ᠥᠪᠥᠷ ᠮᠣᠩᠭᠣᠯᠪᠠᠶᠢᠴᠠᠭᠠᠬᠤ ᠪᠠᠶᠢᠭᠤᠯᠭ᠎ᠠ ᠰᠢᠶᠤᠤ ᠵᠢᠶᠠᠨ ᠫᠢᠩᠬᠠᠬᠤᠥᠯᠢ ᠢᠳᠡᠭᠰᠡᠨ ᠂ ᠬᠤᠪᠢ ᠪᠠᠷ ᠢᠶᠠᠨ ᠰᠤᠮᠤ ᠳᠠᠷᠢ ᠨᠢᠭᠤᠵᠤ ᠬᠠᠳᠠᠭᠠᠯᠠᠭᠰᠠᠨ ᠰᠡᠵᠢᠭᠯᠡᠯᠲᠡᠶ ᠬᠡᠷᠡᠭ ᠲᠦ ᠬᠠᠸᠯᠢ ᠶᠣᠰᠣᠭᠠᠷ ᠠᠯᠪᠠᠨ ᠵᠠᠭᠠᠯᠳᠤᠯᠭ᠎ᠠ ᠭᠠᠷᠭᠠᠪᠠ
ᠲᠦᠷᠦᠭᠦᠬᠡᠨ ᠂ ᠥᠪᠥᠷ ᠮᠣᠩᠭᠣᠯᠦᠨᠳᠦᠰᠦᠲᠡᠨ ᠦ ᠶᠡᠬᠡ ᠰᠤᠷᠭᠠᠭᠤᠯᠢ ᠵᠢᠨ ᠤᠤᠯᠨᠠᠮᠬᠣᠷᠢᠶᠠᠨ ᠳᠡᠳ᠋ ᠱᠦᠵᠢ ᠰᠢᠶᠤᠤ ᠵᠢᠶᠠᠨ ᠫᠢᠩ ︵ᠳᠡᠳ᠋ ᠲᠢᠩᠬᠢᠮᠳᠡᠰ︶ ᠬᠠᠬᠤᠥᠯᠢ ᠢᠳᠡᠭᠰᠡᠨ ᠶᠠᠯ᠎ᠠ ᠂ ᠰᠤᠮᠤ ᠳᠠᠷᠢ ᠬᠤᠪᠢ ᠪᠠᠷ ᠢᠶᠠᠨ ᠨᠢᠭᠤᠵᠤ ᠬᠠᠳᠠᠭᠠᠯᠠᠭᠰᠠᠨ ᠶᠠᠯ᠎ᠠ ᠬᠢᠭᠰᠡᠨ ᠢᠶᠡᠷ ᠰᠡᠵᠢᠭᠯᠡᠭᠳᠡᠭᠰᠡᠨ ᠬᠡᠷᠡᠭ ᠢ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠠᠷᠠᠳᠪᠠᠶᠢᠴᠠᠭᠠᠬᠤ ᠬᠣᠷᠢᠢ᠎ᠠ ᠲᠤᠰᠢᠶᠠᠨ ᠰᠢᠢᠳᠪᠦᠷᠢᠯᠡᠭᠦᠯᠦᠭᠡᠳ᠂ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠠᠷᠠᠳᠪᠠᠶᠢᠴᠠᠭᠠᠬᠤ ᠬᠣᠷᠢᠶᠠᠨ ᠬᠢᠩᠭᠠᠨ ᠠᠶᠢᠮᠠᠭᠬᠤᠪᠢᠶᠠᠷᠢ ᠬᠣᠷᠢᠶ᠎ᠠ ᠠᠴᠠ ᠬᠢᠩᠭᠠᠨ ᠠᠶᠢᠮᠠᠭᠠᠷᠠᠳ ᠲᠤᠮᠳᠠᠳᠦ ᠵᠡᠷᠭᠡ ᠵᠢᠨ ᠰᠢᠭᠦᠬᠦ ᠬᠣᠷᠢᠶ᠎ᠠ ᠳᠤ ᠬᠠᠸᠯᠢ ᠶᠣᠰᠣᠭᠠᠷ ᠠᠯᠪᠠᠨ ᠵᠠᠭᠠᠯᠳᠤᠯᠭ᠎ᠠ ᠭᠠᠷᠭᠠᠪᠠ ᠃
ᠪᠠᠶᠢᠴᠠᠭᠠᠬᠤ ᠪᠠᠶᠢᠭᠤᠯᠭ᠎ᠠ ᠬᠢᠨᠠᠨ ᠪᠠᠶᠢᠴᠠᠭᠠᠵᠤ ᠵᠠᠭᠠᠯᠳᠤᠬᠤ ᠱᠠᠲᠤᠨ ᠳᠤ ᠵᠠᠭᠠᠯᠳᠤᠭᠳᠠᠭᠴᠢ ᠰᠢᠶᠣᠤ ᠵᠢᠶᠠᠨ ᠫᠢᠩᠡᠳ᠋ᠯᠡᠬᠦ ᠵᠠᠷᠭᠤ ᠵᠢᠨ ᠡᠷᠬᠡ ᠬᠠᠤᠯᠢ ᠶᠣᠰᠣᠭᠠᠷ ᠮᠡᠳᠡᠭᠳᠡᠵᠦ ᠂ ᠵᠠᠭᠠᠯᠳᠤᠭᠳᠠᠭᠴᠢ ᠠᠴᠠ ᠬᠠᠤᠯᠢ ᠶᠣᠰᠣᠭᠠᠷ ᠰᠢᠭᠦᠨ ᠠᠰᠠᠭᠤᠵᠤ ᠂ ᠥᠮᠥᠭᠯᠡᠭᠴᠢ ᠵᠢᠨ ᠰᠠᠨᠠᠯ ᠢ ᠰᠣᠨᠣᠰᠪᠠ ᠃ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠠᠷᠠᠳᠪᠠᠶᠢᠴᠠᠭᠠᠬᠤ ᠬᠣᠷᠢᠶᠠᠨ ᠬᠢᠩᠭᠠᠨ ᠠᠶᠢᠮᠠᠭᠬᠤᠪᠢᠶᠠᠷᠢ ᠬᠣᠷᠢᠶ᠎ᠠ ᠵᠠᠭᠠᠯᠳᠤᠭᠰᠠᠨ ᠨᠢ ᠄ ᠵᠠᠭᠠᠯᠳᠤᠭᠳᠠᠭᠴᠢ ᠰᠢᠶᠤᠤ ᠵᠢᠶᠠᠨ ᠫᠢᠩ ᠤᠤᠯᠵᠢᠷᠢᠮ ᠠᠶᠢᠮᠠᠭᠬᠣᠷᠴᠢᠨ ᠵᠡᠭᠦᠨ ᠭᠠᠷᠤᠨ ᠬᠣᠶᠢᠲᠤ ᠬᠣᠰᠢᠭᠤᠨ ᠵᠠᠰᠠᠭᠣᠷᠳᠣᠨ ᠳᠡᠳ᠋ ᠳᠠᠷᠤᠭ᠎ᠠ ᠂ ᠬᠣᠰᠢᠭᠤᠨ ᠨᠠᠮᠬᠣᠷᠢᠶᠠᠨ ᠳᠡᠳ᠋ ᠱᠦᠵᠢ ᠂ ᠬᠣᠰᠢᠭᠤᠨ ᠳᠠᠷᠤᠭ᠎ᠠ ᠂ ᠤᠤᠯᠵᠢᠷᠢᠮ ᠠᠶᠢᠮᠠᠭᠵᠠᠬᠢᠷᠭᠠ ᠵᠢᠨ ᠨᠠᠷᠢᠨ ᠪᠢᠴᠢᠭᠳᠠᠷᠤᠭᠠ ᠂ ᠲᠦᠩᠯᠢᠶᠣᠤ ᠬᠣᠲᠠ ᠵᠢᠨ ᠵᠠᠰᠠᠭᠣᠷᠳᠣᠨ ᠨᠠᠷᠢᠨ ᠪᠢᠴᠢᠭᠳᠠᠷᠤᠭᠠ ᠂ ᠲᠦᠩᠯᠢᠶᠣᠤ ᠵᠢᠨ ᠠᠵᠤ ᠠᠬᠤᠶ ᠮᠡᠷᠭᠡᠵᠢᠯᠨᠡᠭᠡᠭᠡᠯᠲᠡ ᠵᠢᠨ ᠣᠷᠣᠨ ᠨᠠᠮᠠᠵᠢᠯᠯᠠᠬᠤ ᠬᠣᠷᠢᠶ᠎ᠠ ᠵᠢᠨ ᠱᠦᠵᠢ ᠂ ᠬᠠᠮᠢᠶᠠᠷᠤᠯᠲᠠ ᠵᠢᠨ ᠵᠥᠪᠯᠡᠯᠡᠷᠬᠢᠯᠡᠭᠴᠢ ᠂ ᠥᠪᠥᠷ ᠮᠣᠩᠭᠣᠯᠦᠨᠳᠦᠰᠦᠲᠡᠨ ᠦ ᠶᠡᠬᠡ ᠰᠤᠷᠭᠠᠭᠤᠯᠢ ᠵᠢᠨ ᠳᠡᠳ᠋ ᠵᠠᠬᠢᠷᠤᠯ ᠂ ᠨᠠᠮᠬᠣᠷᠢᠶᠠ ᠵᠢᠨ ᠳᠡᠳ᠋ ᠱᠦᠵᠢ ᠵᠡᠷᠭᠡ ᠲᠤᠰᠢᠶᠠᠯᠳᠥᠭᠥᠮ ᠢᠶᠡᠨ ᠠᠰᠢᠭᠯᠠᠨ ᠪᠤᠰᠤᠳ ᠲᠤ ᠠᠰᠢᠭ ᠲᠤᠰᠠ ᠣᠯᠭᠣᠵᠤ᠂ ᠬᠤᠪᠢ ᠵᠢᠨ ᠡᠷᠬᠡ ᠲᠤᠰᠢᠶᠠᠯ ᠪᠤᠶᠤ ᠪᠠᠶᠢᠷᠢ ᠰᠠᠭᠤᠷᠢ ᠠᠴᠠ ᠪᠤᠶ ᠪᠣᠯᠤᠭᠰᠠᠨ ᠳᠥᠭᠥᠮ ᠨᠥᠬᠥᠴᠡᠯ ᠢᠶᠡᠨ ᠠᠰᠢᠭᠯᠠᠨ ᠂ ᠪᠤᠰᠤᠳ ᠲᠥᠷᠥ ᠵᠢᠨ ᠠᠵᠢᠯᠲᠠᠨ ᠡᠭᠦᠷᠭᠡ ᠲᠤᠰᠢᠶᠠᠯᠦᠢᠯᠡ ᠠᠵᠢᠯᠯᠠᠭ᠎ᠠ ᠪᠠᠷ ᠳᠠᠮᠵᠢᠭᠤᠯᠤᠨ ᠂ ᠨᠠᠶᠢᠳᠠᠭᠴᠢ ᠳᠤ ᠵᠦᠶ ᠪᠤᠰᠤ ᠠᠰᠢᠭ ᠲᠤᠰᠠ ᠣᠯᠭᠣᠵᠤ ᠂ ᠪᠤᠰᠤᠳᠵᠣᠭᠣᠰ ᠮᠥᠩᠭᠥ ᠡᠳ᠋ ᠪᠣᠳᠠᠰ ᠢ ᠬᠠᠸᠯᠢ ᠪᠤᠰᠤ ᠪᠠᠷ ᠬᠦᠯᠢᠶᠡᠨ ᠠᠪᠤᠭᠰᠠᠨ ᠲᠣᠭ᠎ᠠ ᠬᠡᠮᠵᠢᠶ᠎ᠡ ᠨᠢ ᠯᠤᠲᠤ ᠶᠡᠬᠡ ︔ ᠬᠠᠸᠯᠢ ᠴᠠᠭᠠᠵᠠ ᠵᠢᠨ ᠲᠣᠭᠲᠠᠭᠠᠯ ᠢ ᠵᠥᠷᠢᠴᠡᠵᠦ᠂ ᠬᠤᠪᠢ ᠪᠠᠷ ᠢᠶᠠᠨ ᠰᠤᠮᠤ ᠳᠠᠷᠢ ᠨᠢᠭᠤᠵᠤ ᠬᠠᠳᠠᠭᠠᠯᠠᠨ᠂ ᠬᠠᠸᠯᠢ ᠶᠣᠰᠣᠭᠠᠷ ᠬᠠᠬᠤᠥᠯᠢ ᠢᠳᠡᠭᠰᠡᠨ ᠶᠠᠯ᠎ᠠ᠂ ᠰᠤᠮᠤ ᠳᠠᠷᠢ ᠬᠤᠪᠢ ᠪᠠᠷ ᠢᠶᠠᠨ ᠬᠠᠳᠠᠭᠠᠯᠠᠭᠰᠠᠨ ᠶᠠᠯ᠎ᠠ ᠪᠠᠷ ᠡᠷᠡᠭᠦᠸ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃