ᠥᠪᠥᠷ ᠮᠣᠩᠭᠣᠯ  内蒙古

ᠬᠠᠭ᠋ᠤᠤᠯᠢ ᠢᠳᠡᠭᠰᠡᠨ᠂ ᠱᠠᠮᠰᠢᠭᠰᠠᠨ ᠵᠡᠷᠭᠡ ᠶᠠᠯ᠎ᠠ ᠬᠢᠭᠰᠡᠨ ᠰᠡᠵᠢᠭᠲᠡᠨ ᠯᠢ ᠪᠣᠣ ᠯᠢᠨ ᠢ ᠤᠯᠠᠭᠠᠨᠴᠠᠪ    ᠵᠢᠨ ᠠᠷᠠᠳᠪᠠᠶᠢᠴᠠᠭᠠᠬᠤ ᠬᠤᠷᠢᠶ᠎ᠠ ᠬᠠᠤᠯᠢ ᠶᠣᠰᠣᠭᠠᠷ ᠵᠠᠭᠠᠯᠳᠤᠪᠠ

2019-03-11 15:56:34

ᠯᠢ ᠪᠣᠣ ᠯᠢᠨ  ᠬᠠᠭ᠋ᠤᠤᠯᠢ ᠢᠳᠡᠭᠰᠡᠨ᠂ ᠱᠠᠮᠰᠢᠭᠰᠠᠨ᠂ ᠬᠡᠭᠡᠯᠢ ᠲᠦᠯᠬᠢᠭᠰᠡᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠯᠣᠲᠣ ᠶᠡᠭᠡ ᠡᠳ᠋ ᠬᠦᠷᠦᠩᠭᠡ ᠵᠢᠨ ᠢᠷᠡᠯᠲᠡ ᠲᠣᠳᠤᠷᠬᠠᠢ ᠦᠭᠡᠢ ᠶᠠᠯ᠎ᠠ ᠳᠤ ᠰᠡᠵᠢᠭᠯᠡᠭᠳᠡᠭᠰᠡᠨ ᠬᠡᠷᠡᠭ ᠲᠤ ᠬᠠᠤᠯᠢ ᠶᠣᠰᠣᠭᠠᠷ ᠠᠯᠪᠠᠨ ᠵᠠᠭᠠᠯᠳᠤᠯᠭ᠎ᠠ ᠭᠠᠷᠭᠠᠪᠠ᠃

᠂ ᠬᠦᠬᠡᠬᠤᠲᠠ ᠵᠢᠨ ᠭᠠᠵᠠᠷ ᠰᠢᠷᠣᠢ ᠬᠤᠳᠠᠯᠳᠤᠨ ᠠᠪᠴᠤ ᠨᠦᠭᠡᠴᠡᠯᠡᠬᠦ ᠦᠨ᠎ᠡ ᠬᠠᠶᠠᠵᠤ ᠬᠤᠳᠠᠯᠳᠤᠬᠤ ᠲᠦᠪᠤᠤᠯᠳᠡᠳ᠋ ᠪᠠᠶᠢᠴᠠᠭᠠᠨ ᠰᠤᠳᠤᠯᠤᠭᠴᠢ ᠯᠢ ᠪᠣᠣ ᠯᠢᠨ︵ᠳᠡᠳ᠋ ᠭᠠᠵᠠᠷᠲᠡᠰ︶ᠬᠠᠭ᠋ᠤᠤᠯᠢ ᠢᠳᠡᠭᠰᠡᠨ᠂ ᠱᠠᠮᠰᠢᠭᠰᠠᠨ᠂ ᠬᠡᠭᠡᠯᠢ ᠲᠦᠯᠬᠢᠭᠰᠡᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠯᠣᠲᠣ ᠶᠡᠭᠡ ᠡᠳ᠋ ᠬᠦᠷᠦᠩᠭᠡ ᠵᠢᠨ ᠢᠷᠡᠯᠲᠡ ᠲᠣᠳᠤᠷᠬᠠᠢ ᠦᠭᠡᠢ ᠶᠠᠯ᠎ᠠ ᠳᠤ ᠰᠡᠵᠢᠭᠯᠡᠭᠳᠡᠭᠰᠡᠨ ᠬᠡᠷᠡᠭ ᠢ ᠤᠯᠠᠭᠠᠨᠴᠠᠪ ᠬᠤᠲᠠ ᠵᠢᠨ ᠠᠷᠠᠳᠰᠢᠭᠦᠬᠦ ᠬᠤᠷᠢᠶ᠎ᠠ ᠳᠤ ᠵᠠᠭᠠᠯᠳᠤᠪᠠ᠃

ᠲᠤᠰ ᠬᠡᠷᠡᠭ ᠪᠣᠯ ᠦᠪᠦᠷ ᠮᠣᠩᠭᠤᠯᠦᠪᠡᠷᠲᠡᠭᠡᠨ ᠵᠠᠰᠠᠬᠤ ᠣᠷᠣᠨ  ᠠᠷᠠᠳᠪᠠᠶᠢᠴᠠᠭᠠᠬᠤ ᠬᠤᠷᠢᠶ᠎ᠠ ᠤᠯᠠᠭᠠᠨᠴᠠᠪ ᠬᠤᠲᠠ ᠵᠢᠨ ᠠᠷᠠᠳᠪᠠᠶᠢᠴᠠᠭᠠᠬᠤ ᠬᠤᠷᠢᠶᠠᠨ ᠳᠤ ᠳᠠᠭᠠᠭᠠᠯᠭᠠᠨ ᠰᠢᠢᠳᠪᠦᠷᠢᠯᠡᠭᠦᠯᠦᠭᠰᠡᠨ ᠬᠡᠷᠡᠭ ᠶᠤᠮ᠃ ᠤᠯᠠᠭᠠᠨᠴᠠᠪ ᠬᠤᠲᠠ ᠵᠢᠨ ᠠᠷᠠᠳᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠯᠲᠠ ᠵᠢᠨ ᠱᠠᠲᠤᠨ ᠳᠤ  ᠪᠠᠨ ᠵᠠᠭᠠᠯᠳᠤᠭᠳᠠᠭᠴᠢ ᠯᠢ ᠪᠣᠣ ᠯᠢᠨ ᠳᠤ ᠵᠠᠷᠭᠤᠯᠠᠬᠤ ᠡᠷᠬᠡ ᠲᠠᠢ ᠶᠢ ᠨᠢ ᠬᠠᠤᠯᠢ ᠶᠣᠰᠣᠭᠠᠷ ᠮᠡᠳᠡᠭᠳᠡᠵᠦ᠂ ᠬᠠᠤᠯᠢ ᠶᠣᠰᠣᠭᠠᠷ ᠲᠡᠭᠦᠨ ᠠᠴᠠ ᠰᠢᠭᠦᠨ ᠠᠰᠠᠭᠤᠬᠤ ᠵᠢᠨ ᠬᠠᠮᠲᠤ ᠦᠮᠦᠭᠯᠡᠭᠴᠢ ᠵᠢᠨ ᠬᠢᠨᠢ ᠰᠠᠨᠠᠯ ᠢ ᠰᠣᠨᠣᠰᠴᠠᠢ᠃ ᠵᠠᠭᠠᠯᠳᠤᠭᠳᠠᠭᠴᠢ ᠯᠢ ᠪᠣᠣ ᠯᠢᠨ ᠤᠯᠤᠰᠠᠵᠢᠯᠲᠠᠨ ᠪᠠᠶᠢᠭᠠᠳ ᠲᠤᠰᠢᠶᠠᠯ ᠤᠨ ᠢᠶᠠᠨ ᠳᠦᠭᠦᠮ ᠢᠯᠳᠠᠷ ᠢ ᠠᠰᠢᠭᠯᠠᠨ ᠪᠤᠰᠣᠳᠡᠳ᠋ ᠮᠦᠩᠭᠦ  ᠬᠢᠬᠠᠵᠤ᠂ ᠪᠤᠰᠣᠳ ᠲᠤ ᠠᠰᠢᠭ ᠣᠯᠭᠤᠬᠤ ᠵᠢᠨ ᠬᠠᠮᠲᠤ ᠪᠤᠰᠤᠳᠡᠳ᠋ ᠮᠦᠩᠭᠦ  ᠬᠤᠷᠢᠶᠠᠵᠤ᠂ ᠲᠤᠭ᠎ᠠ ᠮᠠᠭᠠᠳ ᠨᠢ ᠣᠨᠴᠠᠭᠠᠢ ᠯᠣᠲᠣ ᠶᠡᠭᠡ ᠪᠠᠶᠢᠵᠤ᠂ ᠬᠠᠭ᠋ᠤᠤᠯᠢ ᠢᠳᠡᠭᠰᠡᠨ ᠶᠠᠯ᠎ᠠ ᠪᠣᠯᠵᠤ ᠪᠦᠷᠢᠯᠳᠦᠪᠡ︔ ᠤᠯᠤᠰᠠᠵᠢᠯᠲᠠᠨ ᠪᠠᠶᠢᠭᠠᠳ ᠲᠤᠰᠢᠶᠠᠯ ᠤᠨ ᠢᠶᠠᠨ ᠳᠦᠭᠦᠮ ᠢᠯᠳᠠᠷ ᠢ ᠠᠰᠢᠭᠯᠠᠨ ᠪᠠᠶᠢᠭᠤᠯᠭ᠎ᠠ ᠵᠢᠨ ᠢᠶᠠᠨ ᠡᠳ᠋ ᠬᠦᠷᠦᠩᠭᠡ  ᠮᠡᠬᠡᠯᠡᠨ ᠠᠪᠴᠤ᠂ ᠲᠤᠭ᠎ᠠ ᠮᠠᠭᠠᠳ ᠨᠢ ᠯᠤᠲᠤ ᠶᠡᠭᠡ ᠪᠠᠶᠢᠵᠤ᠂ ᠱᠠᠮᠰᠢᠭᠰᠠᠨ ᠶᠠᠯ᠎ᠠ  ᠪᠦᠷᠢᠯᠳᠦᠭᠦᠯᠪᠡ︔ ᠤᠯᠤᠰᠠᠵᠢᠯᠲᠠᠨ ᠪᠠᠶᠢᠭᠠᠳ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠨ ᠤᠯᠤᠰ ᠲᠤ ᠣᠨᠴᠠ ᠲᠣᠮᠣ ᠬᠤᠬᠢᠷᠠᠯ ᠤᠴᠠᠷᠠᠭᠤᠯᠵᠤ᠂ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠵᠤ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠶᠠᠯ᠎ᠠ ᠪᠣᠯᠵᠤ ᠪᠦᠷᠢᠯᠳᠦᠪᠡ ︔ ᠤᠯᠤᠰᠠᠵᠢᠯᠲᠠᠨ ᠪᠠᠶᠢᠭᠠᠳ ᠭᠡᠷ ᠪᠦᠯᠢ ᠵᠢᠨ ᠬᠢᠨᠢ ᠡᠳ᠋ ᠬᠦᠷᠦᠩᠭᠡ ᠪᠠ ᠵᠠᠷᠤᠴᠠᠭᠤᠯᠭ᠎ᠠ ᠨᠢ ᠬᠠᠤᠯᠢ ᠶᠣᠰᠣᠨ  ᠣᠷᠣᠯᠭ᠎ᠠ ᠠᠴᠠ ᠢᠯᠡᠷᠬᠡᠢ ᠳᠠᠪᠠᠵᠤ᠂ ᠲᠤᠭ᠎ᠠ ᠮᠠᠭᠠᠳ ᠨᠢ ᠣᠨᠴᠠᠭᠠᠢ ᠯᠣᠲᠤ ᠶᠡᠭᠡ ᠪᠠᠶᠢᠭᠰᠠᠨ ᠪᠦᠭᠡᠳ ᠢᠷᠡᠯᠳᠡ ᠶᠢ ᠨᠢ ᠲᠣᠳᠤᠷᠬᠠᠶᠢᠯᠠᠵᠤ ᠴᠢᠳᠠᠬᠤ ᠦᠭᠡᠢ ᠪᠠᠶᠢᠵᠤ᠂ ᠯᠤᠲᠤ ᠶᠡᠭᠡ ᠡᠳ᠋ ᠬᠦᠷᠦᠩᠭᠡ ᠵᠢᠨ ᠢᠷᠡᠯᠲᠡ ᠲᠣᠳᠤᠷᠬᠠᠢ ᠦᠭᠡᠢ ᠶᠠᠯ᠎ᠠ ᠪᠣᠯᠵᠤ ᠪᠦᠷᠢᠯᠳᠦᠪᠡ᠃ ᠡᠭᠦᠨᠴᠢᠯᠡᠨ ᠵᠠᠭᠠᠯᠳᠤᠭᠳᠠᠭᠴᠢ ᠯᠢ ᠪᠣᠣ ᠯᠢᠨ ᠠᠴᠠ ᠬᠠᠭ᠋ᠤᠤᠯᠢ ᠢᠳᠡᠭᠰᠡᠨ᠂ ᠱᠠᠮᠰᠢᠭᠰᠠᠨ᠂ ᠬᠡᠭᠡᠯᠢ ᠲᠦᠯᠬᠢᠭᠰᠡᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠯᠣᠲᠣ ᠶᠡᠭᠡ ᠡᠳ᠋ ᠬᠦᠷᠦᠩᠭᠡ ᠵᠢᠨ ᠢᠷᠡᠯᠲᠡ ᠲᠣᠳᠤᠷᠬᠠᠢ ᠦᠭᠡᠢ ᠶᠠᠯ᠎ᠠ  ᠨᠡᠶᠢᠯᠡᠭᠦᠯᠦᠨ ᠰᠢᠳᠭᠡᠬᠦ ᠡᠷᠡᠭᠦᠦ ᠵᠢᠨ ᠬᠠᠷᠢᠭᠣᠴᠠᠯᠭ᠎ᠠ  ᠬᠠᠤᠯᠢ ᠶᠣᠰᠣᠭᠠᠷ ᠨᠡᠬᠡᠮᠵᠢᠯᠡᠬᠦ ᠶᠣᠰᠣᠲᠠᠢ᠃

 


ᠢᠷᠡᠯᠲᠡ
ᠤᠯᠠᠭᠠᠨᠴᠠᠪ   ᠵᠢᠨ ᠠᠷᠠᠳᠪᠠᠶᠢᠴᠠᠭᠠᠬᠤ ᠬᠤᠷᠢᠶ᠎ᠠ
2014-2022 © ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠣᠷᠢᠶ᠎ᠠ ᠥᠮᠴᠢᠯᠡᠯ ᠦᠨ ᠡᠷᠬᠡ ᠲᠠᠢ ᠵᠣᠬᠢᠶᠠᠯ ᠪᠦᠲᠦᠭᠡᠯ ᠦᠨ ᠡᠷᠬᠡ ᠶ᠋ᠢ ᠬᠠᠤᠯᠢ ᠪᠠᠷ ᠬᠠᠮᠠᠭᠠᠯᠠᠭᠰᠠᠨ ᠂ ᠵᠥᠪᠰᠢᠶᠡᠷᠡᠯ ᠦᠭᠡᠢ ᠪᠡᠷ ᠬᠠᠭᠤᠯᠪᠤᠷᠢᠯᠠᠬᠤ ᠶ᠋ᠢ ᠡᠷᠡᠰ ᠬᠣᠷᠢᠭᠯᠠᠨ᠎ᠠ ᠬᠠᠷᠢᠯᠴᠠᠬᠤ ᠤᠲᠠᠰᠤ ᠄ 0471-4628760 ᠢᠮᠧᠯ ᠄ eerhe@nm.pro