ᠥᠷᠲᠡᠭ ᠨᠡᠮᠡᠭᠳᠡᠯᠭᠠᠢᠯᠢ ᠶ᠋ᠢᠨ ᠲᠤᠰᠬᠠᠢ ᠭᠠᠷᠳᠠᠮ ᠢ ᠬᠠᠭᠤᠷᠮᠠᠭᠯᠠᠨ ᠵᠣᠬᠢᠶᠠᠭᠰᠠᠨ ᠶᠠᠯᠠᠲᠤ ᠬᠡᠷᠡᠭ ᠲᠦ᠍ ᠬᠠᠤᠯᠢ ᠶᠣᠰᠣᠭᠠᠷ ᠴᠣᠬᠢᠯᠲᠠ ᠥᠭᠴᠦ ᠵᠠᠬ᠎ᠠ ᠳᠡᠯᠭᠡᠭᠦᠷᠠᠵᠤ ᠠᠬᠤᠢ ᠶ᠋ᠢᠨ ᠡᠮᠬᠢ ᠳᠢᠭᠯᠢᠮᠡᠭᠡᠯᠢᠲᠦ ᠬᠥᠭᠵᠢᠯᠲᠡ ᠶ᠋ᠢ ᠪᠠᠲᠤᠯᠠᠪᠠ
2016 ᠣᠨ ᠤ᠋ 1 ᠳ᠋ᠤᠭᠡᠷ ᠰᠠᠷ᠎ᠠ ᠠ᠋ᠴᠠ 10 ᠳ᠋ᠤᠭᠠᠷ ᠰᠠᠷ᠎ᠠ ᠶ᠋ᠢᠨ ᠬᠣᠭᠣᠷᠣᠨᠳᠣ ᠂ ᠶᠠᠯ᠎ᠠ ᠬᠢᠭᠰᠡᠨ ᠰᠡᠵᠢᠭᠲᠡᠨ ᠸᠠᠩ ᠣᠪᠣᠭᠲᠤ ᠂ ᠯᠢᠦ ᠣᠪᠣᠭᠲᠤ ᠲᠠᠢ ᠬᠠᠮᠲᠤᠷᠠᠨ ᠣᠷᠳᠣᠰ ᠬᠣᠲᠠ ᠶ᠋ᠢᠨ ᠸᠠᠩ ᠰᠢᠶᠠᠩ ᠨᠡᠬᠡᠮᠡᠯᠬᠢᠵᠠᠭᠠᠷᠲᠤ ᠺᠣᠮᠫᠠᠨᠢ ᠂ ᠣᠷᠳᠣᠰ ᠬᠣᠲᠠ ᠶ᠋ᠢᠨ ᠴᠢᠶᠠᠨ ᠾᠧ ᠨᠡᠬᠡᠮᠡᠯᠬᠢᠵᠠᠭᠠᠷᠲᠤ ᠺᠣᠮᠫᠠᠨᠢ ᠶ᠋ᠢ ᠪᠠᠢᠭᠤᠯᠬᠤ ᠪᠠᠷ ᠳᠠᠮᠵᠢᠨ ᠂ ᠦᠨᠡᠨ ᠪᠣᠳᠠᠲᠠᠢ ᠬᠤᠳᠠᠯᠳᠤᠭᠠᠨ ᠤ᠋ ᠬᠠᠷᠢᠯᠴᠠᠭ᠎ᠠ ᠦᠭᠡᠢ ᠪᠠᠢᠳᠠᠯ ᠳᠣᠣᠷ᠎ᠠ ᠂ ᠪᠦᠬᠦ ᠤᠯᠤᠰ ᠤ᠋ᠨ 14 ᠺᠣᠮᠫᠠᠨᠢ ᠳ᠋ᠤ᠌ ᠨᠡᠮᠡᠭᠳᠡᠯ ᠥᠷᠲᠡᠭᠭᠠᠢᠯᠢ ᠶ᠋ᠢᠨ ᠲᠤᠰᠬᠠᠢ ᠭᠠᠷᠳᠠᠮ ᠢ600 ᠭᠠᠷᠤᠢ ᠬᠤᠪᠢ ᠬᠠᠭᠤᠷᠮᠠᠭᠯᠠᠨ ᠵᠣᠬᠢᠶᠠᠵᠤ ᠥᠭᠴᠡᠢ᠂ ᠵᠥᠷᠢᠶᠡᠲᠦ ᠦᠨ᠎ᠡ ᠶ᠋ᠢᠨ ᠭᠠᠢᠯᠢ ᠨᠢ ᠨᠡᠢᠲᠡ 6863 ᠲᠦᠮᠡ ᠢᠯᠡᠭᠦᠦ ᠲᠦᠭᠦᠷᠢᠭ ᠪᠠᠢᠯ᠎ᠠ ᠃ ᠳᠡᠭᠡᠷ᠎ᠡ ᠳᠤᠷᠠᠳᠤᠭᠰᠠᠨ ᠨᠡᠮᠡᠭᠳᠡᠯ ᠥᠷᠲᠡᠭᠭᠠᠢᠯᠢ ᠶ᠋ᠢᠨ ᠲᠤᠰᠬᠠᠢ ᠭᠠᠷᠳᠠᠮ ᠢ ᠴᠦᠮ ᠬᠢᠨᠠᠨ ᠬᠠᠷᠭᠤᠭᠤᠯᠵᠤ ᠲᠤᠯᠭᠠᠨ ᠰᠠᠭᠤᠳᠬᠠᠭᠰᠠᠨ ᠠᠴᠠ ᠡᠣᠯᠣᠰ ᠲᠤ᠌ ᠭᠠᠢᠯᠢ ᠶ᠋ᠢᠨ ᠵᠣᠭᠣᠰ ᠤ᠋ᠨ ᠬᠦᠨᠳᠦ ᠶᠡᠬᠡ ᠬᠣᠬᠢᠷᠠᠯ ᠤᠴᠠᠷᠠᠭᠤᠯᠵᠠᠢ᠃ ᠬᠡᠷᠡᠭᠰᠡᠵᠢᠭᠲᠡᠨ ᠢ ᠪᠠᠷᠢᠪᠴᠢᠯᠠᠨ ᠠᠪᠴᠢᠷᠠᠭᠰᠠᠨ ᠳᠠᠷᠠᠭ᠎ᠠ᠂ ᠵᠠᠭᠠᠯᠳᠤᠭᠳᠠᠭᠴᠢ ᠸᠠᠩ ᠣᠪᠣᠭᠲᠤ᠂ ᠯᠢᠦ ᠣᠪᠣᠭᠲᠤ ᠦᠪᠡᠷᠶᠠᠯᠠ ᠬᠢᠭᠰᠡᠨ ᠪᠣᠳᠠᠲᠤ ᠶᠠᠪᠤᠳᠠᠯ ᠢ᠋ᠶ᠋ᠠᠨ ᠦᠨᠡᠨ ᠮᠥᠨ ᠢ᠋ᠶ᠋ᠡᠷ ᠨᠢ ᠥᠴᠢᠭᠯᠡᠪᠡ᠃ ᠣᠷᠳᠣᠰ ᠬᠣᠲᠠ ᠶ᠋ᠢᠨ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠶ᠋ᠢᠨ ᠳ᠋ᠦᠩᠱᠸ᠋ᠩ ᠲᠣᠭᠣᠷᠢᠭ ᠤ᠋ᠨ ᠬᠤᠪᠢᠶᠠᠷᠢ ᠲᠣᠪᠴᠢᠶ᠎ᠠ ᠣᠳᠣᠬᠠᠨ ᠳ᠋ᠤ᠌ ᠲᠤᠰ ᠬᠡᠷᠡᠭ ᠢ᠋ ᠨᠢᠭᠡᠨᠲᠡ ᠳ᠋ᠦᠩᠱᠧᠩ ᠲᠣᠭᠣᠷᠢᠭ ᠤ᠋ᠨ ᠠᠷᠠᠳ ᠤ᠋ᠨ ᠪᠠᠢᠴᠠᠭᠠᠬᠤ ᠬᠣᠷᠢᠶ᠎ᠠ ᠳ᠋ᠤ᠌ ᠰᠢᠯᠵᠢᠭᠦᠯᠦᠨ ᠢᠷᠡᠭᠦᠯᠦᠭᠡᠳ ᠪᠣᠢ᠂ ᠲᠤᠰ ᠬᠡᠷᠡᠭ ᠢ᠋ ᠤᠯᠠᠮ ᠨᠢᠭᠡ ᠠᠯᠬᠤᠮ ᠬᠢᠨᠠᠨ ᠪᠠᠢᠴᠠᠭᠠᠵᠤ ᠪᠣᠢ ᠃