ᠥᠪᠥᠷ ᠮᠣᠩᠭᠣᠯᠪᠠᠶᠢᠴᠠᠭᠠᠬᠤ ᠪᠠᠶᠢᠭᠤᠯᠭ᠎ᠠ ᠹᠦ᠋ ᠲᠢᠶᠧ ᠭᠠᠩᠬᠠᠬᠤᠤᠯᠢ ᠢᠳᠡᠭᠰᠡᠨ ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ ᠰᠡᠵᠢᠭᠯᠡᠯᠲᠡᠶ ᠬᠡᠷᠡᠭ ᠲᠦ ᠬᠠᠸᠯᠢ ᠶᠣᠰᠣᠭᠠᠷ ᠠᠯᠪᠠᠨ ᠵᠠᠭᠠᠯᠳᠤᠯᠭ᠎ᠠ ᠭᠠᠷᠭᠠᠪᠠ
ᠲᠦᠷᠦᠭᠦᠬᠡᠨ ᠂ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠲᠦᠩᠯᠢᠶᠣᠤ ᠬᠣᠲᠠ ᠵᠢᠨ ᠨᠠᠮᠬᠣᠷᠢᠶᠠᠨ ᠤᠸᠯᠱᠦᠵᠢ ᠹᠦ᠋ ᠲᠢᠶ᠋ᠸ ᠭᠠᠩ ︵ ᠵᠢᠩᠬᠢᠨᠢ ᠲᠢᠩᠬᠢᠮᠲᠠᠰ ︶ ᠬᠠᠬᠤᠤᠯᠢ ᠢᠳᠡᠭᠰᠡᠨ ᠶᠠᠯ᠎ᠠ ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠶᠠᠯ᠎ᠠ ᠳᠤ ᠬᠣᠯᠪᠣᠭᠳᠠᠭᠰᠠᠨ ᠬᠡᠷᠡᠭ ᠢ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠠᠷᠠᠳᠪᠠᠶᠢᠴᠠᠭᠠᠬᠤ ᠬᠣᠷᠢᠶ᠎ᠠ ᠠᠴᠠ ᠬᠠᠷᠢᠶᠠᠯᠠᠯ ᠢ ᠵᠢᠭᠠᠨ ᠲᠣᠭᠲᠠᠭᠠᠵᠤ ᠂ ᠪᠤᠭᠤᠲᠤ ᠬᠣᠲᠠ ᠵᠢᠨ ᠠᠷᠠᠳᠪᠠᠶᠢᠴᠠᠭᠠᠬᠤ ᠬᠣᠷᠢᠶ᠎ᠠ ᠠᠴᠠ ᠪᠤᠭᠤᠲᠤ ᠬᠣᠲᠠ ᠵᠢᠨ ᠠᠷᠠᠳᠳᠤᠮᠳᠠᠳᠦ ᠵᠡᠷᠭᠡ ᠵᠢᠨ ᠰᠢᠭᠦᠬᠦ ᠬᠣᠷᠢᠶ᠎ᠠ ᠳᠤ ᠠᠯᠪᠠᠨ ᠵᠠᠭᠠᠯᠳᠤᠯᠭ᠎ᠠ ᠭᠠᠷᠭᠠᠪᠠ᠃
ᠪᠠᠶᠢᠴᠠᠭᠠᠬᠤ ᠪᠠᠶᠢᠭᠤᠯᠭ᠎ᠠ ᠬᠢᠨᠠᠨ ᠪᠠᠶᠢᠴᠠᠭᠠᠵᠤ ᠵᠠᠭᠠᠯᠳᠤᠬᠤ ᠱᠠᠲᠤᠨ ᠳᠤ ᠂ ᠵᠠᠭᠠᠯᠳᠤᠭᠳᠠᠭᠴᠢ ᠹᠦ᠋ ᠲᠢᠶ᠋ᠸ ᠭᠠᠩᠡᠳ᠋ᠯᠡᠬᠦ ᠵᠠᠷᠭᠤ ᠵᠢᠨ ᠡᠷᠬᠡ ᠬᠠᠤᠯᠢ ᠶᠣᠰᠣᠭᠠᠷ ᠮᠡᠳᠡᠭᠳᠡᠵᠦ ᠂ ᠵᠠᠭᠠᠯᠳᠤᠭᠳᠠᠭᠴᠢ ᠹᠦ᠋ ᠲᠢᠶ᠋ᠸ ᠭᠠᠩ ᠠᠴᠠ ᠬᠠᠤᠯᠢ ᠶᠣᠰᠣᠭᠠᠷ ᠰᠢᠭᠦᠨ ᠠᠰᠠᠭᠤᠵᠤ ᠂ ᠥᠮᠥᠭᠯᠡᠭᠴᠢ ᠵᠢᠨ ᠰᠠᠨᠠᠯ ᠢ ᠰᠣᠨᠣᠰᠪᠠ ᠃ ᠪᠤᠭᠤᠲᠤ ᠬᠣᠲᠠ ᠵᠢᠨ ᠠᠷᠠᠳᠪᠠᠶᠢᠴᠠᠭᠠᠬᠤ ᠬᠣᠷᠢᠶ᠎ᠠ ᠵᠠᠭᠠᠯᠳᠤᠭᠰᠠᠨ ᠨᠢ ᠄ ᠵᠠᠭᠠᠯᠳᠤᠭᠳᠠᠭᠴᠢ ᠹᠦ᠋ ᠲᠢᠶ᠋ᠸ ᠭᠠᠩ ᠬᠥᠯᠥᠨ ᠪᠣᠶᠢᠷ ᠠᠶᠢᠮᠠᠭᠨᠠᠮᠬᠣᠷᠢᠶᠠᠨ ᠳᠡᠳ᠋ ᠱᠦᠵᠢ ᠂ ᠵᠣᠬᠢᠶᠠᠨ ᠪᠠᠶᠢᠭᠤᠯᠬᠤ ᠬᠡᠯᠲᠡᠰᠳᠠᠷᠤᠭᠠ ᠂ ᠤᠯᠠᠭᠠᠨᠴᠠᠪ ᠬᠣᠲᠠ ᠵᠢᠨ ᠬᠣᠲᠠ ᠵᠢᠨ ᠳᠠᠷᠤᠭ᠎ᠠ ᠂ ᠲᠦᠩᠯᠢᠶᠣᠤ ᠬᠣᠲᠠ ᠵᠢᠨ ᠬᠣᠲᠠ ᠵᠢᠨ ᠳᠠᠷᠤᠭ᠎ᠠ ᠂ ᠲᠦᠩᠯᠢᠶᠣᠤ ᠬᠣᠲᠠ ᠵᠢᠨ ᠨᠠᠮᠬᠣᠷᠢᠶᠠᠨ ᠱᠦᠵᠢ ᠵᠡᠷᠭᠡ ᠲᠤᠰᠢᠶᠠᠯᠲᠥᠬᠥᠮ ᠨᠥᠬᠥᠴᠡᠯ ᠢᠶᠡᠨ ᠠᠰᠢᠭᠯᠠᠨ ᠂ ᠪᠤᠰᠤᠳᠵᠣᠭᠣᠰ ᠮᠥᠩᠭᠥ ᠡᠳ᠋ ᠪᠣᠳᠠᠰ ᠢ ᠨᠡᠬᠡᠵᠦ ᠠᠪᠤᠭᠰᠠᠨ ᠪᠤᠶᠤ ᠬᠠᠸᠯᠢ ᠪᠤᠰᠤ ᠪᠠᠷ ᠬᠦᠯᠢᠶᠡᠨ ᠠᠪᠴᠤ᠂ ᠪᠤᠰᠤᠳ ᠲᠤ ᠠᠰᠢᠭ ᠲᠤᠰᠠ ᠣᠯᠭᠣᠭᠰᠠᠨ ᠲᠣᠭ᠎ᠠ ᠬᠡᠮᠵᠢᠶ᠎ᠡ ᠨᠢ ᠣᠨᠴᠠᠭᠠᠶ ᠯᠤᠲᠤ ᠶᠡᠬᠡ ︔ ᠲᠦᠩᠯᠢᠶᠣᠤ ᠬᠣᠲᠠ ᠵᠢᠨ ᠨᠠᠮᠬᠣᠷᠢᠶᠠᠨ ᠳᠡᠳ᠋ ᠱᠦᠵᠢ ᠂ ᠬᠣᠲᠠ ᠵᠢᠨ ᠳᠠᠷᠤᠭ᠎ᠠ ᠵᠢᠨ ᠲᠤᠰᠢᠶᠠᠯ ᠢ ᠬᠠᠷᠢᠭᠤᠴᠠᠵᠤ ᠪᠠᠶᠭ᠎ᠠ ᠬᠤᠭᠤᠴᠠᠭᠠᠨ ᠳᠤ ᠬᠤᠪᠢ ᠵᠢᠨ ᠨᠠᠶᠢᠷ ᠢᠶᠠᠷ ᠭᠡᠮ ᠦᠢᠯᠡᠳᠴᠦ ᠂ ᠡᠷᠬᠡ ᠲᠤᠰᠢᠶᠠᠯ ᠢᠶᠠᠨ ᠵᠥᠪ ᠬᠡᠷᠡᠭᠵᠢᠭᠦᠯᠬᠦ ᠦᠭᠡᠢ ᠂ ᠤᠯᠤᠰᠲᠣᠭᠲᠠᠭᠠᠯ ᠢ ᠵᠥᠷᠢᠴᠡᠨ ᠬᠣᠯᠪᠣᠭᠳᠠᠯ ᠪᠦᠬᠦᠢ ᠲᠥᠷᠥᠯ ᠵᠦᠢᠯᠭᠠᠵᠠᠷ ᠰᠢᠷᠣᠶ ᠬᠡᠷᠡᠭᠯᠡᠬᠦ ᠡᠷᠬᠡ ᠰᠢᠯᠵᠢᠭᠦᠯᠦᠨ ᠥᠭᠬᠦ ᠮᠥᠩᠭᠥ ᠪᠤᠴᠠᠭᠠᠵᠤ ᠂ ᠦᠢᠯᠡ ᠪᠠᠶᠢᠳᠠᠯ ᠨᠢ ᠣᠨᠴᠠᠭᠠᠶ ᠬᠦᠨᠳᠦ ᠨᠣᠴᠢᠲᠠᠶ ᠪᠠᠶᠢᠵᠤ᠂ ᠬᠠᠸᠯᠢ ᠶᠣᠰᠣᠭᠠᠷ ᠬᠠᠬᠤᠤᠯᠢ ᠢᠳᠡᠭᠰᠡᠨ ᠶᠠᠯ᠎ᠠ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ ᠶᠠᠯ᠎ᠠ ᠪᠠᠷ ᠡᠷᠡᠭᠦᠸ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃