ᠬᠠᠨ ᠳ᠋ᠸ ᠯᠢ ᠵᠡᠷᠭᠡ 12 ᠬᠦᠮᠦᠨ ᠦ ᠬᠠᠷᠬᠢᠰ ᠬᠦᠴᠦᠲᠡᠨ ᠦ ᠬᠡᠷᠡᠭᠰᠢᠭᠦᠯᠲᠡ ᠳᠦ ᠳ᠋ᠦᠩᠱᠧᠩ ᠲᠣᠭᠣᠷᠢᠭ ᠤ᠋ᠨ ᠠᠷᠠᠳ ᠤ᠋ᠨ ᠪᠠᠢᠴᠠᠭᠠᠬᠤ ᠬᠣᠷᠢᠶ᠎ᠠ ᠰᠢᠭᠦᠯᠲᠡ ᠳ᠋ᠦ᠍ ᠣᠷᠣᠯᠴᠠᠵᠤ ᠠᠯᠪᠠᠨ ᠵᠠᠭᠠᠯᠳᠤᠯᠭ᠎ᠠ ᠪᠡᠨ ᠳᠡᠮᠵᠢᠭᠰᠡᠨ ᠦ ᠬᠠᠮᠲᠤ ᠲᠢᠩᠬᠢᠮᠬᠢᠨᠠᠨ ᠦᠨᠡᠯᠡᠬᠦ ᠠᠵᠢᠯᠯᠠᠭ᠎ᠠ ᠥᠷᠨᠢᠭᠦᠯᠪᠡ
2020 ᠣᠨ ᠤ᠋ 4 ᠰᠠᠷ᠎ᠠ ᠶ᠋ᠢᠨ 29 ᠦ᠌ ᠡᠳᠦᠷ ᠡᠴᠡ 2020 ᠣᠨ ᠤ᠋ 4 ᠰᠠᠷ᠎ᠠ ᠶ᠋ᠢᠨ 30 ᠤ᠋ ᠡᠳᠦᠷ ᠪᠣᠯᠲᠠᠯ᠎ᠠ ᠂ ᠳ᠋ᠦᠩᠱᠧᠩ ᠲᠣᠭᠣᠷᠢᠭ ᠤ᠋ᠨ ᠠᠷᠠᠳ ᠤ᠋ᠨ ᠪᠠᠢᠴᠠᠭᠠᠬᠤ ᠬᠣᠷᠢᠶ᠎ᠠ ᠬᠠᠨ ᠳ᠋ᠸ ᠯᠢ ᠵᠡᠷᠭᠡ 12 ᠬᠦᠮᠦᠨ ᠦ ᠬᠠᠷᠭᠢᠰ ᠬᠦᠴᠦᠲᠡᠨ ᠦ ᠬᠡᠷᠡᠭᠰᠢᠭᠦᠯᠲᠡ ᠳ᠋ᠦ᠍ ᠣᠷᠣᠯᠴᠠᠵᠤ ᠠᠯᠪᠠᠨ ᠵᠠᠭᠠᠯᠳᠤᠯᠭ᠎ᠠ ᠪᠡᠨ ᠳᠡᠮᠵᠢᠭᠰᠡᠨ ᠦ ᠬᠠᠮᠲᠤ ᠲᠢᠩᠬᠢᠮᠬᠢᠨᠠᠨ ᠦᠨᠡᠯᠡᠬᠦ ᠠᠵᠢᠯᠯᠠᠭ᠎ᠠ ᠥᠷᠨᠢᠭᠦᠯᠪᠡ ᠃ ᠣᠷᠳᠣᠰ ᠬᠣᠲᠠ ᠶ᠋ᠢᠨ ᠠᠷᠠᠳ ᠤ᠋ᠨ ᠪᠠᠢᠴᠠᠭᠠᠬᠤ ᠬᠣᠷᠢᠶ᠎ᠠ ᠶ᠋ᠢᠨ ᠨᠢᠭᠡᠳᠦᠭᠡᠷ ᠪᠠᠢᠴᠠᠭᠠᠬᠤ ᠬᠡᠯᠲᠡᠰᠡᠷᠬᠢᠯᠡᠭᠴᠢ ᠯᠢᠦ ᠰᠢᠤᠢ ᠫᠢᠩ᠂ ᠳ᠋ᠦᠩᠱᠧᠩ ᠲᠣᠭᠣᠷᠢᠭ ᠤ᠋ᠨ ᠤᠯᠤᠰ ᠲᠥᠷᠥ ᠶ᠋ᠢᠨ ᠵᠥᠪᠯᠡᠯᠭᠡᠨ ᠦ᠌ ᠬᠡᠰᠢᠭᠦᠨ ᠪᠦᠭᠡᠳ ᠥᠪᠥᠷ ᠮᠣᠩᠭᠣᠯ ᠤ᠋ᠨ ᠢ ᠹᠧᠢ ᠬᠠᠤᠯᠢᠴᠢ ᠶ᠋ᠢᠨ ᠬᠡᠷᠡᠭ ᠡᠷᠬᠢᠯᠡᠬᠦ ᠭᠠᠵᠠᠷ ᠤ᠋ᠨ ᠳᠡᠳ᠋ ᠡᠷᠬᠢᠯᠡᠭᠴᠢ ᠯᠢᠦ ᠹᠧᠢ᠂ ᠳ᠋ᠦᠩᠱᠧᠩ ᠲᠣᠭᠣᠷᠢᠭ ᠤ᠋ᠨ ᠠᠷᠠᠳ ᠤ᠋ᠨ ᠪᠠᠢᠴᠠᠭᠠᠬᠤ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠬᠡᠰᠢᠭᠦᠨ ᠪᠦᠭᠡᠳ ᠳᠡᠳ᠋ ᠪᠠᠢᠴᠠᠭᠠᠬᠤ ᠳᠠᠷᠤᠭ᠎ᠠ ᠵᠣᠣ ᠵᠢᠶᠦ᠋ᠨ᠂ ᠳ᠋ᠦᠩᠱᠧᠩ ᠲᠣᠭᠣᠷᠢᠭ ᠤ᠋ᠨ ᠠᠷᠠᠳ ᠤ᠋ᠨ ᠪᠠᠢᠴᠠᠭᠠᠬᠤ ᠬᠣᠷᠢᠶ᠎ᠠ ᠶ᠋ᠢᠨ ᠲᠤᠰᠬᠠᠢ ᠲᠤᠰᠢᠶᠠᠯᠲᠤ ᠬᠡᠰᠢᠭᠦᠨ ᠮᠧᠩ ᠳ᠋ᠦᠩ ᠮᠧᠢ᠂ ᠣᠷᠳᠣᠰ ᠬᠣᠲᠠ ᠶ᠋ᠢᠨ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠶ᠋ᠢᠨ ᠳ᠋ᠦᠩᠱᠸᠩ ᠲᠣᠭᠣᠷᠢᠭ ᠤ᠋ᠨ ᠬᠤᠪᠢᠶᠠᠷᠢ ᠲᠣᠪᠴᠢᠶ᠎ᠠ ᠶ᠋ᠢᠨ ᠬᠠᠤᠯᠢ ᠳᠦᠷᠢᠮᠶᠡᠬᠡ ᠠᠩᠭᠢ ᠵᠢᠨ ᠳᠡᠳ᠋ ᠳᠠᠷᠤᠭ᠎ᠠ ᠶᠡᠨ ᠰᠢᠨ ᠲᠢᠩᠬᠢᠮᠰᠢᠭᠦᠯᠲᠡ ᠦᠵᠡᠭᠰᠡᠨ ᠦ ᠬᠠᠮᠲᠤ ᠰᠢᠭᠦᠯᠲᠡ ᠳᠦ ᠣᠷᠣᠯᠴᠠᠭᠰᠠᠨ ᠪᠠᠶᠢᠴᠠᠭᠠᠬᠤ ᠲᠤᠰᠢᠶᠠᠯᠲᠠᠳ ᠢ ᠬᠢᠨᠠᠨ ᠦᠨᠡᠯᠡᠪᠡ᠃
ᠠᠯᠪᠠᠨ ᠵᠠᠭᠠᠯᠳᠤᠯᠭ᠎ᠠ ᠶ᠋ᠢᠨ ᠪᠠᠢᠭᠤᠯᠭ᠎ᠠ ᠶ᠋ᠢᠨ ᠵᠠᠭᠠᠯᠳᠤᠯᠭ᠎ᠠ ᠄
1. 2011 ᠣᠨ ᠳ᠋ᠤ᠌ ᠂ ᠵᠠᠭᠠᠯᠳᠤᠭᠳᠠᠭᠴᠢ ᠬᠠᠨ ᠳ᠋ᠸ ᠯᠢ ᠤᠯᠤᠰ ᠤ᠋ᠨ ᠬᠠᠤᠯᠢ ᠴᠠᠭᠠᠵᠠ ᠶ᠋ᠢᠨ ᠲᠣᠭᠲᠠᠭᠠᠯ ᠢ᠋ ᠵᠥᠷᠢᠴᠡᠵᠦ ᠂ ᠵᠢᠭᠡᠯᠡᠯᠭᠡ ᠰᠢᠯᠵᠢᠭᠦᠯᠵᠦ ᠵᠣᠭᠣᠰ ᠬᠣᠨᠵᠢᠬᠤ ᠪᠠᠷ ᠵᠣᠷᠢᠯᠭ᠎ᠠ ᠪᠣᠯᠭᠠᠵᠤ ᠂ ᠮᠥᠩᠭᠥᠨ ᠭᠦᠢᠯᠭᠡᠭᠡᠨ ᠦ᠌ ᠪᠠᠢᠭᠤᠯᠤᠮᠵᠢ ᠶ᠋ᠢᠨ ᠢᠲᠡᠭᠡᠮᠵᠢᠲᠦ ᠵᠢᠭᠡᠯᠡᠯᠭᠡ ᠶ᠋ᠢᠨ ᠪᠡᠯᠡ ᠮᠥᠩᠭᠥ ᠶ᠋ᠢ ᠤᠬᠠᠭᠠᠯᠠᠨ ᠠᠪᠴᠤ ᠰᠦ᠍ ᡁᠢ ᠴᠢᠶᠠᠩ ᠂ ᠳ᠋ᠦᠩ ᠸᠸᠨ ᠵᠢᠶᠦ᠋ᠨ ᠂ ᠮᠠ ᠶ᠋ᠢᠨ ᠯᠦᠩ ᠳ᠋ᠦ᠍ ᠵᠢᠭᠡᠯᠡᠭᠦᠯᠪᠡ ᠃
2 ᠂ 2013 ᠣᠨ ᠤ᠋ 3 ᠳ᠋ᠤᠭᠠᠷ ᠰᠠᠷ᠎ᠠ ᠠ᠋ᠴᠠ 10 ᠳ᠋ᠤᠭᠠᠷ ᠰᠠᠷ᠎ᠠ ᠪᠣᠯᠲᠠᠯ᠎ᠠ ᠂ ᠵᠠᠭᠠᠯᠳᠤᠭᠳᠠᠭᠴᠢ ᠬᠠᠨ ᠳ᠋ᠸ ᠯᠢ ᠂ ᠳ᠋ᠦᠩ ᠮᠧᠢ ᠵᠠᠭᠠᠯᠳᠤᠭᠳᠠᠭᠴᠢ ᠹᠦ᠋ ᠵᠢᠶᠠ ᠸᠧᠢ ᠵᠡᠷᠭᠡ ᠬᠥᠮᠦᠨ ᠢ᠋ ᠵᠢᠭᠠᠨ ᠳᠣᠬᠢᠵᠤ ᠪᠤᠰᠤᠳ ᠤ᠋ᠨ ᠪᠡᠶ᠎ᠡ ᠶ᠋ᠢᠨ ᠡᠷᠬᠡ ᠴᠢᠯᠥᠭᠡ ᠶ᠋ᠢ ᠬᠢᠵᠠᠭᠠᠷᠯᠠᠬᠤ ᠂ ᠲᠦᠢᠪᠡᠭᠡᠬᠦ ᠂ ᠵᠢᠭᠤᠷᠠᠯᠳᠤᠬᠤ ᠵᠡᠷᠭᠡ ᠬᠦᠴᠦᠷᠬᠡᠭᠯᠡᠯᠵᠢᠴᠢ ᠰᠤᠯᠠ ᠬᠦᠴᠦᠷᠬᠡᠭᠯᠡᠯᠠᠷᠭᠠ ᠪᠠᠷᠢᠯ ᠢ᠋ᠶ᠋ᠠᠷ ᠳᠥᠷᠪᠡᠨ ᠥᠭᠴᠡᠭᠡᠲᠡᠨ ᠠ᠋ᠴᠠ ᠥᠷᠢ ᠨᠡᠬᠡᠬᠦ ᠂ ᠨᠡᠶᠢᠭᠡᠮᠦᠢᠯᠡᠳᠪᠦᠷᠢᠯᠡᠯ ᠪᠠ ᠠᠮᠢᠳᠤᠷᠠᠯ ᠤ᠋ᠨ ᠡᠮᠬᠢ ᠵᠢᠷᠤᠮ ᠢ᠋ ᠰᠠᠮᠠᠭᠤᠷᠠᠭᠤᠯᠵᠤ ᠂ ᠨᠡᠯᠢᠶᠡᠳ ᠬᠠᠷ᠎ᠠ ᠬᠣᠣᠷᠲᠠᠢ ᠨᠡᠶᠢᠭᠡᠮᠨᠥᠯᠥᠭᠡ ᠭᠠᠷᠭᠠᠵᠤ᠂ ᠵᠠᠭᠠᠯᠳᠤᠭᠳᠠᠭᠴᠢ ᠬᠠᠨ ᠳ᠋ᠸ ᠯᠢ ᠂ ᠳ᠋ᠦᠩ ᠮᠧᠢ᠂ ᠹᠦ᠋ ᠵᠢᠶᠠ ᠸᠧᠢ ᠬᠣᠣᠪᠢᠯᠳᠤᠭᠴᠢ ᠪᠣᠯᠵᠤ᠂ ᠵᠠᠭᠠᠯᠳᠤᠭᠳᠠᠭᠴᠢ ᠳ᠋ᠤᠸᠠᠨ ᠰᠢᠶᠤᠤ ᠴᠢ᠂ ᠵᠣᠣ ᠶᠦᠨ᠂ ᠯᠢ ᠸᠸᠢ᠂ ᠯᠢ ᠹᠸᠢ ᠪᠡᠷ ᠰᠥᠯᠪᠡᠭᠡᠲᠡᠨ ᠪᠣᠯᠭᠠᠭᠰᠠᠨ ᠬᠠᠷᠭᠢᠰ ᠬᠦᠴᠦᠨ ᠦ ᠪᠦᠯᠦᠭ ᠪᠦᠷᠢᠯᠳᠦᠵᠡᠢ ᠃
ᠲᠢᠩᠬᠢᠮᠰᠢᠭᠦᠯᠲᠡ ᠶ᠋ᠢᠨ ᠶᠠᠪᠤᠴᠠ ᠳ᠋ᠤ᠌ ᠂ ᠳ᠋ᠦᠩᠱᠧᠩ ᠲᠣᠭᠣᠷᠢᠭ ᠤ᠋ᠨ ᠠᠷᠠᠳ ᠤ᠋ᠨ ᠪᠠᠢᠴᠠᠭᠠᠬᠤ ᠬᠣᠷᠢᠶ᠎ᠠ ᠵᠢᠨ ᠪᠠᠢᠴᠠᠭᠠᠬᠤ ᠲᠤᠰᠢᠶᠠᠯᠲᠠᠳ ᠵᠠᠭᠠᠯᠳᠤᠬᠤ ᠪᠢᠴᠢᠭ ᠳᠡᠭᠡᠷ᠎ᠡ ᠢᠯᠡᠴᠢᠯᠡᠨ ᠵᠠᠭᠠᠯᠳᠤᠭᠰᠠᠨ ᠶᠠᠯᠠᠲᠤ ᠠᠵᠢᠯᠯᠠᠭ᠎ᠠ ᠵᠢᠨ ᠲᠣᠭᠣᠷᠢᠨ ᠳ᠋ᠤ᠌ ᠪᠢᠴᠢᠭᠭᠡᠷᠡᠴᠢ ᠂ ᠭᠡᠷᠡᠴᠢᠯᠡᠭᠴᠢ ᠶ᠋ᠢᠨ ᠭᠡᠷᠡᠴᠢ ᠦᠭᠡ ᠵᠢᠴᠢ ᠵᠠᠭᠠᠯᠳᠤᠭᠳᠠᠭᠴᠢ ᠶ᠋ᠢᠨ ᠥᠴᠢᠭᠯᠡᠯᠲᠡ ᠪᠠ ᠵᠥᠪᠲᠦᠭᠡᠯᠲᠡ ᠵᠡᠷᠭᠡ ᠭᠡᠷᠡᠴᠢ ᠮᠠᠲ᠋ᠧᠷᠢᠶᠠᠯ ᠢ᠋ ᠠᠰᠢᠭᠯᠠᠨ ᠬᠠᠨ ᠳ᠋ᠸ ᠯᠢ ᠵᠡᠷᠭᠡ 12 ᠬᠦᠮᠦᠨ ᠦ ᠬᠠᠤᠯᠢ ᠪᠤᠰᠤ ᠪᠠᠷ ᠬᠣᠷᠢᠭᠰᠠᠨ ᠶᠠᠯ᠎ᠠ ᠂ ᠬᠡᠷᠡᠭ ᠡᠲᠦᠵᠦ ᠤᠷᠰᠢᠭ ᠲᠠᠲᠠᠭᠰᠠᠨ ᠶᠠᠯ᠎ᠠ ᠂ ᠥᠨᠳᠥᠷ ᠬᠦᠦ ᠲᠡᠢ ᠪᠠᠷ ᠵᠢᠭᠡᠯᠡᠯᠭᠡ ᠰᠢᠯᠵᠢᠭᠦᠯᠦᠭᠰᠡᠨ ᠶᠠᠯ᠎ᠠ ᠳ᠋ᠤ᠌ ᠭᠡᠷᠡᠴᠢ ᠭᠠᠷᠭᠠᠨ ᠭᠡᠷᠡᠴᠢ ᠲᠤᠯᠭᠠᠪᠠ ᠃ ᠲᠢᠩᠬᠢᠮᠮᠠᠷᠭᠤᠯᠳᠤᠭᠠᠨ ᠱᠠᠲᠤᠨ ᠳ᠋ᠤ᠌ ᠂ ᠰᠢᠭᠦᠯᠲᠡ ᠳ᠋ᠦ᠍ ᠣᠷᠣᠯᠴᠠᠭᠴᠢ ᠪᠠᠶᠢᠴᠠᠭᠠᠬᠤ ᠲᠤᠰᠢᠶᠠᠯᠲᠠᠨ ᠲᠤᠰ ᠬᠡᠷᠡᠭᠪᠣᠳᠠᠲᠤ ᠶᠠᠪᠤᠳᠠᠯ ᠂ ᠭᠡᠷᠡᠴᠢ ᠪᠠᠷᠢᠮᠲᠠ ᠪᠣᠯᠤᠨ ᠵᠢᠷᠤᠮ ᠳ᠋ᠤ᠌ ᠴᠢᠭᠯᠡᠭᠦᠯᠦᠨ ᠠᠯᠪᠠᠨ ᠵᠠᠭᠠᠯᠳᠤᠯᠭ᠎ᠠ ᠶ᠋ᠢᠨ ᠰᠠᠨᠠᠯ ᠢ᠋ᠶ᠋ᠠᠨ ᠨᠡᠢᠲᠡᠯᠡᠬᠦ ᠶ᠋ᠢᠨ ᠬᠠᠮᠲᠤ ᠬᠠᠷᠭᠢᠰ ᠬᠦᠴᠦᠨ ᠦ᠌ ᠨᠡᠶᠢᠭᠡᠮᠬᠣᠣᠷ ᠬᠥᠨᠥᠭᠡᠯᠲᠦ ᠴᠢᠨᠠᠷ ᠢ᠋ ᠢᠯᠡᠴᠢᠯᠡᠵᠦ ᠂ ᠬᠠᠤᠯᠢ ᠲᠠᠢᠯᠪᠤᠷᠢᠯᠠᠨ ᠶᠣᠰᠣ ᠶᠠᠷᠢᠭᠰᠠᠨ ᠪᠠ ᠲᠢᠩᠬᠢᠮᠬᠥᠮᠦᠵᠢᠯ ᠬᠢᠪᠡ ᠃
ᠬᠢᠨᠠᠭᠴᠢᠳ ᠠᠴᠠ ᠰᠢᠭᠦᠯᠲᠡ ᠳ᠋ᠦ᠍ ᠣᠷᠣᠯᠴᠠᠭᠰᠠᠨ ᠪᠠᠢᠴᠠᠭᠠᠬᠤ ᠲᠤᠰᠢᠶᠠᠯᠲᠠᠳᠪᠢᠴᠢᠭ ᠬᠠᠷ᠎ᠠ ᠶ᠋ᠢᠨ ᠶᠠᠰᠤ ᠴᠢᠨᠠᠷ ᠂ ᠰᠢᠭᠦᠯᠲᠡ ᠳ᠋ᠦ᠍ ᠣᠷᠣᠯᠴᠠᠭᠰᠠᠨ ᠵᠢᠷᠤᠮᠵᠢᠯ᠂ ᠰᠢᠭᠦᠨ ᠠᠰᠠᠭᠤᠯᠭ᠎ᠠ᠂ ᠲᠢᠩᠬᠢᠮᠮᠠᠷᠭᠤᠯᠳᠤᠭᠠᠨ ᠵᠡᠷᠭᠡ ᠲᠠᠯ᠎ᠠ ᠡᠴᠡ ᠨᠢ ᠦᠨᠡᠯᠡᠯᠲᠡ ᠬᠢᠪᠡ᠃ ᠬᠢᠨᠠᠭᠴᠢᠳ ᠠᠴᠠ ᠠᠯᠪᠠᠨ ᠵᠠᠭᠠᠯᠳᠤᠭᠴᠢ ᠶ᠋ᠢᠨ ᠯᠠᠪᠳᠠᠭᠤᠨ ᠪᠠᠲᠤᠲᠠᠢ ᠲᠤᠬᠠᠢᠯᠠᠭᠰᠠᠨ ᠠᠵᠢᠯ ᠤ᠋ᠨ ᠴᠢᠳᠠᠪᠤᠷᠢ ᠪᠠ ᠲᠢᠩᠬᠢᠮᠰᠢᠭᠦᠯᠲᠡ ᠶ᠋ᠢᠨ ᠠᠷᠭᠠᠴᠠᠬᠤ ᠴᠢᠳᠠᠪᠤᠷᠢ ᠶ᠋ᠢ ᠭᠦᠢᠴᠡᠳ ᠨᠤᠲᠠᠯᠠᠵᠤ ᠂ ᠠᠯᠪᠠᠨ ᠵᠠᠭᠠᠯᠳᠤᠭᠴᠢ ᠵᠢᠨ ᠰᠢᠭᠦᠬᠦ ᠲᠢᠩᠬᠢᠮ ᠳᠡᠬᠢ ᠪᠠᠶᠢᠴᠠᠭᠠᠯᠲᠠ ᠵᠢᠴᠢ ᠲᠢᠩᠬᠢᠮ ᠦᠨ ᠮᠠᠷᠭᠤᠯᠳᠤᠭᠠᠨ ᠦ ᠢᠯᠡᠷᠡᠯ ᠂ ᠭᠡᠷᠡᠴᠢ ᠪᠠᠷᠢᠮᠲᠠ ᠬᠡᠷᠡᠭᠯᠡᠨ ᠶᠠᠯᠠᠲᠤ ᠠᠵᠢᠯᠯᠠᠭ᠎ᠠ ᠶ᠋ᠢ ᠢᠯᠡᠴᠢᠯᠡᠬᠦ ᠴᠢᠳᠠᠪᠤᠷᠢ ᠵᠡᠷᠭᠡ ᠲᠠᠯ᠎ᠠ ᠳᠦ ᠰᠠᠨᠠᠯ ᠰᠠᠨᠠᠭᠤᠯᠭ᠎ᠠ ᠳᠤᠷᠠᠳᠪᠠ ᠃
ᠲᠤᠰ ᠤᠳᠠᠭᠠᠨ ᠤ᠋ ᠬᠠᠷᠭᠢᠰ ᠬᠦᠴᠦᠲᠡᠨ ᠦ ᠬᠡᠷᠡᠭᠲᠤᠬᠠᠢ ᠲᠢᠩᠬᠢᠮᠰᠢᠭᠦᠯᠲᠡ ᠵᠢᠨ ᠬᠢᠨᠠᠨ ᠦᠨᠡᠯᠡᠯᠲᠡ ᠪᠣᠯ ᠳ᠋ᠦᠩᠱᠧᠩ ᠲᠣᠭᠣᠷᠢᠭ ᠤ᠋ᠨ ᠠᠷᠠᠳ ᠤ᠋ᠨ ᠪᠠᠢᠴᠠᠭᠠᠬᠤ ᠬᠣᠷᠢᠶ᠎ᠠ ᠶ᠋ᠢᠨ ᠬᠠᠷ᠎ᠠ ᠪᠦᠯᠦᠭᠲᠡᠨ ᠬᠠᠷᠭᠢᠰ ᠬᠦᠴᠦᠨ ᠢ᠋ ᠠᠷᠢᠯᠭᠠᠬᠤ ᠲᠤᠰᠬᠠᠢ ᠲᠡᠮᠡᠴᠡᠯ ᠦᠨ ᠠᠵᠢᠯ ᠢ ᠥᠷᠨᠢᠭᠦᠯᠬᠦ ᠶᠠᠪᠤᠴᠠ ᠳᠤᠮᠳᠠᠬᠢ ᠬᠡᠷᠡᠭ ᠰᠢᠢᠳᠪᠦᠷᠢᠯᠡᠬᠦ ᠶᠠᠰᠤ ᠴᠢᠨᠠᠷ ᠢ᠋ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ ᠂ ᠰᠢᠭᠦᠨ ᠲᠠᠰᠤᠯᠤᠯᠲᠠ ᠪᠠᠷ ᠭᠣᠣᠯ ᠪᠣᠯᠭᠠᠬᠤ ᠵᠠᠷᠭᠤ ᠶ᠋ᠢᠨ ᠳᠦᠷᠢᠮᠥᠭᠡᠷᠡᠴᠢᠯᠡᠯᠲᠡ ᠪᠠ ᠬᠠᠤᠯᠢ ᠪᠠᠷᠢᠬᠤ ᠬᠠᠷᠢᠭᠤᠴᠠᠯᠭ᠎ᠠ ᠶ᠋ᠢᠨ ᠳᠦᠷᠢᠮᠥᠭᠡᠷᠡᠴᠢᠯᠡᠯᠲᠡ ᠶ᠋ᠢᠨ ᠰᠢᠨ᠎ᠡ ᠱᠠᠭᠠᠷᠳᠠᠯᠭ᠎ᠠ ᠳ᠋ᠤ᠌ ᠵᠣᠬᠢᠴᠠᠭᠤᠯᠬᠤ ᠶ᠋ᠢᠨ ᠲᠥᠯᠦᠭᠡᠬᠢ ᠠᠷᠭ᠎ᠠ ᠪᠠᠷᠢᠯ ᠶᠤᠮ ᠃ ᠳ᠋ᠦᠩᠱᠧᠩ ᠲᠣᠭᠣᠷᠢᠭ ᠤ᠋ᠨ ᠠᠷᠠᠳ ᠤ᠋ᠨ ᠪᠠᠢᠴᠠᠭᠠᠬᠤ ᠬᠣᠷᠢᠶ᠎ᠠ ᠬᠠᠷ᠎ᠠ ᠪᠦᠯᠦᠭᠲᠡᠨ ᠬᠠᠷᠭᠢᠰ ᠬᠦᠴᠦᠲᠡᠨ ᠳᠦ ᠦᠷᠭᠦᠯᠵᠢᠯᠡᠨ ︽ᠰᠡᠯᠡᠮ᠎ᠡ ᠳᠠᠯᠠᠶᠢᠵᠤ︾᠂ ᠡᠷᠡᠭᠦᠦ ᠶ᠋ᠢᠨ ᠬᠡᠷᠡᠭ ᠪᠠᠢᠴᠠᠭᠠᠬᠤ ᠡᠩᠨᠡᠭᠡᠨ ᠦ ᠰᠢᠭᠦᠯᠲᠡ ᠳ᠋ᠦ᠍ ᠣᠷᠣᠯᠴᠠᠬᠤ ᠬᠢᠷᠢ ᠲᠦᠪᠰᠢᠨ ᠪᠣᠯᠤᠨ ᠲᠤᠰᠢᠶᠠᠯ ᠭᠦᠢᠴᠡᠳᠭᠡᠬᠦ ᠴᠢᠳᠠᠪᠤᠷᠢ ᠶ᠋ᠢ ᠨᠢ ᠳᠡᠭᠡᠭᠰᠢᠯᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠲᠡᠨ ᠢ᠋ ᠬᠠᠤᠯᠢ ᠶᠣᠰᠣᠭᠠᠷ ᠴᠢᠩᠭ᠎ᠠ ᠰᠢᠢᠳᠬᠡᠵᠦ ᠂ ᠨᠡᠶᠢᠭᠡᠮᠶᠡᠬᠡ ᠲᠠᠯ᠎ᠠ ᠶ᠋ᠢᠨ ᠲᠣᠭᠲᠠᠭᠤᠨ ᠪᠠᠶᠢᠬᠤ ᠬᠠᠮᠠᠭᠠᠯᠠᠨ᠎ᠠ᠃