ᠥᠪᠥᠷ ᠮᠣᠩᠭᠣᠯᠪᠠᠶᠢᠴᠠᠭᠠᠬᠤ ᠪᠠᠶᠢᠭᠤᠯᠭ᠎ᠠ ᠮᠠ ᠵᠦᠩ ᠺᠦᠶ ᠵᠢᠨ ᠬᠠᠬᠤᠤᠯᠢ ᠢᠳᠡᠭᠰᠡᠨ ᠂ ᠨᠥᠯᠥᠭᠡᠯᠡᠬᠦ ᠬᠦᠴᠦᠨ ᠢᠶᠡᠨ ᠠᠰᠢᠭᠯᠠᠨ ᠬᠠᠬᠤᠤᠯᠢ ᠢᠳᠡᠭᠰᠡᠨ ᠶᠠᠯ᠎ᠠ ᠬᠢᠭᠰᠡᠨ ᠢᠶᠡᠷ ᠰᠡᠵᠢᠭᠯᠡᠭᠲᠡᠭᠰᠡᠨ ᠬᠡᠷᠡᠭ ᠲᠤ ᠠᠯᠪᠠᠨ ᠵᠠᠭᠠᠯᠳᠤᠯᠭ᠎ᠠ ᠭᠠᠷᠭᠠᠪᠠ
ᠣᠶᠢᠷ᠎ᠠ ᠳᠤ ᠂ ᠥᠪᠥᠷ ᠮᠣᠩᠭᠣᠯᠠᠨᠠᠭᠠᠬᠤ ᠤᠬᠠᠭᠠᠨ ᠶᠡᠬᠡ ᠰᠤᠷᠭᠠᠭᠤᠯᠢ ᠵᠢᠨ ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠤᠸᠯᠱᠦᠵᠢ ᠮᠠ ᠵᠥᠩ ᠺᠦᠶ ᠵᠢᠨ ︵ ᠳᠡᠳ᠋ ᠲᠢᠩᠬᠢᠮᠲᠠᠰ ︶ᠬᠠᠬᠤᠤᠯᠢ ᠢᠳᠡᠭᠰᠡᠨ ᠂ ᠨᠥᠯᠥᠭᠡᠯᠡᠬᠦ ᠬᠦᠴᠦᠨ ᠢᠶᠡᠨ ᠠᠰᠢᠭᠯᠠᠨ ᠬᠠᠬᠤᠤᠯᠢ ᠢᠳᠡᠭᠰᠡᠨ ᠶᠠᠯ᠎ᠠ ᠬᠢᠭᠰᠡᠨ ᠢᠶᠡᠷ ᠰᠡᠵᠢᠭᠯᠡᠭᠲᠡᠭᠰᠡᠨ ᠬᠡᠷᠡᠭ ᠢ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠠᠷᠠᠳᠪᠠᠶᠢᠴᠠᠭᠠᠬᠤ ᠬᠣᠷᠢᠶ᠎ᠠ ᠲᠤᠰᠢᠶᠠᠨ ᠰᠢᠢᠳᠪᠦᠷᠢᠯᠡᠭᠦᠯᠬᠦ ᠪᠡᠷ ᠲᠠᠮᠵᠢᠭᠠᠳ ᠂ ᠣᠷᠳᠣᠰ ᠬᠣᠲᠠ ᠵᠢᠨ ᠠᠷᠠᠳᠪᠠᠶᠢᠴᠠᠭᠠᠬᠤ ᠬᠣᠷᠢᠶ᠎ᠠ ᠠᠴᠠ ᠣᠷᠳᠣᠰ ᠬᠣᠲᠠ ᠵᠢᠨ ᠠᠷᠠᠳᠲᠤᠮᠲᠠᠲᠤ ᠵᠡᠷᠭᠡ ᠵᠢᠨ ᠰᠢᠭᠦᠬᠦ ᠬᠣᠷᠢᠶ᠎ᠠ ᠳᠤ ᠠᠯᠪᠠᠨ ᠵᠠᠭᠠᠯᠳᠤᠯᠭ᠎ᠠ ᠭᠠᠷᠭᠠᠪᠠ ᠃
ᠪᠠᠶᠢᠴᠠᠭᠠᠬᠤ ᠪᠠᠶᠢᠭᠤᠯᠭ᠎ᠠ ᠵᠠᠭᠠᠯᠲᠤᠬᠤ ᠬᠢᠨᠠᠨ ᠪᠠᠶᠢᠴᠠᠭᠠᠬᠤ ᠱᠠᠲᠤᠨ ᠳᠤ ᠂ ᠵᠠᠭᠠᠯᠳᠤᠭᠳᠠᠭᠴᠢ ᠮᠠ ᠵᠥᠩ ᠺᠦᠢ ᠵᠢᠨ ᠡᠳ᠋ᠯᠡᠬᠦ ᠵᠠᠷᠭᠤᠯᠳᠤᠬᠤ ᠡᠷᠬᠡ ᠬᠠᠤᠯᠢ ᠶᠣᠰᠣᠭᠠᠷ ᠮᠡᠳᠡᠭᠳᠡᠵᠦ ᠂ ᠵᠠᠭᠠᠯᠳᠤᠭᠳᠠᠭᠴᠢ ᠮᠠ ᠵᠥᠩ ᠺᠦᠢ ᠡᠴᠡ ᠬᠠᠤᠯᠢ ᠶᠣᠰᠣᠭᠠᠷ ᠰᠢᠭᠦᠨ ᠠᠰᠠᠭᠤᠵᠤ ᠂ ᠥᠮᠥᠭᠯᠡᠭᠴᠢ ᠵᠢᠨ ᠰᠠᠨᠠᠯ ᠢ ᠰᠣᠨᠣᠰᠴᠠᠶ ᠃ ᠣᠷᠳᠣᠰ ᠬᠣᠲᠠ ᠵᠢᠨ ᠠᠷᠠᠳᠪᠠᠶᠢᠴᠠᠭᠠᠬᠤ ᠬᠣᠷᠢᠶ᠎ᠠ ᠵᠠᠭᠠᠯᠳᠤᠭᠰᠠᠨ ᠨᠢ ᠄ ᠵᠠᠭᠠᠯᠳᠤᠭᠳᠠᠭᠴᠢ ᠮᠠ ᠵᠥᠩ ᠺᠦᠶ ᠥᠪᠥᠷ ᠮᠣᠩᠭᠣᠯᠡᠮᠨᠡᠯᠭᠡ ᠵᠢᠨ ᠳᠡᠭᠡᠳᠦ ᠰᠤᠷᠭᠠᠭᠤᠯᠢ ᠵᠢᠨ ᠬᠠᠷᠢᠶᠠᠲᠤ ᠡᠮᠨᠡᠯᠭᠡ ᠵᠢᠨ ᠬᠣᠷᠢᠶᠠᠨ ᠨᠠᠮᠬᠣᠷᠢᠶᠠᠨ ᠱᠦᠵᠢ ᠂ ᠬᠣᠷᠢᠶᠠᠨ ᠳᠠᠷᠤᠭ᠎ᠠ ᠂ ᠥᠪᠥᠷ ᠮᠣᠩᠭᠣᠯᠡᠮᠨᠡᠯᠭᠡ ᠵᠢᠨ ᠶᠡᠬᠡ ᠰᠤᠷᠭᠠᠭᠤᠯᠢ ᠵᠢᠨ ᠰᠠᠬᠢᠯᠭ᠎ᠠ ᠪᠠᠲᠤ ᠪᠠᠶᠢᠴᠠᠭᠠᠬᠤ ᠬᠣᠷᠢᠶᠠᠨ ᠱᠦᠵᠢ ᠵᠢᠨ ᠲᠤᠰᠢᠶᠠᠯᠲᠥᠬᠥᠮ ᠨᠥᠬᠥᠴᠡᠯ ᠢᠶᠠᠨ ᠠᠰᠢᠭᠯᠠᠨ ᠂ ᠪᠤᠰᠤᠳᠵᠣᠭᠣᠰ ᠮᠥᠩᠭᠥ ᠡᠳ᠋ ᠪᠣᠳᠠᠰ ᠢ ᠬᠠᠸᠯᠢ ᠪᠤᠰᠤ ᠪᠠᠷ ᠬᠦᠯᠢᠶᠡᠨ ᠠᠪᠴᠤ᠂ ᠪᠤᠰᠤᠳ ᠬᠦᠮᠦᠨ ᠳᠦ ᠠᠰᠢᠭ ᠲᠤᠰᠠ ᠣᠯᠭᠣᠭᠰᠠᠨ ᠲᠣᠭ᠎ᠠ ᠬᠡᠮᠵᠢᠶ᠎ᠡ ᠨᠢ ᠣᠨᠴᠠᠭᠠᠶ ᠯᠤᠲᠤ ᠶᠡᠬᠡ ︔ ᠮᠠ ᠵᠦᠩ ᠺᠦᠶ ᠲᠤᠰᠢᠶᠠᠯ ᠠᠴᠠ ᠪᠠᠨ ᠪᠠᠭᠤᠭᠰᠠᠨ ᠳᠠᠷᠠᠭ᠎ᠠ ᠂ ᠥᠪᠡᠷᠤᠤᠯᠡᠷᠬᠡ ᠲᠤᠰᠢᠶᠠᠯ ᠪᠤᠶᠤ ᠪᠠᠶᠢᠷᠢ ᠰᠠᠭᠤᠷᠢ ᠠᠴᠠ ᠪᠦᠷᠢᠯᠲᠦᠭᠰᠡᠨ ᠳᠥᠭᠥᠮ ᠨᠥᠬᠥᠴᠡᠯ ᠢᠶᠡᠨ ᠠᠰᠢᠭᠯᠠᠨ ᠂ ᠪᠤᠰᠤᠳ ᠲᠥᠷᠥ ᠵᠢᠨ ᠠᠵᠢᠯᠲᠠᠨ ᠲᠤᠰᠢᠶᠠᠯᠦᠢᠯᠡ ᠠᠵᠢᠯᠯᠠᠭ᠎ᠠ ᠪᠠᠷ ᠳᠠᠮᠵᠢᠭᠤᠯᠤᠨ ᠂ ᠨᠠᠶᠢᠲᠠᠭᠴᠢ ᠳᠤ ᠵᠦᠶ ᠪᠤᠰᠤ ᠠᠰᠢᠭ ᠲᠤᠰᠠ ᠤᠯᠭᠤᠯᠵᠤ ᠂ ᠨᠠᠶᠢᠲᠠᠭᠴᠢ ᠵᠢᠨ ᠡᠳ᠋ ᠮᠦᠩᠬᠦ ᠬᠦᠯᠢᠶᠡᠨ ᠠᠪᠴᠤ ᠂ ᠲᠤᠭ᠎ᠠ ᠬᠡᠮᠵᠢᠶ᠎ᠡ ᠨᠢ ᠨᠡᠯᠢᠶᠡᠳ ᠶᠡᠬᠡ ᠂ ᠬᠠᠤᠯᠢ ᠶᠤᠰᠤᠭᠠᠷ ᠬᠠᠬᠤᠤᠯᠢ ᠢᠳᠡᠭᠰᠡᠨ ᠶᠠᠯ᠎ᠠ ᠂ ᠨᠥᠯᠥᠭᠡᠯᠡᠬᠦ ᠬᠦᠴᠦᠨ ᠢᠶᠡᠨ ᠠᠰᠢᠭᠯᠠᠨ ᠬᠠᠬᠤᠤᠯᠢ ᠢᠳᠡᠭᠰᠡᠨ ᠶᠠᠯ᠎ᠠ ᠪᠠᠷ ᠲᠡᠭᠦᠨ ᠡᠷᠡᠭᠦᠦ ᠵᠢᠨ ᠬᠡᠷᠡᠭ ᠬᠠᠷᠢᠭᠤᠴᠠᠯᠭ᠎ᠠ ᠨᠢ ᠨᠡᠬᠡᠮᠵᠢᠯᠡᠬᠦ ᠭᠡᠷᠡᠭᠲᠡᠢ ᠃