠮᠠᠯᠴᠢᠨ᠂ ᠡᠷᠦᠬᠡ ᠠᠮᠠ ᠵᠢᠨ ᠪᠠᠶᠢᠭ᠎ᠠ  ᠭᠠᠵᠠᠷ ᠦᠪᠦᠷ ᠮᠤᠩᠭᠤᠯᠬᠦᠯᠦᠨ ᠪᠤᠶᠢᠷ ᠬᠤᠳᠠ ᠵᠢᠨ ᠰᠢᠨ᠎ᠡ ᠪᠠᠷᠭᠤ ᠪᠠᠷᠠᠭᠤᠨ ᠬᠤᠰᠢᠭᠤᠨ   ** ᠰᠣᠮᠣᠨ  ** ᠭᠠᠴᠠᠭ᠎ᠠ᠂ ᠤᠳᠥ ᠰᠠᠭᠤᠭ᠎ᠠ ᠭᠠᠵᠠᠷ ᠰᠢᠨ᠎ᠡ ᠪᠠᠷᠭᠤ ᠪᠠᠷᠠᠭᠤᠨ ᠬᠤᠰᠢᠭᠤᠨ  ** ᠪᠠᠯᠭᠠᠰᠣᠨ  ** ᠰᠠᠭᠤᠭᠠᠯᠢ ᠠᠷᠠᠳᠲᠣᠭᠤᠷᠢᠭ** ᠳ᠋ᠣᠭᠠᠷ ᠠᠰᠠᠷ** ᠳ᠋ᠣᠭᠡᠷ ᠨᠢᠭᠡᠴᠡ ᠵᠢᠨ ** ᠦᠷᠦᠭᠡ᠃ ᠶᠠᠯ᠎ᠠ ᠵᠢᠨ ᠲᠡᠥᠬᠡ ᠦᠭᠡᠢ᠃ ᠵᠠᠭᠠᠯᠳᠤᠭᠳᠠᠭᠴᠢ ᠬᠤ** ᠵᠢᠯᠣᠭᠤᠴᠢ ᠵᠢᠨ ᠦᠨᠡᠮᠯᠡᠯ ᠦᠭᠡᠢ ᠲᠡᠷᠭᠡ ᠵᠢᠯᠣᠭᠤᠳᠴᠣ 2018 ᠤᠨ  7 ᠰᠠᠷ᠎ᠠ ᠵᠢᠨ 3  ᠡᠳᠦᠷ ᠰᠢᠨ᠎ᠡ ᠪᠠᠷᠭᠤ ᠪᠠᠷᠠᠭᠤᠨ ᠬᠤᠰᠢᠭᠤᠨ  ᠲᠤᠳᠥᠭᠠᠳᠥ  ᠬᠠᠮᠠᠭᠠᠯᠠᠬᠤ ᠲᠤᠪᠴᠢᠶᠠᠨ ᠳᠤ ᠵᠠᠰᠠᠭ ᠵᠠᠬᠢᠷᠭᠠᠨ  ᠲᠦᠷ ᠬᠤᠷᠢᠯᠲᠠ ᠪᠠᠷ 5 ᠡᠳᠦᠷ ᠬᠤᠷᠢᠬᠳᠠᠵᠣ᠂ ᠠᠷᠠᠳᠵᠣᠭᠤᠰ 1000 ᠲᠦᠭᠦᠷᠢᠭ ᠢᠶᠠᠷ ᠲᠣᠷᠭᠠᠬᠳᠠᠪᠠ᠃ ᠵᠠᠭᠠᠯᠳᠤᠭᠳᠠᠭᠴᠢ ᠬᠤ** ᠠᠶᠥᠯᠳᠠᠢ ᠪᠠᠷ ᠲᠡᠷᠭᠡ ᠵᠢᠯᠤᠭᠤᠳᠤᠭᠰᠠᠨ ᠬᠡᠷᠡᠭ ᠲᠤ ᠬᠤᠯᠪᠤᠭᠳᠠᠵᠤ᠂ 2021 ᠣᠨ  7 ᠰᠠᠷ᠎ᠠ ᠵᠢᠨ 14  ᠡᠳᠦᠷ ᠰᠢᠨ᠎ᠡ ᠪᠠᠷᠭᠤ ᠪᠠᠷᠠᠭᠤᠨ ᠬᠤᠰᠢᠭᠤᠨ  ᠲᠤᠳᠥᠭᠠᠳᠥ  ᠬᠠᠮᠠᠭᠠᠯᠠᠬᠤ ᠲᠤᠪᠴᠢᠶᠠᠨ ᠳᠤ ᠪᠠᠲᠤᠯᠠᠭ᠎ᠠ ᠠᠪᠴᠥ ᠰᠢᠭᠦᠬᠦ  ᠬᠦᠯᠢᠶᠡᠯᠭᠡᠪᠡ᠃

      ᠵᠠᠭᠠᠯᠳᠤᠭᠳᠠᠭᠴᠢ ᠬᠤ**ᠠᠶᠥᠯᠳᠠᠢ ᠪᠠᠷ ᠲᠡᠷᠭᠡ ᠵᠢᠯᠤᠭᠤᠳᠤᠭᠰᠠᠨ ᠨᠢᠭᠡᠨ ᠬᠡᠷᠡᠭ ᠢ ᠰᠢᠨ᠎ᠡ ᠪᠠᠷᠭᠤ ᠪᠠᠷᠠᠭᠤᠨ ᠬᠤᠰᠢᠭᠤᠨ  ᠲᠤᠳᠥᠭᠠᠳᠥ  ᠬᠠᠮᠠᠭᠠᠯᠠᠬᠤ ᠲᠤᠪᠴᠢᠶ᠎ᠠ ᠲᠤᠷᠰᠢᠨ ᠪᠠᠶᠢᠴᠠᠭᠠᠯᠳᠠ ᠪᠠᠨ ᠲᠠᠭᠤᠰᠬᠠᠭᠠᠳ᠂ 2021 ᠤᠨ  7 ᠰᠠᠷ᠎ᠠ ᠵᠢᠨ 15  ᠡᠳᠦᠷ ᠮᠠᠨ  ᠬᠤᠷᠢᠶᠠᠨ ᠳᠤ ᠬᠢᠨᠠᠨ ᠪᠠᠶᠢᠴᠠᠯᠭᠠᠵᠤ ᠵᠠᠭᠠᠯᠳᠤᠭᠤᠯᠬᠤ ᠪᠠᠷ ᠰᠢᠯᠵᠢᠭᠦᠯᠦᠨ ᠬᠦᠷᠭᠡᠪᠡ᠂ ᠮᠠᠨ  ᠬᠤᠷᠢᠶ᠎ᠠ ᠬᠡᠷᠡᠭᠡᠪᠬᠡᠮᠡᠯ ᠢ ᠬᠦᠯᠢᠶᠡᠨ ᠠᠪᠤᠭᠰᠠᠨ  ᠰᠡᠭᠦᠯᠡᠷ᠂ 2021 ᠤᠨ  7 ᠰᠠᠷ᠎ᠠ ᠵᠢᠨ 16  ᠡᠳᠦᠷ ᠵᠠᠭᠠᠯᠳᠤᠭᠳᠠᠭᠴᠢ ᠬᠤ** ᠲᠤ ᠦᠮᠦᠭᠯᠡᠭᠴᠢ ᠨᠠᠶᠢᠳᠠᠬᠤ ᠡᠷᠬᠡ ᠪᠠ ᠶᠠᠯ᠎ᠠ ᠡᠷᠡᠬᠦᠦ ᠪᠠᠨ ᠮᠡᠳᠡᠷᠡᠬᠦ ᠠᠴᠠ ᠪᠤᠯᠤᠭᠰᠠᠨ ᠬᠠᠤᠯᠢ ᠴᠠᠭᠠᠵᠠ ᠵᠢᠨ ᠦᠷ᠎ᠡ ᠳ᠋ᠦᠩ ᠢ ᠮᠡᠳᠡᠭᠳᠡᠵᠦ᠂ ᠬᠠᠥᠯᠢ ᠶᠤᠰᠤᠭᠠᠷ ᠵᠠᠭᠠᠯᠳᠤᠭᠳᠠᠭᠴᠢ  ᠰᠢᠭᠦᠨ ᠠᠰᠠᠭᠤᠵᠤ᠂ ᠵᠠᠭᠠᠯᠳᠤᠭᠳᠠᠭᠴᠢ ᠪᠠ ᠵᠢᠵᠢᠭᠦᠷ ᠬᠠᠤᠯᠢᠴᠢ ᠵᠢᠨ ᠰᠠᠨᠠᠯ ᠢ ᠰᠤᠨᠤᠰᠴᠦ᠂ ᠪᠦᠬᠦ ᠬᠡᠷᠡᠭᠮᠠᠲ᠋ᠧᠷᠢᠶᠠᠯ ᠢ ᠬᠢᠨᠠᠨ ᠪᠠᠶᠢᠴᠠᠭᠠᠪᠠ᠃ ᠵᠠᠭᠠᠯᠳᠤᠭᠳᠠᠭᠴᠢ ᠲᠤᠰ ᠬᠡᠷᠡᠭ ᠢ ᠲᠦᠷᠬᠡᠨ ᠲᠠᠰᠤᠯᠤᠯᠳᠠ ᠵᠢᠨ ᠵᠢᠷᠤᠮ ᠢ ᠬᠡᠷᠡᠭᠯᠡᠨ ᠰᠢᠬᠦᠬᠦ  ᠵᠦᠪᠰᠢᠶᠡᠷᠡᠪᠡ᠃

        ᠤᠳᠤ ᠬᠢᠨᠠᠨ ᠪᠠᠶᠢᠴᠠᠭᠠᠵᠣ ᠲᠤᠳᠤᠯᠠᠬᠰᠠᠨ ᠢᠶᠠᠷ᠄

       2018 ᠤᠨ  7 ᠰᠠᠷ᠎ᠠ ᠵᠢᠨ 3  ᠡᠳᠦᠷ21 ᠴᠠᠭᠦᠶ᠎ᠡ ᠪᠠᠷ᠂ ᠵᠠᠭᠠᠯᠳᠤᠭᠳᠠᠭᠴᠢ ᠬᠤ** ᠵᠢᠯᠣᠭᠤᠴᠢ ᠵᠢᠨ ᠦᠨᠡᠮᠯᠡᠯ ᠦᠭᠡᠢ᠂ ᠰᠤᠭᠳᠤᠭᠤ ᠪᠠᠷ ᠣᠯᠠᠭᠠᠨ ᠦᠩᠬᠡᠳᠡᠢ ᠫᠠᠶᠢᠰᠠ ᠦᠭᠡᠢ ᠬ**  ᠨᠠᠷᠡᠮᠵᠢᠳᠤ ᠬᠤᠶᠠᠷ ᠭᠦᠷᠳᠣᠳᠣ ᠮᠣᠲ᠋ᠣᠷ ᠲᠠᠷᠬᠡ ᠵᠢᠯᠤᠭᠤᠳᠴᠤ᠂ ᠰᠢᠨ᠎ᠡ ᠪᠠᠷᠭᠤ ᠪᠠᠷᠠᠭᠤᠨ ᠬᠤᠰᠢᠭᠤᠨ  ** ᠰᠣᠮᠣᠨ  ᠬᠤᠵᠢᠨ᠎ᠠ ᠲᠠᠯ᠎ᠠ ᠵᠢᠨ ᠵᠠᠮ ᠢᠶᠠᠷ ᠪᠠᠷᠠᠭᠤᠨ ᠠᠴᠠ ᠵᠡᠭᠦᠨᠰᠢ ᠶᠠᠪᠣᠵᠣ ᠵᠠᠮᠠᠭᠤᠯᠵᠠᠷ ᠲᠤ ᠬᠦᠷᠦᠭᠡᠳ ᠰᠢᠨ᠎ᠡ ᠪᠠᠷᠭᠤ ᠪᠠᠷᠠᠭᠤᠨ ᠬᠤᠰᠢᠭᠤᠨ  ᠲᠤᠳᠥᠭᠠᠳᠥ  ᠬᠠᠮᠠᠭᠠᠯᠠᠬᠤ ᠲᠤᠪᠴᠢᠶᠠᠨ  ᠵᠠᠮ ᠬᠠᠷᠢᠯᠴᠠᠭᠠᠨ  ᠬᠠᠮᠢᠶᠠᠷᠤᠯᠳᠠ ᠵᠢᠨ ᠶᠡᠭᠡ ᠠᠩᠬᠢ ᠵᠢᠨ ᠴᠠᠭᠳᠠᠭᠠᠨ ᠳᠤ ᠲᠤᠰᠤᠭᠳᠠᠨ ᠪᠠᠶᠢᠴᠠᠭᠠᠭᠳᠠᠪᠠ᠃ ᠰᠢᠯᠭᠠᠨ ᠪᠠᠶᠢᠴᠠᠭᠠᠭᠰᠠᠨ ᠢᠶᠠᠷ᠂ ᠲᠤᠬᠠᠢ ᠵᠢᠨ ᠦᠶᠡᠰ ᠵᠠᠭᠠᠯᠳᠤᠭᠳᠠᠭᠴᠢ ᠬᠤ**ᠴᠢᠰᠥᠨ ᠳᠠᠬᠢ ᠰᠫᠢᠷᠲᠠᠭᠤᠯᠤᠭᠳᠠᠴᠠ ᠨᠢ 256.69mg/100ml ᠪᠠᠵᠢᠨ᠎ᠠ᠃

        ᠲᠡᠭᠡᠷᠡᠬᠢ ᠪᠤᠳᠠᠳᠤ ᠬᠡᠷᠡᠭ ᠢ ᠨᠤᠳᠠᠯᠠᠬᠤ ᠭᠡᠷᠡᠴᠢ ᠲᠤᠥᠷᠠᠬᠢ ᠮᠡᠳᠦ᠄

       1. ᠪᠢᠴᠢᠭᠭᠡᠷᠡᠴᠢ᠄ ᠬᠡᠷᠡᠭ ᠬᠦᠯᠢᠶᠠᠨ ᠠᠪᠴᠤ ᠰᠢᠢᠳᠪᠦᠷᠢᠯᠡᠬᠦ ᠲᠠᠩᠰᠠᠯᠠᠯᠬᠦᠰᠦᠨᠦᠭᠳᠤ᠂ ᠬᠡᠷᠡᠭ ᠪᠤᠯᠭᠠᠨ ᠲᠠᠩᠰᠡᠯᠡᠬᠤ ᠲᠤᠭᠳᠠᠭᠠᠯᠪᠢᠴᠢᠭ᠂ ᠪᠠᠶᠢᠴᠠᠭᠠᠨ ᠢᠯᠡᠷᠡᠬᠦᠯᠦᠭᠰᠡᠨ ᠦᠡᠭᠭᠡᠷᠡᠯᠳᠡ᠂ ᠡᠷᠤᠬᠡ ᠠᠮᠠ ᠵᠢᠨ ᠬᠡᠷᠡᠴᠢ ᠵᠡᠷᠭᠡ︔ 2. ᠵᠠᠭᠠᠯᠳᠤᠭᠳᠠᠭᠴᠢ ᠬᠤ**ᠦᠴᠢᠭᠯᠡᠯᠳᠠ ᠪᠡ ᠵᠦᠪᠳᠤᠬᠡᠯᠳᠠ︔ 3. ᠰᠢᠯᠭᠠᠨ ᠲᠤᠭᠳᠠᠭᠠᠯᠳᠠ ᠵᠢᠨ ᠰᠠᠨᠠᠯ︔ 4. ᠦᠵᠡᠵᠦ ᠰᠣᠨᠣᠰᠬᠤ ᠮᠠᠲ᠋ᠧᠷᠢᠶᠠᠯ ᠭᠤᠷᠪᠠᠨ ᠬᠤᠪᠢ᠃

       ᠲᠡᠬᠡᠷᠡᠬᠢ ᠬᠡᠷᠡᠴᠢ  ᠬᠠᠤᠯᠢ ᠶᠤᠰᠤ ᠪᠠᠷ ᠴᠤᠭᠯᠠᠭᠤᠯᠵᠦ᠂ ᠠᠭᠤᠯᠭ᠎ᠠ ᠨᠢ ᠪᠤᠰᠤᠳᠴᠢ ᠦᠨᠠᠨ ᠪᠤᠳᠠᠳᠠᠢ᠂ ᠵᠠᠭᠠᠯᠳᠤᠭᠰᠠᠨ ᠪᠤᠳᠠᠳᠤ ᠬᠡᠷᠡᠭ ᠢ ᠬᠡᠷᠡᠴᠢᠯᠡᠵᠦ ᠲᠠᠶᠢᠯᠤᠨ᠎ᠠ᠃ ᠵᠠᠭᠠᠯᠳᠤᠭᠳᠠᠭᠴᠢ ᠬᠤ** ᠵᠠᠭᠠᠯᠳᠤᠭᠰᠠᠨ ᠪᠤᠳᠠᠳᠤ ᠬᠡᠷᠡᠭ ᠪᠠ ᠬᠡᠷᠡᠴᠢ ᠳᠤ ᠰᠠᠨᠠᠯ ᠦᠬᠡᠢ᠂ ᠦᠪᠡᠷᠲᠤᠷ᠎ᠠ ᠠᠴᠠ ᠪᠠᠨ ᠶᠠᠯ᠎ᠠ ᠪᠠᠨ ᠮᠡᠳᠡᠷᠡᠵᠣ ᠰᠢᠳᠭᠡᠯ ᠬᠦᠯᠢᠶᠡᠵᠦ ᠪᠠᠵᠢᠨ᠎ᠠ᠃

       ᠮᠠᠨ  ᠬᠤᠷᠢᠶᠠᠨ  ᠦᠵᠡᠬᠦ ᠪᠠᠷ᠂ ᠵᠠᠭᠠᠯᠳᠤᠭᠳᠠᠭᠴᠢ ᠬᠤ** ᠵᠠᠮ ᠲᠠᠬᠡᠷ᠎ᠡ ᠰᠤᠭᠳᠤᠭᠤ ᠪᠠᠷ ᠮᠠᠰᠢᠨ ᠲᠡᠷᠭᠡ ᠵᠢᠯᠤᠭᠤᠳᠤᠭᠰᠠᠨ ᠦᠢᠯᠡ ᠠᠵᠢᠯᠯᠠᠭ᠎ᠠ ᠨᠢ ︿︿ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠥᠰᠡᠷᠡᠭᠦᠦ ᠵᠢᠨ ᠬᠠᠥᠯᠢ﹀﹀ ᠵᠢᠨ ᠨᠢᠭᠡ ᠵᠠᠭᠤ ᠭᠤᠴᠢᠨ ᠭᠤᠷᠪᠠᠳᠤᠭᠠᠷ ᠵᠦᠢᠯ ᠳᠠᠬᠢ ᠨᠢᠭᠡ ᠲᠤᠬᠲᠠᠭᠠᠯ ᠢ ᠵᠦᠷᠢᠴᠡᠵᠤ᠂ ᠶᠠᠯ᠎ᠠ ᠵᠢᠨ ᠪᠤᠳᠠᠲᠤ ᠬᠡᠷᠡᠭ ᠨᠢ ᠲᠤᠳᠤᠷᠬᠠᠢ᠂ ᠭᠡᠷᠡᠴᠢ ᠪᠠᠷᠢᠮᠲᠠ ᠨᠢ ᠪᠦᠷᠢᠨ ᠭᠦᠢᠴᠡᠳ᠂ ᠠᠶᠥᠯᠳᠠᠢ ᠪᠠᠷ ᠲᠡᠷᠭᠡ ᠵᠢᠯᠤᠭᠤᠳᠤᠭᠰᠠᠨ ᠶᠠᠯ᠎ᠠ ᠪᠠᠷ ᠡᠷᠡᠭᠦᠦ ᠵᠢᠨ ᠬᠠᠷᠢᠭᠤᠴᠠᠯᠭ᠎ᠠ ᠨᠡᠭᠡᠮᠵᠢᠯᠡᠪᠡᠯ ᠵᠤᠬᠢᠨ᠎ᠠ᠃ ᠵᠠᠭᠠᠯᠳᠤᠭᠳᠠᠭᠴᠢ ᠬᠤ** ᠪᠠᠷᠢᠪᠴᠢᠯᠠᠬᠳᠠᠬᠰᠠᠨ  ᠰᠡᠭᠦᠯᠡᠷ ᠦᠪᠡᠷᠶᠠᠯᠠᠲᠦ ᠠᠵᠢᠯᠯᠠᠭ᠎ᠠ ᠪᠠᠨ ᠦᠨᠡᠨ ᠢᠶᠠᠷ ᠦᠴᠢᠭᠯᠡᠭᠰᠡᠨ ᠨᠢ ︿︿ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠥᠰᠡᠷᠡᠭᠦᠦ ᠵᠢᠨ ᠬᠠᠥᠯᠢ﹀﹀ ᠵᠢᠨ ᠵᠢᠷᠠᠨ ᠳᠤᠯᠤᠳᠤᠭᠠᠷ ᠵᠦᠢᠯᠭᠤᠷᠪᠠᠳᠤᠭᠠᠷ ᠵᠤᠷᠪᠤᠰ ᠢ ᠦᠨᠳᠦᠰᠦᠯᠡᠪᠡᠯ᠂ ᠴᠠᠭᠠᠪᠤᠷᠢᠯᠠᠬᠰᠠᠨ ᠳᠤ ᠲᠤᠭᠠᠴᠢᠬᠳᠠᠨ᠎ᠠ᠂ ᠬᠦᠩᠭᠡᠨ ᠢᠶᠠᠷ ᠰᠢᠳᠭᠡᠵᠣ ᠪᠣᠯᠣᠨ᠎ᠠ᠃ ᠵᠠᠭᠠᠯᠳᠤᠭᠳᠠᠭᠴᠢ ᠬᠤ** ᠶᠠᠯ᠎ᠠ ᠪᠠᠨ ᠮᠡᠳᠡᠷᠡᠵᠣ ᠰᠢᠳᠭᠡᠯ ᠬᠦᠯᠢᠶᠡᠵᠦ ᠪᠠᠶᠢᠬᠤ ᠨᠢ ︿︿ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠥᠰᠡᠷᠡᠭᠦᠦ ᠵᠢᠨ ᠬᠠᠥᠯᠢ﹀﹀ ᠵᠢᠨ ᠠᠷᠪᠠᠨ ᠲᠠᠪᠣᠳᠣᠭᠠᠷ ᠵᠦᠢᠯ ᠢ ᠦᠨᠳᠦᠰᠦᠯᠡᠵᠦ ᠠᠭᠤᠴᠢᠯᠠᠨ ᠰᠢᠳᠭᠡᠵᠣ ᠪᠣᠯᠣᠨ᠎ᠠ᠃ ︿︿ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰᠡᠷᠡᠭᠦᠦ ᠵᠢᠨ ᠵᠠᠷᠭᠤ ᠵᠢᠨ ᠬᠠᠥᠯᠢ﹀﹀ ᠵᠢᠨ ᠨᠢᠭᠡ ᠵᠠᠭᠤ ᠲᠠᠯᠠᠨ ᠵᠢᠷᠭᠤᠳᠤᠭᠠᠷ ᠵᠥᠢᠯᠲᠤᠭᠳᠠᠭᠠᠯ ᠢ ᠦᠨᠳᠦᠰᠦᠯᠡᠵᠦ᠂ ᠵᠠᠭᠠᠯᠳᠤᠭᠳᠠᠭᠴᠢ ᠬᠤ** ᠲᠤ ᠠᠯᠪᠠᠨ ᠵᠠᠭᠠᠯᠳᠤᠯᠭ᠎ᠠ ᠬᠢᠪᠡ᠃ ᠬᠠᠥᠯᠢ ᠶᠤᠰᠤᠭᠠᠷ ᠰᠢᠳᠭᠡᠬᠦ ᠪᠤᠯᠪᠠᠥ᠃   

             ᠡᠭᠦᠨ  ᠲᠤᠯᠠ

       ᠰᠢᠨ᠎ᠡ ᠪᠠᠷᠭᠤ ᠪᠠᠷᠠᠭᠤᠨ ᠬᠤᠰᠢᠭᠤᠨ  ᠠᠷᠠᠳᠰᠢᠭᠦᠬᠦ ᠬᠤᠷᠢᠶ᠎ᠠ ᠳᠤ

 

 

                                                                                                                                                                                 ᠪᠠᠶᠢᠴᠠᠭᠠᠬᠴᠢ᠄ ᠶᠦᠩ ᠮᠧᠢ                                                                                                  ᠲᠣᠰᠠᠯᠠᠨ ᠪᠠᠶᠢᠴᠠᠭᠠᠬᠴᠢ᠄ ᠭᠤᠶᠣᠬᠠᠨ

                                                                                                                                                                               2021 ᠣᠨ  7 ᠰᠠᠷ᠎ᠠ ᠵᠢᠨ 23  ᠡᠳᠦᠷ

                                                                                             

                                                                                                 

                                                                                             

 

 

 

 

ᠲᠠᠭᠠᠯᠳᠤᠭᠤᠯᠬᠤ ᠨᠢ᠄

        1. ᠵᠠᠭᠠᠯᠳᠤᠭᠳᠠᠭᠴᠢ ᠬᠤ** ᠰᠢᠨ᠎ᠡ ᠪᠠᠷᠭᠤ ᠪᠠᠷᠠᠭᠤᠨ ᠬᠤᠰᠢᠭᠤᠨ  ᠲᠤᠳᠥᠭᠠᠳᠥ  ᠬᠠᠮᠠᠭᠠᠯᠠᠬᠤ ᠲᠤᠪᠴᠢᠶᠠᠨ ᠳᠤ ᠪᠠᠲᠤᠯᠠᠭ᠎ᠠ ᠠᠪᠴᠥ ᠰᠢᠭᠦᠬᠦ  ᠬᠦᠯᠢᠶᠡᠯᠭᠡᠪᠡ᠃

        2. ᠲᠤᠰ ᠬᠡᠷᠡᠭᠡᠪᠬᠡᠮᠠᠯ ᠮᠠᠲ᠋ᠧᠷᠢᠶᠠᠯ ᠬᠤᠶᠠᠷ ᠪᠤᠳᠢ᠂ ᠦᠵᠡᠵᠦ ᠰᠣᠨᠣᠰᠬᠤ ᠮᠠᠲ᠋ᠧᠷᠢᠶᠠᠯ ᠭᠤᠷᠪᠠᠨ ᠬᠤᠪᠢ᠃

        3. ᠶᠠᠯ᠎ᠠ ᠪᠠᠨ ᠮᠡᠳᠡᠷᠡᠵᠦ ᠰᠢᠳᠭᠡᠯ ᠢ ᠬᠦᠯᠢᠶᠡᠭᠰᠡᠨ ᠬᠡᠮᠰᠢᠬᠦ ᠪᠠᠳᠤᠯᠠᠭ᠎ᠠ ᠵᠢᠨ ᠪᠢᠴᠢᠭ ᠨᠢᠬᠡ ᠬᠤᠪᠢ᠃ 

        4. ᠡᠷᠡᠬᠦᠦ ᠣᠨᠣᠬᠳᠠᠭᠤᠯᠬᠤ ᠰᠠᠨᠠᠯᠪᠢᠴᠢᠭ ᠬᠤᠶᠠᠷ ᠬᠤᠪᠢ᠃                                               


ᠢᠷᠡᠯᠲᠡ
ᠰᠢᠨ᠎ᠡ ᠪᠠᠷᠭᠤ ᠪᠠᠷᠠᠭᠤᠨ ᠬᠤᠰᠢᠭᠤᠨ  ᠠᠷᠠᠳᠪᠠᠶᠢᠴᠠᠭᠠᠬᠤ ᠬᠣᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro