ᠥᠪᠥᠷ ᠮᠣᠩᠭᠣᠯᠪᠠᠶᠢᠴᠠᠭᠠᠬᠤ ᠪᠠᠶᠢᠭᠤᠯᠭ᠎ᠠ ᠭᠤᠤ ᠴᠧᠨ ᠦ ᠬᠠᠬᠤᠤᠯᠢ ᠢᠳᠡᠭᠰᠡᠨ ᠢᠶᠠᠷ ᠰᠡᠵᠢᠭᠯᠡᠭᠳᠡᠭᠰᠡᠨ ᠬᠡᠷᠡᠭ ᠲᠦ ᠬᠠᠸᠯᠢ ᠶᠣᠰᠣᠭᠠᠷ ᠠᠯᠪᠠᠨ ᠵᠠᠭᠠᠯᠳᠤᠯᠭ᠎ᠠ ᠭᠠᠷᠭᠠᠪᠠ
ᠡᠮᠦᠨᠡᠬᠡᠨ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠲᠦᠩᠯᠢᠶᠣᠤ ᠬᠣᠲᠠ ᠵᠢᠨ ᠤᠯᠤᠰ ᠲᠥᠷᠥ ᠵᠢᠨ ᠵᠥᠪᠯᠡᠯᠭᠡᠨ ᠦ ᠤᠸᠯ ᠨᠠᠮᠤᠳᠤᠷᠢᠳᠬᠤ ᠳᠤᠭᠤᠶᠢᠯᠠᠩᠱᠦᠵᠢ ᠂ ᠲᠡᠷᠢᠭᠦᠯᠡᠭᠴᠢ ᠭᠣᠸ ᠴᠧᠨ ︵ ᠵᠢᠩᠬᠢᠨᠢ ᠲᠢᠩᠬᠢᠮᠲᠠᠰ ︶ ᠬᠠᠬᠤᠤᠯᠢ ᠢᠳᠡᠭᠰᠡᠨ ᠶᠠᠯ᠎ᠠ ᠳᠤ ᠰᠡᠵᠢᠭᠯᠡᠭᠳᠡᠭᠰᠡᠨ ᠬᠡᠷᠡᠭ ᠢ ᠥᠪᠥᠷ ᠮᠣᠩᠭᠣᠯᠥᠪᠡᠷᠲᠡᠭᠡᠨ ᠵᠠᠰᠠᠬᠤ ᠣᠷᠣᠨ ᠠᠷᠠᠳᠪᠠᠶᠢᠴᠠᠭᠠᠬᠤ ᠬᠣᠷᠢᠶ᠎ᠠ ᠠᠴᠠ ᠲᠤᠰᠢᠶᠠᠨ ᠰᠢᠢᠳᠪᠦᠷᠢᠯᠡᠭᠦᠯᠵᠦ᠂ ᠣᠷᠳᠣᠰ ᠬᠣᠲᠠ ᠵᠢᠨ ᠠᠷᠠᠳᠪᠠᠶᠢᠴᠠᠭᠠᠬᠤ ᠬᠣᠷᠢᠶ᠎ᠠ ᠠᠴᠠ ᠣᠷᠳᠣᠰ ᠬᠣᠲᠠ ᠵᠢᠨ ᠠᠷᠠᠳ ᠳᠤᠮᠳᠠᠳᠦ ᠵᠡᠷᠭᠡ ᠵᠢᠨ ᠰᠢᠭᠦᠬᠦ ᠬᠣᠷᠢᠶ᠎ᠠ ᠳᠤ ᠬᠠᠸᠯᠢ ᠶᠣᠰᠣᠭᠠᠷ ᠠᠯᠪᠠᠨ ᠵᠠᠭᠠᠯᠳᠤᠯᠭ᠎ᠠ ᠭᠠᠷᠭᠠᠪᠠ ᠃
ᠪᠠᠶᠢᠴᠠᠭᠠᠬᠤ ᠪᠠᠶᠢᠭᠤᠯᠭ᠎ᠠ ᠬᠢᠨᠠᠨ ᠪᠠᠶᠢᠴᠠᠭᠠᠵᠤ ᠵᠠᠭᠠᠯᠳᠤᠬᠤ ᠱᠠᠲᠤᠨ ᠳᠤ ᠂ ᠵᠠᠭᠠᠯᠳᠤᠭᠳᠠᠭᠴᠢ ᠭᠤᠤ ᠴᠧᠨ ᠦ ᠡᠳ᠋ᠯᠡᠬᠦ ᠵᠠᠷᠭᠤ ᠵᠢᠨ ᠡᠷᠬᠡ ᠬᠠᠤᠯᠢ ᠶᠣᠰᠣᠭᠠᠷ ᠮᠡᠳᠡᠭᠳᠡᠭᠰᠡᠨ ᠪᠥᠭᠡᠳ ᠵᠠᠭᠠᠯᠳᠤᠭᠳᠠᠭᠴᠢ ᠠᠴᠠ ᠬᠠᠤᠯᠢ ᠶᠣᠰᠣᠭᠠᠷ ᠰᠢᠭᠦᠨ ᠠᠰᠠᠭᠤᠵᠤ ᠂ ᠥᠮᠥᠭᠯᠡᠭᠴᠢ ᠵᠢᠨ ᠰᠠᠨᠠᠯ ᠢ ᠰᠣᠨᠣᠰᠴᠠᠶ ᠃ ᠣᠷᠳᠣᠰ ᠬᠣᠲᠠ ᠵᠢᠨ ᠠᠷᠠᠳᠪᠠᠶᠢᠴᠠᠭᠠᠬᠤ ᠬᠣᠷᠢᠶ᠎ᠠ ᠵᠠᠭᠠᠯᠳᠤᠭᠰᠠᠨ ᠨᠢ ᠄ ᠵᠠᠭᠠᠯᠳᠤᠭᠳᠠᠭᠴᠢ ᠭᠤᠤ ᠴᠧᠨ ᠶᠠᠭᠰᠢ ᠬᠣᠲᠠ ᠵᠢᠨ ᠨᠠᠮᠬᠣᠷᠢᠶᠠᠨ ᠪᠠᠶᠢᠩᠭᠤ ᠵᠢᠨ ᠭᠡᠰᠢᠭᠦᠨ ᠂ ᠵᠣᠬᠢᠶᠠᠨ ᠪᠠᠶᠢᠭᠤᠯᠬᠤ ᠬᠡᠯᠲᠡᠰᠳᠠᠷᠤᠭᠠ ᠂ ᠶᠠᠭᠰᠢ ᠬᠣᠲᠠ ᠵᠢᠨ ᠨᠠᠮᠬᠣᠷᠢᠶᠠᠨ ᠪᠠᠶᠢᠩᠭᠤ ᠵᠢᠨ ᠭᠡᠰᠢᠭᠦᠨ ᠂ ᠳᠡᠳ᠋ ᠬᠤᠳᠠ ᠵᠢᠨ ᠳᠠᠷᠤᠭ᠎ᠠ ᠂ ᠶᠠᠭᠰᠢ ᠬᠣᠲᠠ ᠵᠢᠨ ᠨᠠᠮᠬᠣᠷᠢᠶᠠᠨ ᠳᠡᠳ᠋ ᠱᠦᠵᠢ ᠂ ᠬᠤᠲᠠ ᠵᠢᠨ ᠳᠠᠷᠤᠭ᠎ᠠ ᠂ ᠮᠣᠷᠢᠨ ᠳᠠᠪᠠᠭ᠎ᠠ ᠳᠠᠭᠤᠷ ᠦᠨᠳᠦᠰᠦᠲᠡᠨ ᠦ ᠥᠪᠡᠷᠲᠡᠭᠡᠨ ᠵᠠᠰᠠᠬᠤ ᠬᠣᠰᠢᠭᠤᠨ ᠨᠠᠮᠬᠣᠷᠢᠶᠠᠨ ᠱᠦᠵᠢ ᠂ ᠲᠦᠩᠯᠢᠶᠣᠤ ᠬᠣᠲᠠ ᠵᠢᠨ ᠳᠡᠳ᠋ ᠳᠠᠷᠤᠭ᠎ᠠ ᠂ ᠲᠦᠩᠯᠢᠶᠣᠤ ᠬᠣᠲᠠ ᠵᠢᠨ ᠨᠠᠮᠬᠣᠷᠢᠶᠠ ᠵᠢᠨ ᠪᠠᠶᠢᠩᠭᠤ ᠵᠢᠨ ᠭᠡᠰᠢᠭᠦᠨ ᠂ ᠬᠣᠷᠴᠢᠨ ᠲᠣᠭᠣᠷᠢᠭᠨᠠᠮᠬᠣᠷᠢᠶᠠ ᠵᠢᠨ ᠱᠦᠵᠢ ᠂ ᠲᠦᠩᠯᠢᠶᠣᠤ ᠬᠣᠲᠠ ᠵᠢᠨ ᠨᠠᠮᠬᠣᠷᠢᠶᠠ ᠵᠢᠨ ᠪᠠᠶᠢᠩᠭᠤ ᠵᠢᠨ ᠭᠡᠰᠢᠭᠦᠨ ᠂ ᠬᠤᠳᠠ ᠵᠢᠨ ᠳᠡᠳ᠋ ᠳᠠᠷᠤᠭ᠎ᠠ ᠂ ᠲᠦᠩᠯᠢᠶᠣᠤ ᠬᠣᠲᠠ ᠵᠢᠨ ᠤᠯᠤᠰ ᠲᠥᠷᠥ ᠵᠢᠨ ᠵᠥᠪᠯᠡᠯᠭᠡᠨ ᠦ ᠨᠠᠮᠤᠳᠤᠷᠢᠳᠬᠤ ᠳᠤᠭᠤᠶᠢᠯᠠᠩᠱᠦᠵᠢ ᠂ ᠲᠡᠷᠢᠭᠦᠯᠡᠭᠴᠢ ᠵᠡᠷᠭᠡ ᠲᠤᠰᠢᠶᠠᠯᠲᠥᠬᠥᠮ ᠢᠶᠡᠨ ᠠᠰᠢᠭᠯᠠᠨ ᠂ ᠪᠤᠰᠤᠳ ᠲᠤ ᠠᠰᠢᠭ ᠲᠤᠰᠠ ᠤᠯᠭᠤᠪᠠ︔ ᠦᠪᠡᠷᠡᠷᠬᠡ ᠲᠤᠰᠢᠶᠠᠯ ᠪᠤᠶᠤ ᠪᠠᠶᠢᠷᠢ ᠰᠠᠭᠤᠷᠢ ᠠᠴᠠ ᠪᠣᠯᠤᠭᠰᠠᠨ ᠳᠥᠭᠥᠮ ᠨᠥᠬᠥᠴᠡᠯ ᠢᠶᠡᠨ ᠠᠰᠢᠭᠯᠠᠨ ᠂ ᠲᠥᠷᠥ ᠵᠢᠨ ᠪᠤᠰᠤᠳ ᠠᠵᠢᠯᠲᠠᠨ ᠡᠭᠦᠷᠭᠡ ᠲᠤᠰᠢᠶᠠᠯᠦᠢᠯᠡ ᠠᠵᠢᠯᠯᠠᠭ᠎ᠠ ᠪᠠᠷ ᠳᠠᠮᠵᠢᠨ ᠂ ᠨᠠᠶᠢᠳᠠᠭᠴᠢ ᠳᠤ ᠵᠦᠶ ᠪᠤᠰᠤ ᠠᠰᠢᠭ ᠲᠤᠰᠠ ᠣᠯᠭᠣᠵᠤ ᠂ ᠪᠤᠰᠤᠳᠵᠣᠭᠣᠰ ᠮᠥᠩᠭᠥ ᠡᠳ᠋ ᠪᠣᠳᠠᠰ ᠢ ᠬᠠᠸᠯᠢ ᠪᠤᠰᠤ ᠪᠠᠷ ᠬᠦᠯᠢᠶᠡᠨ ᠠᠪᠤᠭᠰᠠᠨ ᠲᠣᠭ᠎ᠠ ᠬᠡᠮᠵᠢᠶ᠎ᠡ ᠨᠢ ᠣᠨᠴᠠᠭᠠᠶ ᠯᠤᠲᠤ ᠶᠡᠬᠡ ᠪᠣᠯᠬᠣᠷ ᠬᠠᠬᠤᠤᠯᠢ ᠢᠳᠡᠭᠰᠡᠨ ᠶᠠᠯ᠎ᠠ ᠪᠠᠷ ᠬᠠᠸᠯᠢ ᠶᠣᠰᠣᠭᠠᠷ ᠡᠷᠡᠭᠦᠸ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃