ᠥᠪᠥᠷ ᠮᠣᠩᠭᠣᠯᠪᠠᠶᠢᠴᠠᠭᠠᠬᠤ ᠪᠠᠶᠢᠭᠤᠯᠭ᠎ᠠ ᠸᠠᠩ ᠸᠧᠶ ᠯᠢᠶᠠᠩ ᠬᠠᠬᠤᠤᠯᠢ ᠢᠳᠡᠭᠰᠡᠨ ᠂ ᠳᠤᠰᠢᠶᠠᠯ ᠢᠶᠠᠨ ᠤᠮᠳᠤᠭᠠᠶᠢᠯᠠᠵᠥ ᠬᠠᠷᠢᠭᠤᠴᠠᠯᠭ᠎ᠠ ᠪᠠᠨ ᠠᠯᠳᠠᠭᠰᠠᠨ ᠬᠡᠷᠡᠭ ᠲᠦ ᠬᠠᠸᠯᠢ ᠶᠣᠰᠣᠭᠠᠷ ᠠᠯᠪᠠᠨ ᠵᠠᠭᠠᠯᠳᠤᠯᠭ᠎ᠠ ᠬᠢᠪᠠ
ᠲᠦᠷᠦᠭᠦᠬᠡᠨ ᠂ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠬᠥᠬᠡᠬᠣᠲᠠ ᠵᠢᠨ ᠠᠷᠠᠳᠲᠥᠯᠥᠭᠡᠯᠡᠭᠴᠢᠳᠶᠡᠬᠡ ᠬᠤᠷᠠᠯᠪᠠᠶᠢᠩᠭᠤ ᠵᠢᠨ ᠬᠣᠷᠢᠶᠠᠨ ᠤᠸᠯᠳᠡᠳ᠋ ᠡᠷᠬᠢᠯᠡᠭᠴᠢ ᠂ ᠬᠣᠷᠢᠨᠭᠡᠷ ᠰᠢᠶᠠᠨ ᠨᠠᠮᠬᠣᠷᠢᠶᠠᠨ ᠤᠸᠯᠱᠦᠵᠢ ᠸᠠᠩ ᠸᠧᠶ ᠯᠢᠶᠠᠩ ︵ ᠳᠡᠳ᠋ ᠲᠢᠩᠬᠢᠮᠲᠠᠰ ︶ ᠤᠨ ᠬᠠᠬᠤᠤᠯᠢ ᠢᠳᠡᠭᠰᠡᠨ ᠶᠠᠯ᠎ᠠ ᠂ ᠳᠤᠰᠢᠶᠠᠯ ᠢᠶᠠᠨ ᠤᠮᠳᠤᠭᠠᠶᠢᠯᠠᠵᠥ ᠬᠠᠷᠢᠭᠤᠴᠠᠯᠭ᠎ᠠ ᠪᠠᠨ ᠠᠯᠳᠠᠭᠰᠠᠨ ᠶᠠᠯ᠎ᠠ ᠳᠤ ᠬᠣᠯᠪᠣᠭᠳᠠᠭᠰᠠᠨ ᠬᠡᠷᠡᠭ ᠢ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠠᠷᠠᠳᠪᠠᠶᠢᠴᠠᠭᠠᠬᠤ ᠬᠣᠷᠢᠶ᠎ᠠ ᠠᠴᠠ ᠬᠠᠷᠢᠶᠠᠯᠠᠯ ᠢ ᠵᠢᠭᠠᠨ ᠲᠣᠭᠲᠠᠭᠠᠵᠤ ᠂ ᠬᠥᠬᠡᠬᠣᠲᠠ ᠵᠢᠨ ᠠᠷᠠᠳᠪᠠᠶᠢᠴᠠᠭᠠᠬᠤ ᠬᠣᠷᠢᠶ᠎ᠠ ᠠᠴᠠ ᠬᠠᠸᠯᠢ ᠶᠣᠰᠣᠭᠠᠷ ᠬᠥᠬᠡᠬᠣᠲᠠ ᠵᠢᠨ ᠠᠷᠠᠳ ᠤᠨ ᠲᠤᠮᠳᠠᠳᠦ ᠵᠡᠷᠭᠡ ᠵᠢᠨ ᠰᠢᠭᠦᠬᠦ ᠬᠣᠷᠢᠶ᠎ᠠ ᠳᠤ ᠠᠯᠪᠠᠨ ᠵᠠᠭᠠᠯᠳᠤᠯᠭ᠎ᠠ ᠭᠠᠷᠭᠠᠪᠠ᠃
ᠪᠠᠶᠢᠴᠠᠭᠠᠬᠤ ᠪᠠᠶᠢᠭᠤᠯᠭ᠎ᠠ ᠬᠢᠨᠠᠨ ᠪᠠᠶᠢᠴᠠᠭᠠᠵᠤ ᠵᠠᠭᠠᠯᠳᠤᠬᠤ ᠱᠠᠲᠤᠨ ᠳᠤ ᠵᠠᠭᠠᠯᠳᠤᠭᠳᠠᠭᠴᠢ ᠸᠠᠩ ᠸᠧᠶ ᠯᠢᠶᠠᠩᠡᠳ᠋ᠯᠡᠬᠦ ᠵᠠᠷᠭᠤᠯᠳᠤᠬᠤ ᠡᠷᠬᠡ ᠬᠠᠤᠯᠢ ᠶᠣᠰᠣᠭᠠᠷ ᠮᠡᠳᠡᠭᠳᠡᠵᠦ ᠂ ᠵᠠᠭᠠᠯᠳᠤᠭᠳᠠᠭᠴᠢ ᠠᠴᠠ ᠬᠠᠤᠯᠢ ᠶᠣᠰᠣᠭᠠᠷ ᠰᠢᠭᠦᠨ ᠠᠰᠠᠭᠤᠵᠤ᠂ ᠥᠮᠥᠭᠯᠡᠭᠴᠢ ᠵᠢᠨ ᠰᠠᠨᠠᠯ ᠢ ᠰᠣᠨᠣᠰᠴᠤ᠂ ᠵᠠᠭᠠᠯᠳᠤᠭᠳᠠᠭᠴᠢ ᠵᠢᠨ ᠡᠯ᠎ᠡ ᠵᠦᠢᠯᠵᠠᠷᠭᠤᠯᠳᠤᠬᠤ ᠡᠷᠬᠡ ᠬᠠᠤᠯᠢ ᠶᠣᠰᠣᠭᠠᠷ ᠪᠠᠲᠤᠯᠠᠪᠠ᠃ ᠬᠥᠬᠡᠬᠣᠲᠠ ᠵᠢᠨ ᠠᠷᠠᠳᠪᠠᠶᠢᠴᠠᠭᠠᠬᠤ ᠬᠣᠷᠢᠶ᠎ᠠ ᠵᠠᠭᠠᠯᠳᠤᠭᠰᠠᠨ ᠨᠢ ᠄ ᠵᠠᠭᠠᠯᠳᠤᠭᠳᠠᠭᠴᠢ ᠸᠠᠩ ᠸᠧᠶ ᠯᠢᠶᠠᠩ ᠲᠦᠮᠡᠳ ᠵᠡᠭᠦᠨ ᠬᠣᠰᠢᠭᠤᠨ ᠨᠠᠮᠬᠣᠷᠢᠶᠠᠨ ᠳᠡᠳ᠋ ᠱᠦᠵᠢ ᠪᠥᠭᠡᠳ ᠨᠡᠭᠡᠭᠡᠨ ᠬᠥᠭᠵᠢᠭᠦᠯᠬᠦ ᠣᠷᠣᠨ ᠬᠠᠮᠢᠶᠠᠷᠤᠯᠲᠠ ᠵᠢᠨ ᠵᠥᠪᠯᠡᠯᠡᠷᠬᠢᠯᠡᠭᠴᠢ ᠂ ᠬᠥᠬᠡᠬᠣᠲᠠ ᠵᠢᠨ ᠵᠠᠮ ᠬᠠᠷᠢᠯᠴᠠᠭᠠᠨ ᠲᠣᠪᠴᠢᠶ᠎ᠠ ᠵᠢᠨ ᠨᠠᠮᠬᠣᠷᠢᠶᠠᠨ ᠱᠦᠵᠢ ᠂ ᠳᠡᠳ᠋ ᠲᠣᠪᠴᠢᠶᠠᠨ ᠳᠠᠷᠤᠭ᠎ᠠ ᠂ ᠲᠣᠪᠴᠢᠶᠠᠨ ᠳᠠᠷᠤᠭ᠎ᠠ ᠵᠢᠨ ᠲᠤᠰᠢᠶᠠᠯᠲᠥᠬᠥᠮ ᠢᠶᠠᠨ ᠠᠰᠢᠭᠯᠠᠨ ᠂ ᠪᠤᠰᠤᠳᠵᠣᠭᠣᠰ ᠮᠥᠩᠭᠥ ᠡᠳ᠋ ᠪᠣᠳᠠᠰ ᠢ ᠬᠠᠸᠯᠢ ᠪᠤᠰᠤ ᠪᠠᠷ ᠬᠦᠯᠢᠶᠡᠨ ᠠᠪᠴᠤ᠂ ᠪᠤᠰᠤᠳ ᠲᠤ ᠠᠰᠢᠭ ᠲᠤᠰᠠ ᠣᠯᠭᠣᠭᠰᠠᠨ ᠲᠣᠭ᠎ᠠ ᠬᠡᠮᠵᠢᠶ᠎ᠡ ᠨᠢ ᠯᠤᠲᠤ ᠶᠡᠬᠡ︔ ᠬᠣᠷᠢᠨᠭᠡᠷ ᠰᠢᠶᠠᠨ ᠨᠠᠮᠬᠣᠷᠢᠶᠠᠨ ᠱᠦᠵᠢ ᠵᠢᠨ ᠲᠤᠰᠢᠶᠠᠯ ᠢ ᠬᠠᠷᠢᠭᠤᠴᠠᠵᠤ ᠪᠠᠶᠢᠭᠰᠠᠨ ᠬᠤᠭᠤᠴᠠᠭᠠᠨ ᠳᠠᠭ᠎ᠠ ᠳᠤᠰᠢᠶᠠᠯ ᠢᠶᠠᠨ ᠤᠮᠳᠤᠭᠠᠶᠢᠯᠠᠵᠥ ᠬᠠᠷᠢᠭᠤᠴᠠᠯᠭ᠎ᠠ ᠪᠠᠨ ᠠᠯᠳᠠᠵᠤ᠂ ᠦᠢᠯᠡ ᠪᠠᠶᠢᠳᠠᠯ ᠨᠢ ᠣᠨᠴᠠᠭᠠᠶ ᠬᠦᠨᠳᠦ ᠨᠣᠴᠢᠲᠠᠶ ᠪᠠᠶᠢᠵᠤ᠂ ᠬᠠᠸᠯᠢ ᠶᠣᠰᠣᠭᠠᠷ ᠬᠠᠬᠤᠤᠯᠢ ᠢᠳᠡᠭᠰᠡᠨ ᠶᠠᠯ᠎ᠠ᠂ ᠳᠤᠰᠢᠶᠠᠯ ᠢᠶᠠᠨ ᠤᠮᠳᠤᠭᠠᠶᠢᠯᠠᠵᠥ ᠬᠠᠷᠢᠭᠤᠴᠠᠯᠭ᠎ᠠ ᠪᠠᠨ ᠠᠯᠳᠠᠭᠰᠠᠨ ᠶᠠᠯ᠎ᠠ ᠪᠠᠷ ᠡᠷᠡᠭᠦᠸ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃