ᠣᠷᠳᠣᠰ ᠬᠤᠲᠠ ᠵᠢᠨ ᠠᠷᠠᠳᠪᠠᠶᠢᠴᠠᠭᠠᠬᠤ ᠬᠤᠷᠢᠶ᠎ᠠ ᠭᠤᠣ ᠴᠧᠨ ᠢ ᠪᠠᠷᠢᠪᠴᠢᠯᠠᠬᠤ ᠪᠠᠷ ᠲᠣᠭᠲᠠᠪᠠ
ᠣᠷᠳᠣᠰ ᠬᠤᠲᠠ ᠵᠢᠨ ᠠᠷᠠᠳᠪᠠᠶᠢᠴᠠᠭᠠᠬᠤ ᠬᠤᠷᠢᠶ᠎ᠠ ᠭᠤᠣ ᠴᠧᠨ ᠢ ᠪᠠᠷᠢᠪᠴᠢᠯᠠᠬᠤ ᠪᠠᠷ ᠲᠣᠭᠲᠠᠪᠠ
ᠦᠪᠦᠷ ᠮᠣᠩᠭᠤᠯᠦᠪᠡᠷᠲᠡᠭᠡᠨ ᠵᠠᠰᠠᠬᠤ ᠣᠷᠣᠨ ᠲᠦᠩᠯᠢᠶᠦᠦ ᠬᠤᠲᠠ ᠵᠢᠨ ᠤᠯᠤᠰ ᠲᠥᠷᠥ ᠵᠢᠨ ᠵᠥᠪᠯᠡᠯᠭᠡᠨ ᠨᠠᠮᠤᠳᠤᠷᠢᠳᠬᠤ ᠳᠤᠭᠤᠶᠢᠯᠠᠩᠤᠤᠯᠱᠦᠵᠢ ᠪᠦᠭᠡᠳ ᠲᠡᠷᠢᠭᠦᠯᠡᠭᠴᠢ ᠭᠤᠣ ᠴᠧᠨ ︵ᠲᠢᠩᠬᠢᠮᠲᠡᠰ︶ ᠬᠠᠭ᠋ᠤᠤᠯᠢ ᠢᠳᠡᠭᠰᠡᠨ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠬᠡᠷᠡᠭ ᠢ ᠦᠪᠦᠷ ᠮᠣᠩᠭᠤᠯᠦᠪᠡᠷᠲᠡᠭᠡᠨ ᠵᠠᠰᠠᠬᠤ ᠣᠷᠣᠨ ᠬᠢᠨᠠᠨ ᠪᠠᠶᠢᠴᠠᠭᠠᠬᠤ ᠵᠥᠪᠯᠡᠯ ᠪᠠᠶᠢᠴᠠᠭᠠᠨ ᠳᠠᠭᠤᠰᠬᠠᠭᠠᠳ ᠵᠠᠭᠠᠯᠳᠤᠭᠤᠯᠬᠤ ᠪᠠᠷ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠢᠨᠠᠨ ᠪᠠᠶᠢᠴᠠᠭᠠᠯᠭᠠᠵᠠᠢ᠃ ᠦᠪᠦᠷ ᠮᠣᠩᠭᠤᠯᠦᠪᠡᠷᠲᠡᠭᠡᠨ ᠵᠠᠰᠠᠬᠤ ᠣᠷᠣᠨ ᠠᠷᠠᠳᠪᠠᠶᠢᠴᠠᠭᠠᠬᠤ ᠬᠤᠷᠢᠶ᠎ᠠ ᠵᠢᠨ ᠳᠠᠭᠠᠭᠠᠯᠭᠠᠨ ᠰᠢᠢᠳᠬᠡᠭᠦᠯᠦᠯᠲᠡ ᠪᠠᠷ ᠣᠷᠳᠣᠰ ᠬᠤᠲᠠ ᠵᠢᠨ ᠠᠷᠠᠳᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠵᠤ ᠵᠠᠭᠠᠯᠳᠤᠯᠭ᠎ᠠ ᠭᠠᠷᠭᠠᠬᠤ ᠪᠠᠷ ᠪᠣᠯᠵᠠᠢ᠃ ᠡᠮᠦᠨᠡᠬᠡᠨ᠂ ᠣᠷᠳᠣᠰ ᠬᠤᠲᠠ ᠵᠢᠨ ᠠᠷᠠᠳᠪᠠᠶᠢᠴᠠᠭᠠᠬᠤ ᠬᠤᠷᠢᠶ᠎ᠠ ᠬᠠᠭ᠋ᠤᠤᠯᠢ ᠢᠳᠡᠭᠰᠡᠨ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠭᠤᠣ ᠴᠧᠨ ᠢ ᠬᠠᠤᠯᠢ ᠶᠣᠰᠣᠭᠠᠷ ᠪᠠᠷᠢᠪᠴᠢᠯᠠᠬᠤ ᠪᠠᠷ ᠲᠣᠭᠲᠠᠵᠠᠢ᠃ ᠲᠤᠰ ᠬᠡᠷᠡᠭ ᠢ ᠤᠯᠠᠮ ᠨᠢᠭᠡ ᠠᠯᠬᠤᠮ ᠪᠠᠶᠢᠴᠠᠭᠠᠨ ᠰᠢᠢᠳᠪᠦᠷᠢᠯᠡᠵᠦ ᠪᠣᠢ᠃