ᠳ᠋ᠦᠩᠱᠧᠩ ᠲᠣᠭᠣᠷᠢᠭᠠᠷᠠᠳᠪᠠᠶᠢᠴᠠᠭᠠᠬᠤ ᠬᠣᠷᠢᠶ᠎ᠠ ᠵᠠᠩ ᠣᠪᠣᠭᠲᠤ ᠂ ᠨᠢᠭᠡᠨ ᠪᠠᠩᠬᠢ ᠳᠤ ᠠᠯᠪᠠᠨ ᠵᠠᠭᠠᠯᠳᠤᠯᠭ᠎ᠠ ᠭᠠᠷᠭᠠᠪᠠ
ᠣᠷᠳᠣᠰ ᠬᠣᠲᠠ ᠵᠢᠨ ᠨᠢᠭᠡᠨ ᠪᠠᠩᠬᠢ ᠵᠢᠨ ᠤᠸᠯᠬᠡᠷᠡᠭ ᠮᠡᠳᠡᠭᠴᠢᠳᠳᠠᠷᠤᠭᠠ ᠵᠠᠩ ᠣᠪᠣᠭᠲᠤ ᠵᠢᠴᠢ ᠲᠡᠭᠦᠨ ᠦ ᠪᠠᠶᠭ᠎ᠠ ᠪᠠᠩᠬᠢ ᠵᠢᠨ ᠶᠠᠯ᠎ᠠ ᠬᠢᠭᠰᠡᠨ ᠰᠡᠵᠢᠭᠯᠡᠯᠲᠡᠶ ᠬᠡᠷᠡᠭ ᠢ ᠣᠷᠳᠣᠰ ᠬᠣᠲᠠ ᠵᠢᠨ ᠬᠢᠨᠠᠨ ᠪᠠᠶᠢᠴᠠᠭᠠᠬᠤ ᠵᠥᠪᠯᠡᠯ ᠡᠴᠡ ᠪᠠᠶᠢᠴᠠᠭᠠᠨ ᠳᠠᠭᠤᠰᠬᠠᠵᠤ ᠂ ᠪᠠᠶᠢᠴᠠᠭᠠᠬᠤ ᠪᠠᠶᠢᠭᠤᠯᠭ᠎ᠠ ᠳᠤ ᠬᠢᠨᠠᠨ ᠪᠠᠶᠢᠴᠠᠭᠠᠯᠭᠠᠵᠤ ᠵᠠᠷᠭᠤᠯᠳᠤᠭᠤᠯᠬᠤ ᠪᠠᠷ ᠰᠢᠯᠵᠢᠭᠦᠯᠦᠨ ᠬᠦᠷᠭᠡᠪᠡ ᠃ ᠣᠷᠳᠣᠰ ᠬᠣᠲᠠ ᠵᠢᠨ ᠠᠷᠠᠳᠪᠠᠶᠢᠴᠠᠭᠠᠬᠤ ᠬᠣᠷᠢᠶ᠎ᠠ ᠠᠴᠠ ᠲᠤᠰᠢᠶᠠᠨ ᠰᠢᠶᠳᠪᠦᠷᠢᠯᠡᠭᠦᠯᠵᠦ ᠂ ᠣᠷᠳᠣᠰ ᠬᠣᠲᠠ ᠵᠢᠨ ᠳ᠋ᠦᠩᠱᠧᠩ ᠲᠣᠭᠣᠷᠢᠭᠠᠷᠠᠳᠪᠠᠶᠢᠴᠠᠭᠠᠬᠤ ᠬᠣᠷᠢᠶ᠎ᠠ ᠠᠴᠠ ᠬᠢᠨᠠᠨ ᠪᠠᠶᠢᠴᠠᠭᠠᠵᠤ ᠵᠠᠭᠠᠯᠳᠤᠨ᠎ᠠ ᠃ ᠣᠢᠷ᠎ᠠ ᠳᠤ ᠂ ᠣᠷᠳᠣᠰ ᠬᠣᠲᠠ ᠵᠢᠨ ᠳ᠋ᠦᠩᠱᠧᠩ ᠲᠣᠭᠣᠷᠢᠭ ᠤᠨ ᠠᠷᠠᠳᠪᠠᠶᠢᠴᠠᠭᠠᠬᠤ ᠬᠣᠷᠢᠶ᠎ᠠ ᠬᠠᠸᠯᠢ ᠶᠣᠰᠣᠭᠠᠷ ᠬᠡᠭᠡᠯᠢ ᠲᠦᠯᠬᠢᠭᠰᠡᠨ ᠶᠠᠯ᠎ᠠ ᠂ ᠲᠥᠷᠥ ᠵᠢᠨ ᠠᠵᠢᠯᠲᠠᠨ ᠪᠤᠰᠤ ᠬᠡᠭᠡᠯᠢ ᠢᠳᠡᠭᠰᠡᠨ ᠶᠠᠯ᠎ᠠ ᠂ ᠬᠠᠸᠯᠢ ᠵᠥᠷᠢᠴᠡᠭᠰᠡᠨ ᠶᠠᠯ᠎ᠠ ᠪᠠᠷ ᠵᠠᠩ ᠣᠪᠣᠭᠲᠤ ᠳᠤ ᠠᠯᠪᠠᠨ ᠵᠠᠭᠠᠯᠳᠤᠯᠭ᠎ᠠ ᠭᠠᠷᠭᠠᠵᠤ ᠂ ᠬᠠᠸᠯᠢ ᠵᠥᠷᠢᠴᠡᠭᠰᠡᠨ ᠵᠢᠭᠡᠯᠡᠯᠭᠡ ᠲᠠᠯᠪᠢᠡᠡᠰᠡᠨ ᠶᠠᠯ᠎ᠠ ᠪᠠᠷ ᠲᠣᠰ ᠪᠠᠩᠬᠢ ᠳᠤ ᠠᠯᠪᠠᠨ ᠵᠠᠭᠠᠯᠳᠤᠯᠭ᠎ᠠ ᠭᠠᠷᠭᠠᠪᠠ ᠃ ᠣᠳᠣᠬᠠᠨ ᠳᠤ ᠬᠡᠷᠡᠭ ᠢ ᠤᠯᠠᠮ ᠨᠢᠭᠡ ᠠᠯᠬᠤᠮ ᠰᠢᠶᠳᠪᠦᠷᠢᠯᠡᠵᠦ ᠪᠠᠢᠨ᠎ᠠ ᠃