ᠥᠪᠥᠷ ᠮᠣᠩᠭᠣᠯᠪᠠᠶᠢᠴᠠᠭᠠᠬᠤ ᠪᠠᠶᠢᠭᠤᠯᠭ᠎ᠠ ᠬᠠᠸᠯᠢ ᠶᠣᠰᠣᠭᠠᠷ ᠮᠠ ᠵᠥᠩ ᠺᠦᠶ ᠪᠠᠷᠢᠪᠴᠢᠯᠠᠬᠤ ᠪᠠᠷ ᠲᠣᠭᠲᠠᠪᠠ
ᠥᠪᠥᠷ ᠮᠣᠩᠭᠣᠯᠠᠨᠠᠭᠠᠬᠤ ᠤᠬᠠᠭᠠᠨ ᠶᠡᠬᠡ ᠰᠤᠷᠭᠠᠭᠤᠯᠢ ᠵᠢᠨ ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠤᠤᠯᠱᠦᠵᠢ ᠮᠠ ᠵᠥᠩ ᠺᠦᠶ ( ᠳᠡᠳ᠋ ᠲᠢᠩᠬᠢᠮᠳᠡᠰ ) ᠬᠠᠬᠤᠤᠯᠢ ᠢᠳᠡᠭᠰᠡᠨ ᠂ ᠨᠥᠯᠥᠭᠡᠯᠡᠬᠦ ᠬᠦᠴᠦᠨ ᠢᠶᠡᠨ ᠠᠰᠢᠭᠯᠠᠨ ᠬᠠᠬᠤᠤᠯᠢ ᠢᠳᠡᠭᠰᠡᠨ ᠶᠠᠯ᠎ᠠ ᠬᠢᠭᠰᠡᠨ ᠢᠶᠡᠷ ᠰᠡᠵᠢᠭᠯᠡᠭᠲᠡᠭᠰᠡᠨ ᠬᠡᠷᠡᠭ ᠢ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠬᠢᠨᠠᠨ ᠪᠠᠶᠢᠴᠠᠭᠠᠬᠤ ᠵᠥᠪᠯᠡᠯ ᠪᠠᠶᠢᠴᠠᠭᠠᠯᠲᠠ ᠳᠠᠭᠤᠰᠬᠠᠵᠤ ᠂ ᠪᠠᠶᠢᠴᠠᠭᠠᠬᠤ ᠪᠠᠶᠢᠭᠤᠯᠭ᠎ᠠ ᠳᠤ ᠵᠠᠭᠠᠯᠲᠤᠬᠤ ᠬᠢᠨᠠᠨ ᠪᠠᠶᠢᠴᠠᠭᠠᠯᠭᠠᠬᠤ ᠪᠠᠷ ᠰᠢᠯᠵᠢᠭᠦᠯᠦᠨ ᠬᠦᠷᠭᠡᠪᠡ ᠃ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠠᠷᠠᠳᠪᠠᠶᠢᠴᠠᠭᠠᠬᠤ ᠬᠣᠷᠢᠶ᠎ᠠ ᠠᠴᠠ ᠲᠤᠰᠢᠶᠠᠨ ᠰᠢᠢᠳᠪᠦᠷᠢᠯᠡᠭᠦᠯᠬᠦ ᠪᠡᠷ ᠲᠠᠮᠵᠢᠭᠠᠳ ᠂ ᠣᠷᠳᠣᠰ ᠬᠣᠲᠠ ᠵᠢᠨ ᠠᠷᠠᠳᠪᠠᠶᠢᠴᠠᠭᠠᠬᠤ ᠬᠣᠷᠢᠶ᠎ᠠ ᠠᠴᠠ ᠵᠠᠭᠠᠯᠲᠤᠬᠤ ᠬᠢᠨᠠᠨ ᠪᠠᠶᠢᠴᠠᠭᠠᠪᠠ ᠃ ᠲᠦᠷᠦᠭᠦᠬᠡᠨ ᠂ ᠣᠷᠳᠣᠰ ᠬᠣᠲᠠ ᠵᠢᠨ ᠠᠷᠠᠳᠪᠠᠶᠢᠴᠠᠭᠠᠬᠤ ᠬᠣᠷᠢᠶ᠎ᠠ ᠬᠠᠸᠯᠢ ᠶᠣᠰᠣᠭᠠᠷ ᠬᠠᠬᠤᠤᠯᠢ ᠢᠳᠡᠭᠰᠡᠨ ᠶᠠᠯ᠎ᠠ ᠂ ᠨᠥᠯᠥᠭᠡᠯᠡᠬᠦ ᠬᠦᠴᠦᠨ ᠢᠶᠡᠨ ᠠᠰᠢᠭᠯᠠᠨ ᠬᠠᠬᠤᠤᠯᠢ ᠢᠳᠡᠭᠰᠡᠨ ᠶᠠᠯ᠎ᠠ ᠪᠠᠷ ᠰᠡᠵᠢᠭᠯᠡᠭᠲᠡᠭᠰᠡᠨ ᠬᠡᠮᠡᠨ ᠮᠠ ᠵᠥᠩ ᠺᠦᠶ ᠳᠤ ᠪᠠᠷᠢᠪᠴᠢᠯᠠᠬᠤ ᠲᠣᠭᠲᠠᠭᠠᠯ ᠭᠠᠷᠭᠠᠪᠠ ᠃ ᠬᠡᠷᠡᠭ ᠢ ᠶᠠᠭ ᠤᠯᠠᠮ ᠨᠢᠭᠡ ᠠᠯᠬᠤᠮ ᠰᠢᠶᠳᠪᠦᠷᠢᠯᠡᠵᠦ ᠪᠤᠢ ᠃